ᠦᠪᠤᠷ ᠮᠤᠩᠭᠤᠯ ᠡᠨᠡ ᠵᠢᠯ ᠰᠢᠨ᠎ᠡ ᠶᠢ ᠡᠭᠦᠳᠦᠭᠰᠡᠨ 100 ᠵᠠᠯᠠᠭᠤ ᠴᠢᠳᠠᠪᠤᠷᠢᠲᠠᠨ ᠢ ᠰᠤᠩᠭᠤᠨ ᠰᠢᠯᠭᠠᠷᠭᠤᠯᠬᠤ ᠪᠠᠷ ᠪᠠᠶᠢᠨ᠎ᠠ
ᠨᠡᠶᠢᠲᠡᠯᠡᠭᠰᠡᠨ ᠴᠠᠭ᠄
2020/9/21
     ᠵᠠᠯᠠᠭᠤ ᠴᠢᠳᠠᠪᠤᠷᠢᠲᠠᠨ ᠢ ᠬᠦᠮᠤᠵᠢᠭᠦᠯᠬᠦ ᠡᠷᠴᠢᠮ ᠢ ᠦᠷᠭᠦᠯᠵᠢᠯᠡᠨ ᠴᠢᠩᠭᠠᠷᠠᠭᠤᠯᠬᠤ ᠶᠢᠨ ᠲᠤᠯᠠᠳᠠ᠂ ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠬᠦᠮᠤᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭᠠᠨ ᠤ ᠲᠢᠩᠬᠢᠮ᠂ ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠵᠤᠬᠢᠶᠠᠨ ᠪᠠᠶᠢᠭᠤᠯᠬᠤ ᠬᠡᠯᠲᠡᠰ ᠠᠴᠠ ᠤᠶᠢᠷ᠎ᠠ ᠳᠤ ᠦᠪᠡᠷᠳᠡᠭᠡᠨ ᠵᠠᠰᠠᠬᠤ ᠤᠷᠤᠨ   ᠤ 2020 ᠤᠨ ᠤ ︽ᠲᠠᠯ᠎ᠠ ᠨᠤᠲᠤᠭ ᠤᠨ ᠰᠤᠳᠤᠨ ᠴᠢᠳᠠᠪᠤᠷᠢᠲᠠᠨ︾ ᠤ ᠢᠨᠵᠧᠨᠧᠷᠢᠩ ᠤᠨ ᠰᠢᠨ᠎ᠡ ᠶᠢ ᠡᠭᠦᠳᠴᠦ   ᠦᠢᠯᠡᠰ ᠪᠣᠰᠬᠠᠭᠰᠠᠨ ᠴᠢᠳᠠᠪᠤᠷᠢᠲᠠᠨ ᠢ ᠰᠤᠩᠭᠤᠨ ᠰᠢᠯᠭᠠᠷᠠᠭᠤᠯᠬᠤ ᠠᠵᠢᠯ ᠢ ᠦᠷᠨᠢᠭᠦᠯᠬᠦ ᠪᠠᠷ ᠪᠤᠯᠪᠠ᠂ ᠤᠳᠤ ᠰᠤᠩᠭᠤᠨ ᠳᠡᠪᠰᠢᠭᠦᠯᠬᠦ ᠠᠵᠢᠯ ᠨᠢᠭᠡᠨᠲᠡ ᠡᠬᠢᠯᠡᠪᠡ  ᠃      ᠰᠤᠩᠭᠤᠨ ᠳᠡᠪᠰᠢᠭᠦᠯᠬᠦ ᠬᠡᠪᠴᠢᠶᠡᠨ ᠳᠤ ᠤᠷᠤᠬᠤ ᠡᠲᠡᠭᠡᠳ ᠪᠤᠯ ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠲᠤᠲᠤᠷᠠᠭᠢ ᠳᠡᠭᠡᠳᠤ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ᠂ ᠠᠵᠦ ᠠᠬᠤᠶᠢᠯᠠᠯ ᠪᠤᠯᠤᠨ ᠨᠡᠶᠢᠭᠡᠮ ᠤᠨ ᠵᠤᠬᠢᠶᠠᠨ ᠪᠠᠶᠢᠭᠤᠯᠤᠯᠲᠠ ᠵᠡᠷᠭᠡ ᠨᠢᠭᠡᠴᠡ ᠶᠢᠨ ᠪᠦᠬᠦᠯᠢ ᠡᠳᠦᠷ  ᠤᠨ ᠲᠦᠷᠢᠮᠳᠤ ᠠᠵᠢᠯ ᠤᠨ ᠪᠠᠶᠢᠷᠢ ᠳᠡᠭᠡᠷ᠎ᠡ 2 ᠵᠢᠯ ᠠᠴᠠ ᠳᠡᠭᠡᠭᠰᠢ ᠠᠵᠢᠯᠯᠠᠭᠰᠠᠨ ᠠᠵᠢᠯᠲᠠᠨ ︵ ᠠᠯᠪᠠᠳᠠᠨ ᠤ ᠶᠠᠪᠤᠳᠠᠯ ᠢᠶᠠᠷ ᠯᠠᠪᠯᠠᠯᠲᠠ ᠪᠤᠯᠭᠠᠭᠰᠠᠨ ᠠᠵᠢᠯ ᠦᠢᠯᠡᠰ ᠤᠨ ᠨᠢᠭᠡᠴᠡ ᠶᠢᠨ ᠠᠵᠢᠯᠲᠠᠨ ᠪᠠ ᠬᠠᠷᠢ ᠨᠤᠲᠤᠭ ᠤᠨ ᠬᠦᠮᠤᠨ ᠪᠠᠭᠳᠠᠬᠤ ᠦᠭᠡᠢ︶  ᠪᠤᠯᠤᠨ᠎ᠠ᠃ ᠰᠤᠩᠭᠤᠨ ᠳᠡᠪᠰᠢᠭᠦᠯᠬᠦ ᠠᠵᠢᠯ ᠨᠢ  ᠰᠢᠨ᠎ᠡ   ᠪᠠᠷ ᠮᠠᠨᠳᠤᠭᠰᠠᠨ ᠰᠢᠨᠵᠢᠯᠡᠬᠦ ᠤᠬᠠᠭᠠᠨ ᠤ ᠰᠤᠳᠤᠯᠭᠠᠨ ᠤ ᠰᠢᠨᠵᠢᠯᠡᠭᠡ ᠮᠡᠷᠭᠡᠵᠢᠯ ᠤᠨ ᠰᠢᠯᠢᠳᠡᠭ ᠵᠠᠯᠠᠭᠤ ᠴᠢᠳᠠᠪᠤᠷᠢᠲᠠᠨ᠂ ᠨᠡᠶᠢᠲᠡ  ᠶᠢᠨ ᠦᠮᠴᠢᠯᠡᠯ ᠤᠨ ᠪᠤᠰᠤ ᠠᠵᠦ ᠠᠬᠤᠢ ᠶᠢᠨ ᠵᠤᠬᠢᠶᠠᠨ ᠪᠠᠶᠢᠭᠤᠯᠤᠯᠲᠠ ᠳᠤ ᠠᠵᠢᠯᠯᠠᠵᠦ ᠪᠠᠶᠢᠭ᠎ᠠ ᠰᠢᠯᠢᠳᠡᠭ ᠵᠠᠯᠠᠭᠤ ᠴᠢᠳᠠᠪᠤᠷᠢᠲᠠᠨ ᠵᠢᠴᠢ ᠬᠦᠴᠢᠷ ᠪᠡᠷᠬᠡᠰᠢᠶᠡᠯᠲᠡᠢ ᠬᠢᠯᠢ ᠬᠢᠵᠠᠭᠠᠷ ᠤᠷᠤᠨ ᠳᠤ ᠰᠢᠨ᠎ᠡ ᠪᠠᠷ ᠦᠢᠯᠡᠰ ᠪᠦᠳᠦᠭᠡᠭᠴᠢᠳ᠂ ᠦᠨᠳᠦᠰᠤᠨ ᠱᠠᠳᠤᠨ ᠤ ᠶᠠᠳᠠᠭᠤ ᠶᠢ ᠲᠡᠳᠭᠦᠬᠦ ᠰᠢᠪᠳᠣᠯᠣᠯᠳᠠ ᠶᠢᠨ ᠡᠮᠤᠨ᠎ᠡ ᠹᠷᠤᠨᠲ ᠲᠤ ᠭᠠᠪᠰᠢᠭᠠᠶᠢᠯᠠᠭᠴᠢᠳ᠂ ᠰᠢᠨ᠎ᠡ ᠬᠡᠯᠪᠡᠷᠢ ᠶᠢᠨ ᠲᠢᠲᠢᠮᠯᠢᠭ  ᠸᠢᠷᠦ᠋ᠰ ᠠᠴᠠ ᠬᠠᠯᠳᠠᠪᠣᠷᠢᠯᠠᠭᠰᠠᠨ ᠠᠭᠤᠰᠬᠢᠨ ᠦᠷᠪᠢᠰᠦᠯ ᠤᠨ ᠬᠢᠵᠢᠭ ᠲᠠᠢ ᠳᠡᠮᠡᠴᠡᠬᠦ ᠳᠤ ᠰᠢᠯᠢᠳᠡᠭ ᠠᠮᠵᠢᠯᠲᠠ ᠭᠠᠷᠭᠠᠭᠰᠠᠳ᠂ ᠲᠤᠪᠤᠶᠢᠮ᠎ᠠ ᠬᠤᠪᠢ ᠨᠡᠮᠡᠷᠢ ᠦᠵᠡᠭᠦᠯᠦᠭᠰᠡᠨ ᠵᠠᠯᠠᠭᠤ ᠴᠢᠳᠠᠪᠤᠷᠢᠲᠠᠨ ᠳᠡᠰᠢ ᠬᠡᠯᠪᠠᠶᠢᠯᠭᠡᠬᠦ ᠶᠢ ᠴᠢᠬᠤᠯᠠᠴᠢᠯᠠᠨ᠎ᠠ᠃      ᠤᠶᠢᠯᠠᠭᠠᠭᠰᠠᠨ ᠢᠶᠠᠷ᠂ ᠡᠨᠡ ᠵᠢᠯ ᠦᠪᠤᠷ ᠮᠤᠩᠭᠤᠯ ᠤᠨ ᠬᠡᠪᠴᠢᠶᠡᠨ ᠳᠤ ᠪᠠᠶᠢᠭᠠᠯᠢ ᠶᠢᠨ ᠰᠢᠨᠵᠢᠯᠡᠬᠦ ᠤᠬᠠᠭᠠᠨ᠂ ᠪᠠᠷᠢᠯᠭ᠎ᠠ ᠶᠢᠨ ᠮᠡᠷᠭᠡᠵᠢᠯ᠂ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠪᠤᠯᠤᠨ ᠰᠤᠶᠤᠯ ᠵᠢᠭᠤᠯᠴᠢᠯᠠᠯ᠂ ᠠᠵᠦ ᠠᠬᠤᠢ ᠮᠦᠩᠭᠦᠨ ᠭᠦᠢᠯᠭᠡᠭᠡᠨ ᠤ ᠬᠦᠷᠢᠶᠡᠨ ᠳᠠᠬᠢ ᠰᠢᠨ᠎ᠡ ᠶᠢ ᠡᠭᠦᠳᠦᠭᠰᠡᠨ 100 ᠵᠠᠯᠠᠭᠤ ᠴᠢᠳᠠᠪᠤᠷᠢᠲᠠᠨ ᠢ ᠰᠤᠩᠭᠤᠨ ᠰᠢᠯᠭᠠᠷᠠᠭᠤᠯᠬᠤ ᠪᠠᠷ ᠲᠦᠯᠦᠪᠯᠡᠵᠦ ᠪᠠᠶᠢᠨ᠎ᠠ᠃ ᠡᠭᠦᠨ ᠳᠤ ᠰᠢᠨ᠎ᠡ ᠶᠢ ᠡᠭᠦᠳᠦᠭᠰᠡᠨ ᠵᠠᠯᠠᠭᠤ ᠴᠢᠳᠠᠪᠤᠷᠢᠲᠠᠨ ᠤ ᠳᠡᠷᠢᠬᠦᠨ ᠱᠠᠳᠣᠨ ᠤ 45  ᠬᠦᠮᠤᠨ ᠳᠤ ᠵᠢᠯ ᠤᠨ ᠬᠦᠮᠤᠨ ᠪᠦᠷᠢ ᠳᠤ 5 ᠲᠦᠮᠡᠨ ᠲᠦᠭᠦᠷᠢᠭ ᠲᠤᠰᠠᠯᠠᠵᠦ᠂ ᠳᠡᠮᠵᠢᠯᠭᠡ ᠶᠢᠨ ᠡᠷᠬᠢᠯᠲᠡ ᠶᠢᠨ ᠬᠤᠭᠤᠴᠠᠭ᠎ᠠ ᠨᠢ ᠭᠤᠷᠪᠠᠨ ᠵᠢᠯ ᠪᠠᠶᠢᠵᠦ᠂ ᠲᠤᠰᠬᠠᠢ ᠮᠡᠷᠭᠡᠵᠢᠯᠲᠡᠨ ᠠᠴᠠ ᠬᠢᠨᠠᠨ ᠦᠨᠡᠯᠡᠭᠡᠳ ᠦᠷ᠎ᠡ ᠪᠦᠳᠦᠮᠵᠢ ᠨᠢ ᠲᠤᠪᠤᠶᠢᠮ᠎ᠠ᠂ ᠬᠦᠮᠤᠵᠢᠭᠦᠯᠬᠦ ᠢᠷᠡᠭᠡᠳᠤᠢ ᠲᠠᠢ ᠰᠢᠯᠢᠳᠡᠭ ᠴᠢᠳᠠᠪᠤᠷᠢᠲᠠᠨ ᠢ ᠦᠪᠡᠷᠳᠡᠭᠡᠨ ᠵᠠᠰᠠᠬᠤ ᠤᠷᠤᠨ ᠠᠴᠠ ︽ᠲᠠᠯ᠎ᠠ ᠨᠤᠲᠤᠭ ᠤᠨ ᠰᠤᠳᠤᠨ ᠴᠢᠳᠠᠪᠤᠷᠢᠲᠠᠨ︾  ᠤ ᠢᠨᠵᠧᠨᠧᠷᠢᠩ ᠳᠤ ᠭᠤᠤᠯᠳᠠᠯᠭ᠎ᠠ ᠲᠠᠢ ᠪᠠᠷ ᠰᠤᠩᠭᠤᠨ ᠳᠡᠪᠰᠢᠭᠦᠯᠦᠨ᠎ᠡ︔ ᠰᠢᠨ᠎ᠡ ᠶᠢ ᠡᠭᠦᠳᠦᠭᠰᠡᠨ ᠵᠠᠯᠠᠭᠤ ᠴᠢᠳᠠᠪᠤᠷᠢᠲᠠᠨ ᠤ ᠬᠤᠶᠠᠲᠡᠬᠢ ᠱᠠᠳᠣᠨ ᠤ 45 ᠬᠦᠮᠤᠨ ᠳᠤ ᠬᠦᠮᠤᠨ ᠪᠦᠷᠢ ᠳᠤ ᠨᠢᠭᠡᠯᠡ ᠣᠳᠠᠭ᠎ᠠ ᠳᠤ 5 ᠲᠦᠮᠡᠨ ᠲᠦᠭᠦᠷᠢᠭ ᠲᠤᠰᠠᠯᠠᠨ᠎ᠠ︔  ᠦᠢᠯᠡᠰ ᠪᠦᠳᠦᠭᠡᠭᠴᠢ ᠵᠠᠯᠠᠭᠤ ᠴᠢᠳᠠᠪᠤᠷᠢᠲᠠᠨ 10 ᠬᠦᠮᠤᠨ ᠳᠤ ᠬᠦᠮᠤᠨ ᠪᠤᠯᠭᠠᠨ ᠳᠤ ᠨᠢᠭᠡᠯᠡ ᠣᠳᠠᠭ᠎ᠠ ᠳᠤ10 ᠲᠦᠮᠡᠨ ᠲᠦᠭᠦᠷᠢᠭ ᠲᠤᠰᠠᠯᠠᠨ᠎ᠠ᠃      ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠰᠢᠨ᠎ᠡ ᠶᠢ ᠡᠭᠦᠳᠦᠭᠰᠡᠨ ᠵᠠᠯᠠᠭᠤ ᠴᠢᠳᠠᠪᠤᠷᠢᠲᠠᠨ ᠢ ᠠᠳᠠᠯᠢᠳᠬᠠᠨ ᠰᠢᠯᠭᠠᠷᠠᠭᠤᠯᠵᠦ ᠱᠠᠩᠨᠠᠨ ᠬᠦᠭᠢᠭᠦᠯᠬᠦ ᠪᠤᠯ ᠡᠭᠦᠳᠦᠯᠲᠡ ᠪᠠᠷ ᠬᠦᠭᠵᠢᠯᠲᠡ ᠶᠢ ᠲᠠᠶᠢᠴᠢᠯᠠᠬᠤ ᠪᠠᠶᠢᠯᠳᠤᠬᠤ ᠪᠤᠲᠤᠯᠭ᠎ᠠ ᠪᠤᠯᠤᠨ ᠴᠢᠳᠠᠪᠤᠷᠢᠲᠠᠨ ᠢᠶᠠᠷ ᠤᠷᠤᠨ ᠢᠶᠠᠨ ᠬᠦᠴᠦᠷᠬᠡᠭᠵᠢᠭᠦᠯᠬᠦ ᠪᠠᠶᠢᠯᠳᠤᠬᠤ ᠪᠤᠲᠤᠯᠭ᠎ᠠ ᠶᠢ ᠬᠡᠷᠡᠭᠵᠢᠭᠦᠯᠵᠦ᠂ ᠵᠠᠯᠠᠭᠤ ᠴᠢᠳᠠᠪᠤᠷᠢᠲᠠᠨ ᠤ ᠰᠢᠨ᠎ᠡ ᠶᠢ ᠡᠭᠦᠳᠬᠦ ᠤᠷᠮ᠎ᠠ ᠶᠢ ᠬᠦᠭᠵᠢᠭᠡᠬᠦ ᠡᠷᠴᠢᠮᠳᠡᠢ ᠠᠷᠭ᠎ᠠ ᠪᠠᠷᠢᠯ ᠮᠥᠨ᠂ ᠡᠨᠡ ᠨᠢ ᠦᠪᠡᠷᠳᠡᠭᠡᠨ ᠵᠠᠰᠠᠬᠤ ᠤᠷᠤᠨ ᠤ ᠴᠢᠳᠠᠪᠤᠷᠢᠲᠠᠨ ᠢ ᠤᠷᠮᠠᠰᠢᠭᠤᠯᠵᠦ ᠭᠦᠬᠢᠭᠦᠯᠬᠦ ᠰᠢᠰᠲ᠋ᠧᠮᠵᠢ ᠶᠢ ᠲᠡᠭᠦᠯᠳᠡᠷᠵᠢᠭᠦᠯᠵᠦ᠂ ᠳᠡᠭᠡᠳᠤ ᠲᠡᠰ ᠤᠨ ᠳᠠᠭᠠᠭᠤᠯᠤᠭᠴᠢ ᠴᠢᠳᠠᠪᠤᠷᠢᠲᠠᠨ ᠤ ᠨᠢᠬᠡᠨ ᠰᠠᠯᠠᠭ᠎ᠠ ᠵᠠᠯᠭᠠᠮᠵᠢ ᠬᠦᠴᠦᠨ ᠢ ᠪᠤᠢ ᠪᠤᠯᠭᠠᠬᠤ ᠳᠤ ᠢᠳᠡᠪᠬᠢᠲᠡᠢ ᠠᠬᠢᠭᠤᠯᠬᠤ ᠦᠢᠯᠡᠳᠤᠯ ᠦᠵᠡᠭᠦᠯᠬᠦ ᠪᠤᠯᠤᠨ᠎ᠠ᠃      ᠠᠭᠤᠯᠭ᠎ᠠ ᠶᠢᠨ ᠢᠷᠡᠯᠳᠡ᠄ http://mongol.people.com.cn/15823904.html
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号