| | ᠵᠢᠷᠤᠭ ᠪᠤᠯ᠂ ᠲᠠᠷᠢᠶᠠᠯᠠᠩ ᠤᠨ ᠮᠠᠰᠢᠨᠴᠢᠯᠠᠯᠳᠠ ᠨᠢ ᠲᠤᠬᠠᠢ ᠶᠢᠨ ᠭᠠᠵᠡᠷ ᠤᠨ ᠠᠵᠦ ᠠᠬᠤᠢ | ᠨᠠᠶᠢᠬᠡᠮ ᠤᠨ ᠴᠢᠨᠡᠷ ᠰᠠᠶᠢᠳᠡᠢ ᠬᠦᠭᠵᠢᠯᠳᠠ ᠶᠢ ᠠᠬᠢᠭᠤᠯᠤᠨ᠎ᠠ᠃ | | | | | ᠤᠢᠢᠷ᠎ᠠ ᠶᠢᠨ ᠡᠳᠦᠷ᠂ ᠲᠡᠭᠷᠢ ᠠᠵᠦ ᠠᠬᠤᠢ ᠶᠢᠨ ᠮᠡᠷᠬᠡᠵᠢᠯ ᠤᠨ ᠨᠡᠬᠡᠬᠡᠯᠳᠠ ᠶᠢᠨ ᠤᠷᠤᠨ ᠤ | ᠬᠤᠶᠠᠷᠬᠤᠳᠳᠤᠭ ᠤᠰᠤᠯᠠᠯᠳᠠ ᠶᠢᠨ ᠤᠷᠤᠨ ᠳᠤ ᠡᠯ᠎ᠠ ᠵᠦᠢᠯ ᠤᠨ ᠲᠷᠠᠺᠲ᠋ᠤᠷ ᠰᠦᠯᠵᠢᠯᠳᠤᠨ᠂ ᠵᠢᠭᠳᠡᠷᠡᠨ | ᠤᠷᠭᠤᠭᠰᠠᠨ ᠡᠷᠳᠡᠨᠢ ᠰᠢᠰᠢ ᠶᠢ ᠤᠬᠤᠷᠬᠠᠨ ᠬᠤᠭᠤᠴᠠᠭᠠᠨ ᠳᠤ ᠬᠤᠷᠢᠶᠠᠭᠰᠠᠨ ᠢᠶᠠᠨ ᠲᠠᠬᠢᠨ ᠬᠠᠵᠠᠭᠤᠳᠡᠬᠢ | ᠠᠴᠢᠶᠠᠨ ᠤ ᠮᠠᠰᠢᠨ ᠳᠤ ᠰᠠᠪᠠᠯᠠᠵᠦ ᠬᠠᠷᠠᠭᠳᠠᠨ᠎ᠠ᠃ | ᠤᠷᠴᠢᠮ ᠤᠨ ᠵᠢᠯ ᠠᠴᠠ᠂ ᠲᠠᠷᠢᠶᠠᠯᠠᠩ ᠤᠨ ᠦᠢᠯᠡᠰ ᠤᠨ ᠰᠢᠨᠵᠢᠯᠡᠭᠡ ᠮᠡᠷᠬᠡᠵᠢᠯ ᠤᠨ ᠲᠠᠪᠰᠢᠯᠳᠠ ᠪᠤᠯᠤᠨ | ᠦᠢᠯᠡᠳᠪᠤᠷᠢᠯᠡᠯ ᠤᠨ ᠬᠦᠴᠦᠨ ᠤ ᠬᠢᠷᠢ ᠲᠦᠪᠰᠢᠨ ᠨᠡᠮᠡᠭᠳᠡᠬᠦ ᠶᠢ ᠲᠠᠭᠠᠯᠳᠤᠨ᠂ ᠲᠠᠷᠢᠶᠠᠯᠠᠩ ᠤᠨ ᠮᠠᠰᠢᠨᠴᠢᠯᠠᠯᠳᠠ ᠨᠢ | ᠲᠡᠭᠷᠢ ᠠᠵᠦ ᠠᠬᠤᠢ ᠶᠢᠨ ᠮᠡᠷᠬᠡᠵᠢᠯ ᠤᠨ ᠨᠡᠬᠡᠬᠡᠯᠳᠠ ᠶᠢᠨ ᠤᠷᠤᠨ ᠤ ᠲᠠᠷᠢᠶᠠᠯᠠᠩ ᠤᠨ ᠦᠢᠯᠡᠰ ᠤᠨ ᠭᠤᠤᠯ ᠬᠦᠴᠦᠨ | ᠪᠤᠯᠵᠦ᠂ ᠤᠤᠯ ᠤᠨ ᠲᠡᠷᠡᠬᠦ ᠬᠦᠳᠡᠯᠮᠦᠷᠢ ᠳᠦᠪᠯᠡᠷᠡᠭᠰᠡᠨ ᠲᠠᠷᠢᠶ᠎ᠠ ᠲᠠᠷᠢᠬᠤ ᠪᠤᠶᠤ ᠬᠠᠳᠤᠵᠦ ᠬᠤᠷᠢᠶᠠᠬᠤ ᠦᠵᠡᠭᠳᠡᠯ | ᠦᠨᠳᠦᠰᠦᠨ ᠳᠡᠭᠡᠨ ᠦᠵᠡᠭᠳᠡᠬᠦ ᠪᠠᠨ ᠪᠤᠯᠢᠵᠦ᠂ ᠨᠡᠩ ᠴᠦ ᠲᠤᠬᠠᠢ ᠶᠢᠨ ᠭᠠᠵᠡᠷ ᠤᠨ ᠲᠠᠷᠢᠶᠠᠴᠢᠳ ᠤᠨ | ᠤᠷᠤᠯᠭ᠎ᠠ ᠶᠢᠨ ᠨᠡᠮᠡᠭᠳᠡᠯ ᠢ ᠲᠠᠶᠢᠴᠢᠯᠠᠵᠦ ᠴᠢᠳᠠᠭᠰᠠᠨ ᠪᠠᠶᠢᠨ᠎ᠠ᠃ | ᠱᠧᠨ ᠸᠧᠨ ᠳ᠋ᠤᠤ ᠪᠤᠯ ᠵᠢᠷᠭᠠᠯᠰᠠᠶᠢᠬᠠᠨ ᠪᠠᠯᠭᠠᠰᠤᠨ ᠤ ᠲᠠᠷᠢᠶᠠᠲᠦ ᠭᠠᠴᠠᠭᠠᠨ ᠤ ᠲᠠᠷᠢᠶᠠᠴᠢᠨ ᠪᠤᠯᠤᠨ᠎ᠠ᠃ | ᠲᠡᠷᠡ ᠬᠡᠯᠡᠬᠦ ᠳᠡᠭᠡᠨ᠂ ᠵᠢᠯ ᠠᠴᠠ ᠡᠮᠦᠨᠡᠬᠡᠨ ᠨᠠᠶᠢᠳᠠ 30 ᠲᠦᠮᠡᠨ ᠲᠦᠬᠦᠷᠢᠭ ᠤᠨ ᠪᠡᠯᠡ ᠤᠷᠤᠭᠤᠯᠵᠦ ᠪᠠᠶᠢᠭᠠᠳ | ᠲᠷᠡᠺᠲ᠋ᠤᠷ ᠮᠠᠰᠢᠨ ᠬᠤᠳᠠᠯᠳᠤᠨ ᠠᠪᠴᠦ᠂ ᠦᠪᠡᠷ ᠤᠨ 200 ᠮᠦ ᠲᠠᠷᠢᠶᠠᠨ ᠭᠠᠵᠡᠷ ᠲᠠᠭᠠᠨ ᠠᠰᠢᠭᠯᠠᠬᠤ ᠶᠢᠨ | ᠬᠠᠮᠲᠦ᠂ ᠪᠤᠰᠤᠳ ᠲᠠᠷᠢᠶᠠᠴᠢᠨ ᠠᠶᠢᠯ ᠪᠤᠯᠤᠨ ᠬᠤᠷᠰᠢᠶᠠᠵᠢᠯ ᠳᠤ ᠬᠦᠯᠦᠰᠦᠯᠡᠵᠦ᠂ ᠵᠦᠪᠬᠡᠨ ᠬᠦᠯᠦᠰᠦᠨ ᠤ | ᠤᠷᠤᠯᠭ᠎ᠠ ᠨᠢ ᠲᠠᠷᠤᠢ ᠲᠤᠯᠤᠭ᠎ᠠ ᠨᠠᠢᠮᠡᠨ ᠲᠦᠮᠡᠨ ᠲᠦᠬᠦᠷᠢᠭ ᠲᠤ ᠬᠦᠷᠬᠦ ᠪᠤᠯᠤᠮᠵᠢ ᠲᠠᠢ ᠬᠡᠵᠦ ᠪᠠᠶᠢᠯ᠎ᠠ᠃ | ᠪᠦᠷᠢᠳᠬᠡᠯ ᠢ ᠦᠨᠳᠦᠰᠦᠯᠠᠪᠠᠯ᠂ ᠤᠳᠤᠬᠠᠨ ᠳᠤ ᠲᠤᠰ ᠨᠡᠬᠡᠬᠡᠯᠳᠠ ᠶᠢᠨ ᠤᠷᠤᠨ ᠳᠤ ᠨᠠᠶᠢᠳᠠ 230 | ᠰᠠᠤᠷᠢ ᠲᠤᠮᠤ ᠬᠡᠯᠪᠡᠷᠢ ᠶᠢᠨ ᠲᠷᠠᠺᠲ᠋ᠤᠷ ᠮᠠᠰᠢᠨ ᠪᠤᠯᠤᠨ 530 ᠰᠠᠤᠷᠢ ᠪᠤᠰᠤᠳ ᠲᠦᠷᠦᠯ ᠤᠨ ᠮᠠᠰᠢᠨ | ᠲᠦᠬᠦᠬᠡᠷᠦᠮᠵᠢ ᠲᠠᠷᠢᠶᠠᠯᠡᠩ ᠤᠨ ᠦᠢᠯᠡᠰ ᠲᠤ ᠦᠢᠯᠡᠴᠢᠯᠡᠵᠦ᠂ ᠬᠠᠪᠤᠷ ᠤᠨ ᠲᠠᠷᠢᠶᠠᠯᠠᠭ᠎ᠠ ᠠᠴᠠ ᠦᠭᠰᠦᠬᠦᠯᠦᠨ | ᠨᠠᠮᠤᠷ ᠤᠨ ᠬᠤᠷᠢᠶᠠᠯᠳᠠ ᠪᠤᠯᠳᠡᠯᠡᠬᠢ ᠬᠤᠭᠤᠴᠠᠭᠠᠨ ᠤ ᠬᠤᠭ ᠡᠪᠡᠰᠦ ᠶᠢ ᠴᠡᠪᠡᠷᠯᠡᠬᠦ᠂ ᠡᠮ ᠴᠤᠬᠢᠬᠤ᠂ ᠦᠷ᠎ᠠ | ᠰᠠᠭᠤᠯᠭᠠᠬᠤ᠂ ᠲᠠᠷᠢᠶ᠎ᠠ ᠬᠠᠳᠤᠬᠤ᠂ ᠪᠤᠭᠤᠳᠠᠯᠯᠠᠵᠦ ᠰᠠᠪᠠᠯᠠᠬᠤ ᠵᠡᠷᠬᠡ ᠪᠦᠬᠦ ᠠᠵᠢᠯ ᠢ ᠬᠠᠷᠢᠭᠤᠴᠠᠨ᠂ | ᠲᠠᠷᠢᠶᠠᠯᠠᠩ ᠤᠨ ᠦᠢᠯᠡᠰ ᠤᠨ ᠮᠠᠰᠢᠨᠴᠢᠯᠠᠯᠳᠠ ᠶᠢᠨ ᠨᠤᠷᠮ᠎ᠠ ᠨᠢ 90% ᠠᠴᠠ ᠲᠡᠬᠡᠭᠰᠢ ᠳᠤ ᠬᠦᠷᠦᠭᠰᠡᠨ ᠪᠠᠶᠢᠨ᠎ᠠ᠃ | | | |