ᠠᠯᠠᠱᠨ ᠠᠶᠢᠮᠠᠭ ᠤᠨ ᠵᠠᠮ ᠬᠠᠷᠢᠯᠴᠠᠭ᠎ᠠ ᠲᠡᠭᠡᠭᠡᠪᠤᠷᠢ ᠶᠢᠨ ᠶᠠᠷᠤᠩᠭᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠭᠡᠷᠡᠭᠵᠢᠬᠦᠯᠬᠦ ᠦᠭᠡᠷᠡᠴᠢᠯᠡᠯᠳᠡ ᠶᠢᠨ ᠠᠵᠢᠯ ᠤᠨ ᠲᠤᠬᠠᠢ ᠭᠡᠷᠡᠭᠵᠢᠬᠦᠯᠬᠦ ᠲᠦᠰᠦᠯ
ᠨᠡᠶᠢᠲᠡᠯᠡᠭᠰᠡᠨ ᠴᠠᠭ᠄
2020/9/24
      ᠦᠪᠤᠷ ᠮᠤᠩᠭᠤᠯ ᠤᠨ ᠦᠪᠠᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠠᠯᠪᠠᠨ ᠲᠢᠩᠬᠢᠮ᠂ ᠦᠪᠠᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠲᠤᠨ ᠤ ᠠᠯᠪᠠᠨ ᠲᠢᠩᠬᠢᠮ ᠤᠨ ︽ᠵᠠᠮ ᠬᠠᠷᠢᠯᠴᠠᠭ᠎ᠠ ᠲᠡᠭᠡᠭᠡᠪᠤᠷᠢ᠂ ᠲᠠᠷᠢᠶᠠᠯᠠᠩ ᠮᠠᠯ ᠠᠵᠤ ᠠᠬᠤᠢ᠂ ᠠᠮᠢ ᠠᠬᠤᠢ ᠶᠢᠨ ᠤᠷᠴᠢᠨ ᠲᠤᠭᠤᠷᠢᠨ ᠤ ᠬᠠᠮᠠᠭᠠᠯᠠᠯᠳᠠ᠂ ᠰᠤᠶᠤᠯ  ᠤᠨ ᠵᠠᠬ᠎ᠠ ᠲᠡᠯᠭᠡᠬᠦᠷ᠂ ᠵᠠᠬ᠎ᠠ ᠲᠡᠯᠭᠡᠬᠦᠷ ᠤᠨ ᠬᠢᠨ᠋ᠨᠨ ᠬᠠᠮᠢᠶᠠᠷᠤᠯᠳᠠ ᠶᠢᠨ ᠶᠠᠷᠤᠩᠭᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠭᠡᠷᠡᠭᠵᠢᠬᠦᠯᠬᠦ ᠦᠭᠡᠷᠡᠴᠢᠯᠡᠯᠳᠡ ᠶᠢᠨ ᠲᠤᠬᠠᠢ ᠭᠡᠷᠡᠭᠵᠢᠬᠦᠯᠬᠦ ᠰᠠᠨᠠᠯ︾ ︵ᠦᠪᠤᠷ ᠨᠠᠮ ᠠᠯᠪᠠᠨ ᠲᠠᠷᠬᠠᠭᠠᠭᠰᠠᠨ ﹇2019﹈ 20 ᠳ᠋ᠤᠭᠠᠷ ᠲᠤᠭᠠᠲᠤ︶ ︵︽ᠭᠡᠷᠡᠭᠵᠢᠬᠦᠯᠬᠦ ᠰᠠᠨᠠᠯ︾ ᠭᠡᠵᠦ ᠲᠦᠬᠦᠮᠴᠢᠯᠠᠨ᠎ᠠ︶ ᠪᠠ ᠲᠤᠮᠳᠠᠲᠤ ᠤᠯᠤᠰ ᠤᠨ ᠡᠪ ᠬᠠᠮᠲᠤ ᠨᠠᠮ ᠤᠨ ᠠᠯᠠᠱᠨ ᠠᠶᠢᠮᠠᠭ ᠤᠨ ᠬᠤᠷᠢᠶ᠎ᠠ ᠶᠢᠨ ᠪᠠᠶᠢᠭᠤᠯᠤᠮᠵᠢ ᠶᠢᠨ ᠤᠷᠤᠨ ᠲᠤᠭᠠᠨ ᠤ ᠬᠤᠷᠢᠶᠠᠨ ᠤ ︽︿ᠦᠪᠠᠷᠳᠡᠭᠡᠨ ᠵᠠᠰᠠᠬᠤ ᠤᠷᠤᠨ ᠤ ᠵᠠᠮ ᠬᠠᠷᠢᠯᠴᠠᠭ᠎ᠠ ᠲᠡᠭᠡᠭᠡᠪᠤᠷᠢ᠂ ᠲᠠᠷᠢᠶᠠᠯᠠᠩ ᠮᠠᠯ ᠠᠵᠤ ᠠᠬᠤᠢ᠂ ᠠᠮᠢ ᠠᠬᠤᠢ ᠶᠢᠨ ᠤᠷᠴᠢᠨ ᠲᠤᠭᠤᠷᠢᠨ᠂ ᠰᠤᠶᠤᠯ ᠤᠨ ᠵᠠᠬ᠎ᠠ ᠲᠡᠯᠭᠡᠬᠦᠷ᠂ ᠵᠠᠬ᠎ᠠ ᠲᠡᠯᠭᠡᠬᠦᠷ ᠤᠨ ᠬᠢᠨ᠋ᠨᠨ ᠬᠠᠮᠢᠶᠠᠷᠣᠯᠳᠠ ᠶᠢᠨ ᠶᠠᠷᠤᠩᠭᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠭᠡᠷᠡᠭᠵᠢᠬᠦᠯᠬᠦ ᠦᠭᠡᠷᠡᠴᠢᠯᠡᠯᠳᠡ ᠶᠢᠨ ᠭᠡᠷᠡᠭᠵᠢᠬᠦᠯᠬᠦ ᠰᠠᠨᠠᠯ﹀ ᠢ ᠲᠤᠤᠱᠯᠠᠭᠤᠯᠤᠨ ᠨᠠᠶᠢᠳᠠᠪᠤᠷᠢᠵᠢᠭᠤᠯᠬᠤ ᠲᠤᠬᠠᠢ ᠮᠡᠳᠡᠭᠳᠡᠯ︾ ︵ᠠᠯᠠᠱᠨ ᠪᠠᠶᠢᠭᠤᠯᠤᠮᠵᠢ  ᠶᠢᠨ ᠤᠷᠤᠨ ᠲᠤᠭ᠎ᠠ ᠲᠠᠷᠬᠠᠭᠠᠭᠰᠠᠨ ﹇2019﹈ 54 ᠳ᠋ᠤᠭᠡᠷ ᠲᠤᠭᠠᠲᠤ︶ ᠤᠨ ᠪᠢᠴᠢᠭ ᠮᠠᠲ᠋ᠧᠷᠢᠶᠠᠯ ᠤᠨ ᠪᠠᠶᠢᠷᠢᠯᠠᠭᠤᠯᠤᠯᠳᠠ ᠶᠢᠨ ᠱᠠᠭᠠᠷᠳᠠᠯᠭ᠎ᠠ ᠶᠤᠰᠤᠭᠠᠷ᠂ ᠵᠠᠮ ᠬᠠᠷᠢᠯᠴᠠᠭ᠎ᠠ ᠲᠡᠭᠡᠭᠡᠪᠤᠷᠢ ᠶᠢᠨ ᠬᠦᠷᠢᠶ᠎ᠠ ᠭᠡᠪᠴᠢᠶᠠᠨ ᠤ ᠶᠠᠷᠤᠩᠭᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠭᠡᠷᠡᠭᠵᠢᠬᠦᠯᠬᠦ ᠦᠭᠡᠷᠡᠴᠢᠯᠡᠯᠳᠡ ᠶᠢ ᠬᠦᠨᠵᠡᠭᠡᠶᠢᠷᠡᠬᠦᠯᠦᠨ᠂ ᠠᠯᠠᠱᠨ ᠠᠶᠢᠮᠠᠭ ᠤᠨ ᠵᠠᠮ ᠬᠠᠷᠢᠯᠴᠠᠭ᠎ᠠ ᠲᠡᠭᠡᠭᠡᠪᠤᠷᠢ ᠶᠢᠨ ᠠᠵᠢᠯ ᠤᠨ ᠪᠤᠳᠠᠲᠠᠢ ᠲᠠᠢ ᠤᠶᠠᠯᠲᠤᠭᠤᠯᠵᠦ᠂ ᠲᠤᠰ ᠲᠦᠰᠦᠯ ᠢ ᠲᠤᠭᠳᠠᠭᠠᠪᠠ᠃        ᠨᠢᠭᠡ᠂ ᠶᠠᠷᠤᠩᠭᠡᠢ ᠱᠠᠭᠠᠷᠳᠠᠯᠭ᠎ᠠ        ︵ᠨᠢᠭᠡ︶ ᠵᠢᠯᠤᠭᠤᠳᠬᠤ ᠦᠵᠠᠯ ᠰᠠᠨᠠᠭ᠎ᠠ᠃ ᠰᠢ ᠶᠢᠨ ᠫᠢᠩ ᠤᠨ ᠰᠢᠨ᠎ᠠ ᠴᠠᠭ ᠦᠶ᠎ᠠ ᠶᠢᠨ ᠲᠤᠮᠳᠠᠲᠤ ᠤᠯᠤᠰ ᠤᠨ ᠤᠨᠴᠠᠯᠢᠭ ᠲᠠᠢ ᠨᠠᠶᠢᠭᠡᠮ ᠵᠢᠷᠤᠮ ᠤᠨ ᠦᠵᠠᠯ ᠰᠠᠨᠠᠭ᠎ᠠ ᠪᠠᠷ ᠵᠢᠯᠤᠭᠤᠲᠤᠯᠭ᠎ᠠ ᠪᠤᠯᠭᠠᠵᠦ᠂ ᠨᠠᠮ ᠤᠨ ᠠᠷᠪᠠ ᠶᠢᠰᠤᠲᠤᠭᠡᠷ ᠶᠡᠭᠡ ᠬᠤᠷᠠᠯ ᠪᠠ ᠠᠷᠪᠠ ᠶᠢᠰᠤᠲᠤᠭᠡᠷ ᠬᠤᠭᠤᠴᠠᠭᠠᠨ ᠤ ᠲᠦᠪ ᠬᠤᠷᠢᠶᠠᠨ ᠤ ᠬᠤᠶᠠᠲᠤᠭᠠᠷ ᠪᠦᠬᠦᠳᠡ ᠬᠤᠷᠠᠯ᠂ ᠭᠤᠷᠪᠠᠲᠤᠭᠠᠷ ᠪᠦᠬᠦᠳᠡ ᠬᠤᠷᠠᠯ᠂ ᠲᠦᠷᠪᠠᠲᠤᠭᠡᠷ ᠪᠦᠬᠦᠳᠡ ᠬᠤᠷᠠᠯ ᠤᠨ ᠵᠤᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠦ᠂ ᠰᠢ ᠶᠢᠨ ᠫᠢᠩ ᠶᠠᠷᠤᠩᠭᠡᠢ ᠱᠦᠵᠢ ᠶᠢᠨ ᠦᠪᠤᠷ ᠮᠤᠩᠭᠤᠯ ᠤᠨ ᠠᠵᠢᠯ ᠤᠨ ᠲᠤᠬᠠᠢ ᠴᠢᠬᠤᠯᠨ ᠶᠠᠷᠢᠶ᠎ᠠ ᠴᠢᠬᠤᠯᠨ ᠵᠢᠭᠠᠪᠤᠷᠢ ᠶᠢᠨ ᠵᠤᠷᠢᠭ ᠰᠠᠨᠠᠭ᠎ᠠ ᠶᠢ ᠬᠦᠨᠵᠡᠭᠡᠢ ᠲᠤᠤᠱᠯᠠᠭᠤᠯᠵᠦ᠂ ︽ᠲᠠᠪᠤ ᠶᠢ ᠨᠢᠭᠡ ᠴᠤᠭᠴᠠᠵᠢᠭᠤᠯᠬᠤ︾ ᠶᠠᠷᠤᠩᠭᠡᠢ ᠪᠠᠶᠢᠷᠢᠯᠠᠭᠤᠯᠤᠯᠳᠠ ᠶᠢ ᠨᠢᠭᠡᠲᠤᠯᠲᠡᠢ ᠲᠦᠯᠦᠪᠯᠡᠬᠦ ᠪᠠ ︽ᠲᠦᠷᠪᠠᠨ ᠪᠦᠬᠦ ᠲᠠᠯ᠎ᠠ︾ ᠶᠢᠨ ᠪᠠᠶᠢᠯᠲᠤᠬᠤ ᠪᠤᠲᠤᠯᠭ᠎ᠠ ᠶᠢᠨ ᠪᠠᠶᠢᠷᠢᠯᠠᠭᠤᠯᠤᠯᠳᠠ ᠶᠢ ᠵᠤᠬᠢᠴᠠᠭᠤᠯᠤᠨ ᠠᠬᠢᠭᠤᠯᠬᠤ ᠲᠤᠭᠤᠷᠢᠨ ᠳᠤ᠂ ᠵᠠᠮ ᠬᠠᠷᠢᠯᠴᠠᠭ᠎ᠠ ᠲᠡᠭᠡᠭᠡᠪᠤᠷᠢ ᠶᠢᠨ ᠰᠢᠰᠲ᠋ᠧᠮ ᠤᠨ ᠶᠠᠷᠤᠩᠭᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠭᠡᠷᠡᠭᠵᠢᠬᠦᠯᠬᠦ ᠦᠭᠡᠷᠡᠴᠢᠯᠡᠯᠳᠡ ᠶᠢ ᠨᠢᠭᠡᠲᠤᠯᠲᠡᠢ ᠲᠦᠯᠦᠪᠯᠡᠨ ᠠᠬᠢᠭᠤᠯᠵᠦ᠂ ᠬᠠᠤᠯᠢ ᠭᠡᠷᠡᠭᠵᠢᠬᠦᠯᠬᠦ ᠡᠬᠦᠷᠭᠡ ᠴᠢᠳᠠᠪᠤᠷᠢ ᠪᠠᠨ ᠡᠮᠬᠢᠯᠠᠨ ᠨᠡᠶᠢᠯᠡᠬᠦᠯᠵᠦ᠂ ᠬᠠᠤᠯᠢ ᠭᠡᠷᠡᠭᠵᠢᠬᠦᠯᠬᠦ ᠲᠤᠭᠳᠠᠴᠠ ᠪᠠᠨ ᠰᠢᠨ᠎ᠠ ᠪᠠᠷ ᠡᠬᠦᠳᠴᠦ᠂ ᠬᠠᠤᠯᠢ ᠭᠡᠷᠡᠭᠵᠢᠬᠦᠯᠬᠦ ᠬᠢᠷᠢ ᠲᠦᠪᠰᠢᠨ ᠢ ᠲᠡᠭᠡᠭᠰᠢᠯᠡᠬᠦᠯᠦᠨ᠎ᠠ᠃ ᠡᠷᠭᠡ ᠬᠠᠷᠢᠭᠤᠴᠠᠯᠭ᠎ᠠ ᠨᠢ ᠲᠤᠲᠤᠷᠬᠠᠢ᠂ ᠲᠡᠭᠡᠲᠤ ᠲᠤᠤᠷᠠᠲᠤ ᠱᠠᠲᠤ ᠨᠢ ᠨᠡᠪᠳᠡᠷᠡᠯᠴᠡᠭᠰᠠᠨ᠂ ᠵᠢᠯᠤᠭᠤᠲᠤᠯᠭ᠎ᠠ ᠨᠢ ᠤᠷᠤᠭᠰᠢᠲᠡᠢ᠂ ᠠᠵᠢᠯᠯᠠᠭᠠᠨ ᠨᠢ ᠪᠦᠲᠤᠮᠵᠢᠲᠡᠢ  ᠂ ᠪᠠᠲᠤᠯᠠᠭ᠎ᠠ ᠨᠢ ᠬᠦᠴᠦᠲᠡᠢ ᠵᠠᠮ ᠬᠠᠷᠢᠯᠴᠠᠭ᠎ᠠ ᠲᠡᠭᠡᠭᠡᠪᠤᠷᠢ ᠶᠢᠨ ᠶᠠᠷᠤᠩᠭᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠭᠡᠷᠡᠭᠵᠢᠬᠦᠯᠬᠦ ᠰᠢᠰᠲ᠋ᠧᠮᠵᠢ ᠶᠢ ᠪᠠᠶᠢᠭᠤᠯᠤᠨ᠎ᠠ᠃        ︵ᠬᠤᠶᠠᠷ︶ ᠶᠠᠷᠤᠩᠭᠡᠢ ᠬᠠᠷᠠᠯᠳᠠ᠃ ᠵᠠᠮ ᠬᠠᠷᠢᠯᠴᠠᠭ᠎ᠠ ᠲᠡᠭᠡᠭᠡᠪᠤᠷᠢ ᠶᠢᠨ ᠶᠠᠷᠤᠩᠭᠡᠶᠢᠯᠡᠭᠰᠡᠨ ᠬᠠᠤᠯᠢ ᠭᠡᠷᠡᠭᠵᠢᠬᠦᠯᠬᠦ ᠦᠭᠡᠷᠡᠴᠢᠯᠡᠯᠳᠡ ᠶᠢ ᠬᠦᠨᠵᠡᠭᠡᠶᠢᠷᠡᠬᠦᠯᠬᠦ ᠪᠠᠷ ᠲᠠᠮᠵᠢᠭᠤᠯᠵᠦ᠂ ᠬᠠᠤᠯᠢ ᠭᠡᠷᠡᠭᠵᠢᠬᠦᠯᠬᠦ ᠡᠩᠨᠡᠭᠡ ᠶᠢ ᠡᠮᠬᠢᠯᠠᠨ ᠨᠡᠶᠢᠯᠡᠬᠦᠯᠵᠦ᠂ ᠬᠠᠮᠢᠶᠠᠷᠤᠯᠳᠠ ᠡᠬᠦᠷᠭᠡ ᠬᠠᠷᠢᠭᠤᠴᠠᠯᠭ᠎ᠠ ᠪᠠᠨ ᠰᠢᠯᠤᠭᠤᠳᠬᠠᠵᠦ᠂ ᠬᠠᠤᠯᠢ ᠭᠡᠷᠡᠭᠵᠢᠬᠦᠯᠬᠦ ᠱᠠᠲᠤ ᠲᠠᠪᠬᠤᠷᠭ᠎ᠠ ᠪᠠᠨ ᠴᠦᠭᠡᠳᠭᠡᠵᠦ᠂ ᠬᠠᠤᠯᠢ ᠭᠡᠷᠡᠭᠵᠢᠬᠦᠯᠬᠦ ᠪᠠᠲᠤᠯᠠᠭ᠎ᠠ ᠪᠠᠨ ᠴᠢᠩᠭᠠᠳᠬᠠᠵᠦ᠂ ᠦᠨᠲᠤᠰᠤᠨ ᠱᠠᠲᠤᠨ ᠤ ᠰᠠᠭᠤᠷᠢ ᠪᠠᠨ ᠪᠠᠬᠢᠵᠢᠬᠦᠯᠵᠦ᠂ ᠬᠠᠤᠯᠢ ᠭᠡᠷᠡᠭᠵᠢᠬᠦᠯᠬᠦ ᠦᠷ᠎ᠠ ᠪᠦᠲᠤᠮᠵᠢ ᠪᠠᠨ ᠲᠡᠭᠡᠭᠰᠢᠯᠡᠬᠦᠯᠵᠦ᠂ ᠪᠠᠶᠢᠭᠤᠯᠤᠮᠵᠢ ᠲᠠᠪᠬᠤᠴᠠᠬᠤ᠂ ᠲᠤᠰᠢᠶᠠᠯ ᠬᠠᠷᠢᠭᠤᠴᠠᠯᠭ᠎ᠠ  ᠰᠤᠯᠪᠢᠴᠠᠭᠰᠠᠨ᠂ ᠤᠯᠠᠨ ᠲᠠᠯ᠎ᠠ ᠠᠴᠠ ᠤᠯᠠᠨ ᠱᠠᠲᠤ ᠲᠠᠪᠬᠤᠷᠭ᠎ᠠ ᠪᠠᠷ ᠲᠠᠬᠢᠨ ᠲᠠᠪᠳᠠᠨ ᠬᠠᠤᠯᠢ ᠭᠡᠷᠡᠭᠵᠢᠬᠦᠯᠬᠦ ᠠᠰᠠᠭᠤᠳᠠᠯ ᠢ ᠪᠦᠲᠤᠮᠵᠢᠲᠡᠢ ᠰᠢᠢᠳᠪᠤᠷᠢᠯᠠᠵᠦ᠂ ᠵᠠᠮ ᠬᠠᠷᠢᠯᠴᠠᠭ᠎ᠠ ᠲᠡᠭᠡᠭᠡᠪᠤᠷᠢ ᠶᠢᠨ ᠬᠦᠷᠢᠶ᠎ᠠ ᠭᠡᠪᠴᠢᠶ᠎ᠠ ᠶᠢᠨ ᠶᠠᠷᠤᠩᠭᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠭᠡᠷᠡᠭᠵᠢᠬᠦᠯᠬᠦ ᠪᠠᠶᠢᠭᠤᠯᠤᠮᠵᠢ ᠶᠢ ᠲᠦᠷᠢᠮᠵᠢᠬᠦᠯᠦᠨ ᠲᠤᠬᠢᠷᠠᠭᠤᠯᠬᠤ᠂ ᠬᠠᠤᠯᠢ ᠭᠡᠷᠡᠭᠵᠢᠬᠦᠯᠬᠦ ᠡᠬᠦᠷᠭᠡ ᠲᠤᠰᠢᠶᠠᠯ ᠢᠶᠠᠨ ᠲᠦᠪᠯᠡᠷᠡᠬᠦᠯᠦᠨ ᠶᠠᠪᠤᠭᠳᠠᠭᠤᠯᠬᠤ᠂ ᠬᠠᠤᠯᠢ ᠭᠡᠷᠡᠭᠵᠢᠬᠦᠯᠬᠦ ᠠᠵᠢᠯᠳᠠᠨ ᠢ ᠴᠢᠩᠭ᠎ᠠ ᠬᠠᠮᠢᠶᠠᠷᠬᠤ᠂ ᠬᠠᠤᠯᠢ ᠭᠡᠷᠡᠭᠵᠢᠬᠦᠯᠬᠦ ᠨᠦᠬᠦᠴᠠᠯ ᠢ ᠬᠦᠢᠴᠡᠳ ᠪᠠᠲᠤᠯᠠᠬᠤ᠂ ᠬᠠᠤᠯᠢ ᠭᠡᠷᠡᠭᠵᠢᠬᠦᠯᠬᠦ ᠦᠷ᠎ᠠ ᠪᠦᠲᠤᠮᠵᠢ ᠶᠢ ᠢᠯᠡᠳᠳᠡ ᠴᠢᠩᠭᠠᠳᠬᠠᠬᠤ ᠶᠢ ᠪᠠᠶᠡᠯᠡᠬᠦᠯᠵᠦ᠂ ᠤᠯᠤᠰ ᠲᠦᠷᠦ ᠶᠢᠨ ᠵᠤᠭᠰᠤᠯᠳᠠ ᠪᠠᠲᠤ ᠪᠠᠬᠢ᠂ ᠭᠡᠪ ᠪᠣᠯᠪᠠᠰᠣᠷᠠᠯ ᠲᠤᠶᠢᠯ ᠤᠨ ᠦᠨᠳᠦᠷ᠂ ᠰᠠᠬᠢᠯᠭ᠎ᠠ ᠪᠠᠲᠤ ᠴᠢᠩᠭ᠎ᠠ᠂ ᠠᠵᠢᠯ ᠤᠨ ᠰᠤᠷᠳᠠᠯ ᠰᠢᠯᠢᠳᠡᠭ᠂ ᠠᠷᠢᠭᠤᠨ ᠴᠢᠭᠡᠴᠢ ᠦᠨᠲᠤᠷ ᠪᠦᠲᠤᠮᠵᠢᠲᠤ ᠵᠠᠮ ᠬᠠᠷᠢᠯᠴᠠᠭ᠎ᠠ ᠲᠡᠭᠡᠭᠡᠪᠤᠷᠢ ᠶᠢᠨ ᠶᠠᠷᠤᠩᠭᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠭᠡᠷᠡᠭᠵᠢᠬᠦᠯᠬᠦ ᠨᠢᠭᠡᠨ ᠰᠠᠯᠠᠭ᠎ᠠ ᠡᠩᠨᠡᠭᠡ ᠶᠢ ᠪᠠᠶᠢᠭᠤᠯᠵᠦ᠂ ᠪᠦᠬᠦ ᠠᠶᠢᠮᠠᠭ ᠤᠨ ᠠᠵᠤ ᠠᠬᠤᠢ ᠨᠠᠶᠢᠭᠡᠮ ᠤᠨ ᠬᠦᠭᠵᠢᠯᠳᠡ ᠶᠢᠨ ᠶᠡᠭᠡ ᠲᠠᠯ᠎ᠠ ᠳᠤ ᠨᠠᠩ ᠰᠠᠶᠢᠨ ᠦᠢᠯᠡᠴᠢᠯᠡᠨ᠎ᠠ᠃        ᠬᠤᠶᠠᠷ᠂ ᠭᠤᠤᠯ ᠡᠬᠦᠷᠭᠡ        ︵ᠨᠢᠭᠡ︶ ᠲᠤᠰᠢᠶᠠᠯ ᠬᠠᠷᠢᠭᠤᠴᠠᠯᠭ᠎ᠠ ᠠᠵᠢᠯ ᠤᠨ ᠡᠩᠨᠡᠭᠡ ᠶᠢ ᠡᠮᠬᠢᠯᠠᠨ ᠨᠠᠶᠢᠯᠡᠬᠦᠯᠦᠨ᠎ᠠ        ᠮᠠᠨ ᠤ ᠠᠶᠢᠮᠠᠭ ᠤᠨ ᠵᠠᠮ ᠬᠠᠷᠢᠯᠴᠠᠭ᠎ᠠ ᠲᠡᠭᠡᠭᠡᠪᠤᠷᠢ ᠶᠢᠨ ᠠᠵᠢᠯ ᠤᠨ ᠪᠤᠳᠠᠲᠠᠢ ᠲᠠᠢ ᠤᠶᠠᠯᠲᠤᠭᠤᠯᠵᠦ᠂ ᠵᠠᠮ ᠬᠠᠷᠢᠯᠴᠠᠭ᠎ᠠ ᠲᠡᠭᠡᠭᠡᠪᠤᠷᠢ ᠶᠢᠨ ᠰᠢᠰᠲ᠋ᠧᠮ ᠤᠨ ᠲᠤᠲᠤᠷᠠᠬᠢ ᠵᠠᠰᠠᠮᠠᠯ ᠵᠠᠮ ᠤᠨ ᠶᠠᠪᠤᠳᠠᠯ᠂ ᠵᠠᠮ ᠲᠡᠭᠡᠭᠡᠪᠤᠷᠢ ᠶᠢᠨ ᠶᠠᠪᠤᠳᠠᠯ᠂ ᠤᠰᠤᠨ ᠵᠠᠮ ᠤᠨ ᠲᠡᠭᠡᠭᠡᠪᠤᠷᠢ ᠶᠢᠨ ᠶᠠᠪᠤᠳᠠᠯ᠂ ᠤᠷᠤᠨ ᠨᠤᠲᠤᠭ ᠤᠨ ᠲᠠᠯᠠᠢ ᠶᠢᠨ ᠶᠠᠪᠤᠳᠠᠯ ᠤᠨ ᠵᠠᠰᠠᠭ ᠵᠠᠬᠢᠷᠭ᠎ᠠ᠂ ᠵᠢᠭᠠᠰᠣ ᠠᠩᠨᠠᠬᠤ ᠤᠩᠭᠤᠴᠠ ᠶᠢ ᠰᠢᠯᠭᠠᠨ ᠪᠠᠶᠢᠴᠠᠭᠠᠵᠦ ᠬᠢᠨᠠᠯᠳᠠ ᠲᠡᠯᠪᠢᠬᠤ᠂ ᠢᠨᠵᠧᠨᠧᠷᠢᠩ ᠤᠨ ᠶᠠᠰᠤ ᠴᠢᠨᠠᠷ ᠤᠨ ᠬᠢᠨ᠋ᠨᠨ ᠬᠠᠮᠢᠶᠠᠷᠤᠯᠳᠠ ᠵᠡᠷᠭᠡ ᠬᠠᠤᠯᠢ ᠭᠡᠷᠡᠭᠵᠢᠬᠦᠯᠬᠦ ᠲᠦᠷᠦᠯ ᠤᠨ ᠵᠠᠰᠠᠭ ᠵᠠᠬᠢᠷᠭᠠᠨ ᠤ ᠲᠤᠷᠭᠠᠭᠤᠯᠢ ᠶᠢᠨ ᠡᠷᠭᠡ ᠵᠢᠴᠢ ᠬᠤᠯᠪᠤᠭᠳᠠᠯ ᠪᠦᠬᠦᠢ ᠵᠠᠰᠠᠭ ᠵᠠᠬᠢᠷᠭᠠᠨ ᠤ ᠪᠠᠶᠢᠴᠠᠭᠠᠯᠳᠠ᠂ ᠵᠠᠰᠠᠭ ᠵᠠᠬᠢᠷᠭᠠᠨ ᠤ ᠠᠯᠪᠠᠳᠠᠯᠭ᠎ᠠ ᠵᠡᠷᠭᠡ ᠬᠠᠤᠯᠢ ᠭᠡᠷᠡᠭᠵᠢᠬᠦᠯᠬᠦ ᠡᠬᠦᠷᠭᠡ ᠴᠢᠳᠠᠪᠤᠷᠢ ᠶᠢ ᠡᠮᠬᠢᠯᠠᠨ ᠨᠠᠶᠢᠯᠡᠬᠦᠯᠵᠦ᠂ ᠠᠯᠠᠱᠨ ᠠᠶᠢᠮᠠᠭ ᠤᠨ ᠵᠠᠮ ᠬᠠᠷᠢᠯᠴᠠᠭ᠎ᠠ ᠲᠡᠭᠡᠭᠡᠪᠤᠷᠢ ᠶᠢᠨ ᠶᠠᠷᠤᠩᠭᠡᠶᠢᠯᠡᠭᠰᠡᠨ ᠬᠠᠤᠯᠢ ᠭᠡᠷᠡᠭᠵᠢᠬᠦᠯᠬᠦ ᠡᠩᠨᠡᠭᠡ ᠶᠢ ᠵᠤᠬᠢᠶᠠᠨ ᠪᠠᠶᠢᠭᠤᠯᠵᠦ᠂ ᠵᠠᠮ ᠬᠠᠷᠢᠯᠴᠠᠭ᠎ᠠ ᠲᠡᠭᠡᠭᠡᠪᠤᠷᠢ ᠶᠢᠨ ᠰᠠᠯᠠᠭ᠎ᠠ ᠮᠦᠴᠢᠷ ᠤᠨ ᠨᠠᠷ᠎ᠠ ᠪᠠᠷ ᠨᠢᠭᠡᠲᠤᠯᠲᠡᠢ ᠬᠠᠤᠯᠢ ᠭᠡᠷᠡᠭᠵᠢᠬᠦᠯᠬᠦ ᠠᠵᠢᠯ ᠢ ᠶᠠᠪᠤᠭᠳᠠᠭᠤᠯᠤᠨ᠎ᠠ᠃ ᠤᠷᠤᠨ ᠲᠤᠭ᠎ᠠ ᠨᠢ ᠠᠵᠢᠯ ᠤᠨ ᠤᠴᠢᠷ ᠶᠠᠪᠤᠳᠠᠯ ᠢ ᠲᠠᠭᠠᠵᠦ ᠶᠠᠪᠤᠬᠤ᠂ ᠠᠵᠢᠯᠳᠠᠨ ᠨᠢ ᠤᠷᠤᠨ ᠲᠤᠭ᠎ᠠ ᠶᠢ ᠲᠠᠭᠠᠵᠦ ᠶᠠᠪᠤᠬᠤ ᠵᠠᠷᠴᠢᠮ ᠶᠤᠰᠤᠭᠠᠷ᠂ ᠮᠠᠨ ᠤ ᠠᠶᠢᠮᠠᠭ ᠤᠨ ᠵᠠᠮ ᠬᠠᠷᠢᠯᠴᠠᠭ᠎ᠠ ᠲᠡᠭᠡᠭᠡᠪᠤᠷᠢ  ᠶᠢᠨ ᠶᠠᠷᠤᠩᠭᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠭᠡᠷᠡᠭᠵᠢᠬᠦᠯᠬᠦ ᠡᠩᠨᠡᠭᠡ ᠶᠢ ᠵᠦᠢ ᠵᠤᠬᠢᠰᠲᠡᠢ ᠡᠮᠬᠢ ᠵᠢᠷᠤᠮ ᠲᠠᠢ ᠡᠮᠬᠢᠯᠠᠨ ᠨᠠᠶᠢᠯᠡᠬᠦᠯᠵᠦ᠂ ᠬᠠᠤᠯᠢ ᠭᠡᠷᠡᠭᠵᠢᠬᠦᠯᠬᠦ ᠪᠠᠶᠢᠭᠤᠯᠤᠮᠵᠢ ᠪᠠ ᠠᠵᠢᠯᠳᠠᠨ ᠢ ᠰᠢᠯᠵᠢᠬᠦᠯᠵᠦ ᠲᠤᠭᠳᠠᠭᠠᠬᠤ ᠪᠤᠳᠠᠲᠠᠢ ᠪᠠᠷᠢᠮᠵᠢᠶ᠎ᠠ ᠪᠠ ᠲᠡᠰ ᠲᠠᠷᠠᠭᠠᠯᠠᠯ ᠢ ᠠᠶᠢᠮᠠᠭ ᠤᠨ ᠵᠠᠮ ᠬᠠᠷᠢᠯᠴᠠᠭ᠎ᠠ ᠲᠡᠭᠡᠭᠡᠪᠤᠷᠢ ᠶᠢᠨ ᠲᠤᠪᠴᠢᠶ᠎ᠠ ᠠᠴᠠ ᠵᠤᠬᠢᠶᠠᠨ ᠪᠠᠶᠢᠭᠤᠯᠬᠤ᠂ ᠪᠠᠶᠢᠭᠤᠯᠤᠮᠵᠢ ᠶᠢᠨ ᠤᠷᠤᠨ ᠲᠤᠭ᠎ᠠ᠂ ᠡᠳ᠋ ᠤᠨ ᠵᠠᠰᠠᠭ᠂ ᠬᠦᠮᠦᠨ ᠤ ᠬᠦᠴᠦᠨ ᠤ ᠡᠬᠢ ᠪᠠᠶᠠᠯᠢᠭ ᠪᠠ ᠨᠠᠶᠢᠭᠡᠮ ᠤᠨ ᠪᠠᠲᠤᠯᠠᠭ᠎ᠠ ᠵᠡᠷᠭᠡ ᠰᠠᠯᠠᠭ᠎ᠠ ᠮᠦᠴᠢᠷ ᠲᠠᠢ ᠬᠠᠮᠲᠤᠷᠠᠨ ᠰᠤᠲᠤᠯᠤᠨ ᠲᠤᠲᠤᠷᠬᠠᠶᠢᠯᠠᠨ᠎ᠠ᠃ ᠵᠠᠮ ᠬᠠᠷᠢᠯᠴᠠᠭ᠎ᠠ ᠲᠡᠭᠡᠭᠡᠪᠤᠷᠢ ᠶᠢᠨ ᠶᠠᠷᠤᠩᠭᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠭᠡᠷᠡᠭᠵᠢᠬᠦᠯᠬᠦ ᠡᠩᠨᠡᠭᠡ ᠶᠢ ᠵᠤᠬᠢᠶᠠᠨ ᠪᠠᠶᠢᠭᠤᠯᠤᠭᠰᠠᠨ ᠤ ᠲᠠᠷᠠᠭ᠎ᠠ᠂ ᠵᠠᠮ ᠬᠠᠷᠢᠯᠴᠠᠭ᠎ᠠ ᠲᠡᠭᠡᠭᠡᠪᠤᠷᠢ ᠶᠢᠨ ᠰᠢᠰᠲ᠋ᠧᠮ ᠤᠨ ᠪᠤᠰᠤᠳ ᠰᠢᠭᠤᠳ ᠬᠠᠷᠢᠶ᠎ᠠ ᠨᠢᠭᠡᠴᠠ ᠨᠢ ᠠᠵᠢᠯ ᠲᠦᠷᠦᠯ ᠤᠨ ᠬᠠᠮᠢᠶᠠᠷᠤᠯᠳᠠ᠂ ᠵᠠᠮ ᠬᠠᠷᠢᠯᠴᠠᠭ᠎ᠠ ᠶᠢᠨ ᠪᠠᠲᠤᠯᠠᠭ᠎ᠠ᠂ ᠲᠤᠬᠠᠶᠢᠯᠠᠭᠰᠠᠨ ᠠᠵᠢᠯ ᠤᠨ ᠵᠢᠯᠤᠭᠤᠲᠤᠯᠭ᠎ᠠ᠂ ᠮᠡᠷᠭᠡᠵᠢᠯ ᠤᠨ ᠭᠡᠷᠡᠭᠯᠡᠭᠡᠨ ᠪᠠ ᠲᠡᠯᠭᠡᠷᠡᠬᠦᠯᠦᠯᠳᠡ᠂ ᠰᠢᠯᠭᠠᠨ ᠲᠤᠷᠰᠢᠵᠦ ᠪᠠᠶᠢᠴᠠᠭᠠᠨ ᠭᠡᠮᠵᠢᠬᠦ ᠵᠡᠷᠭᠡ ᠬᠠᠪᠰᠤᠷᠤᠯᠭ᠎ᠠ ᠶᠢᠨ ᠴᠢᠨᠠᠷᠲᠡᠢ ᠠᠵᠢᠯ ᠢ ᠬᠠᠤᠯᠢ ᠶᠤᠰᠤᠭᠠᠷ ᠦᠷᠬᠦᠯᠵᠢᠯᠠᠨ ᠰᠠᠶᠢᠲᠤᠷ ᠬᠢᠵᠦ᠂ ᠵᠠᠰᠠᠭ ᠵᠠᠬᠢᠷᠭᠠᠨ ᠤ ᠲᠤᠷᠭᠠᠭᠤᠯᠢ ᠵᠢᠴᠢ ᠵᠠᠰᠠᠭ ᠵᠠᠬᠢᠷᠭᠠᠨ ᠤ ᠲᠤᠷᠭᠠᠭᠤᠯᠢ ᠶᠢᠨ ᠬᠤᠯᠪᠤᠭᠳᠠᠯ ᠪᠦᠬᠦᠢ ᠵᠠᠰᠠᠭ ᠵᠠᠬᠢᠷᠭᠠᠨ ᠤ ᠪᠠᠶᠢᠴᠠᠭᠠᠯᠳᠠ᠂ ᠵᠠᠰᠠᠭ ᠵᠠᠬᠢᠷᠭᠠᠨ ᠤ ᠠᠯᠪᠠᠳᠠᠯᠭ᠎ᠠ ᠵᠡᠷᠭᠡ ᠬᠠᠤᠯᠢ ᠭᠡᠷᠡᠭᠵᠢᠬᠦᠯᠬᠦ ᠡᠬᠦᠷᠭᠡ ᠴᠢᠳᠠᠪᠤᠷᠢ  ᠶᠢ ᠲᠠᠬᠢᠵᠦ ᠡᠬᠦᠷᠭᠡᠯᠡᠬᠦ ᠦᠭᠡᠢ᠃       ︵ᠬᠤᠶᠠᠷ︶ ᠬᠠᠤᠯᠢ ᠭᠡᠷᠡᠭᠵᠢᠬᠦᠯᠬᠦ ᠱᠠᠳᠣ ᠳᠠᠪᠬᠤᠷᠭ᠎ᠠ ᠪᠠᠨ ᠲᠤᠲᠤᠷᠬᠠᠶᠢᠯᠠᠨ᠎ᠠ       ︽ᠠᠶᠢᠮᠠᠭ  ᠪᠠ ᠠᠶᠢᠮᠠᠭ   ᠤᠨ ᠵᠠᠬᠢᠷᠭ᠎ᠠ   ᠶᠢᠨ ᠰᠠᠭᠤᠭ᠎ᠠ ᠬᠤᠰᠢᠭᠤ ︵ᠬᠤᠳᠠ︶ ᠵᠠᠷᠴᠢᠮ ᠲᠡᠭᠡᠷ᠎ᠠ   ᠪᠠᠨ ᠵᠦᠪᠭᠡᠨ ᠨᠢᠭᠡ ᠯᠨ ᠬᠠᠤᠯᠢ ᠭᠡᠷᠡᠭᠵᠢᠬᠦᠯᠬᠦ ᠱᠠᠳᠣ ᠳᠠᠪᠬᠤᠷᠭ᠎ᠠ  ᠶᠢ ᠦᠯᠡᠳᠡᠭᠡᠬᠦ︾ ᠦᠭᠡᠷᠡᠴᠢᠯᠡᠯᠳᠡ   ᠶᠢᠨ ᠱᠠᠭᠠᠷᠳᠠᠯᠭ᠎ᠠ ᠶᠤᠰᠤᠭᠠᠷ᠂ ᠠᠶᠢᠮᠠᠭ ᠬᠤᠳᠠ   ᠶᠢᠨ ᠱᠠᠲᠤ   ᠪᠠᠷ ᠭᠤᠤᠯᠯᠠᠭᠰᠠᠨ ᠬᠠᠤᠯᠢ ᠭᠡᠷᠡᠭᠵᠢᠬᠦᠯᠬᠦ ᠪᠠᠶᠢᠭᠤᠯᠤᠯ   ᠢ ᠭᠡᠷᠡᠭᠵᠢᠬᠦᠯᠦᠨ᠎ᠠ᠃ ᠠᠶᠢᠮᠠᠭ   ᠤᠨ ᠲᠦᠪ ᠪᠠᠶᠢᠭ᠎ᠠ ᠭᠠᠵᠠᠷ ᠠᠯᠠᠱᠨ ᠵᠡᠬᠦᠨ ᠬᠤᠰᠢᠭᠤ ᠵᠠᠮ ᠬᠠᠷᠢᠯᠴᠠᠭ᠎ᠠ ᠲᠡᠭᠡᠭᠡᠪᠤᠷᠢ   ᠶᠢᠨ ᠶᠠᠷᠤᠩᠭᠡᠶᠢᠯᠡᠭᠰᠡᠨ ᠵᠠᠰᠠᠭ ᠵᠠᠬᠢᠷᠭᠠᠨ   ᠤ ᠬᠠᠤᠯᠢ ᠭᠡᠷᠡᠭᠵᠢᠬᠦᠯᠬᠦ ᠡᠬᠦᠷᠭᠡ ᠲᠤᠰᠢᠶᠠᠯ   ᠢ ᠲᠠᠬᠢᠵᠦ ᠡᠬᠦᠷᠭᠡᠯᠡᠬᠦ ᠦᠭᠡᠢ᠂ ᠬᠠᠤᠯᠢ ᠭᠡᠷᠡᠭᠵᠢᠬᠦᠯᠬᠦ ᠡᠩᠨᠡᠭᠡ   ᠶᠢ ᠪᠠᠶᠢᠭᠤᠯᠬᠤ ᠦᠭᠡᠢ᠂ ᠬᠤᠯᠪᠤᠭᠳᠠᠯ ᠪᠦᠬᠦᠢ ᠡᠬᠦᠷᠭᠡ ᠲᠤᠰᠢᠶᠠᠯ  ᠪᠠ ᠠᠵᠢᠯᠳᠠᠨ   ᠢ ᠡᠮᠬᠢᠯᠠᠨ ᠨᠠᠶᠢᠯᠡᠬᠦᠯᠵᠦ᠂ ᠲᠡᠭᠡᠭᠰᠢ   ᠪᠠᠨ ᠠᠶᠢᠮᠠᠭ   ᠤᠨ ᠵᠠᠮ ᠬᠠᠷᠢᠯᠴᠠᠭ᠎ᠠ ᠲᠡᠭᠡᠭᠡᠪᠤᠷᠢ   ᠶᠢᠨ ᠶᠠᠷᠤᠩᠭᠡᠶᠢᠯᠡᠭᠰᠡᠨ ᠵᠠᠰᠠᠭ ᠵᠠᠬᠢᠷᠭᠠᠨ   ᠤ ᠬᠠᠤᠯᠢ ᠭᠡᠷᠡᠭᠵᠢᠬᠦᠯᠬᠦ ᠡᠩᠨᠡᠭᠡ ᠳᠤ ᠤᠷᠤᠭᠤᠯᠵᠦ ᠨᠢᠭᠡᠲᠤᠯᠲᠡᠢ ᠬᠠᠮᠢᠶᠠᠷᠤᠨ᠎ᠠ᠃        ᠠᠶᠢᠮᠠᠭ ᠤᠨ ᠵᠠᠮ ᠬᠠᠷᠢᠯᠴᠠᠭ᠎ᠠ ᠲᠡᠭᠡᠭᠡᠪᠤᠷᠢ ᠶᠢᠨ ᠶᠠᠷᠤᠩᠭᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠭᠡᠷᠡᠭᠵᠢᠬᠦᠯᠬᠦ ᠡᠩᠨᠡᠭᠡ ᠠᠴᠠ ᠪᠦᠬᠦ ᠠᠶᠢᠮᠠᠭ ᠤᠨ ᠡᠷᠭᠡ ᠶᠢᠨ ᠭᠡᠪᠴᠢᠶᠠᠨ ᠳᠠᠬᠢ ᠤᠯᠤᠰ ᠮᠤᠵᠢ ᠶᠢᠨ ᠱᠤᠭᠤᠮ ᠤᠨ ᠵᠠᠰᠠᠮᠠᠯ ᠵᠠᠮ ᠤᠨ ᠶᠠᠪᠤᠳᠠᠯ᠂ ᠵᠠᠰᠠᠮᠠᠯ ᠵᠠᠮ ᠤᠨ ᠢᠨᠵᠧᠨᠧᠷᠢᠩ ᠤᠨ ᠶᠠᠰᠤ ᠴᠢᠨᠠᠷ ᠲᠤ ᠬᠢᠨᠠᠯᠳᠠ ᠲᠠᠯᠪᠢᠬᠤ᠂ ᠪᠦᠬᠦ ᠠᠶᠢᠮᠠᠭ ᠤᠨ ᠵᠠᠮ ᠬᠠᠷᠢᠯᠴᠠᠭ᠎ᠠ ᠲᠡᠭᠡᠭᠡᠪᠤᠷᠢ ᠶᠢᠨ ᠶᠠᠪᠤᠳᠠᠯ ᠢ ᠬᠠᠷᠢᠭᠤᠴᠠᠨ᠎ᠠ︔ ᠠᠯᠠᠱᠨ ᠵᠡᠬᠦᠨ ᠬᠤᠰᠢᠭᠤᠨ ᠤ ᠬᠢᠯᠢ ᠳᠠᠬᠢ ︵ᠠᠯᠠᠱᠨ ᠶᠢᠨ ᠲᠡᠭᠡᠲᠤ ᠰᠢᠨ᠎ᠠ ᠮᠡᠷᠭᠡᠵᠢᠯ ᠤᠨ ᠠᠵᠤ ᠦᠢᠯᠡᠰ ᠤᠨ ᠨᠡᠭᠡᠭᠡᠯᠳᠡ ᠶᠢᠨ ᠤᠷᠤᠨ᠂ ᠲᠡᠭᠷᠢ ᠠᠵᠤ ᠠᠬᠤᠢ ᠶᠢᠨ ᠮᠡᠷᠭᠡᠵᠢᠯ ᠤᠨ ᠨᠡᠭᠡᠭᠡᠯᠳᠡ ᠶᠢᠨ ᠤᠷᠤᠨ ᠪᠠᠭᠳᠠᠬᠤ ᠦᠭᠡᠢ︶ ᠬᠦᠳᠡᠭᠡ ᠲᠤᠰᠬᠤᠨ ᠤ ᠵᠠᠰᠠᠮᠠᠯ ᠵᠠᠮ ᠤᠨ ᠶᠠᠪᠤᠳᠠᠯ᠂ ᠵᠠᠰᠠᠮᠠᠯ ᠵᠠᠮ ᠪᠠ ᠤᠰᠤᠨ ᠲᠡᠭᠡᠭᠡᠪᠤᠷᠢ ᠶᠢᠨ ᠢᠨᠵᠧᠨᠧᠷᠢᠩ ᠤᠨ ᠶᠠᠰᠤ ᠴᠢᠨᠠᠷ ᠲᠤ ᠬᠢᠨᠠᠯᠳᠠ ᠲᠡᠯᠪᠢᠬᠤ᠂ ᠤᠰᠤᠨ ᠵᠠᠮ ᠤᠨ ᠲᠡᠭᠡᠭᠡᠪᠤᠷᠢ ᠶᠢᠨ ᠶᠠᠪᠤᠳᠠᠯ᠂ ᠤᠷᠤᠨ ᠨᠤᠲᠤᠭ ᠤᠨ ᠲᠠᠯᠠᠢ ᠶᠢᠨ ᠶᠠᠪᠤᠳᠠᠯ ᠤᠨ ᠵᠠᠰᠠᠭ ᠵᠠᠬᠢᠷᠭ᠎ᠠ᠂ ᠵᠢᠭᠠᠰᠤ ᠠᠩᠨᠠᠬᠤ ᠤᠩᠭᠤᠴᠠ ᠶᠢ ᠰᠢᠯᠭᠠᠨ ᠪᠠᠶᠢᠴᠠᠭᠠᠵᠦ ᠬᠢᠨᠠᠯᠳᠠ ᠲᠡᠯᠪᠢᠬᠤ᠂ ᠬᠤᠳᠠ ᠶᠢᠨ ᠨᠠᠶᠢᠳᠠ  ᠶᠢᠨ ᠮᠠᠰᠢᠨ ᠲᠡᠷᠭᠡ᠂ ᠲᠦᠷᠢᠶᠠᠰᠤᠨ ᠮᠠᠰᠢᠨ ᠵᠡᠷᠭᠡ ᠬᠠᠤᠯᠢ ᠭᠡᠷᠡᠭᠵᠢᠬᠦᠯᠬᠦ ᠲᠦᠷᠦᠯ ᠤᠨ ᠵᠠᠰᠠᠭ ᠵᠠᠬᠢᠷᠭᠠᠨ ᠤ ᠲᠤᠷᠭᠠᠭᠤᠯᠢ ᠵᠢᠴᠢ ᠵᠠᠰᠠᠭ ᠵᠠᠬᠢᠷᠭᠠᠨ ᠤ ᠲᠤᠷᠭᠠᠭᠤᠯᠢ ᠶᠢᠨ ᠬᠤᠯᠪᠤᠭᠳᠠᠯ ᠪᠦᠬᠦᠢ ᠵᠠᠰᠠᠭ ᠵᠠᠬᠢᠷᠭᠠᠨ ᠤ ᠠᠯᠪᠠᠳᠠᠯᠭ᠎ᠠ ᠪᠠ ᠵᠠᠰᠠᠭ ᠵᠠᠬᠢᠷᠭᠠᠨ ᠤ ᠪᠠᠶᠢᠴᠠᠭᠠᠯᠳᠠ ᠵᠡᠷᠭᠡ ᠬᠠᠤᠯᠢ ᠭᠡᠷᠡᠭᠵᠢᠬᠦᠯᠬᠦ ᠠᠵᠢᠯ ᠢ ᠬᠠᠷᠢᠭᠤᠴᠠᠨ᠎ᠠ︔ ᠬᠤᠰᠢᠭᠤ ᠨᠡᠭᠡᠭᠡᠯᠳᠡ ᠶᠢᠨ ᠤᠷᠤᠨ ᠠᠯᠤᠰᠯᠠᠭᠰᠠᠨ ᠴᠢᠬᠤᠯᠨ ᠶᠡᠭᠡ ᠵᠠᠮ ᠬᠠᠷᠢᠯᠴᠠᠭ᠎ᠠ ᠲᠡᠭᠡᠭᠡᠪᠤᠷᠢ ᠶᠢᠨ ᠬᠠᠤᠯᠢ ᠭᠡᠷᠡᠭᠵᠢᠬᠦᠯᠬᠦ ᠭᠡᠷᠡᠭ ᠢ ᠪᠠᠶᠢᠴᠠᠭᠠᠨ ᠰᠢᠢᠳᠪᠤᠷᠢᠯᠠᠬᠦ ᠪᠠ ᠵᠤᠬᠢᠴᠠᠭᠤᠯᠬᠤ ᠠᠵᠢᠯ ᠢ ᠡᠬᠦᠷᠭᠡᠯᠠᠨ᠎ᠠ︔ ᠪᠤᠰᠤᠳ ᠬᠤᠰᠢᠭᠤ ᠨᠡᠭᠡᠭᠡᠯᠳᠡ  ᠶᠢᠨ ᠤᠷᠤᠨ ᠤ ᠵᠠᠮ ᠬᠠᠷᠢᠯᠴᠠᠭ᠎ᠠ ᠲᠡᠭᠡᠭᠡᠪᠤᠷᠢ ᠶᠢᠨ ᠵᠠᠰᠠᠭ ᠵᠠᠬᠢᠷᠭᠠᠨ ᠤ ᠬᠠᠤᠯᠢ ᠭᠡᠷᠡᠭᠵᠢᠬᠦᠯᠬᠦ ᠠᠵᠢᠯ ᠢ ᠬᠢᠨᠠᠯᠳᠠ ᠲᠡᠯᠪᠢᠵᠦ ᠵᠢᠯᠤᠭᠤᠲᠤᠨ᠎ᠠ᠃ ᠠᠵᠢᠯ ᠤᠨ ᠭᠡᠷᠡᠭᠴᠡᠭᠡ ᠪᠠᠨ ᠦᠨᠲᠤᠰᠦᠯᠠᠵᠦ᠂ ᠠᠶᠢᠮᠠᠭ ᠤᠨ ᠵᠠᠮ ᠬᠠᠷᠢᠯᠴᠠᠭ᠎ᠠ ᠲᠡᠭᠡᠭᠡᠪᠤᠷᠢ ᠶᠢᠨ ᠶᠠᠷᠤᠩᠭᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠭᠡᠷᠡᠭᠵᠢᠬᠦᠯᠬᠦ ᠰᠠᠯᠪᠤᠷᠢ ᠠᠩᠬᠢ ᠨᠢ ᠡᠷᠭᠡ ᠶᠢᠨ ᠭᠡᠪᠴᠢᠶᠠᠨ ᠲᠤᠲᠤᠷ᠎ᠠ ᠪᠠᠨ ᠲᠤᠮᠢᠯᠠᠨ ᠰᠠᠭᠤᠯᠭᠠᠬᠤ ᠪᠠᠶᠢᠭᠤᠯᠤᠮᠵᠢ ᠶᠢ ᠲᠤᠬᠢᠷᠠᠭᠤᠯᠤᠨ᠎ᠠ᠃       ᠠᠯᠠᠱᠨ ᠪᠠᠷᠠᠭᠤᠨ ᠬᠤᠰᠢᠭᠤ᠂ ᠡᠵᠠᠨ᠎ᠠ ᠬᠤᠰᠢᠭᠤᠨ ᠤ ᠠᠷᠠᠳ ᠤᠨ ᠵᠠᠰᠠᠭ ᠤᠨ ᠤᠷᠲᠤᠨ ᠦᠭᠡᠷᠡᠴᠢᠯᠠᠯᠳᠠ  ᠶᠢᠨ ᠪᠢᠴᠢᠭ ᠮᠠᠲ᠋ᠧᠷᠢᠶᠠᠯ ᠶᠤᠰᠤᠭᠠᠷ᠂ ︽ᠭᠡᠷᠡᠭᠵᠢᠬᠦᠯᠬᠦ ᠰᠠᠨᠠᠯ︾ ᠲᠠᠢ ᠤᠶᠠᠯᠲᠤᠭᠤᠯᠵᠦ᠂ ᠲᠤᠰ ᠬᠠᠷᠢᠶ᠎ᠠ ᠲᠤᠭᠤᠷᠢᠭ ᠤᠨ ᠲᠤᠲᠤᠷᠠᠬᠢ ᠵᠠᠮ ᠬᠠᠷᠢᠯᠴᠠᠭ᠎ᠠ ᠲᠡᠭᠡᠭᠡᠪᠤᠷᠢ ᠶᠢᠨ ᠶᠠᠷᠤᠩᠭᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠭᠡᠷᠡᠭᠵᠢᠬᠦᠯᠬᠦ ᠪᠠᠶᠢᠭᠤᠯᠤᠮᠵᠢ ᠶᠢᠨ ᠦᠭᠡᠷᠡᠴᠢᠯᠠᠯᠳᠠ ᠶᠢᠨ ᠲᠦᠰᠦᠯ ᠢ ᠲᠤᠭᠳᠠᠭᠠᠵᠦ᠂ ︽ᠲᠤᠪᠴᠢᠶ᠎ᠠ ᠠᠩᠬᠢ ᠶᠢ ᠨᠢᠭᠡᠳᠭᠡᠬᠦ︾ ᠪᠠᠶᠢᠭᠤᠯᠤᠯ ᠶᠤᠰᠤᠭᠠᠷ᠂ ᠬᠤᠰᠢᠭᠤᠨ ᠤ ᠵᠠᠮ ᠬᠠᠷᠢᠯᠴᠠᠭ᠎ᠠ ᠲᠡᠭᠡᠭᠡᠪᠤᠷᠢ ᠶᠢᠨ ᠶᠠᠷᠤᠩᠭᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠭᠡᠷᠡᠭᠵᠢᠬᠦᠯᠬᠦ ᠡᠩᠨᠡᠭᠡ ᠶᠢ ᠵᠤᠬᠢᠶᠠᠨ ᠪᠠᠶᠢᠭᠤᠯᠵᠦ᠂ ᠲᠤᠰ ᠬᠠᠷᠢᠶ᠎ᠠ ᠲᠤᠭᠤᠷᠢᠭ ᠤᠨ ᠬᠦᠳᠡᠭᠡ ᠲᠤᠰᠬᠤᠨ ᠤ ᠵᠠᠰᠠᠮᠠᠯ ᠵᠠᠮ ᠤᠨ ᠶᠠᠪᠤᠳᠠᠯ᠂ ᠵᠠᠰᠠᠮᠠᠯ ᠵᠠᠮ ᠪᠠ ᠤᠰᠤᠨ ᠲᠡᠭᠡᠭᠡᠪᠤᠷᠢ ᠶᠢᠨ ᠢᠨᠵᠧᠨᠧᠷᠢᠩ ᠤᠨ ᠶᠠᠰᠤ ᠴᠢᠨᠠᠷ ᠲᠤ ᠬᠢᠨᠠᠯᠳᠠ ᠲᠡᠯᠪᠢᠬᠤ᠂ ᠤᠰᠤᠨ ᠵᠠᠮ ᠤᠨ ᠲᠡᠭᠡᠭᠡᠪᠤᠷᠢ ᠶᠢᠨ ᠶᠠᠪᠤᠳᠠᠯ᠂ ᠤᠷᠤᠨ ᠨᠤᠲᠤᠭ ᠤᠨ ᠲᠠᠯᠠᠢ ᠶᠢᠨ ᠶᠠᠪᠤᠳᠠᠯ ᠤᠨ ᠵᠠᠰᠠᠭ ᠵᠠᠬᠢᠷᠭ᠎ᠠ᠂ ᠵᠢᠭᠠᠰᠤ ᠠᠩᠨᠠᠬᠤ ᠤᠩᠭᠤᠴᠠ ᠶᠢ ᠰᠢᠯᠭᠠᠨ ᠪᠠᠶᠢᠴᠠᠭᠠᠵᠦ ᠬᠢᠨᠠᠯᠳᠠ ᠲᠠᠯᠪᠢᠬᠤ᠂ ᠬᠤᠳᠠ ᠶᠢᠨ ᠨᠠᠶᠢᠳᠠ ᠶᠢᠨ ᠮᠠᠰᠢᠨ ᠲᠡᠷᠭᠡ᠂ ᠲᠦᠷᠢᠶᠠᠰᠤᠨ ᠮᠠᠰᠢᠨ ᠵᠡᠷᠭᠡ ᠵᠠᠮ ᠬᠠᠷᠢᠯᠴᠠᠭ᠎ᠠ ᠲᠡᠭᠡᠭᠡᠪᠤᠷᠢ ᠶᠢᠨ ᠵᠠᠰᠠᠭ ᠵᠠᠬᠢᠷᠭᠠᠨ ᠤ ᠬᠠᠤᠯᠢ ᠭᠡᠷᠡᠭᠵᠢᠬᠦᠯᠬᠦ ᠠᠵᠢᠯ ᠢ ᠬᠠᠷᠢᠭᠤᠴᠠᠨ᠎ᠠ᠃ ᠡᠯ᠎ᠠ ᠨᠡᠭᠡᠭᠡᠯᠳᠡ ᠶᠢᠨ ᠤᠷᠤᠨ ᠲᠤᠰ ᠲᠦᠰᠦᠯ ᠳᠠᠬᠢ ᠠᠯᠠᠱᠨ ᠪᠠᠷᠠᠭᠤᠨ ᠬᠤᠰᠢᠭᠤ᠂ ᠡᠵᠠᠨ᠎ᠠ ᠬᠤᠰᠢᠭᠤᠨ ᠤ ᠬᠤᠯᠪᠤᠭᠳᠠᠯ ᠪᠦᠬᠦᠢ ᠦᠭᠡᠷᠡᠴᠢᠯᠠᠯᠳᠠ ᠶᠢᠨ ᠰᠠᠨᠠᠯ ᠢᠶᠠᠷ ᠯᠠᠪᠯᠠᠯᠳᠠ ᠪᠤᠯᠭᠠᠵᠦ᠂ ᠵᠠᠮ ᠬᠠᠷᠢᠯᠴᠠᠭ᠎ᠠ ᠲᠡᠭᠡᠭᠡᠪᠤᠷᠢ ᠶᠢᠨ ᠬᠠᠤᠯᠢ ᠭᠡᠷᠡᠭᠵᠢᠬᠦᠯᠬᠦ ᠡᠬᠦᠷᠭᠡ ᠲᠤᠰᠢᠶᠠᠯ ᠢ ᠲᠤᠰ ᠱᠠᠲᠤᠨ ᠤ ᠶᠠᠷᠤᠩᠭᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠭᠡᠷᠡᠭᠵᠢᠬᠦᠯᠬᠦ ᠡᠬᠦᠷᠭᠡ ᠲᠤᠰᠢᠶᠠᠯ ᠤᠨ ᠬᠦᠷᠢᠶ᠎ᠠ ᠭᠡᠪᠴᠢᠶᠠᠨ ᠳᠤ ᠤᠷᠤᠭᠤᠯᠵᠦ᠂ ᠬᠠᠷᠢᠶ᠎ᠠ ᠭᠠᠵᠠᠷ ᠤᠨ ᠬᠢᠨ᠋ᠨᠨ ᠬᠠᠮᠢᠶᠠᠷᠤᠯᠳᠠ ᠶᠢᠨ ᠬᠠᠷᠢᠭᠤᠴᠠᠯᠭ᠎ᠠ ᠪᠠᠨ ᠪᠤᠳᠠᠳᠠᠶᠢᠵᠢᠭᠤᠯᠤᠨ᠎ᠠ᠃       ᠠᠶᠢᠮᠠᠭ ᠤᠨ ᠱᠠᠲᠤᠨ ᠤ ᠵᠠᠮ ᠬᠠᠷᠢᠯᠴᠠᠭ᠎ᠠ ᠲᠡᠭᠡᠭᠡᠪᠤᠷᠢ ᠶᠢᠨ ᠶᠠᠷᠤᠩᠭᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠭᠡᠷᠡᠭᠵᠢᠬᠦᠯᠬᠦ ᠡᠩᠨᠡᠭᠡ ᠶᠢᠨ ᠪᠠᠶᠢᠭᠤᠯᠤᠮᠵᠢ ᠶᠢᠨ ᠨᠠᠷᠡᠶᠢᠲᠤᠯ ᠢ ᠠᠯᠠᠱᠨ ᠠᠶᠢᠮᠠᠭ ᠤᠨ ᠵᠠᠮ ᠬᠠᠷᠢᠯᠴᠠᠭ᠎ᠠ ᠲᠡᠭᠡᠭᠡᠪᠤᠷᠢ ᠶᠢᠨ ᠶᠠᠷᠤᠩᠭᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠭᠡᠷᠡᠭᠵᠢᠬᠦᠯᠬᠦ ᠰᠠᠯᠪᠤᠷᠢ ᠠᠩᠬᠢ ᠭᠡᠵᠦ ᠲᠦᠷᠢᠮᠵᠢᠬᠦᠯᠵᠦ᠂ ᠬᠤᠰᠢᠭᠤᠨ ᠤ ᠱᠠᠲᠤᠨ ᠤ ᠵᠠᠮ ᠬᠠᠷᠢᠯᠴᠠᠭ᠎ᠠ ᠲᠡᠭᠡᠭᠡᠪᠤᠷᠢ ᠶᠢᠨ ᠶᠠᠷᠤᠩᠭᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠭᠡᠷᠡᠭᠵᠢᠬᠦᠯᠬᠦ ᠡᠩᠨᠡᠭᠡ ᠶᠢᠨ ᠨᠠᠷᠡᠶᠢᠲᠤᠯ ᠢ ᠠᠯᠠᠱᠨ ᠪᠠᠷᠠᠭᠤᠨ ᠬᠤᠰᠢᠭᠤᠨ ᠤ ᠵᠠᠮ ᠬᠠᠷᠢᠯᠴᠠᠭ᠎ᠠ ᠲᠡᠭᠡᠭᠡᠪᠤᠷᠢ ᠶᠢᠨ ᠶᠠᠷᠤᠩᠭᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠭᠡᠷᠡᠭᠵᠢᠬᠦᠯᠬᠦ ᠶᠡᠭᠡ ᠠᠩᠬᠢ᠂ ᠡᠵᠡᠨ᠎ᠠ ᠬᠤᠰᠢᠭᠤᠨ  ᠤ ᠵᠠᠮ ᠬᠠᠷᠢᠯᠴᠠᠭ᠎ᠠ ᠲᠡᠭᠡᠭᠡᠪᠤᠷᠢ ᠶᠢᠨ ᠶᠠᠷᠤᠩᠭᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠭᠡᠷᠡᠭᠵᠢᠬᠦᠯᠬᠦ ᠶᠡᠭᠡ ᠠᠩᠬᠢ ᠭᠡᠵᠦ ᠲᠦᠷᠢᠮᠵᠢᠬᠦᠯᠦᠨ᠎ᠠ᠃       ᠲᠡᠭᠡᠲᠤ ᠱᠠᠲᠤᠨ ᠤ ᠵᠠᠮ ᠬᠠᠷᠢᠯᠴᠠᠭ᠎ᠠ ᠲᠡᠭᠡᠭᠡᠪᠤᠷᠢ ᠶᠢᠨ ᠬᠠᠤᠯᠢ ᠭᠡᠷᠡᠭᠵᠢᠬᠦᠯᠬᠦ ᠰᠠᠯᠠᠭ᠎ᠠ ᠮᠦᠴᠢᠷ ᠨᠢ ᠪᠤᠳᠠᠲᠠᠢ ᠭᠡᠷᠡᠭ ᠢ ᠲᠤᠤᠷ᠎ᠠ ᠱᠠᠲᠤᠨ ᠤ ᠬᠠᠮᠢᠶᠠᠷᠤᠯᠳᠠ ᠶᠢᠨ ᠬᠠᠷᠢᠶ᠎ᠠ ᠲᠤᠲᠤᠷ᠎ᠠ ᠵᠢᠭᠠᠨ ᠲᠤᠭᠳᠠᠭᠠᠵᠦ ᠪᠣᠯᠣᠨ᠎ᠠ᠂ ᠴᠢᠬᠤᠯᠨ ᠲᠠᠢ ᠦᠶ᠎ᠠ ᠳᠤ᠂ ᠬᠠᠤᠯᠢ ᠳᠤ ᠲᠤᠭᠳᠠᠭᠠᠭᠰᠠᠨ ᠨᠦᠬᠦᠴᠠᠯ ᠪᠠ ᠲᠡᠰ ᠲᠠᠷᠠᠭᠠᠯᠠᠯ ᠶᠤᠰᠤᠭᠠᠷ ᠲᠤᠤᠷ᠎ᠠ ᠱᠠᠲᠤᠨ ᠤ ᠬᠠᠮᠢᠶᠠᠷᠤᠯᠳᠠ ᠶᠢᠨ ᠬᠠᠷᠢᠶ᠎ᠠ ᠳᠠᠬᠢ ᠭᠡᠷᠡᠭ ᠢ ᠬᠠᠮᠢᠶᠠᠷᠴᠦ ᠪᠤᠯᠤᠨ᠎ᠠ᠃ ᠲᠡᠭᠡᠷ᠎ᠠ ᠱᠠᠲᠤ ᠨᠢ ᠲᠤᠤᠷ᠎ᠠ ᠱᠠᠲᠤᠨ ᠤ ᠬᠠᠤᠯᠢ ᠪᠤᠰᠤ ᠪᠠᠷ ᠬᠠᠤᠯᠢ ᠭᠡᠷᠡᠭᠵᠢᠬᠦᠯᠬᠦ᠂ ᠬᠠᠤᠯᠢ ᠭᠡᠷᠡᠭᠵᠢᠬᠦᠯᠦᠭᠰᠡᠨ ᠨᠢ ᠵᠤᠬᠢᠰ ᠦᠭᠡᠢ ᠪᠤᠶᠤ ᠬᠠᠤᠯᠢ ᠳᠤ ᠲᠤᠭᠳᠠᠭᠠᠭᠰᠠᠨ ᠲᠤᠰᠢᠶᠠᠯ ᠬᠠᠷᠢᠭᠤᠴᠠᠯᠭ᠎ᠠ ᠪᠠᠨ ᠬᠦᠢᠴᠡᠳᠭᠡᠭᠰᠡᠨ ᠦᠭᠡᠢ ᠪᠤᠯ ᠵᠠᠯᠠᠷᠠᠭᠤᠯᠤᠭᠤᠯᠬᠤ ᠪᠤᠶᠤ ᠰᠢᠭᠤᠳ ᠵᠠᠷᠯᠢᠭᠳᠠᠨ ᠵᠠᠯᠠᠷᠠᠭᠤᠯᠬᠤ ᠭᠡᠷᠡᠭᠲᠡᠢ᠃ ᠠᠶᠢᠮᠠᠭ ᠤᠨ ᠵᠠᠮ ᠬᠠᠷᠢᠯᠴᠠᠭ᠎ᠠ ᠲᠡᠭᠡᠭᠡᠪᠤᠷᠢ ᠶᠢᠨ ᠰᠠᠯᠠᠭ᠎ᠠ ᠮᠦᠴᠢᠷ ᠨᠢ ᠬᠤᠰᠢᠭᠤ ᠨᠡᠭᠡᠭᠡᠯᠳᠡ ᠶᠢᠨ ᠤᠷᠤᠨ ᠤ ᠵᠠᠮ ᠬᠠᠷᠢᠯᠴᠠᠭ᠎ᠠ ᠲᠡᠭᠡᠭᠡᠪᠤᠷᠢ ᠶᠢᠨ ᠶᠠᠷᠤᠩᠭᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠭᠡᠷᠡᠭᠵᠢᠬᠦᠯᠬᠦ ᠡᠩᠨᠡᠭᠡ ᠶᠢᠨ ᠠᠵᠢᠯᠳᠠᠨ ᠢ ᠵᠢᠷᠤᠮ ᠶᠤᠰᠤᠭᠠᠷ ᠰᠢᠯᠵᠢᠬᠦᠯᠦᠨ ᠭᠡᠷᠡᠭᠯᠠᠵᠦ ᠪᠤᠯᠤᠨ᠎ᠠ᠃       ︵ᠭᠤᠷᠪᠠ︶ ᠬᠠᠤᠯᠢ ᠭᠡᠷᠡᠭᠵᠢᠬᠦᠯᠬᠦ ᠴᠢᠬᠤᠯᠨ ᠵᠦᠢᠯᠡᠰ ᠢ ᠲᠤᠷᠤᠭᠰᠢ ᠪᠠᠭᠤᠯᠭᠠᠨ᠎ᠠ       ᠬᠠᠤᠯᠢ ᠭᠡᠷᠡᠭᠵᠢᠬᠦᠯᠬᠦ ᠡᠩᠨᠡᠭᠡ ᠶᠢᠨ ᠠᠵᠢᠯᠳᠠᠨ ᠤ ᠬᠦᠷᠢᠶ᠎ᠠ ᠭᠡᠪᠴᠢᠶ᠎ᠠ ᠶᠢ ᠴᠢᠩᠭ᠎ᠠ ᠬᠢᠵᠠᠭᠠᠷᠯᠠᠵᠦ᠂ ᠤᠲᠤᠬᠠᠨ ᠤ ᠪᠠᠶᠢᠭ᠎ᠠ ᠡᠩᠨᠡᠭᠡ ᠶᠢᠨ ᠠᠵᠢᠯᠳᠠᠨ ᠢ ᠨᠡᠮᠡᠭᠳᠡᠬᠦᠯᠬᠦ ᠦᠭᠡᠢ ᠪᠠᠶᠢᠬᠤ ᠤᠷᠢᠳᠠᠯ ᠲᠤᠤᠷ᠎ᠠ᠂ ᠠᠵᠢᠯᠳᠠᠨ ᠤ ᠤᠷᠤᠨ ᠲᠤᠭ᠎ᠠ ᠶᠢ ᠰᠢᠯᠢᠳᠡᠭᠵᠢᠬᠦᠯᠬᠦ ᠪᠠ ᠬᠦᠴᠦᠨ ᠤ ᠲᠤᠬᠢᠷᠠᠭᠤᠯᠤᠯᠳᠠ ᠪᠠᠷ ᠲᠠᠮᠵᠢᠭᠤᠯᠵᠦ᠂ ᠬᠠᠤᠯᠢ ᠭᠡᠷᠡᠭᠵᠢᠬᠦᠯᠬᠦ ᠬᠦᠴᠦᠨ ᠢᠶᠠᠨ ᠦᠨᠲᠤᠰᠤᠨ ᠱᠠᠲᠤ ᠪᠠ ᠠᠵᠢᠯ ᠤᠨ ᠡᠮᠦᠨ᠎ᠡ ᠹᠷᠤᠨᠲ ᠲᠤ ᠬᠦᠨᠵᠡᠭᠡᠶᠢᠷᠡᠬᠦᠯᠬᠦ ᠶᠢ ᠠᠬᠢᠭᠤᠯᠵᠦ᠂ ᠬᠦᠳᠡᠯᠤᠩᠬᠦᠢ ᠪᠠᠷ ᠴᠠᠭᠳᠠᠨ ᠪᠠᠶᠢᠴᠠᠭᠠᠬᠤ᠂ ᠭᠡᠷᠡᠭ ᠢ ᠰᠢᠢᠳᠪᠤᠷᠢᠯᠠᠵᠦ ᠬᠦᠢᠴᠡᠳᠭᠡᠬᠦ᠂ ᠪᠠᠴᠢᠮ ᠪᠠᠶᠢᠳᠠᠯ ᠢ ᠠᠷᠭᠠᠴᠠᠭᠠᠵᠦ ᠵᠢᠯᠤᠭᠤᠳᠬᠤ ᠵᠡᠷᠭᠡ ᠬᠠᠤᠯᠢ ᠭᠡᠷᠡᠭᠵᠢᠬᠦᠯᠬᠦ ᠡᠮᠦᠨ᠎ᠡ ᠹᠷᠤᠨᠲ ᠤᠨ ᠠᠵᠢᠯ ᠤᠨ ᠬᠦᠴᠦᠨ ᠢ ᠭᠤᠤᠯᠳᠠᠯᠭ᠎ᠠ ᠲᠠᠢ ᠴᠢᠩᠭᠠᠳᠬᠠᠵᠦ᠂ ᠦᠨᠲᠤᠰᠤᠨ ᠱᠠᠲᠤᠨ ᠤ ᠬᠠᠤᠯᠢ ᠭᠡᠷᠡᠭᠵᠢᠬᠦᠯᠬᠦ ᠬᠦᠴᠦᠨ ᠪᠠᠭᠤᠷᠠᠢ ᠪᠠᠶᠢᠬᠤ ᠠᠰᠠᠭᠤᠳᠠᠯ ᠢ ᠬᠦᠴᠦᠯᠠᠨ ᠰᠢᠢᠳᠪᠤᠷᠢᠯᠠᠨ᠎ᠠ᠃  ᠬᠤᠰᠢᠭᠤᠨ ᠤ ᠱᠠᠲᠤᠨ ᠤ ᠵᠠᠮ ᠬᠠᠷᠢᠯᠴᠠᠭ᠎ᠠ ᠲᠡᠭᠡᠭᠡᠪᠤᠷᠢ ᠶᠢᠨ ᠰᠠᠯᠠᠭ᠎ᠠ ᠮᠦᠴᠢᠷ ︽ᠲᠤᠪᠴᠢᠶ᠎ᠠ ᠠᠩᠬᠢ ᠶᠢ ᠨᠢᠭᠡᠳᠭᠡᠬᠦ︾ ᠶᠢ ᠭᠡᠷᠡᠭᠵᠢᠬᠦᠯᠦᠭᠰᠡᠨ ᠤ ᠲᠠᠷᠠᠭ᠎ᠠ᠂ ᠵᠠᠰᠠᠭ ᠵᠠᠬᠢᠷᠭᠠᠨ  ᠤ ᠬᠠᠤᠯᠢ ᠭᠡᠷᠡᠭᠵᠢᠬᠦᠯᠬᠦ ᠡᠬᠦᠷᠭᠡ ᠴᠢᠳᠠᠪᠤᠷᠢ ᠶᠢ ᠴᠢᠩᠭᠠᠳᠬᠠᠵᠦ᠂ ᠠᠵᠢᠯᠳᠠᠨ ᠤ ᠤᠷᠤᠨ ᠲᠤᠭ᠎ᠠ ᠶᠢ ᠬᠠᠤᠯᠢ ᠭᠡᠷᠡᠭᠵᠢᠬᠦᠯᠬᠦ ᠠᠵᠢᠯ ᠤᠨ ᠪᠠᠶᠢᠷᠢ ᠤᠷᠤᠭᠤ ᠭᠡᠯᠪᠠᠶᠢᠯᠭᠡᠵᠦ᠂ ᠬᠠᠮᠲᠤ ᠳᠤᠨᠢ ᠲᠤᠲᠤᠭᠠᠲᠤ ᠶᠢᠨ ᠬᠠᠤᠯᠢ ᠭᠡᠷᠡᠭᠵᠢᠬᠦᠯᠬᠦ ᠠᠵᠢᠯ ᠤᠨ ᠶᠠᠪᠣᠴᠠ ᠶᠢ ᠲᠡᠬᠦᠯᠳᠡᠷᠵᠢᠬᠦᠯᠬᠦ ᠪᠠᠷ ᠲᠠᠮᠵᠢᠭᠤᠯᠵᠦ᠂ ᠡᠮᠦᠨ᠎ᠡ ᠹᠷᠤᠨᠲ ᠤᠨ ᠬᠠᠤᠯᠢ ᠭᠡᠷᠡᠭᠵᠢᠬᠦᠯᠬᠦ ᠦᠷ᠎ᠠ ᠪᠦᠳᠦᠮᠵᠢ ᠳᠣᠣᠷ᠎ᠠ ᠪᠠᠶᠢᠬᠤ ᠠᠰᠠᠭᠤᠳᠠᠯ ᠢ ᠰᠢᠢᠳᠪᠤᠷᠢᠯᠠᠨ᠎ᠠ᠃ ᠵᠠᠮ ᠬᠠᠷᠢᠯᠴᠠᠭ᠎ᠠ ᠲᠡᠭᠡᠭᠡᠪᠤᠷᠢ ᠶᠢᠨ ᠦᠨᠲᠤᠰᠤᠨ ᠱᠠᠲᠤᠨ ᠤ ᠬᠠᠤᠯᠢ ᠭᠡᠷᠡᠭᠵᠢᠬᠦᠯᠬᠦ ᠡᠩᠨᠡᠭᠡ ᠶᠢ ᠮᠡᠷᠭᠡᠰᠢᠬᠦᠯᠬᠦ᠂ ᠦᠨᠲᠤᠰᠤᠨ ᠱᠠᠲᠤᠨ ᠤ ᠬᠠᠤᠯᠢ ᠭᠡᠷᠡᠭᠵᠢᠬᠦᠯᠬᠦ ᠦᠷᠳᠡᠭᠡ ᠭᠠᠵᠠᠷ ᠢ ᠪᠠᠷᠢᠮᠵᠢᠶᠠᠵᠢᠭᠤᠯᠬᠤ᠂ ᠰᠠᠭᠤᠷᠢ ᠬᠠᠮᠢᠶᠠᠷᠤᠯᠳᠠ ᠶᠢᠨ ᠲᠦᠷᠢᠮ ᠢ ᠲᠦᠷᠢᠮᠵᠢᠬᠦᠯᠬᠦ ᠪᠠ ᠦᠨᠲᠤᠰᠤᠨ ᠱᠠᠲᠤᠨ ᠤ ᠬᠠᠤᠯᠢ ᠭᠡᠷᠡᠭᠵᠢᠬᠦᠯᠬᠦ ᠠᠵᠢᠯ ᠤᠨ ᠮᠡᠳᠡᠭᠡ ᠵᠠᠩᠬᠢ ᠶᠢᠨ ᠪᠠᠶᠢᠭᠤᠯᠤᠯᠳᠠ ᠶᠢ ᠲᠦᠷᠭᠡᠳᠭᠡᠨ  ᠠᠬᠢᠭᠤᠯᠵᠦ᠂ ᠠᠵᠢᠯ ᠤᠨ ᠨᠦᠬᠦᠴᠠᠯ ᠢ ᠰᠠᠶᠢᠵᠢᠷᠠᠭᠤᠯᠤᠨ᠂ ᠡᠬᠢ ᠪᠠᠶᠠᠯᠢᠭ ᠤᠨ ᠲᠤᠬᠢᠷᠠᠭᠤᠯᠤᠯᠳᠠ ᠶᠢ ᠰᠢᠯᠢᠳᠡᠭᠵᠢᠬᠦᠯᠵᠦ᠂ ᠬᠠᠤᠯᠢ ᠭᠡᠷᠡᠭᠵᠢᠬᠦᠯᠬᠦ ᠦᠷ᠎ᠠ ᠪᠦᠲᠤᠮᠵᠢ ᠶᠢ ᠲᠡᠭᠡᠭᠰᠢᠯᠡᠬᠦᠯᠦᠨ᠎ᠠ᠃       ︵ᠲᠦᠷᠪᠠ︶ ᠬᠠᠤᠯᠢ ᠭᠡᠷᠡᠭᠵᠢᠬᠦᠯᠬᠦ ᠠᠵᠢᠯᠯᠠᠭ᠎ᠠ ᠶᠢ ᠲᠦᠷᠢᠮᠵᠢᠬᠦᠯᠦᠨ᠎ᠠ       ᠬᠠᠤᠯᠢ ᠭᠡᠷᠡᠭᠵᠢᠬᠦᠯᠬᠦ ᠲᠡᠰ ᠲᠠᠷᠠᠭᠠᠯᠠᠯ ᠢ ᠲᠡᠬᠦᠯᠳᠡᠷᠵᠢᠬᠦᠯᠵᠦ᠂ ᠬᠠᠤᠯᠢ ᠭᠡᠷᠡᠭᠵᠢᠬᠦᠯᠬᠦ ᠠᠵᠢᠯ ᠤᠨ ᠲᠦᠷᠢᠮ ᠲᠤᠭᠳᠠᠭᠠᠯ ᠶᠠᠪᠤᠴᠠ ᠶᠢ ᠡᠮᠬᠢᠯᠠᠨ ᠨᠠᠶᠢᠷᠠᠭᠤᠯᠵᠦ᠂ ᠵᠠᠰᠠᠭ ᠵᠠᠬᠢᠷᠭᠠᠨ ᠤ ᠬᠠᠤᠯᠢ ᠭᠡᠷᠡᠭᠵᠢᠬᠦᠯᠬᠦ   ᠶᠢ ᠢᠯᠨ ᠪᠠᠷ ᠨᠠᠶᠢᠳᠡᠯᠡᠬᠦ ᠲᠦᠷᠢᠮ᠂ ᠬᠠᠤᠯᠢ ᠭᠡᠷᠡᠭᠵᠢᠬᠦᠯᠬᠦ ᠪᠦᠬᠦ ᠶᠠᠪᠤᠴᠠ ᠶᠢᠨ ᠲᠡᠮᠳᠡᠭᠯᠡᠯ ᠤᠨ ᠲᠦᠷᠢᠮ᠂ ᠴᠢᠬᠤᠯᠨ ᠶᠡᠭᠡ ᠬᠠᠤᠯᠢ ᠭᠡᠷᠡᠭᠵᠢᠬᠦᠯᠬᠦ ᠲᠤᠭᠳᠠᠭᠠᠯ ᠤᠨ ᠬᠠᠤᠯᠢ ᠲᠦᠷᠢᠮ ᠤᠨ ᠬᠢᠨᠠᠨ ᠬᠠᠷᠭᠤᠭᠤᠯᠬᠤ ᠲᠦᠷᠢᠮ ᠢ ᠴᠢᠩᠭ᠎ᠠ ᠭᠡᠷᠡᠭᠵᠢᠵᠬᠦᠯᠵᠦ᠂ ᠭᠤᠤᠯᠴᠢ ᠪᠤᠯᠪᠠᠰᠤᠨ ᠢᠶᠠᠷ ᠬᠠᠤᠯᠢ ᠭᠡᠷᠡᠭᠵᠢᠬᠦᠯᠬᠦ ᠶᠢ ᠴᠢᠩᠭ᠎ᠠ ᠲᠦᠷᠢᠮᠵᠢᠬᠦᠯᠵᠦ᠂ ᠪᠦᠬᠦ ᠠᠶᠢᠮᠠᠭ ᠤᠨ ᠵᠠᠮ ᠬᠠᠷᠢᠯᠴᠠᠭ᠎ᠠ ᠲᠡᠭᠡᠭᠡᠪᠤᠷᠢ ᠶᠢᠨ ᠶᠠᠷᠤᠩᠭᠡᠶᠢᠯᠡᠭᠰᠡᠨ ᠬᠠᠤᠯᠢ ᠭᠡᠷᠡᠭᠵᠢᠬᠦᠯᠬᠦ ᠨᠠᠶᠢᠳᠠ ᠶᠢᠨ ᠢᠳᠡᠭᠡᠬᠦᠯᠬᠦ ᠬᠦᠴᠦᠨ ᠢ ᠲᠡᠭᠡᠭᠰᠢᠯᠡᠬᠦᠯᠦᠨ᠎ᠠ᠃ ᠬᠠᠤᠯᠢ ᠭᠡᠷᠡᠭᠵᠢᠬᠦᠯᠬᠦ ᠬᠠᠷᠢᠭᠤᠴᠠᠯᠭ᠎ᠠ ᠶᠢᠨ ᠲᠦᠷᠢᠮ ᠢ ᠪᠦᠬᠦ ᠲᠠᠯ᠎ᠠ  ᠪᠠᠷ ᠨᠠᠶᠢᠳᠠᠪᠤᠷᠢᠵᠢᠭᠤᠯᠵᠦ᠂ ᠠᠶᠢᠮᠠᠭ ᠤᠨ ᠱᠠᠲᠤᠨ ᠤ ᠵᠠᠮ ᠬᠠᠷᠢᠯᠴᠠᠭ᠎ᠠ ᠲᠡᠭᠡᠭᠡᠪᠤᠷᠢ ᠶᠢᠨ ᠵᠠᠰᠠᠭ ᠵᠠᠬᠢᠷᠭᠠᠨ ᠤ ᠬᠠᠤᠯᠢ ᠭᠡᠷᠡᠭᠵᠢᠬᠦᠯᠬᠦ ᠳᠤ ᠬᠢᠨᠠᠯᠳᠠ ᠲᠡᠯᠪᠢᠬᠤ ᠲᠠᠪᠴᠠᠩ ᠢ ᠪᠠᠶᠢᠭᠤᠯᠵᠦ᠂ ᠡᠷᠭᠡ ᠬᠠᠷᠢᠭᠤᠴᠠᠯᠭ᠎ᠠ ᠨᠢ ᠲᠤᠲᠤᠷᠬᠠᠢ ᠬᠠᠤᠯᠢ ᠭᠡᠷᠡᠭᠵᠢᠬᠦᠯᠬᠦ ᠬᠠᠮᠢᠶᠠᠷᠤᠯᠳᠠ ᠶᠢᠨ ᠬᠠᠷᠢᠭᠤᠴᠠᠯᠭ᠎ᠠ ᠶᠢᠨ ᠰᠢᠰᠲ᠋ᠧᠮᠵᠢ ᠪᠠ ᠬᠠᠷᠢᠭᠤᠴᠠᠯᠭ᠎ᠠ ᠨᠡᠭᠡᠮᠵᠢᠯᠠᠬᠦ ᠲᠤᠭᠳᠠᠴᠠ ᠶᠢ ᠪᠠᠶᠢᠭᠤᠯᠤᠨ ᠪᠦᠷᠢᠨᠰᠢᠬᠦᠯᠦᠨ᠎ᠠ᠃ ᠤᠲᠤᠬᠢᠴᠢᠯᠠᠭᠰᠠᠨ ᠮᠡᠳᠡᠭᠡ ᠵᠠᠩᠬᠢ ᠶᠢᠨ ᠮᠡᠷᠭᠡᠵᠢᠯ ᠢ ᠬᠦᠢᠴᠡᠳ ᠭᠡᠷᠡᠭᠯᠡᠵᠦ᠂ ︽ᠢᠨᠲ᠋ᠧᠷ ᠰᠦᠯᠵᠢᠶ᠎ᠠ + ᠬᠢᠨ᠋ᠨᠨ ᠬᠠᠮᠢᠶᠠᠷᠤᠯᠳᠠ︾ ᠭᠡᠪ ᠮᠠᠶ᠋ᠢᠭ ᠢ ᠲᠡᠯᠭᠡᠷᠡᠬᠦᠯᠵᠦ᠂ ᠬᠠᠤᠯᠢ ᠭᠡᠷᠡᠭᠵᠢᠬᠦᠯᠬᠦ ᠠᠵᠢᠯ ᠢ ᠢᠯᠨ ᠪᠠᠶᠢᠯᠭᠠᠬᠤ᠂ ᠲᠤᠲᠤᠷᠬᠠᠢ ᠪᠠᠶᠢᠯᠭᠠᠬᠤ᠂ ᠪᠠᠷᠢᠮᠵᠢᠶᠠᠵᠢᠭᠤᠯᠬᠤ ᠶᠢ ᠠᠬᠢᠭᠤᠯᠵᠦ᠂ ᠬᠠᠤᠯᠢ ᠭᠡᠷᠡᠭᠵᠢᠬᠦᠯᠬᠦ ᠪᠠᠷᠢᠮᠵᠢᠶ᠎ᠠ ᠶᠢ ᠴᠢᠯᠦᠭᠡᠲᠡᠢ ᠭᠡᠮᠵᠢᠶᠠᠯᠠᠨ ᠪᠠᠷᠢᠮᠵᠢᠶᠠᠯᠠᠬᠤ ᠶᠢ ᠴᠢᠩᠭ᠎ᠠ ᠭᠡᠷᠡᠭᠵᠢᠬᠦᠯᠵᠦ᠂ ᠬᠠᠤᠯᠢ ᠭᠡᠷᠡᠭᠵᠢᠬᠦᠯᠦᠯᠳᠡ ᠶᠢ ᠲᠤᠷ᠎ᠠ ᠲᠠᠪᠠ ᠪᠠᠷ ᠪᠠᠶᠢᠯᠭᠠᠬᠤ ᠶᠢ ᠴᠢᠩᠭ᠎ᠠ ᠬᠤᠷᠢᠭᠯᠠᠵᠦ᠂ ᠠᠳᠠᠯᠢᠬᠠᠨ ᠭᠡᠷᠡᠭ ᠢ ᠠᠳᠠᠯᠢ ᠪᠤᠰᠤ ᠪᠠᠷ ᠲᠤᠷᠭᠠᠬᠤ ᠢᠯᠡᠷᠡᠯ ᠢ ᠦᠭᠡᠶᠢᠰᠭᠡᠨ᠎ᠠ᠃ ᠲᠤᠬᠠᠢ ᠶᠢᠨ ᠲᠠᠯᠠᠪᠠᠢ ᠳᠤ ᠬᠦᠷᠬᠦ ᠦᠭᠡᠢ ᠪᠠᠷ ᠬᠠᠤᠯᠢ ᠭᠡᠷᠡᠭᠵᠢᠬᠦᠯᠬᠦ ᠪᠠ ᠮᠡᠳᠡᠭᠡ ᠵᠠᠩᠬᠢᠴᠢᠯᠠᠭᠰᠠᠨ ᠬᠦᠳᠡᠯᠤᠩᠬᠦᠢ ᠬᠠᠤᠯᠢ ᠭᠡᠷᠡᠭᠵᠢᠬᠦᠯᠦᠯᠳᠡ ᠶᠢ ᠬᠦᠴᠦᠯᠠᠨ ᠠᠬᠢᠭᠤᠯᠵᠦ᠂ ᠬᠠᠤᠯᠢ ᠭᠡᠷᠡᠭᠵᠢᠬᠦᠯᠬᠦ ᠦᠪᠠᠷ ᠤᠨ ᠦᠷᠳᠡᠭ ᠢ ᠪᠠᠭᠤᠷᠠᠭᠤᠯᠣᠨ᠎ᠠ᠃ ᠬᠠᠤᠯᠢ ᠭᠡᠷᠡᠭᠵᠢᠬᠦᠯᠦᠯᠳᠡ ᠳᠤ ᠮᠡᠷᠭᠡᠵᠢᠯ ᠤᠨ ᠲᠤᠯᠭᠠᠭᠤᠷᠢᠯᠠᠯ ᠬᠠᠩᠭᠠᠭᠰᠠᠨ ᠪᠠᠶᠢᠭᠤᠯᠤᠮᠵᠢ ᠪᠠ ᠠᠵᠢᠯ ᠤᠨ ᠡᠩᠨᠡᠭᠡ ᠶᠢᠨ ᠪᠠᠶᠢᠭᠤᠯᠤᠯᠳᠠ ᠶᠢ ᠴᠢᠩᠭᠠᠳᠬᠠᠵᠦ᠂ ᠬᠠᠤᠯᠢ ᠭᠡᠷᠡᠭᠵᠢᠬᠦᠯᠬᠦ ᠴᠢᠨᠠᠷ ᠴᠢᠨᠰᠠᠭ᠎ᠠ ᠪᠠ ᠴᠢᠳᠠᠪᠤᠷᠢ ᠶᠢ ᠲᠡᠭᠡᠭᠰᠢᠯᠡᠬᠦᠯᠦᠨ᠎ᠠ᠃       ︵ᠲᠠᠪᠤ︶ ᠬᠠᠮᠵᠢᠯᠴᠠᠬᠤ ᠲᠤᠭᠳᠠᠴᠠ ᠶᠢ ᠪᠠᠶᠢᠭᠤᠯᠤᠨ ᠪᠦᠷᠢᠨᠰᠢᠬᠦᠯᠦᠨ᠎ᠠ       ᠵᠠᠮ ᠬᠠᠷᠢᠯᠴᠠᠭ᠎ᠠ ᠲᠡᠭᠡᠭᠡᠪᠤᠷᠢ ᠶᠢᠨ ᠶᠠᠷᠤᠩᠭᠡᠶᠢᠯᠡᠭᠰᠡᠨ ᠬᠠᠤᠯᠢ ᠭᠡᠷᠡᠭᠵᠢᠬᠦᠯᠬᠦ ᠪᠠᠶᠢᠭᠤᠯᠤᠮᠵᠢ ᠬᠢᠭᠡᠳ ᠵᠠᠮ ᠬᠠᠷᠢᠯᠴᠠᠭ᠎ᠠ ᠲᠡᠭᠡᠭᠡᠪᠤᠷᠢ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠦᠴᠢᠷ᠂ ᠮᠡᠷᠭᠡᠵᠢᠯ ᠤᠨ ᠬᠢᠨ᠋ᠨᠨ ᠰᠢᠯᠭᠠᠵᠦ ᠬᠢᠨ᠋ᠨᠨ ᠲᠤᠭᠳᠠᠭᠠᠬᠤ ᠪᠠᠶᠢᠭᠤᠯᠤᠮᠵᠢ᠂ ᠰᠦᠢᠳᠭᠡᠯ ᠬᠤᠷᠢᠶᠠᠬᠤ ᠵᠠᠰᠠᠮᠠᠯ ᠵᠠᠮ ᠤᠨ ᠡᠵᠡᠩᠨᠡᠯᠳᠡ ᠶᠢᠨ ᠠᠵᠤ ᠠᠬᠤᠶᠢᠯᠠᠯ᠂ ᠵᠠᠰᠠᠮᠠᠯ ᠵᠠᠮ ᠤᠨ ᠠᠷᠠᠴᠢᠯᠠᠨ ᠬᠠᠮᠠᠭᠠᠯᠠᠬᠤ ᠨᠢᠭᠡᠴᠠ᠂ ᠵᠠᠮ ᠲᠡᠭᠡᠭᠡᠪᠤᠷᠢ ᠶᠢᠨ ᠡᠵᠡᠩᠨᠡᠯᠳᠡ ᠶᠢᠨ ᠠᠵᠤ ᠠᠬᠤᠶᠢᠯᠠᠯ ᠵᠡᠷᠭᠡ ᠨᠢᠭᠡᠴᠠ ᠶᠢᠨ ᠮᠡᠳᠡᠭᠡ ᠵᠠᠩᠬᠢ ᠶᠢ ᠬᠠᠮᠲᠤ ᠪᠠᠷ ᠬᠤᠪᠢᠶᠠᠯᠴᠠᠬᠤ᠂ ᠠᠵᠢᠯ ᠤᠨ ᠵᠠᠯᠭᠠᠯᠲᠤᠬᠤ ᠲᠤᠭᠳᠠᠴᠠ ᠶᠢ ᠪᠠᠶᠢᠭᠤᠯᠤᠨ᠎ᠠ᠃ ᠵᠠᠮ ᠬᠠᠷᠢᠯᠴᠠᠭ᠎ᠠ ᠲᠡᠭᠡᠭᠡᠪᠤᠷᠢ ᠶᠢᠨ ᠶᠠᠷᠤᠩᠭᠡᠶᠢᠯᠡᠭᠰᠡᠨ ᠬᠠᠤᠯᠢ ᠭᠡᠷᠡᠭᠵᠢᠬᠦᠯᠬᠦ ᠪᠠᠶᠢᠭᠤᠯᠤᠮᠵᠢ ᠬᠢᠭᠡᠳ ᠰᠢᠬᠦᠨ ᠲᠠᠰᠤᠯᠬᠤ ᠪᠠᠶᠢᠭᠤᠯᠤᠯᠭ᠎ᠠ᠂ ᠪᠠᠶᠢᠴᠠᠭᠠᠬᠤ ᠪᠠᠶᠢᠭᠤᠯᠤᠯᠭ᠎ᠠ᠂ ᠲᠤᠲᠤᠭᠠᠲᠤ ᠶᠢ ᠬᠠᠮᠠᠭᠠᠯᠠᠬᠤ ᠪᠠᠶᠢᠭᠤᠯᠤᠯᠭ᠎ᠠ ᠶᠢᠨ ᠮᠡᠳᠡᠭᠡ ᠵᠠᠩᠬᠢ ᠶᠢ ᠬᠠᠮᠲᠤ ᠪᠠᠷ ᠬᠤᠪᠢᠶᠠᠯᠴᠠᠬᠤ᠂ ᠭᠡᠷᠡᠭ ᠤᠨ ᠪᠠᠶᠢᠳᠠᠯ ᠢ ᠮᠡᠳᠡᠭᠳᠡᠬᠦ᠂ ᠭᠡᠷᠡᠭ  ᠢ ᠰᠢᠯᠵᠢᠬᠦᠯᠦᠨ ᠳᠣᠰᠢᠶᠠᠬᠤ ᠵᠡᠷᠭᠡ ᠲᠦᠷᠢᠮ ᠢ ᠪᠠᠶᠢᠭᠤᠯᠵᠦ᠂ ᠵᠠᠰᠠᠭ ᠵᠠᠬᠢᠷᠭᠠᠨ ᠤ ᠬᠠᠤᠯᠢ ᠭᠡᠷᠡᠭᠵᠢᠬᠦᠯᠦᠯᠳᠡ ᠬᠢᠭᠡᠳ ᠡᠷᠡᠬᠦᠦ ᠶᠢᠨ ᠭᠡᠷᠡᠭ ᠤᠨ ᠬᠠᠤᠯᠢ ᠴᠠᠭᠠᠵᠠ ᠶᠢ ᠪᠦᠲᠤᠮᠵᠢᠲᠡᠢ ᠵᠠᠯᠭᠠᠯᠲᠤᠭᠤᠯᠬᠤ ᠶᠢ ᠠᠬᠢᠭᠤᠯᠤᠨ᠎ᠠ᠃ ᠵᠠᠮ ᠬᠠᠷᠢᠯᠴᠠᠭ᠎ᠠ ᠲᠡᠭᠡᠭᠡᠪᠤᠷᠢ ᠶᠢᠨ ᠬᠠᠤᠯᠢ ᠭᠡᠷᠡᠭᠵᠢᠬᠦᠯᠬᠦ ᠬᠢᠨ᠋ᠨᠨ ᠬᠠᠮᠢᠶᠠᠷᠤᠯᠳᠠ ᠬᠢᠭᠡᠳ ᠵᠠᠰᠠᠭ ᠵᠠᠬᠢᠷᠭᠠᠨ ᠤ ᠬᠢᠨ᠋ᠨᠨ ᠵᠦᠪᠰᠢᠶᠡᠷᠡᠬᠦ᠂ ᠨᠡᠶᠢᠭᠡᠮ ᠤᠨ ᠢᠳᠡᠭᠡᠮᠵᠢ ᠶᠢᠨ ᠮᠡᠳᠡᠭᠡ ᠵᠠᠩᠬᠢ ᠶᠢ ᠨᠡᠭᠡᠭᠡᠯᠳᠡ ᠲᠠᠢ ᠪᠠᠶᠢᠯᠭᠠᠵᠦ ᠬᠠᠮᠲᠤ ᠪᠠᠷ ᠬᠤᠪᠢᠶᠠᠯᠴᠠᠬᠤ ᠶᠢ ᠠᠬᠢᠭᠤᠯᠵᠦ᠂ ᠬᠠᠤᠯᠢ ᠭᠡᠷᠡᠭᠵᠢᠬᠦᠯᠦᠭᠰᠡᠨ ᠪᠠᠶᠢᠴᠠᠭᠠᠯᠳᠠ ᠶᠢᠨ ᠦᠷ᠎ᠠ  ᠳ᠋ᠦᠩ ᠢ ᠵᠠᠬ᠎ᠠ ᠲᠡᠯᠭᠡᠬᠦᠷ ᠤᠨ ᠭᠤᠤᠯ ᠴᠤᠭᠴᠠ ᠶᠢᠨ ᠢᠳᠡᠭᠡᠮᠵᠢ ᠶᠢᠨ ᠲᠡᠮᠳᠡᠭᠯᠡᠯ ᠳᠤ ᠤᠷᠤᠭᠤᠯᠵᠦ᠂ ᠬᠠᠮᠳᠣᠷᠠᠨ ᠵᠠᠯᠬᠠᠭᠠᠬᠤ ᠲᠦᠷᠢᠮ ᠢ ᠨᠠᠶᠢᠳᠠᠪᠤᠷᠢᠵᠢᠭᠤᠯᠤᠨ᠎ᠠ᠃       ︵ᠵᠢᠷᠭᠤᠭ᠎ᠠ︶ ᠠᠵᠢᠯ ᠤᠨ ᠰᠤᠷᠳᠠᠯ ᠤᠨ ᠪᠠᠶᠢᠭᠤᠯᠤᠯᠳᠠ ᠶᠢ ᠴᠢᠩᠭᠠᠷᠠᠭᠤᠯᠤᠨ᠎ᠠ       ᠰᠢᠨᠵᠢᠯᠡᠬᠦ ᠤᠬᠠᠭᠠᠨᠴᠢ ᠵᠦᠢ ᠵᠤᠬᠢᠰᠲᠡᠢ ᠪᠠᠷ ᠬᠠᠤᠯᠢ ᠭᠡᠷᠡᠭᠵᠢᠬᠦᠯᠬᠦ ᠶᠢ ᠬᠢᠨᠠᠨ ᠬᠠᠮᠢᠶᠠᠷᠬᠤ ᠠᠵᠢᠯ ᠤᠨ ᠪᠦᠲᠤᠮᠵᠢ ᠶᠢ ᠬᠢᠨ᠋ᠨᠨ ᠰᠢᠯᠭᠠᠬᠤ ᠰᠢᠰᠲ᠋ᠧᠮᠵᠢ ᠶᠢ ᠪᠠᠶᠢᠭᠤᠯᠵᠦ᠂ ᠵᠠᠮ ᠬᠠᠷᠢᠯᠴᠠᠭ᠎ᠠ ᠲᠡᠭᠡᠭᠡᠪᠤᠷᠢ ᠶᠢᠨ ᠵᠠᠰᠠᠭ ᠵᠠᠬᠢᠷᠭᠠᠨ ᠤ ᠬᠠᠤᠯᠢ ᠭᠡᠷᠡᠭᠵᠢᠬᠦᠯᠬᠦ ᠲᠤᠰᠢᠶᠠᠯ ᠬᠠᠷᠢᠭᠤᠴᠠᠯᠭ᠎ᠠ ᠶᠢ ᠬᠦᠢᠴᠡᠳᠭᠡᠬᠦ ᠪᠠ ᠬᠢᠨ᠋ᠨᠨ ᠬᠠᠮᠢᠶᠠᠷᠬᠤ ᠬᠠᠷᠢᠭᠤᠴᠠᠯᠭ᠎ᠠ ᠪᠠᠨ ᠬᠦᠢᠴᠡᠳᠭᠡᠭᠰᠡᠨ ᠪᠠᠶᠢᠳᠠᠯ ᠢ ᠪᠠᠶᠢᠴᠠᠭᠠᠬᠤ᠂ ᠦᠨᠠᠯᠡᠬᠦ ᠪᠠ ᠦᠷ᠎ᠠ ᠪᠦᠲᠤᠮᠵᠢ ᠶᠢᠨ ᠭᠡᠷᠡᠭᠯᠡᠭᠡᠨ  ᠢ ᠴᠢᠩᠭᠠᠳᠬᠠᠵᠦ᠂ ᠬᠠᠤᠯᠢ ᠭᠡᠷᠡᠭᠵᠢᠬᠦᠯᠵᠦ ᠭᠡᠷᠡᠭ ᠬᠦᠢᠴᠡᠳᠭᠡᠭᠰᠡᠨ ᠲᠤᠭ᠎ᠠ ᠭᠡᠮᠵᠢᠶ᠎ᠠ᠂ ᠶᠠᠰᠤ ᠴᠢᠨᠠᠷ᠂ ᠦᠷ᠎ᠠ ᠪᠦᠲᠤᠮᠵᠢ ᠵᠢᠴᠢ ᠬᠠᠤᠯᠢ ᠭᠡᠷᠡᠭᠵᠢᠬᠦᠯᠵᠦ ᠭᠡᠷᠡᠭ ᠬᠦᠢᠴᠡᠳᠭᠡᠬᠦ  ᠠᠵᠢᠯᠯᠠᠭ᠎ᠠ ᠶᠢᠨ ᠲᠤᠮᠳᠠᠬᠢ ᠬᠠᠤᠯᠢ ᠭᠡᠷᠡᠭᠵᠢᠬᠦᠯᠬᠦ ᠰᠠᠬᠢᠯᠭ᠎ᠠ ᠪᠠᠲᠤ᠂ ᠰᠠᠬᠢᠯᠭ᠎ᠠ ᠪᠠᠲᠤ ᠶᠢ ᠰᠠᠬᠢᠬᠤ᠂ ᠱᠠᠩᠨᠠᠯ ᠲᠤᠷᠭᠠᠭᠤᠯᠢ ᠶᠢ ᠬᠦᠯᠢᠶᠠᠨ ᠠᠪᠤᠭᠰᠠᠨ ᠪᠠᠶᠢᠳᠠᠯ ᠢᠶᠠᠷ ᠵᠠᠮ ᠬᠠᠷᠢᠯᠴᠠᠭ᠎ᠠ ᠲᠡᠭᠡᠭᠡᠪᠤᠷᠢ ᠶᠢᠨ ᠶᠠᠷᠤᠩᠭᠡᠶᠢᠯᠡᠭᠰᠡᠨ ᠬᠠᠤᠯᠢ ᠭᠡᠷᠡᠭᠵᠢᠬᠦᠯᠬᠦ ᠡᠩᠨᠡᠭᠡ ᠪᠠ ᠠᠵᠢᠯᠳᠠᠨ ᠢ ᠬᠢᠨ᠋ᠨᠨ ᠰᠢᠯᠭᠠᠵᠦ ᠦᠨᠠᠯᠠᠬᠦ ᠭᠤᠤᠯ ᠡᠰᠢ ᠪᠠᠷᠢᠮᠳᠠ ᠪᠤᠯᠭᠠᠨ᠎ᠠ᠃ ᠬᠠᠤᠯᠢ ᠭᠡᠷᠡᠭᠵᠢᠬᠦᠯᠬᠦ ᠡᠩᠨᠡᠭᠡ ᠶᠢᠨ ᠦᠵᠠᠯ ᠰᠠᠨᠠᠭ᠎ᠠ ᠤᠯᠤᠰ ᠲᠦᠷᠦ ᠪᠠ ᠶᠤᠰᠤ ᠰᠤᠷᠳᠠᠬᠤᠨ ᠭᠡᠪ ᠴᠢᠨᠠᠷ ᠤᠨ ᠬᠦᠮᠦᠵᠢᠯ ᠢ ᠴᠢᠩᠭᠠᠳᠬᠠᠵᠦ᠂ ᠬᠠᠤᠯᠢ ᠭᠡᠷᠡᠭᠵᠢᠬᠦᠯᠬᠦ ᠠᠵᠢᠯᠳᠠᠨ ᠢ ᠬᠦᠮᠦᠵᠢᠬᠦᠯᠦᠨ ᠬᠦᠲᠤᠯᠤᠨ ᠵᠢᠯᠤᠭᠤᠳᠴᠦ ᠬᠠᠤᠯᠢ ᠭᠡᠷᠡᠭᠵᠢᠬᠦᠯᠬᠦ ᠨᠢ ᠠᠷᠠᠳ ᠤᠨ ᠲᠦᠯᠦᠭᠡ ᠪᠠᠶᠢᠬᠤ ᠪᠠ ᠬᠠᠤᠯᠢ ᠶᠤᠰᠤᠭᠠᠷ ᠵᠠᠰᠠᠭ ᠶᠠᠪᠣᠭᠤᠯᠬᠤ ᠬᠠᠷᠢᠭᠤᠴᠠᠯᠭᠠᠲᠤ ᠤᠪᠤᠷ᠂ ᠡᠬᠦᠷᠭᠡᠲᠤ ᠰᠡᠳᠬᠢᠯᠬᠡ ᠶᠢ ᠪᠠᠲᠤ ᠪᠤᠢ ᠪᠤᠯᠭᠠᠵᠦ᠂ ᠬᠠᠮᠢᠶᠠᠷᠤᠯᠳᠠ ᠶᠢ ᠦᠢᠯᠡᠴᠢᠯᠡᠭᠡᠨ ᠳᠤ ᠤᠷᠤᠭᠤᠯᠵᠦ᠂ ᠲᠤᠬᠠᠶᠢᠯᠠᠭᠰᠠᠨ ᠠᠵᠢᠯ ᠳᠠᠭᠠᠨ ᠴᠠᠭᠠᠷᠠᠬᠤ ᠪᠠ ᠠᠵᠢᠯ ᠤᠨ ᠰᠤᠷᠳᠠᠯ ᠢᠶᠠᠨ ᠰᠢᠯᠢᠳᠡᠭᠵᠢᠬᠦᠯᠵᠦ᠂ ᠬᠦᠴᠦᠷᠭᠡᠭᠯᠠᠯ ᠢᠶᠠᠷ ᠬᠠᠤᠯᠢ ᠭᠡᠷᠡᠭᠵᠢᠬᠦᠯᠬᠦ ᠪᠠ ᠰᠤᠩᠭᠤᠯᠳᠠ ᠶᠢᠨ ᠴᠢᠨᠠᠷᠲᠡᠢ ᠪᠠᠷ ᠬᠠᠤᠯᠢ ᠭᠡᠷᠡᠭᠵᠢᠬᠦᠯᠬᠦ ᠶᠢ ᠡᠷᠡᠰ ᠬᠤᠷᠢᠭᠯᠠᠵᠦ᠂ ᠪᠦᠬᠦ ᠠᠶᠢᠮᠠᠭ ᠤᠨ ᠵᠠᠮ ᠬᠠᠷᠢᠯᠴᠠᠭ᠎ᠠ ᠲᠡᠭᠡᠭᠡᠪᠤᠷᠢ  ᠶᠢᠨ ᠶᠠᠷᠤᠩᠭᠡᠶᠢᠯᠡᠭᠰᠡᠨ ᠬᠠᠤᠯᠢ ᠬᠡᠷᠡᠭᠵᠢᠬᠦᠯᠬᠦ ᠡᠩᠨᠡᠭᠡ ᠶᠢᠨ ᠰᠢᠨ᠎ᠠ ᠲᠦᠷᠢ ᠲᠦᠷᠬᠦ ᠶᠢ ᠪᠤᠢ ᠪᠤᠯᠭᠠᠨ᠎ᠠ᠃       ᠭᠤᠷᠪᠠ᠂ ᠵᠤᠬᠢᠶᠠᠨ ᠪᠠᠶᠢᠭᠤᠯᠤᠨ ᠭᠡᠷᠡᠭᠵᠢᠬᠦᠯᠬᠦ       ︵ᠨᠢᠭᠡ︶ ᠵᠤᠬᠢᠶᠠᠨ ᠪᠠᠶᠢᠭᠤᠯᠤᠯᠳᠠ ᠶᠢᠨ ᠤᠲᠤᠷᠢᠲᠤᠯᠭ᠎ᠠ ᠪᠠᠨ ᠴᠢᠩᠭᠠᠳᠬᠠᠨ᠎ᠠ       ᠡᠯ᠎ᠠ ᠱᠠᠲᠤᠨ ᠤ ᠨᠠᠮ ᠤᠨ ᠬᠤᠷᠢᠶ᠎ᠠ ᠪᠠ ᠵᠠᠰᠠᠭ ᠤᠨ ᠤᠷᠲᠤᠨ ᠵᠢᠴᠢ ᠬᠠᠮᠢᠶ᠎ᠠ ᠪᠦᠬᠦᠢ ᠰᠠᠯᠠᠭ᠎ᠠ ᠮᠦᠴᠢᠷ ᠡᠷᠭᠡᠪᠰᠢ ᠶᠠᠷᠤᠩᠭᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠭᠡᠷᠡᠭᠵᠢᠬᠦᠯᠬᠦ ᠦᠭᠡᠷᠡᠴᠢᠯᠡᠯᠳᠡ ᠶᠢ ᠬᠦᠨᠵᠡᠭᠡᠶᠢᠷᠡᠬᠦᠯᠬᠦ ᠶᠢ ᠡᠲᠤᠷ ᠲᠤᠲᠤᠮ ᠤᠨ ᠴᠢᠬᠤᠯᠨ ᠵᠦᠪᠯᠡᠬᠦ ᠵᠦᠢᠯ ᠳᠡᠭᠡᠨ ᠤᠷᠤᠭᠤᠯᠵᠦ᠂ ᠦᠭᠡᠷᠡᠴᠢᠯᠡᠯᠳᠡ ᠳᠤ ᠬᠤᠯᠪᠤᠭᠳᠠᠬᠤ ᠪᠤᠳᠠᠲᠠᠢ ᠠᠰᠠᠭᠤᠳᠠᠯ ᠢ ᠬᠦᠨᠵᠡᠭᠡᠢ ᠰᠤᠲᠤᠯᠵᠦ᠂ ᠡᠬᠦᠷᠭᠡ ᠪᠠᠨ ᠨᠠᠷᠢᠯᠢᠭᠵᠢᠭᠤᠯᠤᠨ ᠵᠠᠳᠠᠯᠵᠦ᠂ ᠴᠠᠭ ᠬᠤᠭᠤᠴᠠᠭ᠎ᠠ  ᠶᠢᠨ ᠵᠠᠩᠬᠢᠯᠠᠭ᠎ᠠ ᠶᠢᠨ ᠴᠡᠭ ᠢᠶᠠᠨ ᠲᠤᠲᠤᠷᠬᠠᠶᠢᠯᠠᠵᠦ᠂ ᠬᠠᠷᠢᠭᠤᠴᠠᠯᠭ᠎ᠠ ᠪᠠᠨ ᠱᠠᠲᠤ ᠱᠠᠲᠤ ᠪᠠᠷ ᠪᠤᠳᠠᠳᠠᠶᠢᠵᠢᠭᠤᠯᠵᠦ᠂ ᠦᠭᠡᠷᠡᠴᠢᠯᠡᠯᠳᠡ ᠶᠢ ᠤᠷᠤᠭᠰᠢᠲᠡᠢ ᠲᠤᠭᠳᠠᠭᠤᠨ ᠢᠶᠠᠷ ᠠᠬᠢᠭᠤᠯᠬᠤ ᠶᠢ ᠦᠨ᠋ᠨᠨᠬᠦ ᠪᠠᠳᠣᠯᠠᠬᠤ ᠬᠡᠷᠡᠭᠳᠡᠢ᠃ ᠠᠶᠢᠮᠠᠭ  ᠤᠨ ᠵᠠᠮ ᠬᠠᠷᠢᠯᠴᠠᠭ᠎ᠠ ᠲᠡᠭᠡᠭᠡᠪᠤᠷᠢ ᠶᠢᠨ ᠲᠤᠪᠴᠢᠶ᠎ᠠ ᠡᠷᠭᠡᠪᠰᠢ ᠬᠤᠰᠢᠭᠤ ᠨᠡᠭᠡᠭᠡᠯᠳᠡ ᠶᠢᠨ ᠤᠷᠤᠨ ᠤ ᠵᠠᠮ ᠬᠠᠷᠢᠯᠴᠠᠭ᠎ᠠ ᠶᠢᠨ ᠦᠭᠡᠷᠡᠴᠢᠯᠡᠯᠳᠡ ᠶᠢᠨ ᠠᠵᠢᠯ ᠢ ᠵᠤᠬᠢᠴᠠᠭᠤᠯᠤᠨ ᠵᠢᠯᠤᠭᠤᠳᠬᠤ ᠶᠢ ᠴᠢᠩᠭᠠᠳᠬᠠᠵᠦ᠂  ᠵᠤᠬᠢᠶᠠᠨ ᠪᠠᠶᠢᠭᠤᠯᠬᠤ᠂ ᠪᠠᠶᠢᠭᠤᠯᠤᠮᠵᠢ ᠶᠢᠨ ᠤᠷᠤᠨ ᠲᠤᠭ᠎ᠠ᠂ ᠡᠳ᠋ ᠤᠨ ᠵᠠᠰᠠᠭ᠂ ᠬᠦᠮᠦᠨ ᠤ ᠬᠦᠴᠦᠨ ᠤ ᠡᠬᠢ ᠪᠠᠶᠠᠯᠢᠭ ᠪᠠ ᠨᠠᠶᠢᠭᠡᠮ ᠤᠨ ᠪᠠᠲᠤᠯᠠᠭ᠎ᠠ ᠵᠡᠷᠭᠡ ᠰᠠᠯᠠᠭ᠎ᠠ ᠮᠦᠴᠢᠷ ᠲᠠᠢ ᠬᠠᠮᠲᠤᠷᠠᠨ ᠦᠭᠡᠷᠡᠴᠢᠯᠡᠯᠳᠡ ᠶᠢᠨ ᠶᠠᠪᠤᠴᠠ ᠲᠤᠮᠳᠠᠬᠢ ᠠᠰᠠᠭᠤᠳᠠᠯ ᠢ ᠴᠠᠭ ᠲᠤᠬᠠᠢ ᠳᠤᠨᠢ ᠰᠤᠲᠤᠯᠤᠨ ᠰᠢᠢᠳᠪᠤᠷᠢᠯᠠᠬᠦ ᠭᠡᠷᠡᠭᠲᠡᠢ᠃       ︵ᠬᠤᠶᠠᠷ︶ ᠨᠠᠮ ᠤᠨ ᠪᠠᠶᠢᠭᠤᠯᠤᠯᠳᠠ ᠶᠢᠨ ᠠᠵᠢᠯ ᠢ ᠴᠢᠩᠭᠠᠳᠬᠠᠨ᠎ᠠ       ᠦᠭᠡᠷᠡᠴᠢᠯᠡᠯᠳᠡ ᠳᠤ ᠬᠤᠯᠪᠤᠭᠳᠠᠬᠤ ᠡᠯ᠎ᠠ ᠨᠢᠭᠡᠴᠠ ᠡᠷᠭᠡᠪᠰᠢ ᠶᠠᠷᠤᠩᠭᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠭᠡᠷᠡᠭᠵᠢᠬᠦᠯᠬᠦ ᠡᠩᠨᠡᠭᠡ ᠶᠢᠨ ᠨᠠᠮ ᠤᠨ ᠵᠤᠬᠢᠶᠠᠨ ᠪᠠᠶᠢᠭᠤᠯᠤᠯᠳᠠ ᠶᠢᠨ ᠴᠤᠭᠴᠠᠯᠠᠯᠳᠠ ᠶᠢ ᠴᠢᠩᠭᠠᠳᠬᠠᠵᠦ᠂ ᠨᠠᠮ ᠢᠶᠠᠨ ᠪᠦᠬᠦ ᠲᠠᠯ᠎ᠠ   ᠪᠠᠷ ᠴᠢᠩᠭ᠎ᠠ ᠵᠠᠰᠠᠬᠤ ᠠᠵᠢᠯ ᠤᠨ ᠦᠨᠲᠤᠰᠤᠨ ᠱᠠᠲᠤᠨ ᠳᠤ ᠨᠠᠶᠢᠳᠠᠪᠤᠷᠢᠵᠢᠭᠤᠯᠤᠭᠳᠠᠬᠤ  ᠶᠢ ᠪᠠᠳᠣᠯᠠᠬᠤ ᠬᠡᠷᠡᠭᠳᠡᠢ᠃ ᠦᠭᠡᠷᠡᠴᠢᠯᠡᠯᠳᠡ ᠶᠢᠨ ᠠᠬᠢᠴᠠ ᠶᠢᠨ ᠪᠠᠶᠢᠳᠠᠯ ᠢ ᠦᠨᠲᠤᠰᠦᠯᠠᠵᠦ᠂ ᠡᠯ᠎ᠠ ᠬᠦᠷᠢᠶ᠎ᠠ ᠭᠡᠪᠴᠢᠶᠠᠨ ᠤ ᠶᠠᠷᠤᠩᠭᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠭᠡᠷᠡᠭᠵᠢᠬᠦᠯᠬᠦ ᠡᠩᠨᠡᠭᠡ ᠶᠢᠨ ᠨᠠᠮ ᠤᠨ ᠵᠤᠬᠢᠶᠠᠨ ᠪᠠᠶᠢᠭᠤᠯᠤᠯᠳᠠ ᠶᠢ ᠴᠠᠭ ᠲᠤᠬᠠᠢ ᠳᠤᠨᠢ ᠪᠠᠶᠢᠭᠤᠯᠤᠨ ᠪᠦᠷᠢᠨᠰᠢᠬᠦᠯᠵᠦ᠂ ᠪᠠᠶᠢᠭᠤᠯᠤᠮᠵᠢ ᠶᠢᠨ ᠦᠭᠡᠷᠡᠴᠢᠯᠡᠯᠳᠡ ᠪᠠ ᠦᠨᠲᠤᠰᠤᠨ ᠱᠠᠲᠤᠨ ᠤ ᠨᠠᠮ ᠤᠨ ᠵᠤᠬᠢᠶᠠᠨ ᠪᠠᠶᠢᠭᠤᠯᠤᠯᠳᠠ ᠶᠢᠨ ᠴᠤᠭᠴᠠᠯᠠᠯᠳᠠ ᠶᠢ ᠬᠠᠮᠲᠤ ᠳᠤᠨᠢ ᠠᠬᠢᠭᠤᠯᠵᠦ᠂ ᠨᠠᠮ ᠤᠨ ᠵᠤᠬᠢᠶᠠᠨ ᠪᠠᠶᠢᠭᠤᠯᠤᠯᠳᠠ ᠶᠢᠨ ᠪᠦᠷᠬᠦᠴᠡ ᠪᠠ ᠠᠵᠢᠯ ᠤᠨ ᠪᠦᠷᠬᠦᠴᠠ ᠶᠢ ᠶᠡᠭᠡᠰᠭᠡᠵᠦ᠂ ᠦᠨᠲᠤᠰᠤᠨ ᠱᠠᠲᠤᠨ ᠤ ᠨᠠᠮ ᠤᠨ ᠵᠤᠬᠢᠶᠠᠨ ᠪᠠᠶᠢᠭᠤᠯᠤᠯᠳᠠ ᠶᠢᠨ ᠲᠠᠶᠢᠴᠢᠨ ᠪᠠᠬᠢᠯᠠᠯᠳᠠ ᠶᠢᠨ ᠦᠢᠯᠡᠲᠤᠯ ᠢ ᠪᠠᠳᠠᠷᠠᠭᠤᠯᠬᠤ ᠬᠡᠷᠡᠭᠳᠡᠢ᠃ ᠦᠭᠡᠷᠡᠴᠢᠯᠡᠯᠳᠠ ᠶᠢᠨ ᠰᠢᠯᠵᠢᠯᠳᠠ ᠶᠢᠨ ᠬᠤᠭᠤᠴᠠᠭᠠᠨ ᠳᠤ᠂ ᠡᠷᠭᠡᠪᠰᠢ ᠲᠤᠭᠳᠠᠭᠠᠯ ᠪᠠ ᠱᠠᠭᠠᠷᠳᠠᠯᠭ᠎ᠠ ᠶᠤᠰᠤᠭᠠᠷ ᠨᠠᠮ ᠤᠨ ᠪᠠᠶᠢᠭᠤᠯᠤᠯᠳᠠ ᠶᠢᠨ ᠠᠵᠢᠯ ᠢ ᠦᠷᠬᠦᠯᠵᠢᠯᠠᠨ ᠰᠠᠶᠢᠲᠤᠷ ᠬᠢᠵᠦ᠂ ᠨᠠᠮ ᠤᠨ ᠠᠵᠢᠯ ᠢ ᠲᠠᠰᠤᠯᠳᠠᠭᠤᠯᠬᠤ ᠦᠭᠡᠢ᠂ ᠨᠠᠮ ᠤᠨ ᠵᠤᠬᠢᠶᠠᠨ ᠪᠠᠶᠢᠭᠤᠯᠤᠯᠳᠠ ᠶᠢᠨ ᠠᠵᠢᠯ ᠢ ᠪᠠᠭᠤᠷᠠᠢ ᠪᠤᠯᠭᠠᠬᠤ ᠦᠭᠡᠢ᠂ ᠨᠠᠮ  ᠤᠨ ᠭᠡᠰᠢᠬᠦᠨ ᠤ ᠲᠡᠷᠢᠬᠦᠨ ᠤ ᠵᠢᠱᠢᠶᠠᠴᠢ ᠦᠢᠯᠡᠲᠤᠯ ᠢ ᠬᠦᠢᠴᠡᠳ ᠪᠠᠳᠠᠷᠠᠭᠤᠯᠬᠤ ᠶᠢ ᠦᠨ᠋ᠨᠨᠬᠦ ᠪᠠᠲᠤᠯᠠᠵᠦ᠂ ᠨᠠᠮ  ᠤᠨ ᠭᠡᠰᠢᠬᠦᠨ ᠢ ᠬᠦᠲᠤᠯᠤᠨ ᠵᠢᠯᠤᠭᠤᠳᠴᠦ ᠦᠭᠡᠷᠡᠴᠢᠯᠠᠯᠳᠠ ᠶᠢ ᠵᠦᠪ ᠤᠨᠤᠪᠴᠢᠲᠡᠢ ᠲᠠᠨᠢᠭᠤᠯᠵᠦ᠂ ᠦᠭᠡᠷᠡᠴᠢᠯᠠᠯᠳᠠ ᠳᠤ ᠢᠳᠡᠪᠬᠢᠲᠡᠢ ᠣᠷᠣᠯᠴᠠᠭᠤᠯᠬᠤ ᠬᠡᠷᠡᠭᠳᠡᠢ᠃       ︵ᠭᠤᠷᠪᠠ︶ ᠠᠵᠢᠯᠳᠠᠨ ᠤ ᠴᠢᠨᠠᠷ ᠴᠢᠨᠰᠠᠭ᠎ᠠ ᠶᠢ ᠴᠢᠩᠭ᠎ᠠ ᠠᠳᠬᠤᠨ᠎ᠠ       ᠵᠠᠰᠠᠭ ᠵᠠᠬᠢᠷᠭᠠᠨ ᠤ ᠬᠠᠤᠯᠢ ᠭᠡᠷᠡᠭᠵᠢᠬᠦᠯᠬᠦ ᠲᠦᠷᠦᠯ ᠤᠨ ᠠᠯᠪᠠᠳᠠᠨ ᠤ ᠬᠠᠮᠢᠶᠠᠷᠤᠯᠳᠠ ᠶᠢ ᠲᠦᠷᠢᠮᠵᠢᠬᠦᠯᠬᠦ  ᠱᠠᠭᠠᠷᠳᠠᠯᠭ᠎ᠠ ᠳᠤ ᠦᠯᠦ ᠨᠡᠶᠢᠴᠡᠬᠦ ᠠᠵᠢᠯᠳᠠᠨ ᠢ ᠬᠠᠤᠯᠢ ᠭᠡᠷᠡᠭᠵᠢᠬᠦᠯᠬᠦ ᠡᠩᠨᠡᠭᠡ ᠳᠤ ᠤᠷᠤᠭᠤᠯᠬᠤ ᠶᠢ ᠴᠢᠩᠭ᠎ᠠ ᠴᠠᠭᠠᠵᠠᠯᠠᠵᠦ᠂ ᠶᠤᠰᠤᠨ ᠳᠠᠭᠠᠨ ᠨᠠᠶᠢᠳᠠ ᠳᠤ ᠠᠰᠢᠭ ᠬᠦᠷᠳᠡᠭᠡᠬᠦ ᠦᠢᠯᠡᠴᠢᠯᠡᠭᠡᠨ ᠳᠤ ᠭᠡᠷᠡᠭᠯᠡᠬᠦ ᠠᠵᠢᠯ ᠦᠢᠯᠡᠰ ᠤᠨ ᠤᠷᠤᠨ ᠲᠤᠭ᠎ᠠ ᠶᠢ ᠡᠵᠡᠯᠡᠬᠦ ᠪᠠ ᠰᠢᠯᠵᠢᠬᠦᠯᠦᠨ ᠭᠡᠷᠡᠭᠯᠡᠬᠦ ᠶᠢ ᠡᠷᠡᠰ ᠴᠠᠭᠠᠵᠠᠯᠠᠨ᠎ᠠ᠃ ︽ᠤᠷᠤᠬᠤ ᠳᠤ  ᠵᠠᠪᠠᠯ ᠰᠢᠯᠭᠠᠬᠤ︾ ᠶᠢ ᠪᠠᠷᠢᠮᠳᠠᠯᠠᠵᠦ᠂ ᠡᠯ᠎ᠠ ᠬᠦᠷᠢᠶ᠎ᠠ ᠭᠡᠪᠴᠢᠶᠠᠨ ᠤ ᠶᠠᠷᠤᠩᠭᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠭᠡᠷᠡᠭᠵᠢᠬᠦᠯᠬᠦ ᠲᠤᠰᠬᠠᠢ ᠮᠡᠷᠭᠡᠵᠢᠯ ᠤᠨ ᠴᠢᠳᠠᠪᠤᠷᠢᠳᠠᠨ ᠤ ᠬᠠᠷᠢᠴᠠᠯ ᠢ ᠠᠯᠬᠤᠮ ᠠᠯᠬᠤᠮ ᠢᠶᠠᠷ ᠲᠡᠭᠡᠭᠰᠢᠯᠡᠬᠦᠯᠵᠦ᠂ ᠬᠠᠤᠯᠢ ᠭᠡᠷᠡᠭᠵᠢᠬᠦᠯᠬᠦ ᠡᠩᠨᠡᠭᠡ ᠶᠢᠨ ᠪᠦᠲᠤᠴᠠ ᠶᠢ ᠰᠢᠯᠢᠳᠡᠭᠵᠢᠬᠦᠯᠦᠨ᠎ᠠ᠃ ᠠᠵᠢᠯ ᠤᠨ ᠡᠩᠨᠡᠭᠡ ᠶᠢ ᠡᠮᠬᠢᠯᠠᠨ ᠨᠠᠶᠢᠯᠡᠬᠦᠯᠵᠦ ᠵᠤᠬᠢᠶᠠᠨ ᠪᠠᠶᠢᠭᠤᠯᠬᠤ ᠲᠠᠰᠢᠷᠠᠮ ᠢ ᠲᠠᠯᠢᠮᠳᠠᠭᠤᠯᠵᠦ ᠺᠠᠳ᠋ᠷ ᠪᠤᠯᠬᠤ ᠶᠢ ᠡᠷᠡᠰ ᠴᠠᠭᠠᠵᠠᠯᠠᠨ᠎ᠠ᠃ ᠬᠠᠤᠯᠢ ᠭᠡᠷᠡᠭᠵᠢᠬᠦᠯᠬᠦ ᠠᠵᠢᠯᠳᠠᠨ ᠠᠵᠢᠯ ᠤᠨ ᠦᠨᠡᠮᠯᠠᠯ ᠲᠠᠢ ᠪᠠᠷ ᠠᠵᠢᠯ ᠤᠨ ᠪᠠᠶᠢᠷᠢᠨ ᠳᠠᠭᠠᠨ ᠭᠠᠷᠬᠤ ᠪᠠ ᠬᠢᠷᠢ ᠭᠡᠮ ᠤᠨ ᠬᠠᠮᠢᠶᠠᠷᠤᠯᠳᠠ ᠶᠢᠨ ᠲᠦᠷᠢᠮ ᠢ ᠴᠢᠩᠭ᠎ᠠ ᠭᠡᠷᠡᠭᠵᠢᠬᠦᠯᠵᠦ᠂ ᠬᠠᠤᠯᠢ ᠭᠡᠷᠡᠭᠵᠢᠬᠦᠯᠬᠦ ᠡᠩᠨᠡᠭᠡ ᠶᠢᠨ ᠡᠯ᠎ᠠ ᠲᠦᠷᠦᠯ ᠤᠨ ᠠᠵᠢᠯᠯᠠᠭ᠎ᠠ ᠪᠠ ᠪᠤᠯᠪᠠᠰᠤᠷᠠᠯ ᠢ ᠵᠤᠬᠢᠶᠠᠨ ᠪᠠᠶᠢᠭᠤᠯᠤᠨ ᠦᠷᠨᠢᠬᠦᠯᠵᠦ᠂ ᠬᠠᠤᠯᠢ ᠭᠡᠷᠡᠭᠵᠢᠬᠦᠯᠬᠦ ᠠᠵᠢᠯᠳᠠᠨ ᠤ ᠶᠠᠷᠤᠩᠭᠡᠶᠢᠯᠡᠭᠰᠡᠨ ᠭᠡᠪ ᠪᠤᠯᠪᠠᠰᠤᠷᠠᠯ ᠪᠠ ᠬᠠᠤᠯᠢ ᠭᠡᠷᠡᠭᠵᠢᠬᠦᠯᠬᠦ ᠴᠢᠳᠠᠪᠤᠷᠢ ᠶᠢ ᠲᠡᠭᠡᠭᠰᠢᠯᠡᠬᠦᠯᠦᠨ᠎ᠠ᠃ ᠠᠵᠢᠯᠳᠠᠨ ᠤ ᠠᠵᠢᠯ ᠤᠨ ᠪᠠᠶᠢᠷᠢ ᠶᠢ ᠰᠢᠯᠵᠢᠬᠦᠯᠵᠦ ᠲᠤᠬᠢᠷᠠᠭᠤᠯᠬᠤ ᠤᠴᠢᠷ ᠵᠦᠢᠯ ᠢ ᠵᠤᠬᠢᠰᠲᠡᠢ ᠰᠢᠢᠳᠪᠤᠷᠢᠯᠠᠵᠦ᠂ ᠬᠠᠭᠤᠴᠢᠨ ᠬᠦᠮᠦᠨ ᠳᠤ ᠬᠠᠭᠤᠴᠢᠨ ᠠᠷᠭ᠎ᠠ᠂ ᠰᠢᠨ᠎ᠠ ᠬᠦᠮᠦᠨ ᠳᠤ ᠰᠢᠨ᠎ᠠ ᠠᠷᠭ᠎ᠠ ᠭᠡᠷᠡᠭᠯᠡᠬᠦ ᠵᠠᠷᠴᠢᠮ ᠶᠤᠰᠤᠭᠠᠷ᠂ ᠺᠠᠳ᠋ᠷ ᠠᠵᠢᠯᠳᠠᠨ ᠠᠵᠢᠯᠴᠢᠨ ᠤ ᠠᠵᠢᠯ ᠪᠠ ᠬᠦᠷᠳᠡᠭᠡᠮᠵᠢ ᠬᠠᠷᠠᠭᠠᠯᠵᠠᠯ ᠢ ᠵᠤᠬᠢᠰᠲᠡᠢ ᠲᠤᠬᠢᠷᠠᠭᠤᠯᠵᠦ᠂ ᠨᠢᠭᠡ ᠯᠨ ᠭᠡᠪ ᠢᠶᠠᠷ ᠠᠵᠢᠯᠳᠠᠨ ᠢ ᠴᠤᠮᠬᠠᠳᠬᠠᠵᠦ᠂ ᠰᠠᠯᠭᠠᠨ ᠲᠤᠬᠢᠷᠠᠭᠤᠯᠵᠦ ᠪᠤᠯᠬᠤ ᠦᠭᠡᠢ᠃       ︵ᠲᠦᠷᠪᠠ︶ ᠬᠠᠤᠯᠢ ᠭᠡᠷᠡᠭᠵᠢᠬᠦᠯᠬᠦ ᠪᠠᠲᠤᠯᠠᠭ᠎ᠠ ᠶᠢ ᠴᠢᠩᠭᠠᠷᠠᠭᠤᠯᠤᠨ᠎ᠠ       ᠡᠳ᠋ ᠤᠨ ᠵᠠᠰᠠᠭ ᠤᠨ ᠭᠡᠷᠡᠭ ᠶᠠᠪᠤᠳᠠᠯ ᠤᠨ ᠡᠷᠭᠡ ᠬᠢᠭᠡᠳ ᠵᠠᠷᠤᠯᠭ᠎ᠠ ᠶᠢᠨ ᠬᠠᠷᠢᠭᠤᠴᠠᠯᠭ᠎ᠠ ᠶᠢ ᠬᠠᠷᠢᠯᠴᠠᠨ ᠲᠤᠬᠢᠷᠠᠭᠤᠯᠬᠤ ᠵᠠᠷᠴᠢᠮ ᠶᠤᠰᠤᠭᠠᠷ᠂ ᠶᠠᠷᠤᠩᠭᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠭᠡᠷᠡᠭᠵᠢᠬᠦᠯᠬᠦ ᠵᠠᠷᠤᠳᠠᠯ ᠢ ᠠᠳᠠᠯᠢ ᠱᠠᠲᠤᠨ ᠤ ᠡᠳ᠋ ᠤᠨ ᠵᠠᠰᠠᠭ ᠤᠨ ᠲᠦᠰᠦᠪ ᠲᠤ ᠤᠷᠤᠭᠤᠯᠵᠦ᠂ ᠬᠠᠤᠯᠢ ᠭᠡᠷᠡᠭᠵᠢᠬᠦᠯᠬᠦ ᠠᠵᠢᠯ ᠤᠨ ᠭᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠶᠢ ᠦᠨ᠋ᠨᠨᠬᠦ ᠪᠠᠲᠤᠯᠠᠨ᠎ᠠ᠃ ᠲᠤᠷᠭᠠᠬᠤ ᠲᠤᠰᠢᠶᠠᠬᠤ ᠶᠢ ᠬᠤᠪᠢᠶᠠᠨ ᠰᠠᠯᠭᠠᠬᠤ ᠪᠠ ᠤᠷᠤᠯᠭ᠎ᠠ ᠵᠠᠷᠤᠯᠭ᠎ᠠ ᠶᠢᠨ ᠬᠤᠶᠠᠷ ᠱᠤᠭᠤᠮ ᠤᠨ ᠬᠠᠮᠢᠶᠠᠷᠤᠯᠳᠠ ᠶᠢᠨ ᠲᠦᠷᠢᠮ ᠢ ᠴᠢᠩᠭ᠎ᠠ ᠭᠡᠷᠡᠭᠵᠢᠬᠦᠯᠦᠨ᠎ᠠ᠃ ᠬᠠᠤᠯᠢ ᠭᠡᠷᠡᠭᠵᠢᠬᠦᠯᠬᠦ ᠠᠵᠢᠯ ᠤᠨ ᠬᠤᠪᠴᠠᠰᠤ᠂ ᠢᠯᠡᠷᠭᠡᠶᠢᠯᠠᠯ᠂ ᠦᠨᠡᠮᠯᠠᠯ᠂ ᠨᠤᠮ ᠪᠢᠴᠢᠭ ᠪᠠ ᠬᠠᠤᠯᠢ ᠭᠡᠷᠡᠭᠵᠢᠬᠦᠯᠬᠦ ᠳᠤ ᠭᠡᠷᠡᠭᠯᠡᠬᠦ ᠵᠢᠵᠢᠬᠦᠷ ᠤᠨ ᠲᠡᠷᠭᠡ ᠶᠢ ᠲᠤᠬᠢᠷᠠᠭᠤᠯᠬᠤ ᠵᠡᠷᠭᠡ ᠶᠢ ᠲᠦᠪ ᠤᠨ ᠨᠢᠭᠡᠲᠤᠯᠲᠡᠢ ᠲᠤᠭᠳᠠᠭᠠᠯ ᠶᠤᠰᠤᠭᠠᠷ ᠭᠡᠷᠡᠭᠵᠢᠬᠦᠯᠦᠨ᠎ᠠ᠃ ᠬᠠᠤᠯᠢ ᠭᠡᠷᠡᠭᠵᠢᠬᠦᠯᠬᠦ ᠠᠵᠢᠯᠳᠠᠨ ᠤ ᠲᠤᠬᠠᠶᠢᠯᠠᠭᠰᠠᠨ ᠠᠵᠢᠯ ᠤᠨ ᠪᠠᠲᠤᠯᠠᠭ᠎ᠠ ᠶᠢ ᠴᠢᠩᠭᠠᠳᠬᠠᠵᠦ᠂ ᠬᠠᠤᠯᠢ ᠭᠡᠷᠡᠭᠵᠢᠬᠦᠯᠬᠦ ᠠᠵᠢᠯᠳᠠᠨ ᠤ ᠴᠠᠯᠢᠩ ᠤᠨ ᠲᠦᠷᠦ ᠶᠢᠨ ᠪᠤᠲᠤᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠦ᠂ ᠬᠠᠤᠯᠢ ᠭᠡᠷᠡᠭᠵᠢᠬᠦᠯᠵᠦ ᠭᠡᠷᠡᠭ ᠰᠢᠢᠳᠪᠤᠷᠢᠯᠠᠬᠦ ᠠᠵᠢᠯᠳᠠᠨ ᠤ ᠠᠵᠢᠯ ᠠᠴᠠ ᠪᠤᠯᠤᠭᠰᠠᠨ ᠰᠢᠷᠬᠠᠲᠤᠯ ᠤᠨ ᠲᠠᠭᠠᠳᠬᠠᠯ ᠳᠤ ᠬᠠᠣᠯᠢ ᠶᠣᠰᠣᠭᠠᠷ ᠤᠷᠤᠯᠴᠠᠬᠤ ᠶᠢ ᠠᠬᠢᠭᠤᠯᠵᠦ᠂ ᠰᠠᠨᠠᠭᠠᠨ ᠠᠴᠠ ᠭᠠᠳᠠᠭᠤᠷ ᠰᠢᠷᠬᠠᠲᠤᠬᠤ ᠲᠠᠭᠠᠳᠬᠠᠯ ᠢ ᠬᠤᠳᠠᠯᠲᠤᠨ ᠠᠪᠬᠤ ᠪᠠᠷ ᠲᠠᠮᠵᠢᠭᠤᠯᠤᠨ ᠲᠤᠬᠠᠶᠢᠯᠠᠭᠰᠠᠨ ᠠᠵᠢᠯ ᠤᠨ ᠰᠢᠷᠬᠠᠲᠤᠯ ᠤᠨ ᠪᠠᠲᠤᠯᠠᠭ᠎ᠠ ᠶᠢᠨ ᠬᠢᠷᠢ ᠲᠦᠪᠰᠢᠨ ᠢ ᠲᠡᠭᠡᠭᠰᠢᠯᠡᠬᠦᠯᠬᠦ ᠶᠢ ᠬᠠᠶᠢᠨ ᠰᠦᠪᠡᠭᠴᠢᠯᠠᠬᠦ ᠶᠢ ᠵᠤᠷᠢᠭᠵᠢᠭᠤᠯᠵᠦ᠂ ᠲᠤᠬᠠᠶᠢᠯᠠᠭᠰᠠᠨ ᠠᠵᠢᠯ ᠤᠨ ᠠᠶᠤᠯ ᠲᠦᠭᠰᠢᠬᠦᠷᠢ ᠶᠢᠨ ᠪᠠᠲᠤᠯᠠᠭ᠎ᠠ ᠶᠢᠨ ᠲᠤᠭᠳᠠᠴᠠ ᠶᠢ ᠪᠦᠷᠢᠨᠰᠢᠬᠦᠯᠦᠨ᠎ᠠ᠃ ᠬᠠᠤᠯᠢ ᠭᠡᠷᠡᠭᠵᠢᠬᠦᠯᠬᠦ ᠶᠢ ᠬᠢᠨᠠᠨ ᠬᠠᠮᠢᠶᠠᠷᠬᠤ ᠳᠤ ᠲᠤᠰᠢᠶᠠᠯ ᠢᠶᠠᠨ ᠭᠤᠲᠤᠭᠠᠭᠰᠠᠨ ᠬᠠᠷᠢᠭᠤᠴᠠᠯᠭ᠎ᠠ ᠶᠢ ᠬᠠᠤᠯᠢ ᠴᠠᠭᠠᠵᠠ ᠰᠠᠬᠢᠯᠭ᠎ᠠ ᠪᠠᠲᠤ ᠶᠤᠰᠤᠭᠠᠷ᠂ ᠪᠤᠰᠤᠳᠴᠢ ᠲᠦᠪ ᠭᠤᠤᠯᠴᠢ ᠪᠠᠷ ᠨᠠᠭᠡᠮᠵᠢᠯᠠᠬᠦ  ᠶᠢ ᠪᠠᠷᠢᠮᠳᠠᠯᠠᠵᠦ᠂ ᠠᠯᠳᠠᠭ᠎ᠠ ᠶᠢ ᠪᠠᠭᠳᠠᠭᠠᠵᠦ ᠪᠤᠷᠤᠭᠤ ᠶᠢ ᠵᠠᠯᠠᠷᠠᠭᠤᠯᠬᠤ ᠲᠤᠭᠳᠠᠴᠠ ᠶᠢ ᠪᠠᠶᠢᠭᠤᠯᠤᠨ ᠪᠦᠷᠢᠨᠰᠢᠬᠦᠯᠵᠦ᠂ ᠬᠠᠤᠯᠢ ᠭᠡᠷᠡᠭᠵᠢᠬᠦᠯᠬᠦ ᠠᠵᠢᠯᠳᠠᠨ ᠤ ᠲᠤᠰᠢᠶᠠᠯ ᠢᠶᠠᠨ ᠬᠦᠢᠴᠡᠳᠭᠡᠬᠦ ᠤᠬᠠᠮᠰᠠᠷᠲᠤ ᠴᠢᠨᠠᠷ᠂ ᠢᠳᠡᠪᠬᠢᠵᠢᠯ ᠢ ᠨᠢ ᠲᠡᠭᠡᠭᠰᠢᠯᠡᠬᠦᠯᠦᠨ᠎ᠠ᠃ ᠤᠲᠤᠷᠢᠳᠬᠤ ᠺᠠᠳ᠋ᠷ ᠬᠠᠤᠯᠢ ᠲᠦᠷᠢᠮ ᠠᠴᠠ ᠵᠦᠷᠢᠴᠠᠵᠦ ᠬᠠᠤᠯᠢ ᠭᠡᠷᠡᠭᠵᠢᠬᠦᠯᠬᠦ ᠠᠵᠢᠯᠯᠠᠭ᠎ᠠ ᠳᠤ ᠭᠠᠷ ᠲᠦᠷᠦᠬᠦ᠂ ᠪᠤᠳᠠᠲᠠᠢ ᠭᠡᠷᠡᠭ ᠢ ᠪᠠᠶᠢᠴᠠᠭᠠᠨ ᠰᠢᠢᠳᠪᠤᠷᠢᠯᠠᠬᠦ   ᠳᠤ ᠭᠠᠷ ᠲᠦᠷᠦᠭᠰᠡᠨ ᠬᠠᠷᠢᠭᠤᠴᠠᠯᠭ᠎ᠠ ᠨᠡᠭᠡᠮᠵᠢᠯᠠᠬᠦ ᠲᠦᠷᠢᠮ ᠢ ᠨᠠᠶᠢᠳᠠᠪᠤᠷᠢᠵᠢᠭᠤᠯᠵᠦ᠂ ᠭᠠᠷ ᠲᠦᠷᠦᠭᠰᠡᠨ ᠤᠷᠤ ᠮᠦᠷ ᠪᠠ ᠲᠡᠮᠳᠡᠭᠯᠡᠯ ᠬᠢᠬᠦ ᠶᠢ ᠶᠠᠪᠤᠭᠳᠠᠭᠤᠯᠵᠦ᠂ ᠤᠷᠤᠨ ᠨᠤᠲᠤᠭ ᠤᠨ ᠬᠠᠮᠠᠭᠠᠯᠠᠬᠤ ᠦᠵᠠᠯ ᠢ ᠰᠡᠷᠭᠡᠶᠢᠯᠠᠨ ᠬᠤᠷᠢᠭᠯᠠᠵᠦ᠂ ᠬᠠᠤᠯᠢ ᠭᠡᠷᠡᠭᠵᠢᠬᠦᠯᠬᠦ ᠠᠵᠢᠯᠯᠠᠭ᠎ᠠ ᠳᠤ ᠬᠠᠤᠯᠢ ᠪᠤᠰᠤ ᠪᠠᠷ ᠭᠠᠷ ᠲᠦᠷᠦᠬᠦ ᠶᠢ ᠡᠷᠡᠰ ᠦᠭᠡᠶᠢᠰᠭᠡᠨ᠎ᠠ᠃       ︵ᠲᠠᠪᠤ︶ ᠬᠠᠤᠯᠢ ᠭᠡᠷᠡᠭᠵᠢᠬᠦᠯᠬᠦ ᠤᠴᠢᠷ ᠵᠦᠢᠯ ᠢ ᠴᠡᠪᠠᠷᠯᠠᠨ᠎ᠠ       ᠵᠠᠮ ᠬᠠᠷᠢᠯᠴᠠᠭ᠎ᠠ ᠲᠡᠭᠡᠭᠡᠪᠤᠷᠢ ᠶᠢᠨ ᠶᠠᠷᠤᠩᠭᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠭᠡᠷᠡᠭᠵᠢᠬᠦᠯᠬᠦ ᠡᠩᠨᠡᠭᠡ  ᠨᠢ ᠡᠷᠭᠡᠪᠰᠢ ᠬᠠᠤᠯᠢ ᠭᠡᠷᠡᠭᠵᠢᠬᠦᠯᠬᠦ ᠤᠴᠢᠷ ᠵᠦᠢᠯ ᠪᠠ ᠲᠤᠰᠢᠶᠠᠯ ᠬᠠᠷᠢᠭᠤᠴᠠᠯᠭ᠎ᠠ ᠡᠷᠭᠡ ᠶᠢᠨ ᠭᠡᠪᠴᠢᠶ᠎ᠠ ᠶᠢ ᠪᠦᠬᠦ ᠲᠠᠯ᠎ᠠ ᠪᠠᠷ ᠴᠡᠪᠠᠷᠯᠡᠬᠦ ᠶᠢ ᠲᠦᠷᠭᠡᠳᠭᠡᠨ ᠠᠬᠢᠭᠤᠯᠵᠦ᠂ ᠬᠠᠤᠯᠢ ᠭᠡᠷᠡᠭᠵᠢᠬᠦᠯᠬᠦ ᠤᠴᠢᠷ ᠵᠦᠢᠯ ᠤᠨ ᠨᠠᠷᠢᠨ ᠵᠦᠢᠯ ᠤᠨ ᠬᠠᠮᠢᠶᠠᠷᠤᠯᠳᠠ ᠶᠢᠨ ᠲᠦᠷᠢᠮ ᠢ ᠪᠠᠶᠢᠭᠤᠯᠤᠨ ᠪᠦᠷᠢᠨᠰᠢᠬᠦᠯᠬᠦ ᠶᠢᠨ ᠬᠠᠮᠲᠤ ᠬᠠᠤᠯᠢ ᠶᠤᠰᠤᠭᠠᠷ ᠴᠠᠭ ᠲᠤᠬᠠᠢ ᠳᠤᠨᠢ ᠬᠦᠳᠡᠯᠤᠩᠬᠦᠢ ᠲᠤᠬᠢᠷᠠᠭᠤᠯᠤᠯᠳᠠ ᠬᠢᠬᠦ ᠶᠢ ᠶᠠᠪᠤᠭᠳᠠᠭᠤᠯᠤᠨ᠎ᠠ᠃ ᠤᠯᠤᠰ ᠤᠨ ᠬᠠᠤᠯᠢ ᠴᠠᠭᠠᠵᠠ ᠬᠠᠤᠯᠢ ᠲᠦᠷᠢᠮ  ᠳᠤ ᠲᠤᠭᠳᠠᠭᠠᠭᠰᠠᠨ ᠵᠠᠰᠠᠪᠤᠷᠢ ᠤᠷᠤᠭᠤᠯᠤᠭᠰᠠᠨ ᠪᠠᠶᠢᠳᠠᠯ ᠪᠠ ᠶᠠᠷᠤᠩᠭᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠭᠡᠷᠡᠭᠵᠢᠬᠦᠯᠬᠦ ᠦᠭᠡᠷᠡᠴᠢᠯᠠᠯᠳᠠ ᠶᠢᠨ ᠱᠠᠭᠠᠷᠳᠠᠯᠭ᠎ᠠ ᠶᠢ ᠦᠨᠲᠤᠰᠦᠯᠠᠵᠦ᠂  ᠴᠡᠪᠡᠷᠯᠠᠵᠦ ᠵᠠᠰᠠᠪᠤᠷᠢ ᠤᠷᠤᠭᠤᠯᠬᠤ ᠠᠵᠢᠯ ᠢ ᠲᠦᠷᠭᠡᠳᠭᠡᠨ᠎ᠠ᠃ ᠬᠠᠤᠯᠢ ᠴᠠᠭᠠᠵᠠ ᠬᠠᠤᠯᠢ ᠲᠦᠷᠢᠮ ᠪᠠ ᠲᠤᠭᠳᠠᠭᠠᠯ ᠤᠨ ᠡᠰᠢ ᠪᠠᠷᠢᠮᠳᠠ ᠦᠭᠡᠢ ᠬᠠᠤᠯᠢ ᠭᠡᠷᠡᠭᠵᠢᠬᠦᠯᠬᠦ ᠤᠴᠢᠷ ᠵᠦᠢᠯ ᠢ ᠪᠦᠬᠦᠨ ᠢ ᠦᠭᠡᠶᠢᠰᠭᠡᠵᠦ᠂ ᠤᠷᠲᠤ ᠬᠤᠭᠤᠴᠠᠭ᠎ᠠ ᠪᠠᠷ ᠡᠬᠦᠰᠦᠭᠰᠡᠨ ᠦᠭᠡᠢ ᠪᠦᠭᠡᠳ ᠭᠡᠷᠡᠭᠵᠢᠬᠦᠯᠬᠦ ᠴᠢᠬᠤᠯᠨ ᠦᠭᠡᠢ᠂ ᠰᠤᠯᠪᠢᠴᠠᠨ ᠲᠠᠪᠬᠤᠴᠠᠭᠰᠠᠨ ᠬᠠᠤᠯᠢ ᠭᠡᠷᠡᠭᠵᠢᠬᠦᠯᠬᠦ ᠤᠴᠢᠷ ᠵᠦᠢᠯ ᠢ ᠴᠡᠪᠠᠷᠯᠡᠬᠦ ᠬᠦᠴᠦᠯᠠᠴᠠ ᠪᠠᠨ ᠡᠷᠭᠡᠪᠰᠢ ᠶᠡᠭᠡᠰᠭᠡᠵᠦ᠂ ᠵᠠᠰᠠᠭ ᠵᠠᠬᠢᠷᠭᠠᠨ ᠤ ᠬᠠᠤᠯᠢ ᠭᠡᠷᠡᠭᠵᠢᠬᠦᠯᠬᠦ   ᠴᠢᠬᠤᠯᠠ ᠪᠤᠰᠤ ᠠᠵᠢᠯᠯᠠᠭ᠎ᠠ ᠶᠢ ᠬᠠᠮᠤᠭ ᠤᠨ ᠶᠡᠭᠡ ᠭᠡᠮᠵᠢᠶ᠎ᠠ ᠪᠠᠷ ᠪᠠᠭᠠᠰᠬᠠᠨ᠎ᠠ᠃       ︵ᠵᠢᠷᠭᠤᠭ᠎ᠠ︶ ᠰᠠᠬᠢᠯᠭ᠎ᠠ ᠪᠠᠲᠤ ᠶᠤᠰᠤ ᠲᠦᠷᠢᠮ ᠢ ᠴᠢᠩᠳᠠᠯᠠᠨ᠎ᠠ       ᠤᠯᠤᠰ ᠲᠦᠷᠦ ᠶᠢᠨ ᠰᠠᠬᠢᠯᠭ᠎ᠠ ᠪᠠᠲᠤ ᠪᠠ ᠺᠠᠳ᠋ᠷ ᠠᠵᠢᠯᠳᠠᠨ ᠤ ᠶᠠᠪᠤᠳᠠᠯ ᠤᠨ ᠬᠠᠮᠢᠶᠠᠷᠤᠯᠳᠠ ᠶᠢᠨ ᠲᠤᠭᠳᠠᠭᠠᠯ ᠢ ᠴᠢᠩᠭ᠎ᠠ ᠵᠢᠷᠤᠮᠯᠠᠨ ᠰᠠᠬᠢᠵᠦ᠂ ᠦᠭᠡᠷᠡᠴᠢᠯᠡᠯᠳᠡ ᠶᠢ ᠲᠠᠯᠢᠮᠳᠠᠭᠤᠯᠤᠨ ᠲᠤᠲᠤᠭᠠᠲᠤ ᠪᠠᠶᠢᠭᠤᠯᠤᠮᠵᠢ ᠶᠢ ᠨᠡᠮᠡᠭᠳᠡᠬᠦᠯᠬᠦ᠂ ᠱᠠᠯᠠᠪᠳᠠᠨ ᠬᠦᠮᠦᠨ ᠤᠷᠤᠭᠤᠯᠬᠤ᠂ ᠱᠠᠯᠠᠪᠳᠠᠨ ᠲᠠᠪᠰᠢᠬᠦᠯᠬᠦ ᠪᠠ ᠺᠠᠳ᠋ᠷ ᠢ ᠲᠤᠬᠢᠷᠠᠭᠤᠯᠤᠨ ᠰᠤᠯᠢᠯᠴᠠᠬᠤ ᠵᠡᠷᠭᠡ ᠶᠢ ᠴᠢᠩᠭ᠎ᠠ  ᠴᠠᠭᠠᠵᠠᠯᠠᠨ᠎ᠠ᠃ ᠡᠳ᠋ ᠤᠨ ᠵᠠᠰᠠᠭ ᠠᠵᠤ ᠠᠬᠤᠢ ᠶᠢᠨ ᠰᠠᠬᠢᠯᠭ᠎ᠠ ᠪᠠᠲᠤ ᠶᠢ ᠴᠢᠩᠭᠠᠳᠬᠠᠵᠦ᠂ ᠡᠳ᠋ ᠬᠦᠷᠤᠩᠭᠡ ᠶᠢᠨ ᠬᠠᠮᠢᠶᠠᠷᠤᠯᠳᠠ ᠶᠢᠨ ᠠᠵᠢᠯ ᠢ ᠰᠠᠶᠢᠲᠤᠷ ᠬᠢᠵᠦ᠂ ᠤᠯᠤᠰ ᠤᠨ ᠦᠮᠴᠢᠯᠠᠯᠲᠤ ᠡᠳ᠋ ᠬᠦᠷᠦᠩᠭᠡ ᠶᠢᠨ ᠠᠯᠳᠠᠭᠳᠠᠯ ᠢ ᠡᠷᠡᠰ ᠬᠤᠷᠢᠭᠯᠠᠨ᠎ᠠ᠃ ᠡᠮᠬᠢᠯᠠᠨ ᠨᠠᠶᠢᠯᠡᠬᠦᠯᠵᠦ ᠲᠤᠬᠢᠷᠠᠭᠤᠯᠬᠤ ᠶᠠᠪᠤᠴᠠ ᠳᠤ ᠡᠷᠭᠡᠪᠰᠢ ᠡᠯ᠎ᠠ ᠲᠠᠯ᠎ᠠ ᠶᠢᠨ ᠠᠵᠢᠯ ᠤᠨ ᠵᠠᠯᠭᠠᠯᠳᠠ ᠶᠢ ᠰᠠᠶᠢᠲᠤᠷ ᠬᠢᠵᠦ᠂ ᠠᠵᠢᠯ ᠤᠨ ᠦᠷᠬᠦᠯᠵᠢᠯᠠᠬᠦ ᠴᠢᠨᠠᠷ ᠪᠠ ᠲᠤᠭᠳᠠᠪᠤᠷᠢᠲᠤ ᠴᠢᠨᠠᠷ ᠢ ᠪᠠᠷᠢᠮᠳᠠᠯᠠᠨ᠎ᠠ᠃
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号