ᠠᠯᠠᠱᠠ ᠠᠶᠢᠮᠠᠭ ᠤᠨ A ᠲᠡᠰ ᠤᠨ 18 ᠵᠢᠭᠤᠯᠴᠢᠯᠠᠯ ᠤᠨ ᠤᠷᠤᠨ ᠤ ᠬᠢᠨ ᠡᠬᠦᠳᠠᠨ ᠪᠢᠯᠧᠲ ᠤᠨ ᠦᠨ᠎ᠠ ᠪᠠᠨ ᠪᠠᠭᠤᠷᠠᠭᠤᠯᠬᠤ ᠪᠤᠶᠤ ᠦᠬᠡᠶᠢᠰᠬᠡᠬᠦ ᠪᠠᠷ ᠪᠤᠯᠵᠠᠢ
ᠨᠡᠶᠢᠲᠡᠯᠡᠭᠰᠡᠨ ᠴᠠᠭ᠄
2020/9/22
     ᠪᠦᠬᠦ ᠠᠶᠢᠮᠠᠭ ᠤᠨ ᠵᠢᠭᠤᠯᠴᠢᠯᠠᠯ ᠤᠨ ᠦᠢᠯᠡᠰ ᠤᠨ ᠠᠮᠢᠵᠢᠷᠡᠯ ᠤᠨ ᠬᠦᠴᠦᠨ ᠢ ᠬᠦᠭᠵᠢᠬᠡᠵᠦ᠂ ᠵᠠᠬ᠎ᠠ ᠲᠡᠯᠬᠡᠬᠦᠷ ᠤᠨ ᠬᠡᠷᠡᠭᠯᠡᠭᠡ ᠶᠢ ᠠᠬᠢᠭᠤᠯᠬᠤ ᠶᠢᠨ ᠲᠤᠰᠠᠳᠠ᠂ ᠮᠠᠨ ᠤ ᠠᠶᠢᠮᠠᠭ ᠤᠨ A ᠲᠡᠰ ᠤᠨ 18 ᠵᠢᠭᠤᠯᠴᠢᠯᠠᠯ ᠤᠨ ᠤᠷᠤᠨ ᠤ ᠬᠢᠨ ᠡᠬᠦᠳᠠᠨ ᠪᠢᠯᠧᠲ ᠤᠨ ᠦᠨ᠎ᠠ ᠪᠠᠨ ᠶᠡᠭᠡ ᠬᠡᠮᠵᠢᠶ᠎ᠠ ᠪᠠᠷ ᠪᠠᠭᠤᠷᠠᠭᠤᠯᠬᠤ ᠪᠤᠶᠤ ᠦᠬᠡᠶᠢᠰᠬᠡᠬᠦ ᠪᠠᠷ ᠪᠤᠯᠵᠦ᠂ 12 ᠰᠠᠷ᠎ᠠ ᠶᠢᠨ 31 ᠤ ᠡᠳᠦᠷ ᠪᠤᠯᠳᠡᠯ᠎ᠠ ᠡᠨᠡᠬᠦ ᠬᠠᠷᠠᠭᠠᠯᠵᠠᠯ ᠤᠨ ᠲᠦᠷᠦ ᠶᠢᠨ ᠪᠤᠳᠤᠯᠭ᠎ᠠ ᠶᠢ ᠬᠡᠷᠡᠭᠵᠢᠬᠦᠯᠬᠦ ᠪᠠᠷ ᠪᠤᠯᠤᠭᠰᠠᠨ ᠪᠠᠶᠢᠨ᠎ᠠ᠃      ᠪᠦᠷᠢᠳᠬᠡᠯ ᠢ ᠦᠨᠳᠦᠰᠦᠯᠠᠪᠠᠯ᠂ ᠮᠠᠨ ᠤ ᠠᠶᠢᠮᠠᠭ ᠤᠨ ᠬᠦᠰᠡᠯ ᠮᠦᠷᠦᠬᠡᠳᠦᠯ ᠡᠯᠡᠰᠦ ᠮᠠᠩᠬᠠᠨ ᠤ ᠮᠠᠰᠢᠨ ᠲᠡᠷᠬᠡ ᠠᠭᠠᠷ ᠠᠶᠠᠯᠠᠯ ᠤᠨ ᠴᠡᠴᠡᠷᠯᠢᠭ᠂ ᠲᠤᠩᠬᠤ ᠶᠢᠨ ᠲᠠᠯ᠎ᠠ᠂ ᠬᠤᠨᠳᠤ ᠨᠠᠭᠤᠷ᠂ ᠬᠤᠯᠠᠳᠠᠬᠢᠨ ᠢ ᠲᠤᠭᠳᠠᠭᠠᠭᠴᠢ ᠬᠤᠷᠢᠶ᠎ᠠ᠂ ᠱᠠᠰᠢᠨ ᠢ ᠪᠠᠳᠠᠷᠠᠭᠤᠯᠤᠭᠴᠢ ᠰᠦᠮ᠎ᠠ᠂ ᠪᠤᠶᠠᠨ ᠢ ᠦᠨᠳᠦᠰᠦᠯᠡᠭᠴᠢ ᠰᠦᠮ᠎ᠠ᠂ ᠪᠠᠳᠡᠢ ᠶᠢᠨ ᠵᠢᠷᠡᠨ ᠡᠯᠡᠰᠦ᠂ ᠶᠡᠭᠡ ᠭᠤᠪᠢ ᠶᠢᠨ ᠬᠠᠴᠢᠨ ᠴᠢᠯᠠᠭᠤᠨ ᠤ ᠠᠵᠦ ᠦᠢᠯᠡᠰ ᠤᠨ ᠬᠦᠷᠢᠶᠡᠯᠡᠩ᠂ ᠠᠯᠠᠱᠠ ᠮᠦᠽᠸᠢ᠂ ᠡᠵᠡᠨ᠎ᠠ ᠮᠦᠽᠸᠢ᠂ ᠠᠯᠠᠱᠠ ᠪᠠᠷᠠᠭᠤᠨ ᠬᠤᠰᠢᠭᠤᠨ ᠤ ᠮᠦᠽᠸᠢ᠂ ᠬᠤᠯᠠᠨ ᠤ ᠲᠠᠯ᠎ᠠ ᠵᠢᠴᠢ ᠠᠯᠠᠱᠠ ᠪᠠᠷᠠᠭᠤᠨ ᠬᠤᠰᠢᠭᠤᠨ ᠤ ᠰᠤᠶᠤᠯ ᠤᠨ ᠰᠢᠨ᠎ᠠ ᠶᠢ ᠡᠬᠦᠳᠬᠦ ᠠᠵᠦ ᠦᠢᠯᠡᠰ ᠤᠨ ᠬᠦᠷᠢᠶᠡᠯᠡᠩ᠂ ᠡᠷᠪᠡᠬᠡᠢ ᠶᠢᠨ ᠬᠠᠪᠴᠢᠯ᠂ ᠬᠠᠶᠢᠰᠤᠨ ᠴᠢᠯᠠᠭᠤ᠂ ᠠᠯᠳᠠᠨ ᠲᠡᠪᠰᠢ ᠶᠢᠨ ᠰᠦᠮ᠎ᠠ᠂ ᠤᠪᠤᠭᠠᠳᠤ ᠶᠢᠨ ᠠᠭᠤᠯᠠ᠂ ᠶᠠᠪᠠᠷᠡᠢ ᠪᠠᠯᠭᠠᠰᠤᠨ ᠤ ᠶᠢᠰᠦᠨ ᠮᠤᠳᠤ ᠵᠡᠷᠬᠡ A ᠲᠡᠰ ᠤᠨ 18 ᠵᠢᠭᠤᠯᠴᠢᠯᠠᠯ ᠤᠨ ᠤᠷᠤᠨ ᠤ ᠬᠢᠨ ︽A ᠲᠡᠰ ᠤᠨ ᠵᠢᠭᠤᠯᠴᠢᠯᠠᠯ ᠤᠨ ᠤᠷᠤᠨ ᠤ ᠡᠬᠦᠳᠠᠨ ᠪᠢᠯᠧᠲ ᠤᠨ ᠦᠨ᠎ᠠ ᠶᠢ ᠪᠠᠭᠤᠷᠠᠭᠤᠯᠬᠤ ᠠᠮᠠᠯᠠᠯᠳᠠ ᠶᠢᠨ ᠪᠢᠴᠢᠭ︾ ᠲᠤ ᠭᠠᠷ ᠤᠨ ᠦᠰᠦᠭ ᠵᠢᠷᠤᠵᠠᠢ᠃      ᠡᠬᠦᠨ ᠠᠴᠠ ᠭᠠᠳᠠᠨ᠎ᠠ᠂ ᠡᠳᠡᠬᠡᠷ 18 ᠵᠢᠭᠤᠯᠴᠢᠯᠠᠯ ᠤᠨ ᠤᠷᠤᠨ ᠲᠤᠳᠤᠷᠡᠬᠢ ᠲᠤᠩᠬᠤ ᠶᠢᠨ ᠲᠠᠯ᠎ᠠ᠂ ᠬᠤᠨᠳᠤ ᠨᠠᠭᠤᠷ᠂ ᠱᠠᠰᠢᠨ ᠢ ᠪᠠᠳᠠᠷᠠᠭᠤᠯᠤᠭᠴᠢ ᠰᠦᠮ᠎ᠠ᠂ ᠪᠤᠶᠠᠨ ᠢ ᠦᠨᠳᠦᠰᠦᠯᠡᠭᠴᠢ ᠰᠦᠮ᠎ᠠ᠂ ᠪᠠᠳᠡᠢ ᠶᠢᠨ ᠵᠢᠷᠡᠨ ᠡᠯᠡᠰᠦ᠂ ᠡᠷᠪᠡᠭᠡᠢ ᠶᠢᠨ ᠬᠠᠪᠴᠢᠯ᠂ ᠬᠠᠶᠢᠰᠤᠨ ᠴᠢᠯᠠᠭᠤ᠂ ᠶᠠᠪᠠᠷᠡᠢ ᠪᠠᠯᠭᠠᠰᠤᠨ ᠤ ᠶᠢᠰᠦᠨ ᠮᠤᠳᠤ ᠵᠡᠷᠬᠡ 8 ᠵᠢᠭᠤᠯᠴᠢᠯᠠᠯ ᠤᠨ ᠤᠷᠤᠨ ᠤ ᠬᠢᠨ ᠡᠨᠡ ᠵᠢᠯ ᠤᠨ ᠬᠢᠵᠢᠭ ᠢ ᠰᠡᠷᠬᠡᠶᠢᠯᠡᠨ ᠡᠵᠡᠮᠳᠡᠬᠦ ᠡᠮᠦᠨ᠎ᠡ ᠹᠷᠤᠨᠲ ᠲᠤ ᠭᠠᠪᠰᠢᠭᠠᠢᠢᠯᠠᠭᠰᠠᠨ ᠡᠮᠴᠢ ᠠᠵᠢᠯᠳᠠᠨ᠂ ᠲᠤᠰ ᠵᠢᠯ ᠳᠡᠭᠡᠨ ᠤᠯᠤᠰ ᠤᠨ ᠰᠢᠯᠭᠠᠯᠳᠠ ᠪᠤᠯᠤᠨ ᠲᠡᠬᠡᠲᠦ ᠲᠤᠮᠳᠠᠲᠦ ᠳᠤ ᠰᠢᠯᠭᠠᠬᠤ ᠰᠢᠯᠭᠠᠯᠳᠠ ᠳᠤ ᠤᠷᠤᠯᠴᠠᠭᠰᠠᠨ ᠰᠤᠷᠤᠭᠴᠢᠳ ᠲᠤ ᠵᠢᠭᠤᠯᠴᠢᠯᠠᠯ ᠤᠨ ᠤᠷᠤᠨ ᠤ ᠡᠬᠦᠳᠠᠨ ᠪᠢᠯᠧᠲ ᠢ ᠪᠦᠬᠦᠨ ᠢ ᠦᠬᠡᠶᠢᠰᠬᠡᠨ᠂ ᠪᠤᠰᠤᠳ ᠲᠦᠷᠦᠯ ᠤᠨ ᠰᠤᠯᠠ ᠲᠤᠭᠤᠷᠢᠭᠰᠠᠳ ᠪᠤᠯᠤᠨ ᠰᠦᠯᠵᠢᠶᠠᠨ ᠲᠡᠬᠡᠷ᠎ᠠ ᠪᠢᠯᠧᠲ ᠠᠪᠤᠭᠰᠠᠳ ᠲᠤ 50% ᠶᠢᠨ ᠬᠠᠷᠠᠭᠠᠯᠵᠠᠯ ᠬᠦᠷᠳᠡᠬᠡᠨ᠎ᠠ︔ ᠦᠯᠡᠳᠡᠭᠰᠡᠨ 10 ᠵᠢᠭᠤᠯᠴᠢᠯᠠᠯ ᠤᠨ ᠤᠷᠤᠨ ᠤ ᠬᠢᠨ ᠡᠬᠦᠳᠠᠨ ᠪᠢᠯᠧᠲ ᠢᠶᠠᠨ ᠪᠦᠬᠦᠨ ᠢ ᠦᠬᠡᠶᠢᠰᠬᠡᠵᠦ᠂ ᠮᠠᠨ ᠤ ᠠᠶᠢᠮᠠᠭ ᠤᠨ ᠵᠢᠭᠤᠯᠴᠢᠯᠠᠯ ᠤᠨ ᠦᠢᠯᠡᠰ ᠤᠨ ᠲᠦᠷᠬᠡᠨ ᠬᠦᠭᠵᠢᠯᠳᠠ ᠶᠢ ᠲᠠᠶᠢᠴᠢᠯᠠᠬᠤ ᠪᠠᠷ ᠪᠤᠢ᠃                                              ︵ᠵᠣᠬᠢᠶᠠᠭᠴᠢ᠄ ᠶᠠᠨ ᠴᠧᠨ ᠴᠧᠨ     ᠨᠠᠮᠢᠷᠡ︶
 
ᠢᠷᠡᠯᠲᠡ᠄ ᠠᠯᠠᠱᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号