ᠠᠯᠠᠱᠠ ᠠᠶᠢᠮᠠᠭ ᠤᠨ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠤᠯ ᠲᠤᠭᠤᠢᠢᠯᠡᠩ ᠤᠨ ᠬᠢᠨ 2020 ᠤᠨ ᠤ ᠠᠷᠪᠠᠨ ᠨᠢᠭᠡᠳᠦᠭᠡᠷ ᠤᠳᠠᠭᠠᠨ ᠤ ︵ᠦᠷᠬᠡᠳᠬᠡᠭᠰᠡᠨ︶ ᠰᠤᠷᠤᠯᠴᠠᠯᠭ᠎ᠠ ᠵᠢᠴᠢ ᠰᠢ ᠶᠢᠨ ᠫᠢᠡᠭ ᠤᠨ ᠠᠮᠢ ᠠᠬᠤᠢ ᠶᠢᠨ ᠪᠤᠯᠪᠠᠰᠤᠨ ᠤ ᠦᠵᠡᠯ ᠰᠠᠨᠠᠭ᠎ᠠ ᠶᠢ ᠰᠤᠷᠤᠯᠴᠠᠨ ᠳᠣᠣᠱᠯᠠᠭᠤᠯᠬᠤ ᠬᠠᠷᠢᠭᠤ ᠮᠡᠳᠡᠬᠦᠯᠦᠯᠳᠠ ᠶᠢᠨ ᠬᠤᠷᠡᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2020/9/21
     9 ᠰᠠᠷ᠎ᠠ ᠶᠢᠨ 17 ᠤ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠤᠯ ᠲᠤᠭᠤᠢᠢᠯᠡᠩ ᠤᠨ ᠬᠢᠨ 2020 ᠤᠨ ᠤ ᠠᠷᠪᠠᠨ ᠨᠢᠭᠡᠳᠦᠭᠡᠷ ᠤᠳᠠᠭᠠᠨ ᠤ ︵ᠦᠷᠬᠡᠳᠬᠡᠭᠰᠡᠨ︶ ᠰᠤᠷᠤᠯᠴᠠᠯᠭ᠎ᠠ ᠵᠢᠴᠢ ᠰᠢ ᠶᠢᠨ ᠫᠢᠡᠭ ᠤᠨ ᠠᠮᠢ ᠠᠬᠤᠢ ᠶᠢᠨ ᠪᠤᠯᠪᠠᠰᠤᠨ ᠤ ᠦᠵᠡᠯ ᠰᠠᠨᠠᠭ᠎ᠠ ᠶᠢ ᠰᠤᠷᠤᠯᠴᠠᠨ ᠳᠣᠣᠱᠯᠠᠭᠤᠯᠬᠤ ᠬᠠᠷᠢᠭᠤ ᠮᠡᠳᠡᠬᠦᠯᠦᠯᠳᠠ ᠶᠢᠨ ᠬᠤᠷᠠᠯ ᠬᠤᠷᠠᠯᠳᠤᠭᠤᠯᠪᠠ᠃ ᠲᠤᠮᠳᠠᠲᠦ ᠤᠯᠤᠰ ᠤᠨ ᠨᠡᠶᠢᠬᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠠᠮᠢ ᠠᠬᠤᠢ ᠶᠢᠨ ᠪᠤᠯᠪᠠᠰᠤᠨ ᠤ ᠰᠤᠳᠤᠯᠭᠠᠨ ᠤ ᠤᠶᠤᠨ ᠤ ᠬᠦᠮᠦᠷᠬᠡ ᠶᠢᠨ ᠤᠨᠤᠯ ᠤᠨ ᠬᠡᠯᠳᠡᠰ ᠤᠨ ᠡᠷᠬᠢᠯᠡᠭᠴᠢ ᠬᠤᠸᠠᠩ ᠴᠸᠡᠭ ᠯᠢᠶᠠᠩ ᠲᠤᠰᠬᠠᠢ ᠰᠡᠳᠦᠪᠲᠦ ᠬᠠᠷᠢᠭᠤ ᠮᠡᠳᠡᠬᠦᠯᠦᠯᠳᠠ ᠬᠢᠵᠦ᠂ ᠴᠠᠰᠤᠳᠡᠢ᠂ ᠸᠧᠢ ᠭᠦᠸᠧ ᠴᠢᠤᠸᠠᠨ᠂ ᠰᠦᠬᠡ ᠵᠡᠷᠬᠡ ᠠᠶᠢᠮᠠᠭ ᠤᠨ ᠤᠳᠤᠷᠢᠳᠤᠯᠭ᠎ᠠ ᠬᠤᠷᠡᠯ ᠳᠤ ᠤᠷᠤᠯᠴᠠᠭᠰᠠᠨ ᠪᠠᠶᠢᠨ᠎ᠠ᠃      ᠬᠤᠸᠠᠩ ᠴᠸᠡᠭ ᠯᠢᠶᠠᠩ ︽ᠰᠢ ᠶᠢᠨ ᠫᠢᠡᠭ ᠤᠨ ᠠᠮᠢ ᠠᠬᠤᠢ ᠶᠢᠨ ᠪᠤᠯᠪᠠᠰᠤᠨ ᠤ ᠦᠵᠡᠯ ᠰᠠᠨᠠᠭ᠎ᠠ ᠶᠢ ᠪᠦᠬᠦ ᠲᠠᠯ᠎ᠠ ᠪᠠᠷ ᠰᠤᠷᠤᠯᠴᠠᠨ ᠦᠢᠯᠡᠳᠦᠯᠬᠡᠵᠢᠬᠦᠯᠵᠦ᠂ ᠠᠯᠠᠱᠠ ᠠᠶᠢᠮᠠᠭ ᠢ ᠦᠪᠦᠷ ᠮᠤᠩᠭᠤᠯ ᠤᠨ ᠪᠤᠬᠢᠷᠳᠤᠯ ᠦᠬᠡᠢ ᠬᠦᠭᠵᠢᠯᠳᠠ ᠶᠢᠨ ᠨᠡᠶᠢᠳᠡᠯᠢᠭ ᠤᠷᠤᠨ ᠪᠤᠯᠭᠠᠬᠤ︾ ᠰᠡᠳᠦᠪ ᠢᠶᠠᠷ᠂ ᠰᠢ ᠶᠢᠨ ᠫᠢᠡᠭ ᠤᠨ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ ᠶᠢᠨ ᠪᠠᠶᠢᠯᠳᠤᠬᠤ ᠪᠤᠳᠤᠯᠭ᠎ᠠ ᠶᠢᠨ ᠪᠠᠶᠢᠳᠠᠯ᠂ ᠴᠠᠭ ᠡᠷᠡᠨ ᠤ ᠲᠤᠭ᠎ᠠ ᠪᠠᠷᠢᠮᠳᠠ᠂ ᠭᠤᠤᠯ ᠦᠷᠳᠡᠭ ᠵᠡᠷᠬᠡ ᠲᠠᠯ᠎ᠠ ᠶᠢᠨ ᠲᠤᠭᠤᠷᠢᠨ ᠳᠤ᠂ ᠮᠠᠨ ᠤ ᠠᠶᠢᠮᠠᠭ ᠤᠨ ᠪᠤᠳᠠᠲᠦ ᠪᠠᠶᠢᠳᠠᠯ ᠲᠠᠢ ᠨᠡᠶᠢᠴᠡᠭᠰᠡᠨ ᠰᠠᠨᠠᠯ ᠰᠠᠨᠠᠭᠤᠯᠭ᠎ᠠ ᠲᠤᠷᠠᠳᠤᠭᠰᠠᠨ ᠪᠠᠶᠢᠨ᠎ᠠ᠃      ᠬᠤᠷᠡᠯ ᠠᠴᠠ᠂ ᠪᠦᠬᠦ ᠠᠶᠢᠮᠠᠭ ᠤᠨ ᠦᠷᠬᠡᠨ ᠤᠯᠠᠨ ᠺᠠᠳ᠋ᠷ ᠠᠵᠢᠯᠳᠠᠨ ᠰᠢ ᠶᠢᠨ ᠫᠢᠡᠭ ᠤᠨ ᠠᠮᠢ ᠠᠬᠤᠢ ᠶᠢᠨ ᠪᠤᠯᠪᠠᠰᠤᠨ ᠤ ᠦᠵᠡᠯ ᠰᠠᠨᠠᠭ᠎ᠠ ᠶᠢ ᠤᠯᠠᠮ ᠨᠢᠬᠡ ᠠᠯᠬᠤᠮ ᠰᠤᠷᠤᠯᠴᠠᠨ ᠳᠣᠣᠱᠯᠠᠭᠤᠯᠵᠦ᠂ ᠵᠤᠷᠢᠭ ᠰᠠᠨᠠᠭᠠᠨ ᠤ ᠮᠦᠨ ᠴᠢᠨᠡᠷ ᠪᠤᠯᠤᠨ ᠭᠤᠤᠯ ᠤᠳᠬ᠎ᠠ ᠰᠠᠨᠠᠭ᠎ᠠ ᠶᠢ ᠬᠦᠨᠵᠡᠬᠡᠢ ᠤᠢᠢᠯᠠᠭᠠᠨ᠂ ᠪᠤᠳᠡᠳᠡᠢ ᠦᠢᠯᠡᠳᠦᠯᠬᠡᠵᠢᠬᠦᠯᠵᠦ᠂ ᠠᠵᠢᠯ ᠢᠶᠠᠨ ᠠᠬᠢᠭᠤᠯᠬᠤ ᠬᠡᠷᠡᠭᠳᠡᠢ᠃ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ ᠶᠢᠨ ᠤᠬᠠᠮᠰᠡᠷᠲᠦ ᠴᠢᠨᠡᠷ ᠢᠶᠠᠨ ᠲᠡᠬᠡᠭᠰᠢᠯᠡᠬᠦᠯᠵᠦ᠂ ᠬᠤᠷᠢᠭ᠎ᠠ ᠱᠤᠭᠤᠮ ᠤᠨ ᠦᠵᠡᠯᠳᠠ ᠪᠠᠨ ᠴᠢᠩᠭᠠᠳᠬᠠᠨ᠂ ᠠᠵᠦ ᠦᠢᠯᠡᠳᠪᠤᠷᠢ ᠶᠢ ᠲᠦᠪᠯᠡᠷᠡᠬᠦᠯᠬᠦ᠂ ᠲᠠᠷᠢᠶᠠᠯᠠᠩ ᠢ ᠴᠤᠮᠬᠠᠳᠬᠠᠬᠤ᠂ ᠮᠠᠯᠵᠢᠬᠤ ᠦᠢᠯᠡᠰ ᠢ ᠳᠣᠬᠢᠷᠠᠮᠵᠢᠳᠠᠢ ᠬᠦᠭᠵᠢᠬᠦᠯᠬᠦ᠂ ᠬᠦᠳᠡᠭᠡ ᠲᠤᠰᠬᠤᠨ ᠢ ᠵᠤᠬᠢᠴᠠᠭᠤᠯᠤᠨ ᠬᠦᠭᠵᠢᠬᠦᠯᠬᠦ ᠪᠠ ᠴᠡᠪᠡᠷ ᠡᠨᠧᠷᠬᠢ ᠶᠢᠨ ᠦᠢᠯᠡᠰ ᠤᠨ ᠬᠦᠭᠵᠢᠯᠳᠠ ᠶᠢ ᠲᠦᠷᠬᠡᠳᠬᠡᠬᠦ ᠬᠡᠷᠡᠭᠳᠡᠢ᠃ ᠦᠪᠡᠷᠳᠡᠬᠡᠨ ᠵᠠᠰᠠᠬᠤ ᠤᠷᠤᠨ ᠤ ᠠᠮᠢ ᠠᠬᠤᠢ ᠶᠢᠨ ᠤᠷᠴᠢᠨ ᠲᠤᠭᠤᠷᠢᠨ ᠤ ᠬᠠᠮᠠᠭᠠᠯᠠᠯᠳᠠ ᠶᠢᠨ ᠬᠢᠨᠠᠨ ᠪᠠᠶᠢᠴᠠᠭᠠᠬᠤ ᠠᠵᠢᠯ ᠲᠠᠢ ᠨᠢᠠᠠᠳᠠ ᠬᠠᠮᠵᠢᠯᠴᠠᠵᠦ᠂ ᠤᠷᠴᠢᠨ ᠲᠤᠭᠤᠷᠢᠨ ᠢᠶᠠᠨ ᠬᠠᠮᠠᠭᠠᠯᠠᠬᠤ᠂ ᠪᠤᠬᠢᠷᠳᠤᠯ ᠦᠬᠡᠢ ᠬᠦᠭᠵᠢᠯᠳᠠ ᠶᠢ ᠠᠬᠢᠭᠤᠯᠬᠤ ᠵᠡᠷᠬᠡ ᠲᠠᠯ᠎ᠠ ᠳᠤ ᠪᠤᠳᠠᠲᠦ ᠠᠮᠵᠢᠯᠳᠠ ᠤᠯᠬᠤ ᠬᠡᠷᠡᠭᠳᠡᠢ ᠬᠡᠵᠦ ᠱᠠᠭᠠᠷᠳᠠᠭᠰᠠᠨ ᠪᠠᠶᠢᠨ᠎ᠠ᠃
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号