ᠪᠠᠳᠡᠢ ᠶᠢᠨ ᠵᠢᠷᠡᠨ ᠤ ᠡᠯᠡᠰᠦ ᠮᠠᠩᠬᠠᠨ ᠤ ᠬᠡᠪᠡᠷᠡᠭ ᠤᠷᠴᠢᠨ ᠲᠤᠭᠤᠷᠢᠨ ᠤ ᠠᠮᠦᠷ ᠲᠦᠪᠰᠢᠨ ᠤ ᠬᠠᠯᠬᠠᠪᠴᠢ ᠶᠢ ᠪᠦᠷᠢᠯᠳᠦᠬᠦᠯᠪᠡ
ᠨᠡᠶᠢᠲᠡᠯᠡᠭᠰᠡᠨ ᠴᠠᠭ᠄
2020/9/25
                  ᠵᠢᠷᠤᠭ ᠪᠤᠯ᠂ ᠲᠦᠷᠦᠯ ᠵᠦᠢᠯ ᠤᠨ ᠺᠤᠮᠢᠰ ᠤᠨ ᠬᠢᠨ ᠬᠢᠨᠠᠨ ᠬᠡᠮᠵᠢᠬᠦ ᠠᠵᠢᠯ ᠢᠶᠠᠨ ᠦᠷᠨᠢᠬᠦᠯᠵᠦ ᠪᠠᠶᠢᠭ᠎ᠠ ᠨᠢ᠃ ︵ᠳ᠋ᠤᠸᠠᠨ ᠰᠢᠶᠤᠤ ᠢᠤᠢ ᠰᠡᠬᠦᠳᠡᠷᠯᠡᠪᠡ︶       ᠦᠪᠡᠷᠳᠡᠬᠡᠨ ᠵᠠᠰᠠᠬᠤ ᠤᠷᠤᠨ ᠤ ᠰᠢᠨᠵᠢᠯᠡᠭᠡ ᠮᠡᠷᠬᠡᠵᠢᠯ ᠤᠨ ᠴᠢᠬᠤᠯᠠ ᠵᠦᠢᠯ ᠪᠤᠯᠬᠤ ︽ᠪᠠᠳᠡᠢ ᠶᠢᠨ ᠵᠢᠷᠡᠨ  ᠤ ᠡᠯᠡᠰᠦ ᠮᠠᠩᠬᠠᠨ ᠤ ᠬᠡᠪᠡᠷᠡᠭ ᠤᠷᠴᠢᠨ ᠲᠤᠭᠤᠷᠢᠨ ᠤ ᠠᠮᠦᠷ ᠲᠦᠪᠰᠢᠨ ᠤ ᠬᠠᠯᠬᠠᠪᠴᠢ ᠶᠢ ᠪᠣᠢ ᠪᠤᠯᠭᠠᠬᠤ︾ ᠲᠦᠷᠦᠯ ᠵᠦᠢᠯ ᠱᠠᠳᠤᠴᠢ ᠴᠢᠨᠡᠷᠳᠡᠢ ᠠᠮᠵᠢᠯᠳᠠ ᠤᠯᠵᠠᠢ᠃ ᠲᠤᠰ ᠲᠦᠷᠦᠯ ᠵᠦᠢᠯ ᠨᠢ ᠮᠠᠨ ᠤ ᠤᠯᠤᠰ ᠤᠨ ᠡᠯᠡᠰᠦᠷᠬᠡᠭ ᠤᠷᠤᠨ ᠤ ᠬᠡᠪᠡᠷᠡᠭ ᠠᠮᠢ ᠠᠬᠤᠢ ᠶᠢᠨ ᠤᠷᠴᠢᠨ ᠲᠤᠭᠤᠷᠢᠨ ᠤ ᠠᠮᠦᠷ ᠲᠦᠪᠰᠢᠨ ᠵᠢᠴᠢ ᠡᠯᠡᠰᠦ ᠮᠠᠩᠬᠠᠨ ᠤ ᠡᠬᠢ ᠪᠠᠶᠠᠯᠢᠭ ᠢ ᠦᠷᠬᠦᠯᠵᠢᠯᠡᠨ ᠠᠰᠢᠭᠯᠠᠬᠤ ᠳᠤ ᠰᠢᠨᠵᠢᠯᠡᠬᠦ ᠤᠬᠠᠭᠠᠨ ᠤ ᠬᠡᠷᠡᠴᠢ ᠪᠠᠷᠢᠮᠳᠠ ᠬᠠᠨᠭ᠍ᠭᠠᠭᠰᠠᠨ ᠪᠠᠶᠢᠨ᠎ᠠ᠃       ᠲᠤᠰ ᠲᠦᠷᠦᠯ ᠵᠦᠢᠯ ᠢ ᠠᠶᠢᠮᠠᠭ ᠤᠨ ᠰᠢᠨᠵᠢᠯᠡᠭᠡ ᠮᠡᠷᠬᠡᠵᠢᠯ ᠤᠨ ᠲᠤᠪᠴᠢᠶᠠᠨ ᠠᠴᠠ 2018 ᠤᠨ ᠳᠤ ᠭᠤᠶᠤᠴᠢᠯᠠᠵᠦ᠂ 2019 ᠤᠨ ᠤ 4 ᠰᠠᠷ᠎ᠠ ᠳᠤ ᠡᠬᠢᠯᠡᠵᠦ ᠬᠡᠷᠡᠭᠵᠢᠬᠦᠯᠦᠭᠰᠡᠨ ᠠᠴᠠ ᠨᠠᠰᠢ᠂ ᠡᠯᠡᠰᠦᠷᠬᠡᠭ ᠤᠷᠤᠨ ᠤ ᠠᠮᠢ ᠠᠬᠤᠢ ᠶᠢ ᠰᠡᠷᠬᠦᠬᠡᠬᠦ ᠰᠤᠳᠤᠯᠭ᠎ᠠ᠂ ᠡᠯᠡᠰᠦ ᠶᠢ ᠲᠤᠭᠳᠠᠪᠤᠷᠢᠵᠢᠭᠤᠯᠬᠤ᠂ ᠡᠯᠡᠰᠦ ᠮᠠᠩᠬᠠᠨ ᠤ ᠠᠮᠢ ᠠᠬᠤᠢ ᠶᠢᠨ ᠵᠢᠭᠤᠯᠴᠢᠯᠠᠯ ᠢ ᠬᠦᠭᠵᠢᠬᠦᠯᠬᠦ ᠪᠠ ᠪᠠᠳᠡᠢ ᠶᠢᠨ ᠵᠢᠷᠡᠨ ᠤ ᠡᠯᠡᠰᠦ ᠮᠠᠩᠬᠠᠨ ᠤ ᠬᠡᠪᠡᠷᠡᠭ ᠤᠷᠴᠢᠨ ᠲᠤᠭᠤᠷᠢᠨ ᠢ ᠰᠠᠶᠢᠵᠢᠷᠠᠭᠤᠯᠬᠤ ᠳᠤ ᠰᠢᠨᠵᠢᠯᠡᠭᠡ ᠮᠡᠷᠬᠡᠵᠢᠯ ᠪᠤᠯᠤᠨ ᠠᠮᠦᠷ ᠲᠦᠪᠰᠢᠨ ᠤ ᠪᠠᠳᠤᠯᠠᠭ᠎ᠠ ᠬᠠᠨᠭ᠍ᠭᠠᠭᠰᠠᠭᠠᠷ ᠢᠷᠡᠵᠠᠢ᠃ ᠲᠠᠷᠠᠭᠠᠴᠢ ᠶᠢᠨ ᠠᠯᠬᠤᠮ ᠳᠤ᠂ ᠲᠦᠷᠦᠯ ᠵᠦᠢᠯ ᠤᠨ ᠺᠤᠮᠢᠰ ᠤᠨ ᠬᠢᠨ ᠲᠤᠷᠰᠢᠯᠳᠠ ᠶᠢᠨ ᠤᠷᠤᠨ ᠳᠤ ᠬᠢᠨᠠᠨ ᠬᠡᠮᠵᠢᠯᠳᠠ ᠪᠠ ᠦᠯᠢᠬᠡᠷ ᠡᠳ᠋ ᠴᠤᠭᠯᠠᠭᠤᠯᠬᠤ ᠠᠵᠢᠯ ᠢᠶᠠᠨ ᠦᠷᠬᠦᠯᠵᠢᠯᠡᠨ ᠦᠷᠨᠢᠬᠦᠯᠵᠦ᠂ ᠲᠦᠷᠦᠯ ᠵᠦᠢᠯ ᠤᠨ ᠵᠢᠯ ᠤᠨ ᠳᠦᠯᠦᠪᠯᠡᠭᠰᠡᠨ ᠡᠬᠦᠷᠬᠡ ᠪᠠᠨ ᠪᠡᠶᠡᠯᠡᠬᠦᠯᠬᠦ ᠶᠢᠨ ᠬᠠᠮᠲᠦ᠂ ᠪᠠᠳᠡᠢ ᠶᠢᠨ ᠵᠢᠷᠡᠨ ᠤ ᠡᠯᠡᠰᠦ ᠮᠠᠩᠬᠠᠨ ᠤ ᠠᠮᠢ ᠠᠬᠤᠢ ᠶᠢᠨ ᠤᠷᠴᠢᠨ ᠲᠤᠭᠤᠷᠢᠨ ᠢ ᠬᠠᠮᠠᠭᠠᠯᠠᠬᠤ ᠪᠠ ᠪᠦᠲᠦᠬᠡᠨ ᠪᠠᠶᠢᠭᠤᠯᠬᠤ ᠳᠤ ᠤᠨᠤᠯ ᠪᠤᠯᠤᠨ ᠦᠢᠯᠡᠳᠦᠯᠬᠡ ᠶᠢᠨ ᠲᠤᠯᠭᠠᠭᠤᠷᠢ ᠬᠠᠨᠭ᠍ᠭᠠᠬᠤ ᠪᠠᠷ ᠪᠤᠢ᠃
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号