︽ᠠᠯᠠᠱᠠ ᠠᠶᠢᠮᠠᠭ ᠤᠨ ᠡᠵᠡᠩᠨᠡᠨ ᠠᠷᠠᠯᠵᠢᠶᠠᠯᠠᠬᠤ ᠤᠷᠴᠢᠨ ᠨᠦᠬᠦᠴᠠᠯ ᠢ ᠰᠢᠯᠢᠳᠡᠭᠵᠢᠬᠦᠯᠦᠨ ᠳᠡᠭᠡᠭᠰᠢᠯᠡᠬᠦᠯᠬᠦ ᠠᠵᠢᠯᠯᠠᠭᠠᠨ ᠤ ᠳᠦᠰᠦᠯ︾ ᠢ ᠲᠠᠷᠤᠮᠠᠯᠯᠠᠨ ᠲᠠᠷᠬᠠᠭᠠᠵᠦ ᠬᠡᠷᠡᠭᠵᠢᠬᠦᠯᠦᠯ᠎ᠠ
ᠨᠡᠶᠢᠲᠡᠯᠡᠭᠰᠡᠨ ᠴᠠᠭ᠄
2020/9/23
     ᠠᠶᠢᠮᠠᠭ ᠤᠨ ᠨᠠᠮ ᠤᠨ ᠬᠤᠷᠢᠶ᠎ᠠ ᠪᠤᠯᠤᠨ ᠵᠠᠬᠢᠷᠭ᠎ᠠ ᠶᠢᠨ ᠵᠦᠪᠰᠢᠶᠡᠷᠡᠯ ᠢᠶᠠᠷ᠂ ᠠᠶᠢᠮᠠᠭ ᠤᠨ ᠬᠦᠭᠵᠢᠬᠦᠯᠦᠯᠳᠠ ᠦᠬᠡᠷᠡᠴᠢᠯᠠᠯᠳᠠ ᠶᠢᠨ ᠵᠦᠪᠯᠡᠯ ᠤᠨ ᠬᠢᠨ ︽ᠠᠯᠠᠱᠠ ᠠᠶᠢᠮᠠᠭ ᠤᠨ ᠡᠵᠡᠩᠨᠡᠨ ᠠᠷᠠᠯᠵᠢᠶᠠᠯᠠᠬᠤ ᠤᠷᠴᠢᠨ ᠨᠦᠬᠦᠴᠠᠯ ᠢ ᠰᠢᠯᠢᠳᠡᠭᠵᠢᠬᠦᠯᠦᠨ ᠳᠡᠭᠡᠭᠰᠢᠯᠡᠬᠦᠯᠬᠦ ᠠᠵᠢᠯᠯᠠᠭᠠᠨ ᠤ ᠳᠦᠰᠦᠯ︾ ︵ᠲᠤᠤᠷ᠎ᠠ ᠠᠵᠢᠯᠯᠠᠭᠠᠨ ᠤ ᠳᠦᠰᠦᠯ ᠬᠡᠵᠦ ᠲᠦᠬᠦᠮᠴᠢᠯᠡᠨ᠎ᠠ︶ ᠢ ᠤᠢᠢᠷ᠎ᠠ ᠶᠢᠨ ᠡᠳᠦᠷ ᠲᠠᠷᠤᠮᠡᠯᠯᠠᠨ ᠲᠠᠷᠬᠠᠭᠠᠵᠦ ᠬᠡᠷᠡᠭᠵᠢᠬᠦᠯᠵᠦ ᠡᠬᠢᠯᠡᠭᠰᠡᠨ ᠪᠠᠶᠢᠨ᠎ᠠ᠃      ︽ᠠᠵᠢᠯᠯᠠᠭᠠᠨ ᠤ ᠳᠦᠰᠦᠯ︾ ᠨᠢ 4 ᠲᠤᠮᠤ ᠪᠦᠯᠦᠭ ᠤᠨ 5 ᠲᠠᠯ᠎ᠠ ᠶᠢᠨ 21 ᠵᠦᠢᠯ ᠤᠨ ᠭᠤᠤᠯᠳᠠᠯᠭᠠᠲᠦ ᠡᠬᠦᠷᠬᠡ ᠪᠠᠷ ᠪᠦᠷᠢᠯᠳᠦᠵᠦ᠂ ᠭᠤᠤᠯᠳᠠᠭᠤ ︽ᠨᠢᠬᠡ ᠰᠦᠯᠵᠢᠶ᠎ᠠ ᠪᠠᠷ ᠪᠡᠶᠡᠯᠡᠬᠦᠯᠵᠦ᠂ ᠣᠨᠣᠪᠴᠢᠳᠠᠢ ᠦᠢᠯᠡᠴᠢᠯᠡᠬᠦ︾ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠬᠢᠷᠢ ᠲᠦᠪᠰᠢᠨ ᠢ ᠪᠦᠬᠦ ᠲᠠᠯ᠎ᠠ ᠪᠠᠷ ᠲᠡᠬᠡᠭᠰᠢᠯᠡᠬᠦᠯᠬᠦ᠂ ᠵᠠᠰᠠᠭ ᠤᠨ ᠶᠠᠪᠤᠳᠠᠯ ᠤᠨ ᠤᠷᠴᠢᠨ ᠨᠦᠬᠦᠴᠠᠯ᠂ ᠲᠦᠷᠦ ᠶᠢᠨ ᠪᠤᠳᠤᠯᠭ᠎ᠠ ᠶᠢᠨ ᠤᠷᠴᠢᠨ ᠨᠦᠬᠦᠴᠠᠯ᠂ ᠵᠠᠬ᠎ᠠ ᠲᠡᠯᠬᠡᠬᠦᠷ ᠤᠨ ᠤᠷᠴᠢᠨ ᠨᠦᠬᠦᠴᠠᠯ᠂ ᠬᠠᠤᠯᠢᠵᠢᠯ ᠤᠨ ᠤᠷᠴᠢᠨ ᠨᠦᠬᠦᠴᠠᠯ ᠢ  ᠪᠣᠢ ᠪᠣᠯᠭᠠᠬᠤ᠂ ︽ᠲᠠᠯᠪᠢᠬᠤ ᠬᠠᠮᠢᠶᠠᠷᠬᠤ ᠦᠢᠯᠡᠴᠢᠯᠡᠬᠦ︾ ᠦᠬᠡᠷᠡᠴᠢᠯᠠᠯᠳᠠ ᠶᠢ ᠬᠦᠨᠵᠡᠬᠡᠶᠢᠷᠡᠬᠦᠯᠬᠦ᠂ ᠲᠦᠷᠦ ᠶᠢᠨ ᠪᠤᠳᠤᠯᠭ᠎ᠠ ᠶᠢᠨ ᠲᠡᠮᠵᠢᠯᠬᠡ ᠪᠤᠯᠤᠨ ᠡᠬᠢ ᠪᠠᠶᠠᠯᠢᠭ ᠤᠨ ᠪᠠᠳᠤᠯᠠᠭ᠎ᠠ ᠶᠢ ᠨᠡᠮᠡᠭᠳᠡᠬᠦᠯᠬᠦ ᠪᠠᠷ ᠭᠤᠤᠯ ᠵᠤᠷᠢᠯᠭ᠎ᠠ ᠪᠠᠨ ᠪᠤᠯᠭᠠᠵᠦ᠂ ᠮᠠᠨ ᠤ ᠠᠶᠢᠮᠠᠭ ᠤᠨ ᠡᠵᠡᠩᠨᠡᠨ ᠠᠷᠠᠯᠵᠢᠶᠠᠯᠠᠬᠤ ᠤᠷᠴᠢᠨ ᠨᠦᠬᠦᠴᠠᠯ ᠢ ︽ᠨᠢᠬᠡ ᠵᠢᠯ ᠳᠤ ᠭᠤᠤᠯᠳᠠᠯᠭ᠎ᠠ ᠲᠠᠢ ᠪᠠᠷ ᠰᠢᠪᠳᠣᠯᠬᠤ᠂ ᠬᠤᠶᠠᠷ ᠵᠢᠯ ᠳᠤ ᠪᠦᠬᠦ ᠲᠠᠯ᠎ᠠ ᠪᠠᠷ ᠲᠡᠬᠡᠭᠰᠢᠯᠡᠬᠦᠯᠬᠦ᠂ ᠭᠤᠷᠪᠠᠨ ᠵᠢᠯ ᠳᠤ ᠲᠡᠷᠢᠬᠦᠨ ᠰᠢᠯᠢᠳᠡᠭ ᠢ ᠪᠣᠢ ᠪᠣᠯᠭᠠᠬᠤ︾ ᠡᠴᠦᠰ ᠤᠨ ᠬᠠᠷᠠᠯᠳᠠ ᠶᠢ ᠪᠡᠶᠡᠯᠡᠬᠦᠯᠬᠦ ᠪᠤᠯᠤᠨ᠎ᠠ᠃      ︽ᠠᠵᠢᠯᠯᠠᠭᠠᠨ ᠤ ᠳᠦᠰᠦᠯ︾ ᠢ ᠨᠠᠷᠢᠨ ᠦᠨᠳᠦᠰᠦᠯᠠᠪᠠᠯ᠂ ᠠᠵᠦ ᠠᠬᠤᠢᠢᠯᠠᠯ ᠢ ᠲᠠᠩᠰᠠᠯᠠᠵᠦ ᠪᠠᠶᠢᠭᠤᠯᠬᠤ᠂ ᠪᠠᠷᠢᠯᠭ᠎ᠠ ᠶᠢᠨ ᠵᠦᠪᠰᠢᠶᠡᠷᠡᠯ ᠤᠨ ᠪᠢᠴᠢᠭ ᠢ ᠭᠤᠶᠤᠴᠢᠯᠠᠬᠤ ᠵᠢᠴᠢ ᠤᠰᠤ᠂ ᠴᠠᠬᠢᠯᠭᠠᠨ᠂ ᠪᠠᠶᠢᠭᠠᠯᠢ ᠶᠢᠨ ᠰᠢᠳᠠᠮᠠᠬᠠᠢ ᠬᠡᠢ᠂ ᠢᠨᠲ᠋ᠧᠷ ᠰᠦᠯᠵᠢᠶ᠎ᠠ ᠬᠡᠷᠡᠭᠯᠡᠬᠦ ᠵᠡᠷᠬᠡ 6 ᠲᠦᠷᠦᠯ ᠤᠨ ᠭᠤᠤᠯᠳᠠᠯᠭᠠᠲᠦ ᠠᠵᠢᠯ ᠳᠤ 30 ᠠᠷᠭ᠎ᠠ ᠠᠪᠴᠠᠯ ᠲᠤᠭᠳᠠᠭᠠᠵᠠᠢ︔ ᠡᠳ᠋ ᠬᠦᠷᠦᠩᠬᠡ ᠶᠢ ᠲᠠᠩᠰᠠᠯᠠᠬᠤ᠂ ᠭᠠᠶᠢᠯᠢ ᠲᠤᠰᠢᠶᠠᠬᠤ᠂ ᠬᠢᠯᠢ ᠶᠢᠨ ᠠᠷᠠᠯᠵᠢᠶ᠎ᠠ᠂ ᠠᠵᠦ ᠠᠬᠤᠢᠢᠯᠠᠯ ᠤᠨ ᠲᠠᠮᠫᠤᠷᠠᠬᠤ ᠭᠤᠶᠤᠴᠢᠯᠠᠯᠳᠠ ᠡᠷᠬᠦᠬᠦ᠂ ᠢᠳᠡᠬᠡᠮᠵᠢᠲᠦ ᠵᠢᠬᠡᠯᠡᠯᠬᠡ ᠵᠢᠬᠡᠯᠡᠬᠦ᠂ ᠲᠤᠮᠳᠠ ᠪᠠᠭ᠎ᠠ ᠬᠡᠯᠪᠡᠷᠢ ᠶᠢᠨ ᠪᠡᠯᠡ ᠤᠷᠤᠭᠤᠯᠤᠭᠴᠢᠳ ᠢ ᠬᠠᠷᠠᠭᠠᠯᠵᠠᠬᠤ ᠵᠡᠷᠬᠡ 6 ᠲᠦᠷᠦᠯ ᠤᠨ ᠭᠤᠤᠯᠳᠠᠯᠭᠠᠲᠦ ᠠᠵᠢᠯ ᠳᠤ 40 ᠠᠷᠭ᠎ᠠ ᠠᠪᠴᠠᠯ ᠲᠤᠭᠳᠠᠭᠠᠵᠠᠢ︔ ᠬᠡᠯᠡᠯᠴᠡᠬᠡᠷ ᠢ ᠬᠡᠷᠡᠭᠵᠢᠬᠦᠯᠬᠦ᠂ ᠬᠦᠳᠡᠯᠮᠦᠷᠢ ᠬᠦᠴᠦᠨ ᠤ ᠵᠠᠬ᠎ᠠ ᠲᠡᠯᠬᠡᠬᠦᠷ ᠢ ᠬᠢᠨᠠᠨ ᠪᠠᠶᠢᠴᠠᠭᠠᠬᠤ᠂ ᠵᠠᠰᠠᠭ ᠤᠨ ᠤᠷᠳᠤᠨ ᠤ ᠬᠤᠳᠠᠯᠳᠤᠨ ᠠᠪᠬᠤ᠂ ᠲᠠᠭᠠᠭᠠᠴᠢᠯᠠᠯᠳᠠ ᠵᠠᠷᠯᠠᠬᠤ ᠵᠡᠷᠬᠡ 4 ᠲᠦᠷᠦᠯ ᠤᠨ ᠭᠤᠤᠯᠳᠠᠯᠭᠠᠲᠦ ᠠᠵᠢᠯ ᠳᠤ 21 ᠠᠷᠭ᠎ᠠ ᠠᠪᠴᠠᠯ ᠢ ᠲᠤᠭᠳᠠᠭᠠᠵᠠᠢ︔ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠰᠢᠯᠢᠳᠡᠭᠵᠢᠬᠦᠯᠬᠦ᠂ ᠡᠷᠬᠡ ᠲᠡᠭᠰᠢ ᠪᠠᠷ ᠦᠷᠢᠰᠦᠯᠳᠦᠬᠦ ᠵᠡᠷᠬᠡ 2 ᠲᠦᠷᠦᠯ ᠤᠨ ᠭᠤᠤᠯᠳᠠᠯᠭᠠᠲᠦ ᠠᠵᠢᠯ ᠳᠤ 7 ᠠᠷᠭ᠎ᠠ ᠠᠪᠴᠠᠯ ᠢ ᠲᠤᠭᠳᠠᠭᠠᠵᠠᠢ︔ ᠮᠡᠳᠡᠯᠬᠡ ᠶᠢᠨ  ᠪᠦᠳᠦᠭᠡᠭᠳᠡᠬᠦᠨ ᠤ ᠦᠮᠴᠢᠯᠡᠯ ᠤᠨ ᠡᠷᠬᠡ ᠶᠢ ᠭᠤᠶᠤᠴᠢᠯᠠᠬᠤ᠂ ᠵᠠᠬ᠎ᠠ ᠲᠡᠯᠬᠡᠬᠦᠷ ᠤᠨ ᠬᠢᠨᠠᠨ ᠬᠠᠮᠢᠶᠠᠷᠤᠯᠳᠠ ᠶᠢ ᠬᠠᠮᠠᠭᠠᠯᠠᠨ ᠬᠡᠷᠡᠭᠵᠢᠬᠦᠯᠬᠦ᠂ ᠰᠢᠨ᠎ᠠ ᠡᠬᠦᠳᠦᠯᠳᠠ ᠶᠢ ᠬᠠᠷᠠᠭᠠᠯᠵᠠᠬᠤ ᠵᠡᠷᠬᠡ 3 ᠲᠦᠷᠦᠯ ᠤᠨ ᠭᠤᠤᠯᠳᠠᠯᠭᠠᠲᠦ ᠠᠵᠢᠯ ᠳᠤ 29 ᠠᠷᠭ᠎ᠠ ᠠᠪᠴᠠᠯ ᠢ ᠲᠤᠭᠳᠠᠭᠠᠭᠰᠠᠨ ᠪᠠᠶᠢᠨ᠎ᠠ᠃      ᠡᠬᠦᠨ ᠠᠴᠠ ᠭᠠᠳᠠᠨ᠎ᠠ᠂ ︽ᠠᠵᠢᠯᠯᠠᠭᠠᠨ ᠤ ᠳᠦᠰᠦᠯ︾ ᠳᠤ ᠪᠠᠰᠠ ᠵᠤᠬᠢᠶᠠᠨ ᠪᠠᠶᠢᠭᠤᠯᠵᠦ ᠤᠳᠤᠷᠢᠳᠬᠤ ᠪᠠᠨ ᠴᠢᠩᠭᠠᠳᠬᠠᠬᠤ᠂ ᠭᠤᠤᠯ ᠴᠤᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ᠂ ᠰᠢᠮᠳᠠᠭᠤᠯᠣᠨ ᠪᠠᠶᠢᠴᠠᠭᠠᠯᠳᠠ ᠪᠠᠨ ᠴᠢᠩᠭᠠᠳᠬᠠᠬᠤ᠂ ᠲᠦᠷᠦ ᠶᠢᠨ ᠪᠤᠳᠤᠯᠭ᠎ᠠ ᠶᠢᠨ ᠤᠬᠠᠭᠤᠯᠭ᠎ᠠ ᠪᠤᠯᠤᠨ ᠨᠦᠯᠦᠬᠡ ᠲᠤᠰᠬᠠᠯ ᠢ ᠦᠷᠬᠡᠳᠬᠡᠬᠦ ᠵᠡᠷᠬᠡ ᠲᠠᠯ᠎ᠠ ᠳᠤ ᠴᠦᠮ ᠪᠤᠳᠠᠲᠦ ᠱᠠᠭᠠᠷᠳᠠᠯᠭ᠎ᠠ ᠪᠠᠶᠢᠷᠢᠯᠠᠭᠤᠯᠤᠯᠳᠠ ᠲᠤᠷᠠᠳᠤᠭᠰᠠᠨ ᠪᠠᠶᠢᠨ᠎ᠠ᠃
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号