9 ᠰᠠᠷ᠎ᠠ ᠶᠢᠨ 17 ᠤ ᠡᠳᠦᠷ᠂ ᠠᠯᠠᠱᠠ ᠶᠢᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ | ᠨᠡᠭᠡᠭᠡᠯᠲᠡ ᠶᠢᠨ ᠣᠷᠣᠨ ᠪᠣᠯᠤᠨ ᠨᠢᠩᠪᠦ᠋ᠸᠧ ᠶᠢᠨ ᠵᠥᠩ ᠰᠢᠩ ᠰᠢᠨ᠎ᠡ ᠮᠠᠲ᠋ᠧᠷᠢᠶᠠᠯ ᠤᠨ ᠰᠢᠨᠵᠢᠯᠡᠭᠡ ᠮᠡᠷᠭᠡᠵᠢᠯ ᠤᠨ | ᠬᠢᠵᠠᠭᠠᠷᠳᠣ ᠺᠣᠮᠫᠠᠨᠢ 14 ᠳ᠋ᠦᠩᠰᠢᠭᠤᠷ ᠲᠥᠭᠦᠷᠢᠭ ᠤᠨ ᠶᠡᠷᠦᠩᠬᠡᠶ ᠪᠠᠯᠠ ᠣᠷᠣᠭᠤᠯᠤᠯᠲᠠ ᠲᠠᠢ ᠵᠢᠯ ᠳᠤ 10000 | ᠲᠣᠨ ᠳᠡᠭᠡᠳᠦ ᠮᠣᠯᠧᠺᠦ᠋ᠯᠳᠦ ᠴᠠᠬᠢᠭᠤᠷᠳᠣ ᠠᠯᠺᠧᠨ ᠦᠢᠯᠡᠳᠪᠦᠷᠢᠯᠡᠬᠦ ᠲᠥᠷᠥᠯ ᠵᠦᠢᠯ ᠳᠤ ᠭᠠᠷ ᠤᠨ ᠥᠰᠥᠭ | ᠵᠢᠷᠤᠪᠠ᠃ ᠲᠣᠰ ᠲᠥᠷᠥᠯ ᠵᠦᠢᠯ ᠢ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠤᠭᠰᠠᠨ ᠤ ᠳᠠᠷᠠᠭ᠎ᠠ᠂ | ᠠᠯᠠᠱᠠ ᠶᠢᠨ ᠳᠡᠭᠡᠳᠦ ᠰᠢᠨ᠎ᠡ ᠮᠡᠷᠭᠡᠵᠢᠯ ᠤᠨ ᠠᠵᠦ ᠦᠢᠯᠡᠰ ᠤᠨ ᠨᠡᠭᠡᠭᠡᠯᠳᠡ ᠶᠢᠨ ᠣᠷᠣᠨ ᠤ ᠰᠢᠨ᠎ᠡ ᠮᠠᠲ᠋ᠧᠷᠢᠶᠠᠯ ᠤᠨ | ᠠᠵᠤ ᠦᠢᠯᠡᠰ ᠤᠨ ᠰᠢᠨ᠎ᠡ ᠶᠢ ᠡᠭᠦᠳᠦᠨ ᠬᠦᠭᠵᠢᠬᠦ ᠳᠤ ᠪᠠᠰᠠ ᠨᠢᠬᠡᠨ ᠰᠢᠨ᠎ᠡ ᠬᠥᠳᠡᠯᠭᠡᠭᠦᠷ ᠪᠣᠯᠬᠤ ᠪᠥᠭᠡᠳ | ᠠᠯᠠᠱᠠ ᠶᠢᠨ ᠳᠡᠭᠡᠳᠦ ᠰᠢᠨ᠎ᠡ ᠮᠡᠷᠭᠡᠵᠢᠯ ᠤᠨ ᠠᠵᠦ ᠦᠢᠯᠡᠰ ᠤᠨ ᠨᠡᠭᠡᠭᠡᠯᠳᠡ ᠶᠢᠨ ᠣᠷᠣᠨ ᠤ ᠠᠵᠤ ᠠᠬᠤᠢ ᠶᠢᠨ | ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠬᠦ ᠨᠢ ᠯᠠᠪᠲᠠᠢ ᠶᠤᠮ᠃ | | | | | | | | ᠰᠢᠨ᠎ᠡ ᠮᠠᠲ᠋ᠧᠷᠢᠶᠠᠯ ᠤᠨ ᠠᠵᠤ ᠦᠢᠯᠡᠰ ᠨᠢ ᠳᠡᠭᠡᠳᠦ ᠰᠢᠨ᠎ᠡ ᠮᠡᠷᠭᠡᠵᠢᠯ ᠢ ᠬᠥᠭᠵᠢᠭᠦᠯᠬᠦ᠂ ᠤᠯᠠᠮᠵᠢᠯᠠᠯᠲᠤ | ᠠᠵᠤ ᠦᠢᠯᠡᠰ ᠢ ᠥᠭᠡᠷᠡᠴᠢᠯᠡᠨ ᠳᠡᠭᠡᠭᠰᠢᠯᠡᠭᠦᠯᠬᠦ᠂ ᠤᠯᠤᠰ ᠤᠨ ᠶᠡᠷᠦᠩᠬᠡᠶ ᠬᠦᠴᠦᠨ ᠢ ᠴᠢᠩᠭᠠᠳᠬᠠᠬᠤ ᠵᠡᠷᠭᠡ | ᠲᠠᠯ᠎ᠠ ᠪᠠᠷ ᠴᠢᠬᠤᠯᠠ ᠦᠢᠯᠡᠳᠦᠯ ᠪᠠᠳᠠᠷᠠᠭᠤᠯᠵᠤ ᠪᠠᠶᠢᠨ᠎ᠠ᠃ ᠠᠯᠠᠱᠠ ᠶᠢᠨ ᠳᠡᠭᠡᠳᠦ ᠰᠢᠨ᠎ᠡ ᠮᠡᠷᠭᠡᠵᠢᠯ ᠤᠨ ᠠᠵᠦ | ᠦᠢᠯᠡᠰ ᠤᠨ ᠨᠡᠭᠡᠭᠡᠯᠳᠡ ᠶᠢᠨ ᠣᠷᠣᠨ ᠨᠢ ᠰᠢ ᠶᠢᠨ ᠫᠢᠩ ᠶᠡᠷᠦᠩᠬᠡᠶ ᠱᠦᠵᠢ ᠶᠢᠨ ᠥᠪᠥᠷ ᠮᠣᠩᠭᠤᠯ ᠤᠨ | ᠭᠦᠭᠵᠢᠯᠳᠡ ᠶᠢᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠡᠷᠡᠰ ᠲᠤᠤᠱᠯᠠᠭᠤᠯᠤᠨ | ᠨᠠᠶᠢᠳᠠᠪᠣᠷᠢᠵᠢᠭᠤᠯᠵᠦ᠂ ᠳᠤᠮᠳᠠᠳᠤ ᠤᠯᠤᠰ ᠤᠨ ᠭᠤᠮᠢᠨᠳᠠᠩ ᠨᠠᠮ ᠤᠨ ᠬᠤᠪᠢᠰᠬᠠᠯᠲᠤ ᠬᠤᠷᠢᠶ᠎ᠠ ᠶᠢᠨ ᠲᠥᠪ | ᠬᠤᠷᠢᠶ᠎ᠠ ᠠᠴᠠ ᠥᠪᠥᠷ ᠮᠣᠩᠭᠤᠯ ᠤᠨ ᠠᠵᠤ ᠦᠢᠯᠡᠰ ᠤᠨ ᠬᠥᠭᠵᠢᠯᠲᠡ ᠳᠤ ᠬᠦᠴᠦᠨ ᠨᠡᠮᠡᠷᠢᠯᠡᠵᠦ᠂ | ᠠᠷᠠᠯᠵᠢᠶᠠᠴᠢᠨ ᠤᠷᠢᠵᠤ ᠪᠡᠯᠡ ᠣᠷᠣᠭᠤᠯᠬᠤ ᠲᠥᠷᠥᠯ ᠵᠦᠢᠯ ᠤᠨ ᠭᠡᠷ᠎ᠡ ᠲᠣᠭᠲᠠᠬᠤ ᠶᠣᠰᠣᠯᠠᠯ ᠢᠶᠠᠷ ᠠᠵᠠ ᠲᠣᠬᠢᠶᠠᠯ | ᠪᠣᠯᠭᠠᠵᠤ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠡᠷᠴᠢᠮ ᠢᠶᠠᠨ ᠴᠢᠩᠭᠠᠷᠠᠭᠤᠯᠵᠤ᠂ ︽2 + 6︾ | ᠥᠭᠡᠷᠡᠴᠢᠯᠡᠯᠲᠡ ᠶᠢᠨ ᠲᠠᠪᠴᠠᠩ ᠢ ᠲᠠᠰᠤᠷᠠᠯᠲᠠ ᠦᠭᠡᠢ ᠭᠦᠨᠵᠡᠭᠡᠶᠢᠷᠡᠭᠦᠯᠵᠦ᠂ ᠬᠤᠳᠠᠯᠳᠤᠭᠠᠨ ᠤ ᠶᠠᠪᠤᠳᠠᠯ ᠤᠨ | ᠳᠦᠷᠢᠮ ᠤᠨ ᠥᠭᠡᠷᠡᠴᠢᠯᠡᠯᠲᠡ ᠶᠢ ᠠᠬᠢᠭᠤᠯᠵᠤ᠂ ᠮᠡᠳᠡᠭᠡ ᠵᠠᠩᠭᠢᠴᠢᠯᠠᠯᠲᠠ ᠶᠢᠨ ᠦᠢᠯᠡᠴᠢᠯᠡᠬᠡᠨ ᠤ ᠬᠢᠷᠢ ᠲᠦᠪᠰᠢᠨ ᠢ | ᠳᠡᠭᠡᠭᠰᠢᠯᠡᠭᠦᠯᠵᠦ᠂ ᠬᠠᠤᠯᠢ ᠶᠣᠰᠣᠭᠠᠷ ᠵᠠᠰᠠᠭ ᠶᠠᠪᠤᠭᠤᠯᠬᠤ ᠲᠣᠭᠲᠠᠴᠠ ᠶᠢ ᠳᠡᠭᠦᠯᠳᠡᠷᠵᠢᠬᠦᠯᠵᠦ᠂ ᠡᠵᠡᠩᠨᠡᠨ | ᠠᠷᠠᠯᠵᠢᠶᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠵᠦ᠂ ᠳᠣᠲᠣᠨᠣ ᠴᠢᠬᠡᠴᠢ ᠵᠠᠰᠠᠭ ᠠᠷᠠᠯᠵᠢᠶᠠᠴᠢᠨ ᠤ | ᠬᠠᠷᠢᠴᠠᠭ᠎ᠠ ᠶᠢ ᠪᠠᠶᠢᠭᠤᠯᠤᠨ᠎ᠠ᠃ ᠲᠣᠰ ᠤᠳᠠᠭᠠᠨ ᠤ ᠭᠡᠷ᠎ᠡ ᠲᠣᠭᠲᠠᠭᠰᠠᠨ ᠰᠢᠨ᠎ᠡ ᠮᠠᠲ᠋ᠧᠷᠢᠶᠠᠯ ᠤᠨ ᠲᠥᠷᠥᠯ ᠵᠦᠢᠯ | ᠪᠣᠯ ᠳᠠᠷᠤᠶ ᠠᠯᠠᠱᠠ ᠶᠢᠨ ᠳᠡᠭᠡᠳᠦ ᠰᠢᠨ᠎ᠡ ᠮᠡᠷᠭᠡᠵᠢᠯ ᠤᠨ ᠠᠵᠦ ᠦᠢᠯᠡᠰ ᠤᠨ ᠨᠡᠭᠡᠭᠡᠯᠳᠡ ᠶᠢᠨ ᠣᠷᠣᠨ ᠠᠴᠠ ᠲᠥᠪ᠂ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ᠂ ᠠᠶᠢᠮᠠᠭ ᠤᠨ ᠨᠠᠮ ᠤᠨ ᠬᠤᠷᠢᠶ᠎ᠠ ᠶᠢᠨ | ᠡᠵᠡᠩᠨᠡᠨ ᠠᠷᠠᠯᠵᠢᠶᠠᠯᠠᠬᠤ ᠣᠷᠴᠢᠨ ᠨᠥᠬᠦᠴᠡᠯ ᠢ ᠰᠢᠯᠢᠳᠡᠭᠵᠢᠬᠦᠯᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ | ᠪᠠᠰᠠ ᠨᠢᠭᠡᠨ ᠦᠷ᠎ᠡ ᠪᠦᠲᠦᠭᠡᠯ ᠪᠣᠯᠤᠨ᠎ᠠ᠃ ᠲᠣᠰ ᠲᠥᠷᠥᠯ ᠵᠦᠢᠯ ᠤᠨ ᠰᠢᠨᠵᠢᠯᠡᠭᠡ ᠮᠡᠷᠭᠡᠵᠢᠯ ᠤᠨ | ᠠᠭᠤᠯᠤᠭᠳᠠᠴᠠ ᠨᠢ ᠥᠨᠳᠥᠷ᠂ ᠵᠠᠬ᠎ᠠ ᠳᠡᠯᠭᠡᠭᠦᠷ ᠤᠨ ᠢᠷᠡᠭᠡᠳᠦᠶ ᠨᠢ ᠰᠠᠷᠠᠭᠤᠯ᠂ ᠠᠭᠠᠷ ᠠᠶᠠᠯᠠᠯ᠂ ᠰᠠᠨᠰᠠᠷ ᠠᠶᠠᠯᠠᠯ᠂ | ᠳᠠᠯᠠᠢ ᠶᠢᠨ ᠠᠶᠠᠯᠠᠯ ᠵᠢᠴᠢ ᠳᠡᠭᠡᠳᠦ ᠲᠡᠰ ᠤᠨ ᠠᠷᠠᠳ ᠤᠨ ᠭᠡᠷᠡᠭᠯᠡᠭᠡᠨ ᠤ ᠬᠦᠷᠢᠶᠡᠨ ᠳᠤ ᠥᠷᠭᠡᠨ ᠢᠶᠠᠷ ᠬᠡᠷᠡᠭᠯᠡᠭᠳᠡᠵᠦ᠂ | ᠪᠦᠬᠦᠨ ᠢ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠣᠭᠰᠠᠨ ᠤ ᠳᠠᠷᠠᠭ᠎ᠠ ᠦᠢᠯᠡᠳᠬᠦᠨ ᠤ ᠵᠢᠯ ᠤᠨ | ᠥᠷᠲᠡᠭ ᠢ 280 ᠳ᠋ᠦᠩᠰᠢᠭᠤᠷ ᠲᠥᠭᠦᠷᠢᠭ ᠲᠤ ᠬᠦᠷᠭᠡᠵᠦ ᠳᠡᠶᠢᠯᠦᠨ᠎ᠡ᠃ ᠠᠯᠠᠱᠨ ᠶᠢᠨ ᠳᠡᠭᠡᠳᠦ ᠰᠢᠨ᠎ᠡ ᠮᠡᠷᠭᠡᠵᠢᠯ | ᠠᠵᠦ ᠦᠢᠯᠡᠰ ᠤᠨ ᠨᠡᠭᠡᠭᠡᠯᠳᠡ ᠶᠢᠨ ᠣᠷᠣᠨ ᠨᠢ ᠭᠡᠷ᠎ᠡ ᠲᠣᠭᠲᠠᠭᠰᠠᠨ ᠲᠥᠷᠥᠯ ᠵᠦᠢᠯ ᠤᠨ ᠦᠢᠯᠡᠴᠢᠯᠡᠭᠡ᠂ | ᠦᠷᠬᠦᠯᠵᠢᠯᠡᠭᠰᠡᠨ ᠪᠠᠲᠤᠯᠠᠭ᠎ᠠ ᠶᠢ ᠦᠷᠭᠦᠯᠵᠢᠯᠡᠨ ᠰᠠᠶᠢᠲᠤᠷ ᠬᠢᠵᠦ᠂ ᠠᠵᠤ ᠠᠬᠤᠶᠢᠯᠠᠯ ᠤᠨ ᠬᠥᠭᠵᠢᠯᠲᠡ ᠶᠢᠨ ᠪᠦᠬᠦ | ᠦᠶᠡᠯᠡᠯ ᠤᠨ ᠬᠤᠭᠤᠴᠠᠭᠠᠨ ᠳᠤ ᠪᠦᠬᠦ ᠲᠠᠯ᠎ᠠ ᠶᠢᠨ ᠦᠢᠯᠡᠴᠢᠯᠡᠭᠡ ᠬᠠᠩᠭᠠᠵᠤ᠂ ᠭᠡᠷ᠎ᠡ ᠲᠣᠭᠲᠠᠭᠰᠠᠨ ᠲᠥᠷᠥᠯ | ᠵᠦᠢᠯ ᠢ ᠡᠷᠲᠡᠬᠡᠨ ᠨᠠᠶᠢᠳᠠᠪᠤᠷᠢᠵᠢᠭᠤᠯᠬᠤ᠂ ᠡᠷᠲᠡᠬᠡᠨ ᠠᠵᠢᠯ ᠡᠬᠢᠯᠡᠭᠦᠯᠬᠦ᠂ ᠡᠷᠳᠡᠭᠡᠨ ᠠᠰᠢᠭᠯᠠᠯᠲᠠ ᠳᠤ ᠣᠷᠣᠭᠤᠯᠬᠤ᠂ | ᠡᠷᠲᠡᠬᠡᠨ ᠦᠷ᠎ᠡ ᠪᠦᠲᠦᠮᠵᠢ ᠤᠯᠬᠤ ᠶᠢ ᠠᠬᠢᠭᠤᠯᠵᠤ᠂ ᠨᠠᠩ ᠣᠯᠠᠨ ᠭᠠᠳᠠᠨ᠎ᠠ ᠠᠴᠠ ᠢᠷᠡᠭᠰᠡᠨ ᠠᠵᠤ ᠠᠬᠤᠶᠢᠯᠠᠯ ᠢ | ᠳᠠᠳᠠᠨ ᠠᠪᠴᠢᠷᠠᠵᠦ ᠪᠠᠯᠠ ᠣᠷᠣᠭᠤᠯᠣᠭᠤᠯᠣᠨ ᠦᠢᠯᠡᠰ ᠪᠦᠳᠦᠭᠡᠯᠭᠡᠨᠡ᠃ | | | | | | | | ᠡᠨᠡ ᠵᠢᠯ ᠠᠴᠠ ᠨᠠᠰᠢ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ | ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠶᠢᠨ ᠨᠢᠭᠡᠳᠦᠯᠲᠡᠶ ᠪᠠᠶᠢᠷᠢᠯᠠᠭᠤᠯᠤᠯᠲᠠ ᠶᠣᠰᠣᠭᠠᠷ᠂ ᠠᠯᠠᠱᠠ ᠶᠢᠨ | ᠳᠡᠭᠡᠳᠦ ᠰᠢᠨ᠎ᠡ ᠮᠡᠷᠭᠡᠵᠢᠯ ᠤᠨ ᠠᠵᠦ ᠦᠢᠯᠡᠰ ᠤᠨ ᠨᠡᠭᠡᠭᠡᠯᠳᠡ ᠶᠢᠨ ᠣᠷᠣᠨ ᠨᠢ ᠠᠵᠤ ᠠᠬᠤᠢ ᠶᠢᠨ ᠴᠢᠨᠠᠷ ᠰᠠᠶᠢᠲᠠᠶ | ᠬᠥᠭᠵᠢᠯᠲᠡ ᠶᠢᠨ ᠱᠠᠭᠠᠷᠳᠠᠯᠭ᠎ᠠ ᠶᠢᠨ ᠳᠣᠭᠤᠷᠢᠨ ᠳᠤ᠂ ᠲᠤᠰ ᠪᠡᠶ᠎ᠡ ᠶᠢᠨ ᠳᠠᠪᠠᠭᠤᠯᠢᠭ ᠲᠠᠭᠠᠨ ᠰᠠᠭᠤᠷᠢᠯᠠᠨ᠂ | ᠬᠥᠭᠵᠢᠯᠲᠡ ᠶᠢᠨ ᠳᠠᠯᠳᠠ ᠬᠦᠴᠦᠨ ᠢᠶᠠᠨ ᠬᠦᠨᠵᠡᠬᠡᠢ ᠢᠯᠡᠷᠡᠬᠦᠯᠦᠨ᠂ ᠠᠵᠤ ᠠᠬᠤᠶ ᠶᠢᠨ ᠠᠵᠢᠯᠯᠠᠭᠠᠨ ᠨᠢ | ᠬᠢᠵᠢᠭ ᠤᠨ ᠪᠠᠶᠢᠳᠠᠯ ᠳᠤ ᠨᠦᠯᠦᠭᠡᠯᠡᠭᠳᠡᠨ ᠲᠦᠷ ᠵᠠᠭᠤᠷ᠎ᠠ ︽ᠵᠣᠭᠰᠣᠩᠬᠢᠷᠭᠰᠠᠨ︾ ᠤ ᠳᠠᠷᠠᠭ᠎ᠠ ᠲᠣᠭᠲᠠᠭᠤᠨ ᠢᠶᠠᠷ | ᠰᠡᠷᠭᠦᠵᠦ᠂ ᠠᠵᠤ ᠠᠬᠤᠶ ᠶᠢᠨ ᠭᠤᠤᠯ ᠪᠣᠯᠬᠤ ᠬᠦᠢᠴᠡᠳᠬᠡᠯ ᠲᠣᠭᠠᠨ ᠤ ᠨᠡᠮᠡᠭᠳᠡᠯ ᠤᠨ ᠬᠤᠷᠳᠤᠴᠠ ᠦᠷᠭᠦᠯᠵᠢᠯᠡᠨ | ᠰᠠᠶᠢᠵᠢᠷᠠᠪᠠ᠃ ᠳᠠᠷᠠᠭᠠᠴᠢ ᠪᠠᠷ᠂ ᠠᠯᠠᠱᠨ ᠶᠢᠨ ᠳᠡᠭᠡᠳᠦ ᠰᠢᠨ᠎ᠡ ᠮᠡᠷᠭᠡᠵᠢᠯ ᠤᠨ ᠠᠵᠦ ᠦᠢᠯᠡᠰ ᠤᠨ ᠨᠡᠭᠡᠭᠡᠯᠳᠡ ᠶᠢᠨ | ᠣᠷᠣᠨ ᠨᠢ ᠤᠯᠤᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠣᠷᠣᠨ ᠢ ᠪᠠᠶᠢᠭᠤᠯᠬᠤ | ᠬᠠᠷᠠᠯᠲᠠ ᠱᠠᠭᠠᠷᠳᠠᠯᠭ᠎ᠠ ᠲᠠᠢ ᠨᠢᠭᠲᠠ ᠣᠶᠠᠯᠳᠣᠭᠤᠯᠵᠦ᠂ ᠠᠵᠤ ᠦᠢᠯᠡᠰ ᠤᠨ ᠪᠦᠲᠦᠴᠡ ᠶᠢᠨ ᠲᠣᠬᠢᠷᠠᠭᠤᠯᠤᠯᠲᠠ ᠶᠢ | ᠦᠷᠭᠦᠯᠵᠢᠯᠡᠨ ᠠᠬᠢᠭᠤᠯᠬᠤ ᠪᠠᠷ ᠳᠠᠮᠵᠢᠨ ᠰᠢᠨᠵᠢᠯᠡᠭᠡ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠬᠥᠳᠡᠯᠭᠡᠬᠦ ᠬᠦᠴᠦᠨ | ᠪᠣᠯᠭᠠᠵᠤ᠂ ᠰᠢᠨ᠎ᠡ ᠶᠢ ᠡᠭᠦᠳᠴᠦ ᠦᠢᠯᠡᠰ ᠪᠦᠳᠦᠭᠡᠬᠦ ᠣᠷᠴᠢᠨ ᠲᠣᠭᠤᠷᠢᠨ ᠢ ᠲᠡᠭᠦᠯᠳᠡᠷᠵᠢᠭᠦᠯᠬᠦ ᠪᠠᠷ ᠭᠤᠣᠯᠳᠠᠯᠭ᠎ᠠ | ᠪᠣᠯᠭᠠᠵᠤ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠪᠠᠷ ᠭᠤᠤᠯᠳᠠᠯᠭ᠎ᠠ ᠪᠣᠯᠭᠠᠨ᠂ ᠮᠡᠷᠭᠡᠵᠢᠯ ᠳᠦᠪᠯᠡᠷᠡᠭᠰᠡᠨ | ᠬᠡᠯᠪᠡᠷᠢ ᠪᠠᠷ ᠥᠨᠳᠥᠷ᠂ ᠰᠢᠨᠵᠢᠯᠡᠭᠡᠨ ᠤ ᠰᠣᠯᠪᠢᠴᠠᠬᠤ ᠴᠢᠨᠠᠷ ᠢᠶᠠᠷ ᠴᠢᠩᠭ᠎ᠠ᠂ ᠦᠢᠯᠡᠳᠬᠦᠨ ᠤ ᠨᠡᠮᠡᠯᠲᠡ | ᠥᠷᠲᠡᠭ ᠢᠶᠠᠷ ᠥᠨᠳᠥᠷ᠂ ᠦᠢᠯᠡᠳᠪᠦᠷᠢᠯᠡᠯ ᠪᠣᠯᠤᠨ ᠵᠠᠬ᠎ᠠ ᠳᠡᠯᠭᠡᠭᠦᠷ ᠤᠨ ᠳᠠᠶᠠᠭᠠᠷᠰᠢᠯ ᠢᠶᠠᠷ ᠴᠢᠩᠭ᠎ᠠ ᠰᠢᠨ᠎ᠡ | ᠮᠠᠲ᠋ᠧᠷᠢᠶᠠᠯ ᠤᠨ ᠰᠢᠨ᠎ᠡ ᠪᠠᠷ ᠮᠠᠨᠳᠤᠭᠰᠠᠨ ᠪᠠᠶᠢᠯᠳᠤᠬᠤ ᠪᠣᠳᠣᠯᠭ᠎ᠠ ᠶᠢᠨ ᠠᠵᠤ ᠦᠢᠯᠡᠰ ᠢ ᠬᠦᠴᠦᠯᠡᠨ ᠪᠠᠶᠢᠭᠤᠯᠵᠦ᠂ | ᠬᠠᠲᠤᠨ ᠭᠤᠤᠯ ᠤᠨ ︽几︾ ᠥᠰᠥᠭ ᠤᠨ ᠡᠷᠬᠢᠨ ᠳᠡᠭᠡᠷᠡᠬᠢ ︽ᠪᠣᠬᠢᠷᠲᠤᠯ ᠥᠬᠡᠶ ᠬᠢᠮᠢ ᠶᠢᠨ ᠠᠵᠤ | ᠦᠢᠯᠡᠳᠪᠦᠷᠢ︾ ᠶᠢᠨ ᠭᠡᠷᠡᠯᠲᠦ ᠰᠤᠪᠤᠳ ᠢ ᠪᠣᠶ ᠪᠣᠯᠭᠠᠨ᠎ᠠ᠃ | | | | | | | | | | |