︽ᠠᠯᠠᠱᠠ ᠠᠶᠢᠮᠠᠭ ᠤᠨ ᠣᠶᠢᠵᠢᠭᠤᠯᠣᠭᠰᠠᠨ ᠬᠠᠯᠬᠠᠪᠴᠢ ᠣᠶ ᠶᠢᠨ ᠨᠥᠬᠦᠪᠥᠷᠢ ᠥᠭᠬᠦ ᠲᠥᠷᠥ ᠶᠢᠨ ᠪᠣᠳᠣᠯᠭ᠎ᠠ ᠶᠢᠨ ᠬᠡᠷᠡᠭᠵᠢᠬᠦᠯᠬᠦ ᠠᠷᠭ᠎ᠠ︾ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2020/9/27
     ᠨᠢᠭᠡ᠂ ᠵᠠᠰᠠᠪᠤᠷᠢ ᠣᠷᠣᠭᠤᠯᠤᠭᠰᠠᠨ ᠠᠬᠤᠶ ᠪᠠᠶᠢᠳᠠᠯ      ᠣᠶᠢᠵᠢᠭᠤᠯᠬᠤ ᠳᠣᠭᠳᠠᠴᠠ ᠶᠢᠨ ᠰᠢᠨ᠎ᠡ ᠶᠢ ᠡᠭᠦᠳᠬᠦ ᠶᠢ ᠬᠠᠶᠢᠨ ᠰᠦᠪᠡᠭᠴᠢᠯᠡᠵᠦ᠂ ᠪᠦᠬᠦ ᠨᠡᠶᠢᠭᠡᠮ ᠢᠶᠠᠷ  ᠢᠶᠠᠨ ᠣᠶᠢᠵᠢᠭᠤᠯᠤᠯᠲᠠ ᠨᠣᠭᠤᠭᠠᠷᠠᠭᠤᠯᠤᠯᠲᠠ ᠳᠤ ᠣᠷᠣᠯᠴᠠᠬᠤ ᠶᠢ ᠠᠬᠢᠭᠤᠯᠵᠦ᠂ ᠴᠦᠯᠯᠡᠷᠬᠡᠭᠵᠢᠯ ᠢ ᠰᠡᠷᠭᠡᠶᠢᠯᠡᠨ ᠵᠠᠰᠠᠬᠤ ᠪᠠ ᠤᠯᠤᠰ ᠤᠨ ᠭᠠᠵᠠᠷ ᠰᠢᠷᠣᠶ ᠶᠢ ᠨᠣᠭᠤᠭᠠᠷᠠᠭᠤᠯᠬᠤ ᠠᠬᠢᠴᠠ ᠶᠢ ᠳᠦᠷᠭᠡᠳᠬᠡᠨ ᠠᠬᠢᠭᠤᠯᠬᠤ ᠶᠢᠨ ᠳᠣᠰᠠᠳᠠ᠂ 2010 ᠣᠨ ᠳᠤ ᠠᠶᠢᠮᠠᠭ ᠤᠨ ᠵᠠᠬᠢᠷᠭ᠎ᠠ ᠠᠴᠠ ︽ᠠᠯᠠᠱᠨ ᠠᠶᠢᠮᠠᠭ ᠤᠨ ᠭᠤᠤᠯᠳᠠᠯᠭ᠎ᠠ ᠲᠠᠢ ᠬᠤᠲᠠ ᠪᠠᠯᠭᠠᠰᠤ ᠶᠢᠨ ᠣᠶᠢᠵᠢᠭᠤᠯᠣᠭᠰᠠᠨ ᠬᠠᠯᠬᠠᠪᠴᠢ ᠣᠢ   ᠶᠢᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ︵ᠲᠤᠷᠰᠢᠨ ᠬᠡᠷᠡᠭᠵᠢᠬᠦᠯᠬᠦ︶︾ ︵ᠠᠯᠠᠱᠠ ᠵᠠᠬᠢᠷᠭ᠎ᠠ ᠠᠯᠪᠠᠨ ᠲᠠᠷᠬᠠᠭᠠᠭᠰᠠᠨ ﹇2010﹈ 16 ᠳ᠋ᠤᠭᠠᠷ ᠲᠣᠭᠠᠲᠤ︶        ︵ᠳᠣᠷᠣᠭᠰᠢ ︽ᠬᠠᠷᠠᠭᠠᠯᠵᠠᠯ ᠤᠨ ᠲᠥᠷᠥ ᠶᠢᠨ ᠪᠣᠳᠣᠯᠭ᠎ᠠ︾ ᠭᠡᠵᠦ ᠲᠣᠪᠴᠢᠯᠠᠨ᠎ᠠ︶ ᠶᠢ ᠨᠡᠶᠢᠲᠡᠯᠡᠪᠡ᠃         ︽ᠬᠠᠷᠠᠭᠠᠯᠵᠠᠯ ᠤᠨ ᠲᠥᠷᠥ ᠶᠢᠨ ᠪᠣᠳᠣᠯᠭ᠎ᠠ︾ ᠶᠢ ᠨᠡᠶᠢᠲᠡᠯᠡᠨ ᠬᠡᠷᠡᠭᠵᠢᠭᠦᠯᠦᠭᠰᠡᠨ ᠨᠢ ᠠᠯᠪᠠᠨ ᠤ ᠪᠤᠰᠤ ᠴᠣᠭᠴᠠ ᠶᠢᠨ ᠠᠮᠢ ᠠᠬᠤᠶ ᠶᠢᠨ ᠬᠠᠮᠠᠭᠠᠯᠠᠯᠲᠠ ᠪᠦᠲᠦᠭᠡᠨ ᠪᠠᠶᠢᠭᠤᠯᠤᠯᠲᠠ ᠪᠣᠯᠤᠨ ᠡᠯᠡᠰᠦ ᠮᠠᠩᠬ᠎ᠠ ᠶᠢ ᠰᠡᠷᠭᠡᠶᠢᠯᠡᠨ ᠵᠠᠰᠠᠬᠤ ᠢᠳᠡᠪᠬᠢᠵᠢᠯ ᠢ ᠨᠢ ᠶᠡᠬᠡᠪᠡᠷ ᠳᠠᠶᠢᠴᠢᠯᠠᠵᠦ᠂ ︽ᠤᠷᠢᠳᠠᠪᠠᠷ ᠣᠶᠢᠵᠢᠭᠤᠯᠵᠤ ᠳᠠᠷᠠᠭ᠎ᠠ ᠨᠢ ᠨᠥᠬᠦᠪᠥᠷᠢᠯᠡᠬᠦ︾᠂ ᠭᠡᠷ᠎ᠡ ᠶᠢᠨ ᠳᠦᠷᠢᠮ ᠢᠶᠠᠷ ᠣᠶᠢᠵᠢᠭᠤᠯᠬᠤ᠂ ᠬᠤᠷᠰᠢᠶᠠᠵᠢᠯ ᠢᠶᠠᠷ ᠣᠶᠢᠵᠢᠭᠤᠯᠬᠤ᠂ ᠲᠤᠰᠬᠠᠶ ᠠᠵᠢᠯ ᠤᠨ ᠡᠩᠨᠡᠬᠡᠨ ᠤ  ᠬᠢᠨ ᠢᠶᠠᠷ ᠣᠶᠢᠵᠢᠭᠤᠯᠬᠤ ᠵᠡᠷᠭᠡ ᠤᠢ ᠰᠢᠭᠤᠶ ᠶᠢᠨ ᠠᠮᠢ ᠠᠬᠤᠶ ᠶᠢᠨ ᠵᠠᠰᠠᠯᠳᠠ ᠶᠢᠨ ᠰᠢᠨ᠎ᠡ ᠲᠣᠭᠲᠠᠴᠠ᠂ ᠰᠢᠨ᠎ᠡ ᠬᠡᠪ ᠵᠠᠭᠪᠤᠷ ᠢ ᠠᠯᠬᠤᠮ ᠠᠯᠬᠤᠮ ᠢᠶᠠᠷ  ᠪᠦᠷᠢᠯᠳᠦᠬᠦᠯᠵᠦ᠂ ᠪᠦᠬᠦ ᠠᠶᠢᠮᠠᠭ ᠤᠨ ᠣᠶ ᠰᠢᠭᠤᠢ ᠶᠢᠨ ᠬᠡᠪᠴᠢᠶ᠎ᠡ ᠨᠢ ᠥᠩᠭᠡᠷᠡᠭᠰᠡᠨ ᠤ ᠵᠢᠯ ᠪᠦᠷᠢ ᠲᠦᠮᠡᠨ ᠮᠦ ᠬᠦᠷᠬᠦ ᠦᠭᠡᠶ ᠪᠠᠶᠢᠭᠰᠠᠨ ᠠᠴᠠ ᠪᠠᠨ ᠣᠳᠣᠬᠠᠨ ᠳᠤ ᠵᠢᠯ ᠪᠦᠷᠢ ᠶᠢᠨ ᠵᠠᠭᠤᠨ ᠲᠦᠮᠡᠨ ᠮᠦ ᠠᠴᠠ ᠳᠡᠭᠡᠭᠰᠢ ᠪᠣᠯᠵᠤ ᠨᠡᠮᠡᠭᠳᠡᠨ᠂ ᠮᠠᠰᠢ ᠢᠯᠡᠷᠬᠡᠶ ᠦᠷ᠎ᠡ ᠪᠦᠲᠦᠮᠵᠢ ᠣᠯᠵᠠᠶ᠃ ᠣᠶᠢᠷ᠎ᠠ ᠶᠢᠨ ᠵᠢᠯ ᠳᠤ᠂ ᠤᠯᠤᠰ ᠠᠴᠠ ᠣᠶᠢᠵᠢᠭᠤᠯᠤᠯᠲᠠ ᠶᠢᠨ ᠨᠥᠬᠦᠪᠥᠷᠢ ᠶᠢᠨ ᠪᠠᠷᠢᠮᠵᠢᠶ᠎ᠠ ᠪᠣᠯᠤᠨ ᠮᠡᠷᠭᠡᠵᠢᠯ ᠤᠨ ᠳᠦᠷᠢᠮ ᠶᠠᠪᠣᠴᠠ ᠳᠤ ᠳᠣᠬᠢᠷᠠᠭᠤᠯᠣᠯᠳᠠ ᠬᠢᠵᠦ ᠵᠠᠰᠠᠪᠤᠷᠢ ᠣᠷᠣᠭᠤᠯᠤᠭᠰᠠᠨ ᠪᠣᠯᠬᠤᠷ ᠮᠠᠨ ᠤ ᠠᠶᠢᠮᠠᠭ ᠤᠨ               ︽ᠬᠠᠷᠠᠭᠠᠯᠵᠠᠯ ᠤᠨ ᠲᠥᠷᠥ ᠶᠢᠨ ᠪᠣᠳᠣᠯᠭ᠎ᠠ︾ ᠶᠢᠨ ᠬᠡᠰᠡᠭ ᠵᠤᠷᠪᠤᠰ ᠨᠢᠭᠡᠨᠲᠡ ᠲᠣᠬᠢᠷᠠᠬᠤ ᠦᠭᠡᠢ ᠪᠣᠯᠵᠦ᠂ ᠵᠠᠰᠠᠪᠤᠷᠢ ᠣᠷᠣᠭᠤᠯᠵᠤ ᠲᠣᠬᠢᠷᠠᠭᠤᠯᠤᠯᠲᠠ ᠬᠢᠬᠦ ᠴᠢᠬᠤᠯᠠᠲᠠᠶ ᠪᠣᠯᠪᠠ᠃ ᠠᠶᠢᠮᠠᠭ ᠤᠨ ᠵᠠᠬᠢᠷᠭ᠎ᠠ ᠶᠢᠨ ᠰᠤᠳᠤᠯᠤᠨ ᠳᠣᠭᠳᠠᠭᠠᠬᠤ ᠪᠠᠷ ᠳᠠᠮᠵᠢᠨ᠂ ︽ᠬᠠᠷᠠᠭᠠᠯᠵᠠᠯ ᠤᠨ ᠲᠥᠷᠥ ᠶᠢᠨ ᠪᠣᠳᠣᠯᠭ᠎ᠠ︾ ᠶᠢ ︽2019 ᠣᠨ ᠤ ᠠᠯᠠᠱᠠ ᠠᠶᠢᠮᠠᠭ ᠤᠨ ᠵᠠᠬᠢᠷᠭ᠎ᠠ ᠶᠢᠨ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠳᠦ ᠪᠣᠳᠣᠯᠭ᠎ᠠ ᠶᠢᠨ ᠵᠦᠢᠯᠡᠰ ᠤᠨ ᠭᠠᠷᠴᠠᠭ︾ ᠲᠤ ᠣᠷᠣᠭᠤᠯᠵᠤ᠂ ᠠᠶᠢᠮᠠᠭ ᠤᠨ ᠣᠶ ᠰᠢᠭᠤᠶ  ᠨᠣᠳᠤᠭ ᠪᠡᠯᠴᠢᠭᠡᠷ ᠤᠨ ᠲᠣᠪᠴᠢᠶ᠎ᠠ ᠲᠦᠷᠦᠭᠦᠯᠡᠨ ᠵᠠᠰᠠᠪᠤᠷᠢ ᠣᠷᠣᠭᠤᠯᠬᠤ ᠠᠵᠢᠯ ᠢ ᠴᠠᠭ ᠲᠤᠬᠠᠶ ᠳᠤᠨᠢ ᠵᠣᠬᠢᠶᠠᠨ ᠪᠠᠶᠢᠭᠤᠯᠤᠨ ᠥᠷᠨᠢᠭᠦᠯᠪᠡ᠃ ᠣᠳᠣᠬᠠᠨ ᠳᠤ᠂ ᠰᠠᠨᠠᠯ ᠬᠤᠷᠢᠶᠠᠬᠤ᠂ ᠲᠤᠰᠬᠠᠶ ᠮᠡᠷᠭᠡᠵᠢᠯᠲᠡᠨ ᠤ ᠨᠤᠲᠠᠯᠠᠯᠲᠠ ᠬᠢᠬᠦ᠂ ᠠᠶᠤᠯ ᠲᠦᠭᠰᠢᠭᠦᠷᠢ ᠶᠢ ᠦᠨᠡᠯᠡᠨ ᠵᠢᠱᠢᠬᠦ᠂ ᠬᠠᠤᠯᠢ ᠶᠣᠰᠣᠴᠢ ᠴᠢᠨᠠᠷ ᠤᠨ ᠬᠢᠨᠠᠨ ᠪᠠᠶᠢᠴᠠᠭᠠᠯᠲᠠ ᠬᠢᠬᠦ ᠵᠡᠷᠭᠡ ᠬᠠᠮᠢᠶ᠎ᠠ ᠪᠥᠬᠦᠶ ᠠᠵᠢᠯ ᠢ ᠨᠢᠭᠡᠨᠲᠡ ᠪᠡᠶᠡᠯᠡᠬᠦᠯᠦᠭᠰᠡᠨ ᠪᠥᠭᠡᠳ ᠠᠶᠢᠮᠠᠭ ᠤᠨ ᠵᠠᠬᠢᠷᠭ᠎ᠠ ᠶᠢᠨ 2020 ᠣᠨ ᠤ ᠳᠠᠪᠣᠳᠣᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢᠶᠠᠷ ᠰᠤᠳᠤᠯᠤᠨ  ᠪᠠᠳᠣᠯᠠᠵᠦ᠂ 2020 ᠣᠨ ᠤ 7 ᠰᠠᠷ᠎ᠠ ᠶᠢᠨ 31 ᠤ ᠡᠳᠦᠷ ᠳᠠᠷᠤᠮᠠᠯᠯᠠᠨ ᠲᠠᠷᠬᠠᠭᠠᠵᠤ ᠬᠡᠷᠡᠭᠵᠢᠬᠦᠯᠪᠡ᠃      ᠬᠤᠶᠠᠷ᠂ ᠵᠠᠰᠠᠪᠤᠷᠢ ᠣᠷᠣᠭᠤᠯᠤᠭᠰᠠᠨ ᠭᠤᠤᠯ ᠦᠨᠳᠦᠰᠦᠯᠡᠯ      ︵ᠨᠢᠭᠡ︶ ᠤᠯᠤᠰ ᠤᠨ ᠣᠶ ᠰᠢᠭᠤᠶ ᠶᠢᠨ ᠲᠣᠪᠴᠢᠶ᠎ᠠ ᠶᠢᠨ ︽ᠲᠥᠪ ᠤᠨ ᠡᠳ᠋ ᠤᠨ ᠵᠠᠰᠠᠭ ᠤᠨ ᠣᠶ ᠰᠢᠭᠤᠶ ᠶᠢᠨ ᠨᠥᠬᠦᠪᠥᠷᠢ ᠶᠢᠨ ᠲᠤᠷᠰᠢᠯᠲᠠ ᠶᠢᠨ ᠴᠡᠭ ᠤᠨ ᠪᠠᠶᠢᠴᠠᠭᠠᠯᠲᠠ ᠬᠢᠵᠦ ᠰᠢᠯᠭᠠᠨ ᠠᠪᠬᠤ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶︾ ︵ᠣᠶᠢᠵᠢᠭᠤᠯᠣᠯᠳᠠ ᠲᠠᠷᠬᠠᠭᠠᠬᠤ ﹇2012﹈ 9 ᠳ᠋ᠣᠭᠡᠷ ᠲᠣᠭᠠᠲᠤ︶᠃      ︵ᠬᠤᠶᠠᠷ︶ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠤᠯᠤᠰ ᠤᠨ ᠣᠶ ᠰᠢᠭᠤᠶ ᠶᠢᠨ ᠳᠣᠪᠴᠢᠶ᠎ᠠ ᠶᠢᠨ ︽ᠭᠤᠤᠯᠳᠠᠯᠭ᠎ᠠ ᠲᠠᠢ ᠬᠠᠯᠬᠠᠪᠴᠢ ᠣᠶ ᠶᠢᠨ ᠢᠨᠵᠧᠨᠧᠷᠢᠩ ᠤᠨ ᠲᠥᠪ ᠤᠨ ᠲᠥᠰᠦᠪ ᠤᠨ ᠳᠣᠲᠣᠷᠠᠬᠢ ᠪᠠᠯᠠ ᠣᠷᠣᠭᠤᠯᠣᠯᠳᠠ ᠶᠢᠨ ᠲᠤᠰᠬᠠᠶ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶︾     ︵ᠬᠥᠭᠵᠢᠭᠦᠯᠦᠯᠲᠡ ᠦᠭᠡᠷᠡᠴᠢᠯᠡᠯᠳᠡ ᠪᠠᠯᠠ ᠣᠷᠣᠭᠤᠯᠤᠯᠲᠠ ︹ 2016 ︺ 719 ᠳ᠋ᠣᠭᠡᠷ ᠲᠣᠭᠠᠲᠤ︶᠂     ︽ᠪᠠᠶᠢᠭᠠᠯᠢ ᠶᠢᠨ ᠣᠶ ᠶᠢᠨ ᠡᠬᠢ ᠪᠠᠶᠠᠯᠢᠭ ᠢ ᠬᠠᠮᠠᠭᠠᠯᠠᠬᠤ ᠢᠨᠵᠧᠨᠧᠷᠢᠩ ᠤᠨ ᠬᠤᠶᠠᠳᠤᠭᠠᠷ ᠬᠤᠭᠤᠴᠠᠭᠠᠨ ᠤ ᠲᠥᠪ ᠤᠨ ᠲᠥᠰᠦᠪ ᠤᠨ ᠳᠣᠲᠣᠷᠠᠬᠢ ᠪᠠᠯᠠ ᠣᠷᠣᠭᠤᠯᠤᠯᠲᠠ ᠶᠢᠨ ᠲᠤᠰᠬᠠᠶ ᠬᠠᠮᠢᠶᠠᠷᠤᠯᠲᠠ ᠶᠢᠨ ᠠᠷᠭ᠎ᠠ          ︵ᠲᠤᠷᠰᠢᠨ ᠬᠡᠷᠡᠭᠵᠢᠭᠦᠯᠬᠦ︶︾ ︵ᠬᠥᠭᠵᠢᠭᠦᠯᠦᠯᠲᠡ ᠥᠭᠡᠷᠡᠴᠢᠯᠡᠯᠲᠡ ᠪᠠᠯᠠ ᠣᠷᠣᠭᠤᠯᠤᠯᠲᠠ ︹ 2016 ︺ 720 ᠳ᠋ᠤᠭᠠᠷ ᠲᠣᠭᠠᠲᠤ︶᠃      ︵ᠭᠤᠷᠪᠠ︶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠣᠢ ᠰᠢᠭᠤᠢ ᠶᠢᠨ ᠳᠢᠩᠬᠢᠮ ᠤᠨ ᠳᠠᠷᠬᠠᠭᠠᠭᠰᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶᠢᠵᠢᠭᠤᠯᠤᠯᠲᠠ ᠳᠤ ᠨᠥᠬᠦᠪᠥᠷᠢ ᠥᠭᠬᠦ ᠲᠤᠷᠰᠢᠯᠲᠠ ᠶᠢᠨ ᠴᠡᠭ ᠤᠨ ᠠᠵᠢᠯ ᠵᠢᠴᠢ ᠪᠠᠯᠠ ᠮᠦᠩᠬᠦ ᠶᠢᠨ ᠬᠡᠷᠡᠭᠯᠡᠯᠲᠡ ᠬᠠᠮᠢᠶᠠᠷᠤᠯᠲᠠ ᠶᠢᠨ ᠬᠡᠷᠡᠭᠵᠢᠭᠦᠯᠬᠦ ᠠᠷᠭ᠎ᠠ ︵ᠲᠤᠷᠰᠢᠨ ᠬᠡᠷᠡᠭᠵᠢᠭᠦᠯᠬᠦ︶︾ ︵ᠥᠪᠥᠷ ᠡᠳ᠋ ᠲᠠᠷᠢᠶᠠᠯᠠᠩ          ︹ 2010 ︺ 1217 ᠳ᠋ᠤᠭᠠᠷ ᠲᠣᠭᠠᠲᠤ︶᠃      ᠭᠤᠷᠪᠠ᠂ ᠵᠣᠷᠢᠯᠭ᠎ᠠ ᠠᠴᠢ ᠬᠤᠯᠪᠣᠭᠳᠠᠯ      ︽ᠲᠥᠷᠥ ᠶᠢᠨ ᠪᠣᠳᠣᠯᠭ᠎ᠠ︾ ᠶᠢ ᠨᠡᠶᠢᠲᠡᠯᠡᠨ ᠬᠡᠷᠡᠭᠵᠢᠭᠦᠯᠬᠦ ᠪᠠᠷ ᠳᠠᠮᠵᠢᠭᠤᠯᠤᠨ᠂ ᠮᠠᠨ ᠤ ᠠᠶᠢᠮᠠᠭ ᠨᠢ ᠠᠯᠠᠱᠠ ᠶᠢᠨ ᠡᠯᠡᠰᠦᠨ ᠤ ᠤᠷᠭᠤᠮᠠᠯ ᠤᠨ ᠡᠬᠢ ᠪᠠᠶᠠᠯᠢᠭ ᠤᠨ  ᠣᠨᠴᠣᠭᠤᠢ ᠴᠢᠳᠠᠮᠵᠢ ᠪᠦᠬᠦᠢ ᠳᠠᠪᠠᠭᠤᠯᠢᠭ ᠲᠠᠭᠠᠨ ᠳᠦᠰᠢᠭᠯᠡᠨ᠂ ᠠᠮᠢ ᠠᠬᠤᠢ ᠶᠢᠨ ᠬᠠᠮᠠᠭᠠᠯᠠᠯᠲᠠ ᠪᠦᠲᠦᠭᠡᠨ ᠪᠠᠶᠢᠭᠤᠯᠤᠯᠲᠠ ᠶᠢ ᠣᠢ ᠰᠢᠭᠤᠢ ᠡᠪᠡᠰᠦᠨ ᠤ ᠣᠨᠴᠠᠯᠢᠭᠲᠤ ᠠᠮᠢ ᠠᠬᠤᠢ ᠶᠢᠨ ᠠᠵᠤ ᠦᠢᠯᠡᠰ ᠤᠨ ᠬᠥᠭᠵᠢᠯᠲᠡ ᠲᠠᠢ ᠣᠷᠭᠠᠨᠢᠭ ᠢᠶᠠᠷ ᠣᠶᠠᠯᠳᠣᠭᠤᠯᠵᠦ᠂        ︽ᠤᠷᠢᠳᠠᠪᠠᠷ ᠣᠶᠢᠵᠢᠭᠤᠯᠵᠦ ᠳᠠᠷᠠᠭ᠎ᠠ ᠨᠢ ᠨᠥᠬᠦᠪᠥᠷᠢᠯᠡᠬᠦ︾᠂ ᠭᠡᠷ᠎ᠡ ᠶᠢᠨ ᠳᠦᠷᠢᠮ ᠢᠶᠠᠷ ᠣᠶᠢᠵᠢᠭᠤᠯᠬᠤ᠂ ᠬᠤᠷᠰᠢᠶᠠᠵᠢᠯ ᠢᠶᠠᠷ ᠣᠶᠢᠵᠢᠭᠤᠯᠬᠤ᠂ ᠲᠤᠰᠬᠠᠶ ᠠᠵᠢᠯ ᠤᠨ ᠡᠩᠨᠡᠭᠡ ᠶᠢᠨ ᠬᠢᠨ ᠢᠶᠠᠷ ᠣᠶᠢᠵᠢᠭᠤᠯᠬᠤ ᠵᠡᠷᠭᠡ ᠰᠢᠨ᠎ᠡ ᠲᠣᠭᠲᠠᠴᠠ᠂ ᠰᠢᠨ᠎ᠡ ᠵᠠᠭᠪᠤᠷ ᠢ ᠶᠡᠬᠡᠪᠡᠷ  ᠳᠡᠯᠭᠡᠷᠡᠬᠦᠯᠬᠦ ᠶᠢᠨ ᠬᠠᠮᠳᠣ᠂ ᠨᠢᠰᠬᠡᠯ ᠢᠶᠠᠷ ᠲᠠᠷᠢᠵᠤ ᠣᠶᠢᠵᠢᠭᠤᠯᠬᠤ᠂ ᠡᠯᠡᠰᠦ ᠶᠢ ᠪᠢᠲᠡᠭᠦᠮᠵᠢᠯᠡᠨ ᠣᠶᠢᠵᠢᠭᠤᠯᠬᠤ᠂ ᠮᠠᠭᠤᠳᠠᠭᠰᠠᠨ ᠣᠢ ᠶᠢ ᠵᠠᠰᠠᠨ ᠰᠡᠷᠭᠦᠭᠡᠬᠦ ᠵᠡᠷᠭᠡ ᠢᠨᠵᠧᠨᠧᠷᠢᠩ ᠤᠨ ᠲᠥᠷᠥᠯ ᠵᠦᠢᠯ ᠤᠨ ᠲᠤᠷᠰᠢᠯᠲᠠ ᠶᠢᠨ ᠴᠡᠭ ᠳᠡᠰᠢ ᠠᠯᠬᠤᠮ ᠠᠯᠬᠤᠮ ᠢᠶᠠᠷ ᠳᠡᠯᠭᠡᠷᠡᠬᠦᠯᠵᠦ᠂ ︽ᠠᠮᠢ ᠠᠬᠤᠢ ᠶᠢᠨ ᠪᠠᠶᠢᠭᠤᠯᠤᠯᠲᠠ ᠶᠢ ᠨᠡᠶᠢᠭᠡᠮᠴᠢᠯᠡᠵᠦ᠂ ᠠᠵᠤ ᠦᠢᠯᠡᠰᠵᠢᠭᠦᠯᠦᠨ᠂ ᠠᠵᠤ ᠦᠢᠯᠡᠰ ᠤᠨ ᠬᠥᠭᠵᠢᠯᠲᠡ ᠶᠢᠨ ᠠᠮᠢ ᠠᠬᠤᠶᠢᠴᠢᠯᠠᠯᠲᠠ︾ ᠶᠢᠨ ᠴᠢᠨᠠᠷ ᠰᠠᠶᠢᠲᠠᠶ ᠪᠦᠲᠦᠭᠡᠨ ᠪᠠᠶᠢᠭᠤᠯᠤᠯᠲᠠ ᠪᠠ ᠬᠥᠭᠵᠢᠯᠲᠡ ᠶᠢᠨ ᠵᠠᠮ ᠢᠶᠠᠷ ᠵᠠᠮᠨᠠᠬᠤ ᠶᠢ ᠪᠠᠷᠢᠮᠳᠠᠯᠠᠵᠦ᠂ ᠠᠮᠢ ᠠᠬᠤᠶ ᠶᠢᠨ ᠪᠠᠶᠢᠭᠤᠯᠤᠯᠲᠠ ᠶᠢᠨ ᠵᠠᠰᠠᠯᠳᠠ ᠶᠢᠨ ᠣᠷᠣᠨ ᠢ ᠠᠮᠢ ᠠᠬᠤᠶ ᠶᠢᠨ ᠬᠠᠮᠠᠭᠠᠯᠠᠯᠳᠠ ᠪᠦᠲᠦᠭᠡᠨ ᠪᠠᠶᠢᠭᠤᠯᠤᠯᠲᠠ ᠶᠢᠨ ᠭᠤᠤᠯ ᠲᠠᠯᠠᠪᠤᠷ ᠪᠣᠯᠭᠠᠬᠤ ᠪᠠᠷ ᠪᠠᠷᠠᠬᠤ ᠦᠭᠡᠶ᠂ ᠪᠠᠰᠠ ᠲᠡᠭᠦᠨ ᠢ ᠳᠠᠷᠢᠵᠦ ᠮᠠᠯᠲᠠᠬᠤ ᠣᠷᠣᠨ᠂ ᠵᠢᠭᠤᠯᠴᠢᠯᠠᠯ ᠤᠨ ᠣᠷᠣᠨ᠂ ᠠᠵᠤ ᠦᠢᠯᠡᠰ ᠤᠨ ᠣᠷᠣᠨ ᠪᠣᠯᠭᠠᠵᠤ᠂ ᠡᠯᠡᠰᠦᠷᠬᠡᠭ ᠣᠷᠣᠨ ᠤ ᠮᠠᠯᠴᠢᠨ ᠲᠠᠷᠢᠶᠠᠴᠢᠳ ᠤᠨ ᠤᠷᠲᠤ ᠬᠤᠭᠤᠴᠠᠭᠠᠨ ᠤ ᠲᠣᠭᠲᠠᠭᠤᠨ ᠢᠶᠠᠷ ᠤᠨᠠᠯᠲᠠ ᠪᠠᠨ ᠨᠡᠮᠡᠭᠳᠡᠬᠦᠯᠵᠦ ᠣᠷᠣᠯᠭ᠎ᠠ  ᠪᠠᠨ ᠨᠡᠮᠡᠭᠳᠡᠬᠦᠯᠦᠨ ᠶᠠᠳᠠᠭᠤ ᠠᠴᠠ ᠠᠩᠭᠢᠵᠢᠷᠠᠨ ᠴᠢᠨᠡᠭᠡᠯᠢᠭᠵᠢᠬᠦ ᠳᠤᠨᠢ ᠪᠠᠲᠤ ᠪᠠᠬᠢ ᠰᠠᠭᠤᠷᠢ ᠶᠢ ᠲᠠᠯᠪᠢᠵᠤ ᠠᠵᠤ ᠦᠢᠯᠡᠰ ᠤᠨ ᠬᠦᠭᠵᠢᠯᠳᠡ ᠨᠢ ᠨᠦᠬᠦᠭᠡ ᠳᠠᠯ᠎ᠠ ᠠᠴᠠ ᠠᠮᠢ ᠠᠬᠤᠶ ᠶᠢᠨ ᠬᠠᠮᠠᠭᠠᠯᠠᠯᠲᠠ ᠪᠦᠲᠦᠭᠡᠨ ᠪᠠᠶᠢᠭᠤᠯᠤᠯᠲᠠ ᠪᠣᠯᠤᠨ ᠦᠷ᠎ᠡ ᠪᠦᠲᠦᠭᠡᠯ ᠢ ᠪᠠᠬᠢᠵᠢᠭᠦᠯᠵᠡᠶ᠃ ᠡᠯᠡᠰᠦ ᠶᠢ ᠰᠡᠷᠭᠡᠶᠢᠯᠡᠨ ᠡᠯᠡᠰᠦ ᠶᠢ ᠵᠠᠰᠠᠬᠤ— ᠡᠬᠢ ᠪᠠᠶᠠᠯᠢᠭ ᠢ ᠨᠡᠭᠡᠭᠡᠨ ᠠᠰᠢᠭᠯᠠᠬᠤ—ᠦᠨᠳᠦᠷ ᠪᠦᠳᠦᠮᠵᠢᠳᠡᠢ ᠪᠠᠷ ᠠᠰᠢᠭᠯᠠᠬᠤ ᠮᠡᠷᠭᠡᠵᠢᠯ ᠤᠨ ᠰᠢᠰᠲ᠋ᠧᠮᠵᠢ ᠶᠢ ᠪᠦᠷᠢᠯᠳᠦᠭᠦᠯᠵᠡᠶ᠃ ᠠᠯᠪᠠᠨ ᠤ ᠪᠤᠰᠤ ᠴᠣᠭᠴᠠ ᠶᠢᠨ ᠠᠮᠢ ᠠᠬᠤᠶ ᠶᠢᠨ ᠬᠠᠮᠠᠭᠠᠯᠠᠯᠲᠠ ᠪᠦᠲᠦᠭᠡᠨ ᠪᠠᠶᠢᠭᠤᠯᠤᠯᠲᠠ ᠳᠤ ᠣᠷᠣᠯᠴᠠᠬᠤ ᠢᠳᠡᠪᠬᠢᠵᠢᠯ ᠢ ᠶᠡᠬᠡᠪᠡᠷ ᠳᠠᠶᠢᠴᠢᠯᠠᠵᠤ᠂ ᠠᠵᠤ ᠠᠬᠤᠶᠢᠯᠠᠯ᠂ ᠨᠡᠶᠢᠭᠡᠮ ᠤᠨ ᠪᠦᠯᠬᠦᠮ᠂ ᠮᠠᠯᠴᠢᠨ ᠲᠠᠷᠢᠶᠠᠴᠢᠨ ᠤ ᠠᠮᠢ ᠠᠬᠤᠶ ᠶᠢᠨ ᠬᠠᠮᠠᠭᠠᠯᠠᠯᠲᠠ ᠪᠦᠳᠦᠭᠡᠨ ᠪᠠᠶᠢᠭᠤᠯᠤᠯᠲᠠ ᠳᠤ ᠣᠷᠣᠯᠴᠠᠬᠤ  ᠰᠡᠳᠬᠢᠯᠭᠡ ᠣᠷᠬᠢᠯᠣᠮ᠎ᠠ ᠪᠠᠶᠢᠵᠦ᠂ ᠥᠩᠭᠡᠷᠡᠭᠰᠡᠨ ᠤ ᠰᠠᠨᠠᠭᠠᠴᠢᠯᠠᠭ᠎ᠠ ᠦᠭᠡᠶ ︽ᠨᠠᠳᠠ ᠪᠠᠷ ᠣᠶᠢᠵᠢᠭᠤᠯᠬᠤ ᠠᠵᠢᠯ ᠳᠤ ᠣᠷᠣᠯᠴᠠᠭᠤᠯᠬᠤ︾ ᠪᠠᠶᠢᠳᠠᠯ ᠠᠴᠠ ᠨᠢ ︽ᠪᠢ ᠣᠶᠢᠵᠢᠭᠤᠯᠬᠤ ᠠᠵᠢᠯ ᠳᠤ ᠣᠷᠣᠯᠴᠠᠬᠤ︾ ᠰᠠᠨᠠᠭᠠᠴᠢᠯᠠᠭᠠᠲᠤ ᠪᠠᠶᠢᠳᠠᠯ ᠪᠣᠯᠤᠨ ᠬᠤᠪᠢᠷᠠᠵᠦ᠂ ᠰᠠᠯᠠᠭ᠎ᠠ ᠮᠥᠴᠢᠷ ᠤᠨ ᠣᠶᠢᠵᠢᠭᠤᠯᠤᠯᠲᠠ ᠳᠤ ᠣᠷᠣᠯᠴᠠᠬᠤ ᠠᠴᠠ ᠨᠡᠶᠢᠭᠡᠮ ᠤᠨ ᠳᠠᠯ᠎ᠠ ᠶᠢᠨ ᠬᠢᠨ ᠣᠶᠢᠵᠢᠭᠤᠯᠤᠯᠲᠠ ᠳᠤ ᠣᠷᠣᠯᠴᠠᠬᠤ ᠲᠡᠰᠢ ᠬᠤᠪᠢᠷᠠᠵᠤ᠂ ᠠᠯᠪᠠᠨ ᠤ ᠪᠣᠰᠣ ᠴᠣᠭᠴᠠ ᠨᠢ ᠠᠮᠢ ᠠᠬᠤᠢ ᠶᠢᠨ ᠪᠠᠶᠢᠭᠤᠯᠤᠯᠲᠠ ᠶᠢᠨ ᠭᠤᠣᠯ ᠬᠦᠴᠦᠨ ᠪᠣᠯᠪᠠ᠃       ︽ᠤᠷᠢᠳᠠᠪᠠᠷ ᠣᠶᠢᠵᠢᠭᠤᠯᠵᠦ ᠳᠠᠷᠠᠭ᠎ᠠ ᠨᠢ ᠨᠥᠬᠦᠪᠥᠷᠢᠯᠡᠬᠦ︾ ᠠᠮᠢ ᠠᠬᠤᠢ ᠶᠢᠨ ᠵᠠᠰᠠᠯᠲᠠ ᠶᠢᠨ ᠵᠠᠭᠪᠤᠷ ᠢᠶᠠᠷ ᠳᠠᠮᠵᠢᠭᠤᠯᠣᠨ᠂ ᠪᠡᠯᠡ ᠮᠥᠩᠭᠦ ᠶᠢᠨ ᠬᠠᠮᠢᠶᠠᠷᠤᠯᠲᠠ ᠶᠢᠨ ᠪᠠᠶᠢᠭᠤᠯᠤᠯ ᠤᠨ ᠰᠢᠨ᠎ᠡ ᠶᠢ ᠡᠭᠦᠳᠴᠦ᠂ ᠣᠶᠢᠵᠢᠭᠤᠯᠤᠯᠲᠠ ᠶᠢᠨ ᠠᠮᠢᠵᠢᠷᠠᠯ ᠤᠨ ᠨᠣᠷᠮ᠎ᠠ᠂ ᠪᠠᠳᠣᠯᠬᠠᠣ ᠨᠣᠷᠮ᠎ᠠ ᠪᠣᠯᠤᠨ ᠣᠶᠢᠵᠢᠭᠤᠯᠤᠯᠲᠠ ᠶᠢᠨ ᠢᠨᠵᠧᠨᠧᠷᠢᠩ ᠤᠨ ᠶᠠᠰᠤ ᠴᠢᠨᠠᠷ ᠢ ᠪᠠᠲᠤᠯᠠᠵᠤ ᠴᠢᠳᠠᠬᠤ ᠪᠦᠭᠡᠳ ᠡᠯ᠎ᠡ ᠲᠠᠯ᠎ᠠ ᠶᠢᠨ ᠬᠢᠨ ᠤ ᠠᠰᠢᠭ ᠲᠤᠰᠠ ᠶᠢᠨ ᠳᠣᠬᠠᠢ ᠠᠩᠬᠠᠷᠤᠯ ᠲᠠᠯᠪᠢᠵᠤ  ᠪᠠᠶᠢᠭ᠎ᠠ ᠪᠠᠶᠢᠳᠠᠯ ᠢ ᠰᠢᠢᠳᠪᠦᠷᠢᠯᠡᠵᠦ᠂ ᠠᠮᠢ ᠠᠬᠤᠶ ᠶᠢᠨ  ᠪᠠᠶᠢᠭᠤᠯᠤᠯᠲᠠ ᠶᠢᠨ ᠪᠡᠯᠡ ᠮᠥᠩᠭᠦ ᠶᠢᠨ ᠬᠡᠷᠡᠭᠯᠡᠯᠲᠡ ᠶᠢᠨ ᠦᠷ᠎ᠡ ᠠᠰᠢᠭ ᠪᠣᠯᠤᠨ ᠠᠵᠢᠯᠯᠠᠭᠠᠨ ᠤ ᠠᠮᠤᠷ ᠲᠦᠪᠰᠢᠨ ᠢ ᠳᠡᠭᠡᠭᠰᠢᠯᠡᠭᠦᠯᠵᠦ᠂ ᠠᠷᠠᠳ ᠣᠯᠠᠨ ᠢ ᠠᠮᠢ ᠠᠬᠤᠶ ᠶᠢᠨ ᠬᠠᠮᠠᠭᠠᠯᠠᠯᠲᠠ ᠪᠦᠳᠦᠭᠡᠨ ᠪᠠᠶᠢᠭᠤᠯᠤᠯᠲᠠ ᠶᠢᠨ ᠬᠠᠮᠤᠭ ᠤᠨ ᠶᠡᠭᠡ ᠠᠰᠢᠭ ᠬᠦᠷᠲᠡᠭᠴᠢ ᠪᠣᠯᠤᠨ ᠢᠳᠡᠪᠬᠢᠲᠡᠶ ᠣᠷᠣᠯᠴᠠᠭᠴᠢ ᠪᠣᠯᠭᠠᠵᠦ᠂ ᠠᠮᠢ ᠠᠬᠤᠶ ᠶᠢᠨ ᠵᠠᠰᠠᠯᠲᠠ ᠳᠠᠬᠢ  ᠦᠢᠯᠡᠳᠪᠦᠷᠢᠯᠡᠯ ᠡᠵᠡᠩᠨᠡᠯᠲᠡ ᠶᠢᠨ ᠠᠷᠭ᠎ᠠ ᠮᠠᠶ᠋ᠢᠭ ᠢ ᠬᠤᠪᠢᠷᠠᠭᠤᠯᠬᠤ ᠨᠢᠭᠡᠨ ᠵᠣᠷᠢᠭᠲᠠᠶ ᠲᠤᠷᠰᠢᠯᠲᠠ ᠮᠥᠨ ᠪᠣᠯᠬᠤᠷ ᠲᠦᠢᠯ ᠤᠨ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ ᠡᠬᠡ ᠤᠯᠤᠰ ᠤᠨ ᠤᠮᠠᠷᠠᠲᠤ ᠬᠢᠯᠢ ᠶᠢᠨ ᠠᠮᠢ ᠠᠬᠤᠢ ᠶᠢᠨ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠶᠢᠭᠤᠯᠬᠤ ᠪᠠ ᠣᠷᠣᠨ ᠪᠦᠰᠡ ᠶᠢᠨ ᠠᠵᠤ ᠠᠬᠤᠶ ᠨᠡᠶᠢᠭᠡᠮ ᠤᠨ ᠦᠷᠭᠦᠯᠵᠢᠯᠡᠨ ᠲᠡᠩᠴᠡᠭᠦᠷᠢᠲᠡᠶ ᠬᠥᠭᠵᠢᠬᠦ ᠶᠢ ᠡᠷᠴᠢᠮᠳᠡᠢ ᠠᠬᠢᠭᠤᠯᠵᠤ᠂ ︽ᠣᠯᠠᠨ ᠳᠠᠯ᠎ᠠ ᠳᠤ ᠠᠮᠵᠢᠯᠳᠠ ᠣᠯᠣᠭᠰᠠᠨ︾ ᠠᠮᠢ ᠠᠬᠤᠶ ᠶᠢᠨ ᠬᠠᠮᠠᠭᠠᠯᠠᠯᠲᠠ ᠪᠦᠳᠦᠭᠡᠨ ᠪᠠᠶᠢᠭᠤᠯᠤᠯᠲᠠ ᠶᠢᠨ ᠪᠠᠶᠢᠷᠢᠰᠢᠯ ᠢ ᠪᠦᠷᠢᠯᠳᠦᠭᠦᠯᠵᠦ᠂ ᠡᠶ᠎ᠡ ᠵᠣᠬᠢᠴᠠᠩᠭᠤᠢ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠬᠤ ᠳᠤ ᠴᠢᠬᠤᠯᠠ ᠬᠤᠪᠢ ᠨᠡᠮᠡᠷᠢ ᠦᠵᠡᠭᠦᠯᠵᠡᠶ᠃      ᠳᠥᠷᠪᠡ᠂ ᠵᠠᠰᠠᠪᠤᠷᠢ ᠣᠷᠣᠭᠤᠯᠤᠭᠰᠠᠨ ᠬᠠᠮᠢᠶ᠎ᠠ ᠪᠥᠬᠦᠶ ᠠᠭᠤᠯᠭ᠎ᠠ ᠵᠦᠢᠯ ᠵᠤᠷᠪᠤᠰ      ᠣᠶᠢᠵᠢᠭᠤᠯᠣᠭᠰᠠᠨ ᠬᠠᠯᠬᠠᠪᠴᠢ ᠣᠢ ᠶᠢᠨ ᠨᠥᠬᠦᠪᠥᠷᠢ ᠥᠭᠬᠦ ᠲᠥᠷᠥ ᠶᠢᠨ ᠪᠣᠳᠣᠯᠭ᠎ᠠ ᠶᠢᠨ ᠲᠣᠬᠢᠷᠠᠬᠤ ᠬᠡᠪᠴᠢᠶ᠎ᠡ᠂ ᠬᠡᠷᠡᠭᠯᠡᠬᠦ ᠭᠠᠵᠠᠷ ᠤᠨ ᠬᠡᠪᠴᠢᠶ᠎ᠡ᠂ ᠨᠥᠬᠦᠪᠥᠷᠢ ᠥᠭᠬᠦ ᠪᠠᠷᠢᠮᠵᠢᠶ᠎ᠠ᠂ ᠮᠡᠳᠡᠭᠦᠯᠬᠦ ᠵᠢᠷᠤᠮ ᠶᠠᠪᠣᠴᠠ᠂ ᠰᠢᠯᠭᠠᠨ ᠠᠪᠬᠤ ᠪᠠᠷᠢᠮᠵᠢᠶ᠎ᠠ᠂ ᠨᠦᠬᠦᠪᠦᠷᠢ ᠮᠥᠩᠭᠦ ᠶᠢ ᠭᠠᠷᠳᠠᠭᠤᠯᠬᠤ ᠵᠡᠷᠭᠡ ᠳᠤ ᠭᠤᠤᠯᠳᠠᠯᠭ᠎ᠠ ᠲᠠᠢ ᠪᠠᠷ ᠵᠠᠰᠠᠪᠤᠷᠢ ᠣᠷᠣᠭᠤᠯᠤᠨ ᠲᠡᠭᠦᠯᠳᠡᠷᠵᠢᠭᠦᠯᠪᠡ᠃     1. ᠲᠥᠷᠥ ᠶᠢᠨ ᠪᠣᠳᠣᠯᠭ᠎ᠠ ᠶᠢᠨ ᠨᠡᠷᠡᠶᠢᠳᠦᠯ ᠳᠤ ᠵᠠᠰᠠᠪᠤᠷᠢ ᠣᠷᠣᠭᠤᠯᠵᠤ᠂ ᠤᠤᠯ ᠤᠨ ︽ᠠᠯᠠᠱᠠ ᠠᠶᠢᠮᠠᠭ ᠤᠨ ᠭᠤᠣᠯᠳᠠᠯᠭ᠎ᠠ ᠲᠠᠢ ᠬᠤᠲᠠ ᠪᠠᠯᠭᠠᠰᠤ ᠶᠢᠨ ᠣᠶᠢᠵᠢᠭᠤᠯᠣᠭᠰᠠᠨ ᠬᠠᠯᠬᠠᠪᠴᠢ ᠣᠶ ᠶᠢᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ︵ᠲᠤᠷᠰᠢᠨ ᠭᠡᠷᠡᠭᠵᠢᠬᠦᠯᠬᠦ︶︾ ᠶᠢ ︽ᠠᠯᠠᠱᠠ ᠠᠶᠢᠮᠠᠭ ᠤᠨ ᠣᠶᠢᠵᠢᠭᠤᠯᠣᠭᠰᠠᠨ ᠬᠠᠯᠬᠠᠪᠴᠢ ᠣᠶ ᠶᠢᠨ ᠨᠥᠬᠦᠪᠥᠷᠢ ᠥᠭᠬᠦ ᠲᠥᠷᠥ ᠶᠢᠨ ᠪᠣᠳᠣᠯᠭ᠎ᠠ ᠶᠢᠨ ᠬᠡᠷᠡᠭᠵᠢᠭᠦᠯᠬᠦ ᠠᠷᠭ᠎ᠠ︾ ᠭᠡᠵᠦ ᠵᠠᠰᠠᠪᠤᠷᠢ ᠣᠷᠣᠭᠤᠯᠪᠠ᠃     2. ᠤᠤᠯ ᠤᠨ ︽ᠬᠠᠷᠠᠭᠠᠯᠵᠠᠯ ᠤᠨ ᠲᠥᠷᠥ ᠶᠢᠨ ᠪᠣᠳᠣᠯᠭ᠎ᠠ︾ ᠨᠢ ᠨᠡᠶᠢᠲᠡ ᠲᠠᠪᠤᠨ ᠪᠦᠯᠦᠭ ᠠᠷᠪᠠᠨ ᠵᠢᠷᠭᠤᠭᠠᠨ ᠵᠤᠷᠪᠤᠰ ᠪᠠᠶᠢᠵᠤ᠂ ᠵᠠᠰᠠᠪᠤᠷᠢ ᠣᠷᠣᠭᠤᠯᠤᠭᠰᠠᠨ ᠤ ᠳᠠᠷᠠᠭᠠᠬᠢ ︽ᠬᠡᠷᠡᠭᠵᠢᠭᠦᠯᠬᠦ ᠠᠷᠭ᠎ᠠ︾ ᠳᠤ ᠬᠤᠪᠢᠶᠠᠷᠢ ᠪᠦᠯᠦᠭ ᠤᠨ ᠦᠬᠦᠯᠡᠯᠳᠡ ᠶᠢ ᠬᠠᠰᠣᠵᠦ᠂ ᠨᠡᠶᠢᠲᠡ ᠠᠷᠪᠠᠨ ᠵᠢᠷᠭᠤᠭᠠᠨ ᠵᠤᠷᠪᠤᠰ ᠪᠣᠯᠭᠠᠪᠠ᠃     3. ᠣᠶᠢᠵᠢᠭᠤᠯᠣᠭᠰᠠᠨ ᠬᠠᠯᠬᠠᠪᠴᠢ ᠣᠢ ᠶᠢᠨ ᠳᠣᠬᠢᠷᠠᠬᠤ ᠬᠦᠷᠢᠶ᠎ᠡ ᠬᠡᠪᠴᠢᠶ᠎ᠡ᠂ ᠭᠠᠵᠠᠷ ᠬᠡᠷᠡᠭᠯᠡᠬᠦ ᠱᠠᠭᠠᠷᠳᠠᠯᠭ᠎ᠠ ᠳᠤ ᠵᠠᠰᠠᠪᠣᠷᠢ ᠣᠷᠣᠭᠤᠯᠪᠠ᠃ ᠨᠢᠭᠡ ᠳᠤ᠂  ᠣᠶᠢᠵᠢᠭᠤᠯᠣᠭᠰᠠᠨ ᠬᠠᠯᠬᠠᠪᠴᠢ ᠤᠢ ᠶᠢᠨ ᠬᠡᠪᠴᠢᠶ᠎ᠡ ᠶᠢ ᠬᠥᠮᠦᠨ ᠤ ᠬᠦᠴᠦ ᠪᠠᠷ ᠣᠶᠢᠵᠢᠭᠤᠯᠵᠤ ᠪᠠᠶᠢᠭᠰᠠᠨ ᠠᠴᠠ ᠨᠢ ᠨᠢᠰᠬᠡᠯ ᠢᠶᠠᠷ ᠣᠶᠢᠵᠢᠭᠤᠯᠬᠤ᠂ ᠡᠯᠡᠰᠦ ᠶᠢ ᠪᠢᠲᠡᠭᠦᠮᠵᠢᠯᠡᠨ ᠣᠶᠢᠵᠢᠭᠤᠯᠬᠤ᠂ ᠮᠠᠭᠤᠳᠠᠭᠰᠠᠨ ᠤᠢ ᠶᠢ ᠵᠠᠰᠠᠨ ᠰᠡᠷᠭᠦᠭᠡᠬᠦ ᠵᠡᠷᠭᠡ ᠬᠦᠷᠲᠡᠯ᠎ᠡ ᠦᠷᠭᠡᠳᠬᠡᠪᠡ᠃ ᠬᠤᠶᠠᠷ ᠲᠤ᠂ ᠬᠠᠮᠤᠭ ᠤᠨ ᠳᠣᠤᠷ᠎ᠠ ᠨᠦᠬᠦᠪᠦᠷᠢ ᠦᠭᠭᠦ ᠣᠶᠢᠵᠢᠭᠤᠯᠣᠯᠳᠠ ᠶᠢᠨ ᠲᠠᠯᠠᠪᠠᠶ ᠶᠢ 500 ᠮᠦ ᠠᠴᠠ ᠳᠡᠭᠡᠭᠰᠢ ᠪᠠᠶᠢᠭᠰᠠᠨ ᠠᠴᠠ ᠨᠢ 200 ᠮᠦ ᠠᠴᠠ ᠳᠡᠭᠡᠭᠰᠢ ᠪᠣᠯᠭᠠᠵᠦ ᠳᠣᠬᠢᠷᠠᠭᠤᠯᠪᠠ᠃ ᠭᠤᠷᠪᠠ ᠳᠤ᠂ ︽ᠬᠥᠮᠦᠨ ᠤ ᠬᠦᠴᠦ ᠪᠠᠷ ᠴᠢᠬᠢ ᠳᠠᠷᠢᠵᠤ ᠣᠶᠢᠵᠢᠭᠤᠯᠬᠤ ᠣᠷᠣᠨ ᠤ ᠤᠤᠯ ᠤᠨ ᠤᠷᠭᠤᠮᠠᠯ ᠤᠨ ᠬᠤᠴᠢᠯᠭ᠎ᠠ ᠳᠠᠬᠢ ᠪᠤᠲᠠ ᠮᠣᠳᠣᠨ ᠤ ᠪᠦᠷᠬᠦᠴᠡ ᠶᠢᠨ ᠬᠡᠮᠵᠢᠶ᠎ᠡ ᠶᠢ 15% ᠠᠴᠠ ᠪᠠᠭ᠎ᠠ ᠪᠠᠶᠢᠬᠤ︾ ᠭᠠᠵᠠᠷ ᠬᠡᠷᠡᠭᠯᠡᠬᠦ ᠱᠠᠭᠠᠷᠳᠠᠯᠭ᠎ᠠ ᠶᠢ ᠨᠡᠮᠡᠪᠡ᠃     4. ᠨᠥᠬᠦᠪᠥᠷᠢ ᠥᠭᠬᠦ ᠪᠠᠷᠢᠮᠵᠢᠶ᠎ᠠ ᠶᠢ ᠳᠣᠬᠢᠷᠠᠭᠤᠯᠣᠭᠠᠳ᠄ ᠲᠤᠷᠤᠭ ᠮᠣᠳᠣᠨ ᠤ ᠤᠢ ᠶᠢ ᠬᠥᠮᠦᠨ ᠤ ᠬᠦᠴᠦ  ᠪᠠᠷ ᠣᠶᠢᠵᠢᠭᠤᠯᠣᠭᠰᠠᠨ ᠪᠣᠯ 500 ᠲᠥᠭᠦᠷᠢᠭ \ ᠮᠥ︔ ᠪᠣᠳᠠ ᠮᠣᠳᠣᠨ ᠤᠢ ᠶᠢ ᠬᠥᠮᠦᠨ ᠤ ᠬᠦᠴᠦ ᠪᠠᠷ ᠣᠶᠢᠵᠢᠭᠤᠯᠣᠭᠰᠠᠨ ᠪᠣᠯ 200 ᠲᠥᠭᠦᠷᠢᠭ \ ᠮᠦ︔ ᠨᠢᠰᠬᠡᠯ ᠢᠶᠠᠷ ᠳᠠᠷᠢᠵᠦ ᠣᠶᠢᠵᠢᠭᠤᠯᠣᠭᠰᠠᠨ ᠪᠣᠯ 150 ᠲᠥᠭᠦᠷᠢᠭ \ ᠮᠥ︔ ᠡᠯᠡᠰᠦ ᠶᠢ ᠪᠢᠲᠡᠭᠦᠮᠵᠢᠯᠡᠨ ᠣᠶᠢᠵᠢᠭᠤᠯᠬᠤ ᠵᠢᠴᠢ ᠦᠷ᠎ᠡ ᠠᠰᠢᠭ ᠢᠶᠠᠷ ᠳᠣᠤᠷ᠎ᠠ ᠤᠢ ᠶᠢ ᠦᠭᠡᠷᠡᠴᠢᠯᠡᠬᠦ᠂ ᠨᠦᠬᠦᠨ ᠳᠠᠷᠢᠵᠦ ᠣᠶᠢᠵᠢᠭᠤᠯᠬᠤ᠂ ᠪᠤᠲᠠᠯᠢᠭ ᠮᠣᠳᠣᠨ ᠤ ᠤᠢ ᠶᠢ ᠵᠠᠰᠠᠨ ᠳᠡᠭᠰᠢᠯᠡᠬᠦ ᠵᠡᠷᠭᠡ ᠣᠢ ᠰᠢᠭᠤᠶ ᠶᠢᠨ ᠶᠠᠰᠤ ᠴᠢᠨᠠᠷ ᠢ ᠣᠨᠣᠪᠴᠢᠳᠠᠢ ᠳᠡᠭᠡᠭᠰᠢᠯᠡᠬᠦᠯᠦᠭᠰᠡᠨ ᠪᠣᠯ 90 ᠲᠥᠭᠦᠷᠢᠭ \ ᠮᠥ᠃ ᠣᠶ ᠰᠢᠭᠤᠶ ᠶᠢ ᠠᠷᠠᠴᠢᠯᠠᠨ ᠪᠤᠶᠢᠵᠢᠭᠤᠯᠬᠤ᠂ ᠤᠮᠠᠷᠠᠲᠤ ᠶᠢᠨ ᠭᠤᠷᠪᠠᠨ ᠣᠷᠣᠨ ᠤ ᠢᠨᠵᠧᠨᠧᠷᠢᠩ ᠤᠨ ᠮᠠᠭᠤᠵᠢᠷᠠᠭᠰᠠᠨ ᠣᠶ ᠶᠢ ᠵᠠᠰᠠᠨ ᠰᠡᠷᠭᠦᠭᠡᠬᠦ ᠵᠡᠷᠭᠡ ᠣᠶᠢᠵᠢᠭᠤᠯᠣᠯᠳᠠ ᠶᠢᠨ ᠪᠤᠰᠤᠳ ᠲᠥᠷᠥᠯ ᠵᠦᠢᠯ ᠳᠤ ᠤᠯᠤᠰ ᠠᠴᠠ ᠪᠠᠭᠤᠯᠭᠠᠭᠰᠠᠨ ᠳᠣᠭᠳᠠᠭᠰᠠᠨ ᠳᠣᠭᠠᠨ ᠤ ᠨᠥᠬᠦᠪᠥᠷᠢ ᠦᠭᠭᠦ ᠪᠠᠷᠢᠮᠵᠢᠶ᠎ᠠ ᠶᠣᠰᠣᠭᠠᠷ ᠨᠦᠬᠦᠪᠦᠷᠢ ᠣᠯᠭᠤᠨ᠎ᠠ᠃      ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠤᠨ ᠬᠤᠯᠪᠣᠭᠠᠰᠣ
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号