ᠠᠯᠠᠱᠠ ᠠᠶᠢᠮᠠᠭ ᠤᠨ ᠤᠯᠤᠰ ᠲᠦᠷᠦ ᠶᠢᠨ ᠵᠦᠪᠯᠡᠯᠬᠡᠨ ᠡᠵᠡᠩᠨᠡᠨ ᠠᠷᠠᠯᠵᠢᠶᠠᠯᠠᠬᠤ ᠤᠷᠴᠢᠨ ᠨᠦᠬᠦᠴᠠᠯ ᠢ ᠰᠢᠯᠢᠳᠡᠭᠵᠢᠬᠦᠯᠦᠭᠰᠡᠨ ᠪᠠᠶᠢᠳᠠᠯ ᠢ ᠠᠷᠠᠳᠴᠢᠯᠠᠯ ᠢᠶᠠᠷ ᠬᠢᠨᠠᠯᠳᠠ ᠲᠠᠯᠪᠢᠵᠦ ᠲᠤᠰᠬᠠᠢ ᠰᠡᠳᠦᠪ ᠢᠶᠠᠷ ᠵᠦᠪᠯᠡᠬᠦ ᠬᠤᠷᠠᠯ ᠬᠤᠷᠠᠯᠳᠤᠭᠤᠯᠵᠠᠢ
ᠨᠡᠶᠢᠲᠡᠯᠡᠭᠰᠡᠨ ᠴᠠᠭ᠄
2020/9/18
     9 ᠰᠠᠷ᠎ᠠ ᠶᠢᠨ 15 ᠤ ᠡᠳᠦᠷ᠂ ᠠᠶᠢᠮᠠᠭ ᠤᠨ ᠤᠯᠤᠰ ᠲᠦᠷᠦ ᠶᠢᠨ ᠵᠦᠪᠯᠡᠯᠬᠡᠨ ᠤ ᠬᠢᠨ ᠡᠵᠡᠩᠨᠡᠨ ᠠᠷᠠᠯᠵᠢᠶᠠᠯᠠᠬᠤ ᠤᠷᠴᠢᠨ ᠨᠦᠬᠦᠴᠠᠯ ᠢ ᠰᠢᠯᠢᠳᠡᠭᠵᠢᠬᠦᠯᠦᠭᠰᠡᠨ ᠪᠠᠶᠢᠳᠠᠯ ᠢ ᠠᠷᠠᠳᠴᠢᠯᠠᠯ ᠢᠶᠠᠷ ᠬᠢᠨᠠᠯᠳᠠ ᠲᠠᠯᠪᠢᠵᠦ ᠲᠤᠰᠬᠠᠢ ᠰᠡᠳᠦᠪ ᠢᠶᠠᠷ ᠵᠦᠪᠯᠡᠬᠦ ᠬᠤᠷᠠᠯ ᠬᠤᠷᠠᠯᠳᠤᠭᠤᠯᠵᠠᠢ᠃ ᠪᠦᠬᠦ ᠤᠯᠤᠰ ᠤᠨ ᠤᠯᠤᠰ ᠲᠦᠷᠦ ᠶᠢᠨ ᠵᠦᠪᠯᠡᠯᠬᠡᠨ ᠤ ᠬᠡᠰᠢᠬᠦᠨ᠂ ᠦᠪᠡᠷᠳᠡᠬᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠬᠡᠨ ᠤ ᠪᠠᠶᠢᠡᠭᠭᠤ ᠶᠢᠨ ᠬᠤᠷᠢᠶᠠᠨ ᠤ ᠬᠡᠰᠢᠬᠦᠨ᠂ ᠦᠢᠯᠡᠳᠪᠤᠷᠢ ᠬᠤᠳᠠᠯᠳᠤᠭᠠᠨ ᠤ ᠬᠤᠯᠪᠤᠭᠠᠨ ᠤ ᠲᠡᠷᠢᠬᠦᠯᠡᠭᠴᠢ ᠠᠨ ᠷᠦᠨ ᠱᠸᠡᠭ ᠬᠤᠷᠠᠯ ᠳᠤ ᠤᠷᠤᠯᠴᠠᠨ ᠶᠡᠷᠢᠶ᠎ᠠ ᠲᠠᠯᠪᠢᠵᠦ᠂ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠲᠤᠭᠤᠷᠢᠨ ᠪᠠᠶᠢᠴᠠᠭᠠᠬᠤ ᠨᠢᠬᠡᠳᠦᠬᠡᠷ ᠲᠤᠭᠤᠢᠢᠯᠡᠩ ᠤᠨ ᠲᠠᠷᠤᠭ᠎ᠠ ᠴᠧᠨ ᠭᠦᠸᠧ ᠮᠢᠨ ᠬᠤᠷᠠᠯ ᠳᠤ ᠤᠷᠤᠯᠴᠠᠨ᠂ ᠠᠶᠢᠮᠠᠭ ᠤᠨ ᠤᠯᠤᠰ ᠲᠦᠷᠦ ᠶᠢᠨ ᠵᠦᠪᠯᠡᠯᠬᠡᠨ ᠤ ᠲᠡᠷᠢᠬᠦᠯᠡᠭᠴᠢ ᠸᠧᠢ ᠭᠦᠸᠧ ᠴᠢᠤᠸᠠᠨ ᠬᠤᠷᠡᠯ ᠡᠷᠬᠢᠯᠡᠨ ᠶᠡᠷᠢᠶ᠎ᠠ ᠲᠠᠯᠪᠢᠵᠦ᠂ ᠠᠶᠢᠮᠠᠭ ᠤᠨ ᠤᠳᠤᠷᠢᠳᠤᠯᠭ᠎ᠠ ᠼᠦᠢ ᠵᠢᠩ ᠶᠢᠩ᠂ ᠵᠠᠩ ᡁᠢ ᠵᠦᠡᠭ᠂ ᠴᠧᠨ ᠰᠢᠤ ᠹᠠᠨᠭ᠌ ᠬᠤᠷᠠᠯ ᠳᠤ ᠤᠷᠤᠯᠴᠠᠭᠰᠠᠨ ᠪᠠᠶᠢᠨ᠎ᠠ᠃      ᠬᠤᠷᠡᠯ ᠳᠤ᠂ ᠠᠶᠢᠮᠠᠭ ᠤᠨ ᠤᠯᠤᠰ ᠲᠦᠷᠦ ᠶᠢᠨ ᠵᠦᠪᠯᠡᠯᠬᠡᠨ ᠤ ᠬᠤᠯᠪᠤᠭᠳᠠᠯ ᠪᠦᠬᠦᠢ ᠬᠠᠷᠢᠭᠤᠴᠠᠯᠭᠠᠳᠠᠨ ᠠᠴᠠ ᠮᠠᠨ ᠤ ᠠᠶᠢᠮᠠᠭ ᠤᠨ ᠡᠵᠡᠩᠨᠡᠨ ᠠᠷᠠᠯᠵᠢᠶᠠᠯᠠᠬᠤ ᠤᠷᠴᠢᠨ ᠨᠦᠬᠦᠴᠠᠯ ᠢ ᠰᠢᠯᠢᠳᠡᠭᠵᠢᠬᠦᠯᠦᠭᠰᠡᠨ ᠪᠠᠶᠢᠳᠠᠯ ᠢ ᠠᠷᠠᠳᠴᠢᠯᠠᠯ ᠢᠶᠠᠷ ᠬᠢᠨᠠᠯᠳᠠ ᠲᠠᠯᠪᠢᠵᠦ ᠲᠤᠰᠬᠠᠢ ᠰᠡᠳᠦᠪ ᠢᠶᠠᠷ ᠪᠠᠶᠢᠴᠠᠭᠠᠨ ᠰᠤᠳᠤᠯᠤᠭᠰᠠᠨ ᠪᠠᠶᠢᠳᠠᠯ ᠢᠶᠠᠨ ᠬᠠᠷᠢᠭᠤ ᠮᠡᠳᠡᠬᠦᠯᠵᠦ᠂ ᠡᠯ᠎ᠠ ᠬᠤᠰᠢᠭᠤ ᠤᠷᠤᠨ᠂ ᠠᠶᠢᠮᠠᠭ ᠤᠨ ᠰᠢᠭᠤᠳ ᠬᠠᠷᠢᠶ᠎ᠠ ᠪᠠᠶᠢᠭᠤᠯᠣᠯᠭ᠎ᠠ ᠨᠢᠬᠡᠴᠡ ᠶᠢᠨ ᠬᠠᠷᠢᠭᠤᠴᠠᠯᠭᠠᠳᠠᠨ ᠵᠢᠴᠢ ᠠᠶᠢᠮᠠᠭ ᠤᠨ ᠦᠢᠯᠡᠳᠪᠤᠷᠢ ᠬᠤᠳᠠᠯᠳᠤᠭᠠᠨ ᠤ ᠬᠤᠯᠪᠤᠭᠠᠨ ᠤ ᠠᠵᠦ ᠠᠬᠤᠢᠢᠯᠠᠯ ᠤᠨ ᠲᠦᠯᠦᠬᠡᠯᠡᠭᠴᠢ ᠠᠴᠠ ᠡᠵᠡᠩᠨᠡᠨ ᠠᠷᠠᠯᠵᠢᠶᠠᠯᠠᠬᠤ ᠤᠷᠴᠢᠨ ᠨᠦᠬᠦᠴᠠᠯ ᠢ ᠰᠢᠯᠢᠳᠡᠭᠵᠢᠬᠦᠯᠬᠦ ᠲᠤᠬᠠᠢ ᠰᠠᠨᠠᠯ ᠰᠠᠨᠠᠭᠤᠯᠭ᠎ᠠ᠂ ᠤᠷᠤᠰᠢᠵᠦ ᠪᠠᠶᠢᠭ᠎ᠠ ᠠᠰᠠᠭᠤᠳᠠᠯ ᠵᠢᠴᠢ ᠰᠢᠢᠳᠪᠤᠷᠢᠯᠡᠭᠰᠡᠨ ᠠᠷᠭ᠎ᠠ ᠠᠪᠴᠠᠯ ᠢᠶᠠᠨ ᠲᠤᠷᠠᠳᠤᠭᠰᠠᠨ ᠪᠠᠶᠢᠨ᠎ᠠ᠃      ᠠᠨ ᠷᠦᠨ ᠱᠸᠡᠭ᠂ ᠠᠯᠠᠱᠠ ᠠᠶᠢᠮᠠᠭ ᠤᠨ ᠬᠢᠨ ᠡᠵᠡᠩᠨᠡᠨ ᠠᠷᠠᠯᠵᠢᠶᠠᠯᠠᠬᠤ ᠤᠷᠴᠢᠨ ᠨᠦᠬᠦᠴᠠᠯ ᠢ ᠰᠢᠯᠢᠳᠡᠭᠵᠢᠬᠦᠯᠬᠦ ᠠᠵᠢᠯ ᠢ ᠲᠡᠬᠡᠲᠦ ᠬᠡᠮᠵᠢᠶ᠎ᠠ ᠪᠠᠷ ᠴᠢᠬᠤᠯᠠᠴᠢᠯᠠᠵᠦ᠂ ᠠᠶᠢᠮᠠᠭ ᠤᠨ ᠤᠯᠤᠰ ᠲᠦᠷᠦ ᠶᠢᠨ ᠵᠦᠪᠯᠡᠯᠬᠡᠨ ᠤ ᠬᠢᠨ ᠬᠢᠨᠠᠯᠳᠠ ᠲᠠᠯᠪᠢᠬᠤ ᠡᠬᠦᠷᠬᠡ ᠬᠠᠷᠢᠭᠤᠴᠠᠯᠭ᠎ᠠ ᠪᠠᠨ ᠬᠢᠨᠠᠮᠠᠭᠠᠢ ᠬᠦᠢᠴᠡᠳᠬᠡᠨ᠂ ᠦᠪᠡᠷᠳᠡᠬᠡᠨ ᠵᠠᠰᠠᠬᠤ ᠤᠷᠤᠨ ᠤ ᠱᠠᠭᠠᠷᠳᠠᠯᠭ᠎ᠠ ᠪᠤᠯᠤᠨ ᠪᠤᠳᠠᠲᠦ ᠪᠠᠶᠢᠳᠠᠯ ᠢᠶᠠᠨ ᠦᠨᠳᠦᠰᠦᠯᠠᠨ ᠬᠤᠯᠪᠤᠭᠳᠠᠯ ᠪᠦᠬᠦᠢ ᠠᠷᠭ᠎ᠠ ᠠᠪᠴᠠᠯ ᠢ ᠲᠤᠭᠳᠠᠭᠠᠵᠦ᠂ ᠠᠯᠠᠱᠠ ᠠᠶᠢᠮᠠᠭ ᠤᠨ ᠪᠤᠳᠠᠲᠦ ᠪᠠᠶᠢᠳᠠᠯ ᠢ ᠦᠨᠡᠨ ᠮᠦᠨ ᠢᠶᠠᠷ ᠨᠢ ᠲᠤᠰᠬᠠᠭᠰᠠᠨ ᠪᠤᠯᠬᠤᠷ ᠪᠢᠳᠠ ᠬᠢᠨᠠᠮᠠᠭᠠᠢ ᠬᠤᠷᠢᠶᠠᠩᠭᠤᠢᠢᠯᠠᠨ ᠳ᠋ᠦᠡᠭᠨᠡᠨ᠎ᠠ ᠭᠡᠪᠡ᠃      ᠼᠦᠢ ᠵᠢᠩ ᠶᠢᠩ ᠠᠶᠢᠮᠠᠭ ᠤᠨ ᠵᠠᠬᠢᠷᠭ᠎ᠠ ᠶᠢ ᠲᠦᠯᠦᠬᠡᠯᠡᠨ ᠶᠡᠷᠢᠶ᠎ᠠ ᠲᠠᠯᠪᠢᠬᠤ ᠳᠠᠭᠠᠨ᠂ ᠡᠯ᠎ᠠ ᠱᠠᠳᠤ ᠡᠯ᠎ᠠ ᠰᠠᠯᠠᠭ᠎ᠠ ᠮᠦᠴᠢᠷ ᠤᠨ ᠬᠢᠨ ᠦᠵᠡᠯᠳᠠ ᠲᠠᠨᠢᠯᠳᠠ ᠪᠠᠨ ᠲᠡᠬᠡᠭᠰᠢᠯᠡᠬᠦᠯᠵᠦ᠂ ᠡᠬᠦᠷᠬᠡ ᠬᠠᠷᠢᠭᠤᠴᠠᠯᠭ᠎ᠠ ᠪᠠᠨ ᠲᠤᠳᠤᠳᠬᠠᠨ᠂ ᠬᠤᠷᠰᠢᠨ ᠠᠵᠢᠯᠯᠠᠬᠤ ᠬᠦᠴᠦᠯᠠᠴᠠ ᠪᠠᠨ ᠨᠡᠮᠡᠭᠳᠡᠬᠦᠯᠵᠦ᠂ ᠡᠵᠡᠩᠨᠡᠨ ᠠᠷᠠᠯᠵᠢᠶᠠᠯᠠᠬᠤ ᠤᠷᠴᠢᠨ ᠨᠦᠬᠦᠴᠠᠯ ᠢ ᠲᠠᠰᠤᠷᠠᠯᠳᠠ ᠦᠬᠡᠢ ᠰᠢᠯᠢᠳᠡᠭᠵᠢᠬᠦᠯᠬᠦ ᠬᠡᠷᠡᠭᠳᠡᠢ᠃ ᠡᠵᠡᠩᠨᠡᠨ ᠠᠷᠠᠯᠵᠢᠶᠠᠯᠠᠬᠤ ᠤᠷᠴᠢᠨ ᠨᠦᠬᠦᠴᠠᠯ ᠢ ᠰᠢᠯᠢᠳᠡᠭᠵᠢᠬᠦᠯᠬᠦ ᠲᠤᠮᠳᠠ ᠤᠷᠤᠰᠢᠵᠦ ᠪᠠᠶᠢᠭ᠎ᠠ ᠠᠰᠠᠭᠤᠳᠠᠯ ᠪᠤᠯᠤᠨ ᠬᠦᠴᠢᠷᠳᠡᠯ ᠢᠶᠠᠨ ᠴᠠᠭ ᠲᠤᠬᠠᠢ ᠳᠤᠨᠢ ᠰᠢᠢᠳᠪᠤᠷᠢᠯᠡᠵᠦ᠂ ᠦᠢᠯᠡᠴᠢᠯᠡᠭᠡ ᠪᠠᠨ ᠰᠢᠯᠢᠳᠡᠭᠵᠢᠬᠦᠯᠦᠨ᠂ ᠠᠵᠦ ᠠᠬᠤᠢᠢᠯᠠᠯ ᠪᠤᠯᠤᠨ ᠬᠤᠪᠢ ᠬᠦᠮᠦᠨ ᠤ ᠤᠴᠢᠷ ᠶᠠᠪᠤᠳᠠᠯ ᠢᠶᠠᠨ ᠪᠡᠶᠡᠯᠡᠬᠦᠯᠬᠦ  ᠳᠤᠨᠢ ᠲᠦᠬᠦᠮ ᠨᠦᠬᠦᠴᠠᠯ ᠬᠠᠨᠭ᠍ᠭᠠᠬᠤ ᠬᠡᠷᠡᠭᠳᠡᠢ᠃ ᠢᠯᠡᠷᠡᠬᠦᠯᠦᠭᠰᠡᠨ ᠠᠰᠠᠭᠤᠳᠠᠯ ᠢᠶᠠᠨ ᠴᠠᠭ ᠲᠤᠬᠠᠢ ᠳᠤᠨᠢ ᠬᠤᠷᠢᠶᠠᠩᠭᠤᠢᠢᠯᠠᠵᠦ᠂ ᠵᠠᠰᠠᠨ ᠴᠡᠭᠴᠡᠯᠡᠬᠦ ᠠᠷᠭ᠎ᠠ ᠠᠪᠴᠠᠯ ᠢᠶᠠᠨ ᠨᠠᠷᠢᠯᠢᠠᠠᠵᠢᠭᠤᠯᠤᠨ᠂ ᠬᠠᠤᠯᠢ ᠪᠤᠰᠤ ᠦᠵᠡᠭᠳᠡᠯ ᠳᠤ ᠴᠢᠩᠭ᠎ᠠ ᠴᠤᠬᠢᠯᠳᠠ ᠦᠭᠬᠦ ᠬᠡᠷᠡᠭᠳᠡᠢ ᠬᠡᠵᠦ ᠱᠠᠭᠠᠷᠳᠠᠪᠠ᠃      ᠸᠧᠢ ᠭᠦᠸᠧ ᠴᠢᠤᠸᠠᠨ᠂ ᠲᠤᠰ ᠤᠳᠠᠭᠠᠨ ᠤ ᠬᠢᠨᠠᠯᠳᠠ ᠳᠠᠯᠪᠢᠵᠦ ᠦᠨᠡᠯᠡᠬᠦ ᠠᠵᠢᠯᠯᠠᠭ᠎ᠠ ᠨᠢ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶ᠎ᠠ᠂ ᠠᠶᠢᠮᠠᠭ ᠤᠨ ᠵᠠᠬᠢᠷᠭ᠎ᠠ ᠵᠢᠴᠢ ᠪᠦᠬᠦ ᠠᠶᠢᠮᠠᠭ ᠤᠨ ᠦᠨᠳᠦᠷ ᠦᠨᠡᠯᠠᠯᠳᠠ ᠶᠢ ᠤᠯᠵᠠᠢ᠃ ᠬᠤᠷᠠᠯ ᠤᠨ ᠲᠠᠷᠠᠭ᠎ᠠ ᠠᠶᠢᠮᠠᠭ ᠤᠨ ᠤᠯᠤᠰ ᠲᠦᠷᠦ ᠶᠢᠨ ᠵᠦᠪᠯᠡᠯᠬᠡᠨ ᠤ ᠬᠢᠨ ᠬᠤᠷᠢᠶᠠᠵᠦ ᠤᠯᠤᠭᠰᠠᠨ ᠰᠠᠨᠠᠯ ᠰᠠᠨᠠᠭᠤᠯᠭ᠎ᠠ ᠪᠠᠨ ᠪᠦᠬᠦ ᠲᠠᠯ᠎ᠠ ᠪᠠᠷ ᠬᠤᠷᠢᠶᠠᠩᠭᠤᠢᠢᠯᠠᠨ ᠳ᠋ᠦᠡᠭᠨᠡᠵᠦ᠂ ᠴᠢᠨᠡᠷ ᠰᠠᠶᠢᠳᠡᠢ ᠰᠠᠨᠠᠭᠤᠯᠭ᠎ᠠ ᠶᠢ ᠦᠪᠡᠷᠳᠡᠬᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠬᠡᠨ᠂ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠪᠤᠯᠤᠨ ᠠᠶᠢᠮᠠᠭ ᠤᠨ ᠨᠠᠮ ᠤᠨ ᠬᠤᠷᠢᠶᠠᠨ ᠤ ᠵᠤᠬᠢᠶᠠᠨ ᠪᠠᠶᠢᠭᠤᠯᠬᠤ ᠬᠡᠯᠳᠡᠰ ᠲᠤ ᠮᠡᠳᠡᠬᠦᠯᠵᠤ ᠳᠠᠩᠰᠠᠯᠠᠭᠤᠯᠣᠨ᠎ᠠ ᠬᠡᠪᠡ᠃
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号