ᠠᠯᠠᠱᠨ ᠠᠶᠢᠮᠠᠭ ᠤᠨ ᠤᠶᠢᠵᠢᠭᠤᠯᠤᠭᠰᠠᠨ ᠬᠠᠯᠬᠠᠪᠴᠢ ᠤᠢ ᠶᠢᠨ ᠨᠦᠬᠦᠪᠤᠷᠢ ᠮᠦᠩᠬᠦ ᠶᠢᠨ ᠲᠦᠷᠦ ᠶᠢᠨ ᠪᠤᠲᠤᠯᠭ᠎ᠠ ᠶᠢ ᠭᠡᠷᠡᠭᠵᠢᠬᠦᠯᠬᠦ ᠠᠷᠭ᠎ᠠ
ᠨᠡᠶᠢᠲᠡᠯᠡᠭᠰᠡᠨ ᠴᠠᠭ᠄
2020/9/3
      ᠨᠢᠭᠡᠲᠤᠭᠡᠷ ᠵᠤᠷᠪᠤᠰ    ᠰᠢ ᠶᠢᠨ ᠫᠢᠩ ᠤᠨ ᠠᠮᠢ ᠠᠬᠤᠢ ᠶᠢᠨ ᠪᠤᠯᠪᠠᠰᠤᠨ ᠤ ᠦᠵᠠᠯ ᠰᠠᠨᠠᠭ᠎ᠠ ᠶᠢ ᠬᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠦ᠂ ᠠᠮᠢ ᠠᠬᠤᠢ ᠶᠢ ᠡᠩ ᠲᠡᠷᠢᠬᠦᠨ ᠳᠤ ᠲᠠᠯᠪᠢᠬᠤ  ᠂ ᠪᠤᠬᠢᠷᠲᠤᠯ ᠦᠭᠡᠢ ᠬᠦᠭᠵᠢᠯᠳᠡ ᠶᠢᠨ ᠵᠠᠮ ᠢᠶᠠᠷ ᠡᠷᠡᠰ  ᠭᠤᠶᠢᠪᠢᠰᠢ ᠦᠭᠡᠢ ᠪᠠᠷ ᠵᠠᠮᠨᠠᠵᠦ᠂ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ ᠪᠠ ᠤᠯᠤᠰ ᠤᠨ ᠭᠠᠵᠠᠷ ᠰᠢᠷᠤᠢ ᠶᠢ ᠨᠤᠭᠤᠭᠠᠷᠠᠭᠤᠯᠬᠤ ᠶᠢ  ᠬᠦᠴᠦᠯᠡᠨ ᠠᠬᠢᠭᠤᠯᠵᠦ᠂ ᠴᠦᠯᠡᠷᠭᠡᠭ ᠠᠮᠢ ᠠᠬᠤᠢ ᠶᠢᠨ ᠰᠢᠰᠲ᠋ᠧᠮ ᠢ ᠬᠠᠮᠠᠭᠠᠯᠠᠨ ᠵᠠᠰᠠᠨ ᠰᠡᠷᠬᠦᠭᠡᠵᠦ᠂ ᠬᠦᠮᠦᠨ ᠠᠷᠠᠳ ᠤᠨ ᠤᠷᠤᠰᠢᠨ ᠰᠠᠭᠤᠷᠢᠰᠢᠬᠤ ᠤᠷᠴᠢᠨ ᠲᠤᠭᠤᠷᠢᠨ ᠢ ᠰᠠᠶᠢᠵᠢᠷᠠᠭᠤᠯᠵᠦ᠂  ︽ᠤᠷᠤᠰᠢᠨ ᠰᠠᠭᠤᠷᠢᠰᠢᠬᠤ ᠳᠤ ᠲᠤᠬᠢᠷᠠᠮᠵᠢᠲᠡᠢ ᠵᠢᠭᠤᠯᠴᠢᠯᠠᠯ ᠤᠨ ᠬᠤᠳᠠ︾ ᠶᠢ ᠪᠦᠲᠤᠭᠡᠨ ᠪᠠᠶᠢᠭᠤᠯᠵᠦ᠂ ᠤᠨᠴᠠᠯᠢᠭᠲᠤ ᠠᠮᠢ ᠠᠬᠤᠢ ᠶᠢᠨ ᠠᠵᠤ ᠦᠢᠯᠡᠰ ᠤᠨ ᠬᠦᠭᠵᠢᠯᠳᠡ ᠶᠢ ᠠᠬᠢᠭᠤᠯᠵᠦ᠂ ᠠᠶᠢᠮᠠᠭ ᠤᠨ ᠲᠤᠲᠤᠷ᠎ᠠ ᠭᠠᠳᠠᠨᠠᠬᠢ ᠪᠠᠶᠢᠭᠠᠯᠢ ᠬᠦᠮᠦᠨ᠂ ᠬᠠᠤᠯᠢ ᠶᠢᠨ ᠡᠷᠬᠡᠳᠦ ᠬᠦᠮᠦᠨ ᠵᠢᠴᠢ ᠪᠤᠰᠤᠳ ᠠᠵᠤ ᠠᠬᠤᠢ ᠶᠢᠨ ᠵᠤᠬᠢᠶᠠᠨ ᠪᠠᠶᠢᠭᠤᠯᠤᠯᠳᠠ ᠠᠮᠢ ᠠᠬᠤᠢ ᠶᠢᠨ ᠬᠠᠮᠠᠭᠠᠯᠠᠯᠳᠠ ᠪᠦᠲᠤᠭᠡᠨ ᠪᠠᠶᠢᠭᠤᠯᠤᠯᠳᠠ  ᠳᠤ ᠤᠷᠤᠯᠴᠠᠬᠤ ᠶᠢ ᠬᠦᠲᠤᠯᠤᠨ ᠵᠢᠯᠤᠭᠤᠳᠴᠦ ᠵᠤᠷᠢᠭᠵᠢᠭᠤᠯᠬᠤ ᠶᠢᠨ ᠲᠤᠰᠠᠳᠠ᠂ ︽ᠠᠮᠢ ᠠᠬᠤᠢ ᠶᠢᠨ ᠪᠠᠶᠢᠭᠤᠯᠤᠯᠳᠠ ᠶᠢ ᠨᠠᠶᠢᠭᠡᠮᠴᠢᠯᠠᠬᠦ᠂ ᠠᠵᠤ ᠦᠢᠯᠡᠰᠵᠢᠬᠦᠯᠬᠦ᠂ ᠠᠵᠤ ᠦᠢᠯᠡᠰ ᠤᠨ ᠬᠦᠭᠵᠢᠯᠳᠡ ᠶᠢ ᠠᠮᠢ ᠠᠬᠤᠶᠢᠵᠢᠭᠤᠯᠬᠤ︾ ᠬᠦᠭᠵᠢᠯᠳᠡ ᠶᠢᠨ ᠰᠡᠳᠬᠢᠴᠠ ᠶᠤᠰᠤᠭᠠᠷ᠂ ᠮᠠᠨ ᠤ ᠠᠶᠢᠮᠠᠭ ᠤᠨ ᠪᠤᠳᠠᠲᠠᠢ ᠲᠠᠢ ᠤᠶᠠᠯᠲᠤᠭᠤᠯᠵᠦ᠂ ᠲᠤᠰ ᠭᠡᠷᠡᠭᠵᠢᠬᠦᠯᠬᠦ ᠠᠷᠭ᠎ᠠ ᠶᠢ ᠲᠤᠭᠳᠠᠭᠠᠪᠠ᠃       ᠬᠤᠶᠠᠲᠤᠭᠠᠷ ᠵᠤᠷᠪᠤᠰ      ᠭᠡᠷᠡᠭᠯᠡᠭᠡᠨ ᠤ ᠬᠦᠷᠢᠶ᠎ᠠ ᠭᠡᠪᠴᠢᠶ᠎ᠠ᠃ ᠠᠶᠢᠮᠠᠭ ᠤᠨ ᠲᠤᠲᠤᠷ᠎ᠠ ᠭᠠᠳᠠᠨᠠᠬᠢ ᠪᠠᠶᠢᠭᠠᠯᠢ ᠬᠦᠮᠦᠨ᠂ ᠬᠠᠤᠯᠢ ᠶᠢᠨ ᠡᠷᠬᠡᠳᠦ ᠬᠦᠮᠦᠨ ᠵᠢᠴᠢ ᠪᠤᠰᠤᠳ ᠠᠵᠤ ᠠᠬᠤᠢ ᠶᠢᠨ ᠵᠤᠬᠢᠶᠠᠨ ᠪᠠᠶᠢᠭᠤᠯᠤᠯᠳᠠ  ᠨᠢ ᠮᠠᠨ ᠤ ᠠᠶᠢᠮᠠᠭ ᠤᠨ ᠤᠶᠢᠵᠢᠭᠤᠯᠤᠭᠰᠠᠨ ᠬᠠᠯᠬᠠᠪᠴᠢ ᠤᠢ ᠶᠢᠨ ᠰᠢᠰᠲ᠋ᠧᠮᠵᠢ ᠶᠢᠨ ᠪᠠᠶᠢᠭᠤᠯᠤᠯᠳᠠ ᠶᠢᠨ ᠲᠦᠯᠦᠪᠵᠢᠬᠦᠯᠭᠡ ᠶᠢᠨ ᠭᠡᠪᠴᠢᠶᠠᠨ ᠲᠤᠲᠤᠷ᠎ᠠ ᠤᠶᠢᠵᠢᠭᠤᠯᠤᠭᠰᠠᠨ ᠬᠠᠯᠬᠠᠪᠴᠢ ᠤᠢ ᠨᠢ 200 ᠮᠤ᠋ ᠠᠴᠠ ᠲᠡᠭᠡᠭᠰᠢ ᠪᠠᠶᠢᠪᠠᠯ ᠲᠤᠰ ᠠᠷᠭ᠎ᠠ ᠶᠢ ᠭᠡᠷᠡᠭᠯᠡᠨ᠎ᠠ᠃       ᠭᠤᠷᠪᠠᠲᠤᠭᠠᠷ ᠵᠤᠷᠪᠤᠰ     ᠬᠠᠯᠬᠠᠪᠴᠢ ᠤᠢ ᠶᠢᠨ ᠰᠢᠰᠲ᠋ᠧᠮᠵᠢ ᠶᠢᠨ ᠪᠠᠶᠢᠭᠤᠯᠤᠯᠳᠠ ᠶᠢᠨ ᠭᠡᠷᠡᠭᠯᠡᠬᠦ ᠭᠠᠵᠠᠷ ᠤᠨ ᠬᠦᠷᠢᠶ᠎ᠠ ᠭᠡᠪᠴᠢᠶ᠎ᠠ᠃ ᠪᠠᠶᠢᠭ᠎ᠠ ᠬᠤᠰᠢᠭᠤᠨ ︵ᠨᠡᠭᠡᠭᠡᠯᠳᠡ ᠶᠢᠨ ᠣᠷᠣᠨ︶ ᠤ ᠠᠷᠠᠳ ᠤᠨ ᠵᠠᠰᠠᠭ ᠤᠨ ᠤᠷᠲᠤᠨ ︵ᠬᠠᠮᠢᠶᠠᠷᠤᠯᠳᠠ ᠶᠢᠨ ᠵᠦᠪᠯᠠᠯ︶ ᠤ ᠲᠤᠭᠳᠠᠭᠠᠭᠰᠠᠨ ᠬᠠᠷᠢᠶ᠎ᠠ ᠲᠤᠭᠤᠷᠢᠭ ᠤᠨ ᠤᠶᠢᠵᠢᠭᠤᠯᠤᠭᠰᠠᠨ ᠬᠠᠯᠬᠠᠪᠴᠢ ᠤᠢ ᠶᠢᠨ ᠲᠦᠯᠦᠪᠵᠢᠬᠦᠯᠭᠡ ᠶᠢᠨ ᠭᠡᠪᠴᠢᠶᠠᠨ ᠲᠤᠲᠤᠷᠠᠬᠢ ᠤᠶᠢᠵᠢᠭᠤᠯᠬᠤ ᠳᠤ ᠳᠣᠬᠢᠷᠠᠮᠵᠢᠳᠠᠢ ᠭᠠᠵᠠᠷ᠂ ᠠᠰᠢᠭᠯᠠᠭᠠᠲᠤᠢ ᠭᠠᠵᠠᠷ᠂ ᠡᠪᠠᠰᠤ ᠮᠤᠲᠤ ᠦᠭᠡᠢ ᠤᠶᠢᠵᠢᠭᠤᠯᠤᠯᠳᠠ ᠶᠢᠨ ᠭᠠᠵᠠᠷ᠂ ᠤᠢ ᠮᠤᠲᠤ ᠲᠠᠷᠢᠭᠠᠳ ᠤᠷᠭᠤᠭᠰᠠᠨ ᠦᠭᠡᠢ ᠭᠠᠵᠠᠷ᠂ ᠠᠯᠪᠠᠨ ᠵᠢᠷᠤᠮ ᠤᠨ ᠮᠤᠲᠤ ᠲᠠᠷᠢᠬᠤ ᠰᠠᠭᠤᠷᠢᠨ ᠭᠠᠵᠠᠷ ᠵᠢᠴᠢ ᠮᠠᠭᠤᠵᠢᠷᠠᠭᠰᠠᠨ ᠣᠶᠢᠳᠣ ᠣᠷᠣᠨ ᠵᠡᠷᠭᠡ ᠶᠢ ᠡᠯ᠎ᠠ ᠬᠤᠰᠢᠭᠤ ᠨᠡᠭᠡᠭᠡᠯᠳᠡ ᠶᠢᠨ ᠤᠷᠤᠨ ᠤ ᠤᠢ ᠰᠢᠭᠤᠢ ᠨᠤᠲᠤᠭ ᠪᠠᠯᠴᠢᠭᠡᠷ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠦᠴᠢᠷ  ᠲᠦᠯᠦᠪᠵᠢᠬᠦᠯᠭᠡ ᠪᠠᠷ ᠪᠠᠷᠢᠮᠳᠠ ᠪᠤᠯᠭᠠᠵᠦ ᠤᠶᠢᠵᠢᠭᠤᠯᠬᠤ ᠤᠢ       ︵ᠬᠦᠮᠦᠨ ᠤ ᠬᠦᠴᠦ ᠪᠠᠷ ᠵᠤᠯᠵᠠᠭ᠎ᠠ ᠮᠤᠲᠤ ᠲᠠᠷᠢᠵᠦ ᠤᠶᠢᠵᠢᠭᠤᠯᠤᠭᠰᠠᠨ ᠤᠶᠢᠲᠤ ᠤᠷᠤᠨ ᠤ ᠤᠤᠯ ᠤᠨ ᠤᠷᠭᠤᠮᠠᠯ ᠪᠤᠳᠠ ᠮᠤᠲᠤᠨ ᠤ  ᠪᠦᠷᠬᠦᠭᠰᠡᠨ ᠭᠡᠮᠵᠢᠶ᠎ᠠ ᠨᠢ∧15%︶ ᠵᠢᠴᠢ ᠮᠠᠭᠤᠵᠢᠷᠠᠭᠰᠠᠨ ᠣᠢ ᠶᠢ ᠵᠠᠰᠠᠨ ᠰᠡᠷᠬᠦᠭᠡᠨ᠎ᠠ  ᠃        ᠲᠦᠷᠪᠠᠲᠤᠭᠡᠷ ᠵᠤᠷᠪᠤᠰ     ᠲᠤᠭᠳᠠᠭᠠᠭᠬᠤ ᠭᠤᠤᠯ ᠡᠰᠢ ᠪᠠᠷᠢᠮᠳᠠ᠃ ︽ᠦᠪᠤᠷ ᠮᠤᠩᠭᠤᠯ ᠤᠨ ᠦᠪᠠᠷᠳᠡᠭᠡᠨ ᠵᠠᠰᠠᠬᠤ ᠤᠷᠤᠨ ᠤ ᠤᠶᠢᠵᠢᠭᠤᠯᠬᠤ ᠨᠦᠬᠦᠪᠤᠷᠢ ᠮᠦᠩᠬᠦ ᠶᠢᠨ ᠲᠤᠷᠰᠢᠯᠳᠠ ᠶᠢᠨ ᠴᠡᠭ ᠤᠨ ᠠᠵᠢᠯ ᠵᠢᠴᠢ ᠪᠠᠯᠨ ᠮᠦᠩᠬᠦ ᠶᠢ ᠭᠡᠷᠡᠭᠯᠡᠬᠦ ᠬᠠᠮᠢᠶᠠᠷᠤᠯᠳᠠ ᠶᠢᠨ ᠭᠡᠷᠡᠭᠵᠢᠬᠦᠯᠬᠦ ᠠᠷᠭ᠎ᠠ ︵ᠲᠤᠷᠰᠢᠨ ᠭᠡᠷᠡᠭᠵᠢᠬᠦᠯᠬᠦ︶︾       ︵ᠦᠪᠤᠷ ᠡᠳ᠋ ᠤᠨ ᠵᠠᠰᠠᠭ ᠲᠠᠷᠢᠶᠠᠯᠠᠩ  ﹇2010﹈ 1217 ᠳ᠋ᠤᠭᠠᠷ ᠲᠤᠭᠠᠲᠤ︶᠂ ︽ᠲᠦᠪ ᠤᠨ ᠡᠳ᠋ ᠤᠨ ᠵᠠᠰᠠᠭ ᠤᠨ ᠤᠶᠢᠵᠢᠭᠤᠯᠬᠤ ᠨᠦᠬᠦᠪᠤᠷᠢ ᠮᠦᠩᠬᠦ ᠶᠢᠨ ᠲᠤᠷᠰᠢᠯᠳᠠ ᠶᠢᠨ ᠴᠡᠭ ᠢ ᠪᠠᠶᠢᠴᠠᠭᠠᠵᠦ ᠬᠤᠷᠢᠶᠠᠨ ᠰᠢᠯᠭᠠᠬᠤ ᠬᠠᠮᠢᠶᠠᠷᠤᠯᠳᠠ ᠶᠢᠨ ᠠᠷᠭ᠎ᠠ ︵ᠲᠤᠷᠰᠢᠨ ᠭᠡᠷᠡᠭᠵᠢᠬᠦᠯᠬᠦ︶︾ ︵ᠤᠶᠢᠵᠢᠭᠤᠯᠬᠤ ᠲᠠᠷᠬᠠᠭᠠᠭᠰᠠᠨ ﹇2012﹈ 9 ᠳ᠋ᠤᠭᠡᠷ ᠲᠤᠭᠠᠲᠤ︶᠂ ︽ᠭᠤᠤᠯᠳᠠᠯᠭ᠎ᠠ ᠲᠠᠢ ᠬᠠᠯᠬᠠᠪᠴᠢ ᠤᠢ ᠶᠢᠨ ᠢᠨᠵᠧᠨᠧᠷᠢᠩ ᠤᠨ ᠲᠦᠪ ᠤᠨ ᠲᠦᠰᠦᠪ ᠤᠨ ᠲᠤᠲᠤᠷᠠᠬᠢ ᠪᠠᠯᠨ ᠤᠷᠤᠭᠤᠯᠬᠤ ᠲᠤᠰᠬᠠᠢ ᠲᠦᠷᠦᠯ ᠤᠨ ᠬᠠᠮᠢᠶᠠᠷᠤᠯᠳᠠ ᠶᠢᠨ ᠠᠷᠭ᠎ᠠ ︵ᠲᠤᠷᠰᠢᠨ ᠭᠡᠷᠡᠭᠵᠢᠬᠦᠯᠬᠦ︶︾ ︵ᠬᠦᠭᠵᠢᠬᠦᠯᠦᠯᠳᠡ ᠦᠭᠡᠷᠡᠴᠢᠯᠡᠯᠳᠡ ᠪᠠᠯᠨ ᠤᠷᠤᠭᠤᠯᠤᠯᠳᠠ ﹇2016﹈ 719 ᠳ᠋ᠤᠭᠡᠷ ᠲᠤᠭᠠᠲᠤ︶᠂       ︽ᠪᠠᠶᠢᠭᠠᠯᠢ ᠶᠢᠨ ᠤᠢ ᠶᠢᠨ ᠡᠬᠢ ᠪᠠᠶᠠᠯᠢᠭ ᠢ ᠬᠠᠮᠠᠭᠠᠯᠠᠬᠤ ᠢᠨᠵᠧᠨᠧᠷᠢᠩ ᠤᠨ ᠬᠤᠶᠠᠲᠤᠭᠠᠷ ᠬᠤᠭᠤᠴᠠᠭᠠᠨ ᠤ ᠲᠦᠪ ᠤᠨ ᠲᠦᠰᠦᠪ ᠤᠨ ᠲᠤᠲᠤᠷᠠᠬᠢ ᠪᠠᠯᠨ ᠤᠷᠤᠭᠤᠯᠬᠤ ᠲᠤᠰᠬᠠᠢ ᠲᠦᠷᠦᠯ ᠤᠨ ᠬᠠᠮᠢᠶᠠᠷᠤᠯᠳᠠ ᠶᠢᠨ ᠠᠷᠭ᠎ᠠ     ︵ᠲᠤᠷᠰᠢᠨ ᠭᠡᠷᠡᠭᠵᠢᠬᠦᠯᠬᠦ︶︾ ︵ᠬᠦᠭᠵᠢᠬᠦᠯᠦᠯᠳᠡ ᠦᠭᠡᠷᠡᠴᠢᠯᠠᠯᠳᠠ ᠪᠠᠯᠨ ᠤᠷᠤᠭᠤᠯᠤᠯᠳᠠ ﹇2016﹈ 720 ᠳ᠋ᠤᠭᠠᠷ ᠲᠤᠭᠠᠲᠤ︶᠃        ᠲᠠᠪᠤᠲᠤᠭᠠᠷ ᠵᠤᠷᠪᠤᠰ     ᠨᠦᠬᠦᠪᠤᠷᠢ ᠮᠦᠩᠬᠦ ᠶᠢᠨ ᠢᠷᠡᠯᠳᠡ᠃ ᠤᠯᠤᠰ ᠪᠠ ᠦᠪᠠᠷᠳᠡᠭᠡᠨ ᠵᠠᠰᠠᠬᠤ ᠤᠷᠤᠨ ᠤ ᠤᠢ ᠰᠢᠭᠤᠢ ᠨᠤᠲᠤᠭ ᠪᠠᠯᠴᠢᠭᠡᠷ ᠤᠨ ᠭᠤᠤᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠤᠨ ᠲᠦᠷᠦᠯ ᠵᠦᠢᠯ ᠤᠨ ᠤᠶᠢᠵᠢᠭᠤᠯᠬᠤ ᠨᠦᠬᠦᠪᠤᠷᠢ ᠮᠦᠩᠬᠦ ᠵᠢᠴᠢ ᠨᠠᠶᠢᠭᠡᠮ ᠣᠯᠠᠨ ᠨᠠᠶᠢᠳᠠ ᠳᠤ ᠠᠰᠢᠭ ᠬᠦᠷᠳᠡᠭᠡᠬᠦ ᠤᠶᠢᠵᠢᠭᠤᠯᠬᠤ ᠪᠠᠯᠨ ᠮᠦᠩᠬᠦ᠃        ᠵᠢᠷᠭᠤᠲᠤᠭᠠᠷ ᠵᠤᠷᠪᠤᠰ     ᠨᠦᠬᠦᠪᠤᠷᠢ ᠦᠭᠭᠦ ᠵᠠᠷᠴᠢᠮ        ︵ᠨᠢᠭᠡ︶ ᠵᠠᠰᠠᠭ ᠤᠨ ᠤᠷᠲᠤᠨ ᠠᠴᠠ ᠭᠤᠤᠯᠴᠢᠯᠠᠨ ᠤᠲᠤᠷᠢᠳᠬᠤ ᠵᠠᠷᠴᠢᠮ᠃ ᠵᠠᠰᠠᠭ ᠤᠨ ᠤᠷᠲᠤᠨ ᠤ ᠭᠤᠤᠯᠴᠢᠯᠠᠨ ᠤᠲᠤᠷᠢᠳᠬᠤ ᠦᠢᠯᠡᠲᠤᠯ ᠢ ᠬᠦᠢᠴᠡᠳ ᠪᠠᠳᠠᠷᠠᠭᠤᠯᠵᠦ᠂ ᠤᠶᠢᠵᠢᠭᠤᠯᠵᠦ ᠨᠤᠭᠤᠭᠠᠷᠠᠭᠤᠯᠬᠤ ᠲᠦᠯᠦᠪᠵᠢᠬᠦᠯᠭᠡ ᠶᠢ ᠲᠤᠭᠳᠠᠭᠠᠬᠤ ᠶᠢ ᠵᠤᠬᠢᠶᠠᠨ ᠪᠠᠶᠢᠭᠤᠯᠤᠨ᠂ ᠶᠡᠷᠦᠩᠬᠡᠢ ᠳᠤᠨᠢ ᠲᠤᠬᠢᠷᠠᠭᠤᠯᠬᠤ᠂ ᠠᠯᠬᠤᠮ ᠬᠤᠪᠢᠶᠠᠨ ᠭᠡᠷᠡᠭᠵᠢᠬᠦᠯᠬᠦ ᠶᠢ ᠪᠠᠷᠢᠮᠳᠠᠯᠠᠵᠦ᠂ ᠤᠶᠢᠵᠢᠭᠤᠯᠵᠦ ᠨᠤᠭᠤᠭᠠᠷᠠᠭᠤᠯᠬᠤ ᠶᠢ ᠲᠤᠭᠳᠠᠪᠤᠷᠢᠲᠡᠢ᠂ ᠡᠮᠬᠢ ᠲᠢᠭᠯᠢᠮ ᠲᠠᠢ ᠶᠠᠪᠤᠭᠳᠠᠭᠤᠯᠬᠤ ᠶᠢ ᠠᠬᠢᠭᠤᠯᠵᠦ᠂ ᠭᠤᠤᠯᠳᠠᠯᠭ᠎ᠠ ᠲᠠᠢ ᠤᠷᠤᠨ ᠪᠠᠶᠢᠷᠢᠨ ᠳᠤ ᠤᠢ ᠰᠢᠭᠤᠢ ᠶᠢᠨ ᠡᠬᠢ ᠪᠠᠶᠠᠯᠢᠭ ᠤᠨ ᠶᠠᠰᠤ ᠴᠢᠨᠠᠷ ᠪᠠ ᠠᠮᠢ ᠠᠬᠤᠢ ᠶᠢᠨ ᠦᠢᠯᠡᠴᠢᠯᠡᠬᠦ ᠴᠢᠳᠠᠪᠤᠷᠢ ᠶᠢ ᠲᠡᠭᠡᠭᠰᠢᠯᠡᠬᠦᠯᠵᠦ᠂  ᠤᠢ ᠰᠢᠭᠤᠢ  ᠶᠢᠨ ᠦᠮᠴᠢᠯᠡᠭᠴᠢ ᠶᠢᠨ ᠬᠠᠤᠯᠢ ᠶᠤᠰᠤᠨ ᠤ ᠡᠷᠭᠡ ᠠᠰᠢᠭ ᠢ ᠬᠠᠮᠠᠭᠠᠯᠠᠨ᠎ᠠ᠃        ︵ᠬᠤᠶᠠᠷ︶ ᠰᠠᠶᠢᠨ ᠲᠤᠷ᠎ᠠ ᠠᠴᠠ ᠪᠠᠨ ᠢᠯᠨ ᠪᠠᠶᠢᠯᠭᠠᠬᠤ ᠵᠠᠷᠴᠢᠮ᠃ ᠤᠶᠢᠵᠢᠭᠤᠯᠬᠤ ᠠᠵᠢᠯ ᠢ ᠡᠷᠭᠢᠯᠡᠭᠰᠡᠨ ᠭᠤᠤᠯ ᠴᠤᠭᠴᠠ ᠶᠢᠨ ᠬᠦᠰᠡᠯ ᠡᠷᠡᠮᠠᠯᠵᠠᠯ ᠢ ᠬᠦᠢᠴᠡᠳ ᠬᠦᠨᠲᠤᠳᠭᠡᠵᠦ᠂ ᠬᠠᠯᠬᠠᠪᠴᠢ ᠤᠢ ᠶᠢ ᠤᠶᠢᠵᠢᠭᠤᠯᠬᠤ ᠳᠤ ᠡᠷᠭᠡᠪᠰᠢ ᠰᠠᠶᠢᠨ ᠲᠤᠷ᠎ᠠ ᠠᠴᠠ ᠪᠠᠨ ᠭᠤᠶᠤᠴᠢᠯᠠᠵᠦ᠂ ᠲᠤᠭᠳᠠᠭᠠᠭᠰᠠᠨ ᠲᠡᠰ ᠲᠠᠷᠠᠭᠠᠯᠠᠯ ᠪᠠ ᠬᠤᠯᠪᠤᠭᠳᠠᠯ ᠪᠦᠬᠦᠢ ᠪᠠᠷᠢᠮᠵᠢᠶ᠎ᠠ ᠶᠤᠰᠤᠭᠠᠷ ᠤᠶᠢᠵᠢᠭᠤᠯᠤᠯᠳᠠ ᠪᠠᠨ ᠪᠠᠶᠠᠯᠡᠬᠦᠯᠦᠭᠰᠡᠨ ᠤ ᠲᠠᠷᠠᠭ᠎ᠠ  ᠢᠯᠨ ᠨᠠᠶᠢᠳᠡᠯᠡᠵᠦ᠂ ᠤᠶᠢᠵᠢᠭᠤᠯᠤᠭᠰᠠᠨ ᠨᠦᠬᠦᠪᠤᠷᠢ ᠮᠦᠩᠬᠦ ᠪᠠᠨ ᠰᠤᠯᠢᠨ ᠠᠪᠴᠦ᠂ ᠰᠠᠶᠢᠨ ᠲᠤᠷ᠎ᠠ ᠠᠴᠠ ᠪᠠᠨ᠂ ᠢᠯᠨ ᠪᠠᠶᠢᠯᠭᠠᠬᠤ᠂ ᠡᠷᠭᠡ ᠲᠡᠭᠰᠢ᠂ ᠭᠤᠤᠯᠴᠢ ᠪᠠᠶᠢᠬᠤ ᠶᠢ ᠱᠠᠭᠠᠷᠳᠠᠨ᠎ᠠ᠃ ᠭᠡᠷᠡᠭᠵᠢᠬᠦᠯᠬᠦ ᠶᠠᠪᠤᠴᠠ ᠵᠢᠴᠢ  ᠪᠠᠯᠨ ᠮᠦᠩᠬᠦ  ᠶᠢ ᠰᠤᠯᠢᠨ ᠠᠪᠬᠤ ᠳᠤ ᠡᠳ᠋ ᠤᠨ ᠵᠠᠰᠠᠭ᠂ ᠬᠢᠨ᠋ᠨᠨ ᠪᠤᠲᠤᠬᠤ᠂ ᠰᠠᠬᠢᠯᠭ᠎ᠠ ᠪᠠᠲᠤ ᠪᠠᠶᠢᠴᠠᠭᠠᠬᠤ ᠰᠠᠯᠠᠭ᠎ᠠ ᠮᠦᠴᠢᠷ ᠵᠡᠷᠭᠡ ᠨᠠᠶᠢᠭᠡᠮ ᠤᠨ ᠡᠯ᠎ᠠ ᠡᠳᠡᠭᠡᠳ ᠤᠨ ᠬᠢᠨ ᠤ ᠬᠢᠨᠠᠯᠳᠠ ᠲᠠᠯᠪᠢᠬᠤ ᠶᠢ ᠬᠦᠯᠢᠶᠠᠨ᠎ᠠ᠃        ︵ᠭᠤᠷᠪᠠ︶ ᠭᠡᠨ ᠤᠶᠢᠵᠢᠭᠤᠯᠪᠠᠯ ᠭᠡᠨ ᠳᠤ ᠨᠦᠬᠦᠪᠤᠷᠢ ᠮᠦᠩᠬᠦ ᠦᠭᠬᠦ ᠵᠠᠷᠴᠢᠮ᠃ ᠤᠶᠢᠵᠢᠭᠤᠯᠤᠭᠰᠠᠨ ᠬᠠᠯᠬᠠᠪᠴᠢ ᠤᠢ ᠶᠢᠨ ᠨᠦᠬᠦᠪᠤᠷᠢ ᠮᠦᠩᠬᠦ ᠶᠢ ᠰᠢᠭᠤᠳ ᠦᠭᠬᠦ ᠠᠷᠭ᠎ᠠ ᠮᠠᠶ᠋ᠢᠭ ᠢ ᠭᠡᠷᠡᠭᠵᠢᠬᠦᠯᠵᠦ᠂ ︽ᠭᠡᠨ ᠤᠶᠢᠵᠢᠭᠤᠯᠪᠠᠯ ᠭᠡᠨ ᠳᠤ ᠦᠭᠬᠦ᠂ ᠭᠡᠨ ᠡᠵᠡᠩᠨᠡᠪᠠᠯ ᠭᠡᠨ ᠳᠤ ᠠᠰᠢᠭ ᠬᠦᠷᠳᠡᠭᠡᠬᠦ︾ ᠶᠢ ᠪᠠᠷᠢᠮᠳᠠᠯᠠᠵᠦ᠂ ᠤᠶᠢᠵᠢᠭᠤᠯᠤᠭᠰᠠᠨ ᠬᠠᠯᠬᠠᠪᠴᠢ ᠤᠢ ᠶᠢᠨ ᠨᠦᠬᠦᠪᠤᠷᠢᠯᠠᠬᠦ ᠭᠡᠪᠴᠢᠶ᠎ᠠ ᠪᠠ ᠵᠢᠯ ᠤᠨ ᠲᠦᠯᠦᠪᠯᠡᠭᠰᠡᠨ ᠤᠶᠢᠵᠢᠭᠤᠯᠬᠤ ᠠᠵᠢᠯ ᠢ ᠡᠷᠭᠢᠯᠡᠭᠰᠡᠨ ᠭᠤᠤᠯ ᠴᠤᠭᠴᠠ ᠳᠤ ᠤᠷᠤᠭᠤᠯᠤᠭᠰᠠᠨ ᠯᠨ ᠪᠤᠯ ᠤᠶᠢᠵᠢᠭᠤᠯᠤᠯᠳᠠ ᠶᠢ ᠰᠢᠯᠭᠠᠨ ᠬᠤᠷᠢᠶᠠᠵᠦ ᠬᠢᠷᠢ ᠲᠡᠩᠴᠡᠭᠰᠡᠨ ᠳᠤᠨᠢ ᠪᠦᠷ ᠨᠦᠬᠦᠪᠤᠷᠢ ᠮᠦᠩᠬᠦ ᠬᠦᠷᠳᠡᠭᠡᠨ᠎ᠠ᠃ ᠤᠶᠢᠵᠢᠭᠤᠯᠬᠤ ᠠᠵᠢᠯ ᠢ ᠡᠷᠭᠢᠯᠡᠭᠰᠡᠨ ᠭᠤᠤᠯ ᠴᠤᠭᠴᠠ ᠳᠤ ᠮᠠᠯᠴᠢᠨ ᠲᠠᠷᠢᠶᠠᠴᠢᠨ᠂ ᠤᠶᠢᠵᠢᠭᠤᠯᠬᠤ ᠲᠤᠮᠤ ᠡᠷᠤᠭᠡ᠂ ᠤᠢ ᠰᠢᠭᠤᠢ ᠲᠠᠷᠢᠶᠠᠯᠠᠩ ᠤᠨ ᠬᠠᠮᠲᠤᠷᠠᠭᠰᠠᠨ ᠵᠤᠬᠢᠶᠠᠨ ᠪᠠᠶᠢᠭᠤᠯᠤᠯᠳᠠ᠂ ᠤᠯᠤᠰ ᠤᠨ ᠦᠮᠴᠢᠯᠠᠯᠲᠤ ᠤᠢ ᠰᠢᠭᠤᠢ ᠶᠢ ᠲᠠᠭᠠᠭᠠᠴᠢᠯᠠᠨ ᠡᠵᠡᠩᠨᠡᠭᠰᠡᠨ ᠤᠢ ᠰᠢᠭᠤᠢ ᠶᠢᠨ ᠠᠵᠢᠯᠳᠠᠨ ᠠᠵᠢᠯᠴᠢᠨ ᠵᠡᠷᠭᠡ ᠪᠠᠭᠳᠠᠵᠦ᠂ ᠮᠠᠯᠴᠢᠨ ᠲᠠᠷᠢᠶᠠᠴᠢᠨ ᠦᠪᠠᠷ ᠤᠨ ᠰᠠᠶᠢᠨ ᠲᠤᠷ᠎ᠠ  ᠠᠴᠠ ᠪᠠᠨ ᠬᠤᠷᠰᠢᠶᠠᠵᠢᠯ᠂ ᠤᠶᠢᠵᠢᠭᠤᠯᠬᠤ ᠲᠤᠰᠬᠠᠢ ᠠᠵᠢᠯ ᠤᠨ ᠡᠩᠨᠡᠭᠡ᠂ ᠤᠶᠢᠵᠢᠭᠤᠯᠬᠤ ᠲᠤᠮᠤ ᠡᠷᠤᠭᠡ᠂ ᠬᠤᠪᠢ ᠶᠢᠨ ᠡᠷᠤᠭᠡ ᠵᠡᠷᠭᠡ ᠲᠠᠢ ᠬᠠᠮᠲᠤᠷᠠᠨ ᠤᠶᠢᠵᠢᠭᠤᠯᠵᠦ ᠪᠤᠯᠤᠨ᠎ᠠ᠃        ︵ᠲᠦᠷᠪᠠ︶ ᠠᠵᠢᠯᠯᠠᠬᠤ ᠠᠴᠠ ᠡᠮᠤᠨᠡᠬᠢ ᠲᠤᠬᠢᠷᠠᠭᠤᠯᠤᠯᠳᠠ ᠶᠢᠨ ᠵᠠᠷᠴᠢᠮ ᠢ ᠭᠡᠷᠡᠭᠵᠢᠬᠦᠯᠦᠨ᠎ᠠ᠃ ᠤᠶᠢᠵᠢᠭᠤᠯᠬᠤ ᠠᠵᠢᠯ ᠢ ᠡᠷᠭᠢᠯᠡᠭᠰᠡᠨ ᠭᠤᠤᠯ ᠴᠤᠭᠴᠠ ᠨᠢ ᠠᠵᠢᠯᠯᠠᠬᠤ ᠠᠴᠠ ᠪᠠᠨ ᠡᠮᠤᠨ᠎ᠠ ᠡᠷᠭᠡᠪᠰᠢ ᠭᠤᠶᠤᠴᠢᠯᠠᠨ ᠮᠡᠳᠡᠬᠦᠯᠬᠦ ᠲᠡᠰ ᠲᠠᠷᠠᠭᠠᠯᠠᠯ ᠢᠶᠠᠷ ᠲᠤᠬᠠᠢ ᠶᠢᠨ ᠭᠠᠵᠠᠷ ᠤᠨ ᠬᠤᠰᠢᠭᠤ ᠨᠡᠭᠡᠭᠡᠯᠳᠡ ᠶᠢᠨ ᠤᠷᠤᠨ ᠤ ᠤᠢ ᠰᠢᠭᠤᠢ ᠨᠤᠲᠤᠭ ᠪᠠᠯᠴᠢᠭᠡᠷ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠦᠴᠢᠷ ᠢᠶᠠᠷ ᠬᠢᠨᠠᠭᠤᠯᠵᠦ ᠤᠶᠢᠵᠢᠭᠤᠯᠬᠤ ᠨᠦᠬᠦᠪᠤᠷᠢ ᠮᠦᠩᠬᠦ ᠬᠦᠷᠳᠡᠬᠦ ᠨᠦᠬᠦᠴᠠᠯ ᠳᠤ ᠨᠡᠶᠢᠴᠡᠭᠰᠡᠨ ᠪᠠᠶᠢᠬᠤ ᠶᠢᠨ ᠬᠠᠮᠲᠤ᠂ ᠤᠶᠢᠵᠢᠭᠤᠯᠬᠤ ᠲᠦᠯᠦᠪᠵᠢᠬᠦᠯᠭᠡ ᠪᠠ ᠵᠢᠯ  ᠤᠨ ᠲᠦᠯᠦᠪᠯᠡᠭᠡ ᠳᠤ ᠤᠷᠤᠭᠤᠯᠤᠭᠰᠠᠨ ᠤ ᠲᠠᠷᠠᠭ᠎ᠠ᠂ ᠰᠠᠶ᠋ᠢ ᠤᠶᠢᠵᠢᠭᠤᠯᠤᠯᠳᠠ ᠪᠠᠨ ᠵᠤᠬᠢᠶᠠᠨ ᠪᠠᠶᠢᠭᠤᠯᠤᠨ ᠭᠡᠷᠡᠭᠵᠢᠬᠦᠯᠵᠦ᠂ ᠬᠢᠨ᠋ᠨᠨ ᠬᠠᠷᠭᠤᠭᠤᠯᠳᠠ ᠶᠢ ᠦᠩᠭᠡᠷᠡᠭᠰᠡᠨ ᠦᠭᠡᠢ ᠪᠤᠯ ᠨᠦᠬᠦᠪᠤᠷᠢ ᠮᠦᠩᠬᠦ ᠦᠭᠬᠦ ᠦᠭᠡᠢ᠃        ︵ᠲᠠᠪᠤ︶ ᠨᠢᠭᠡᠲᠤᠯᠲᠡᠢ ᠬᠢᠨ᠋ᠨᠨ ᠬᠠᠮᠢᠶᠠᠷᠬᠤ ᠵᠠᠷᠴᠢᠮ᠃ ᠬᠤᠰᠢᠭᠤ ᠨᠡᠭᠡᠭᠡᠯᠳᠡ ᠶᠢᠨ ᠤᠷᠤᠨ ᠰᠤᠮᠤ       ︵ᠪᠠᠯᠭᠠᠰᠤ︶᠂ ᠦᠨᠲᠤᠰᠤᠨ ᠱᠠᠲᠤᠨ ᠤ ᠤᠢ ᠰᠢᠭᠤᠢ ᠨᠤᠲᠤᠭ ᠪᠠᠯᠴᠢᠭᠡᠷ ᠤᠨ ᠬᠠᠮᠢᠶᠠᠷᠤᠯᠳᠠ ᠶᠢᠨ ᠪᠠᠶᠢᠭᠤᠯᠤᠮᠵᠢ  ᠠᠴᠠ ᠬᠠᠷᠢᠶ᠎ᠠ ᠲᠤᠭᠤᠷᠢᠭ ᠤᠨ ᠤᠶᠢᠵᠢᠭᠤᠯᠬᠤ ᠬᠠᠯᠬᠠᠪᠴᠢ ᠤᠢ ᠶᠢ ᠨᠢᠭᠡᠲᠤᠯᠲᠡᠢ ᠭᠤᠶᠤᠴᠢᠯᠠᠨ  ᠮᠡᠳᠡᠬᠦᠯᠬᠦ ᠠᠵᠢᠯ  ᠢ ᠬᠠᠷᠢᠭᠤᠴᠠᠨ᠎ᠠ︔ ᠬᠤᠰᠢᠭᠤ ᠨᠡᠭᠡᠭᠡᠯᠳᠡ ᠶᠢᠨ ᠤᠷᠤᠨ ᠤ ᠤᠢ ᠰᠢᠭᠤᠢ ᠨᠤᠲᠤᠭ ᠪᠠᠯᠴᠢᠭᠡᠷ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠦᠴᠢᠷ ᠠᠴᠠ ᠬᠠᠷᠢᠶ᠎ᠠ ᠲᠤᠭᠤᠷᠢᠭ ᠤᠨ ᠤᠶᠢᠵᠢᠭᠤᠯᠬᠤ ᠲᠦᠯᠦᠪᠵᠢᠬᠦᠯᠭᠡ᠂ ᠵᠢᠯ ᠤᠨ ᠲᠦᠯᠦᠪᠯᠡᠭᠡ᠂ ᠡᠬᠦᠷᠭᠡ ᠪᠠᠨ ᠬᠤᠪᠢᠶᠠᠷᠢᠯᠠᠬᠤ᠂ ᠵᠤᠬᠢᠶᠠᠨ ᠪᠠᠶᠢᠭᠤᠯᠤᠨ ᠭᠡᠷᠡᠭᠵᠢᠬᠦᠯᠬᠦ᠂ ᠪᠠᠶᠢᠴᠠᠭᠠᠵᠦ ᠰᠢᠯᠭᠠᠨ ᠬᠤᠷᠢᠶᠠᠬᠤ᠂ ᠤᠶᠢᠵᠢᠭᠤᠯᠬᠤ ᠪᠦᠬᠦ ᠶᠠᠪᠤᠴᠠ ᠶᠢ ᠬᠢᠨ᠋ᠨᠨ ᠬᠠᠮᠢᠶᠠᠷᠬᠤ ᠪᠠ ᠨᠦᠬᠦᠪᠤᠷᠢ ᠮᠦᠩᠬᠦ ᠶᠢ ᠨᠢᠭᠡᠲᠤᠯᠲᠡᠢ ᠰᠤᠯᠢᠵᠦ ᠦᠭᠬᠦ ᠶᠢ ᠬᠠᠷᠢᠭᠤᠴᠠᠨ᠎ᠠ᠃        ︵ᠵᠢᠷᠭᠤᠭ᠎ᠠ︶ ︽ᠤᠰᠤᠨ ᠤ ᠭᠡᠮᠵᠢᠶ᠎ᠠ ᠪᠠᠷ ᠤᠶᠢᠵᠢᠭᠤᠯᠤᠯᠳᠠ ᠶᠢ ᠲᠤᠭᠳᠠᠭᠠᠬᠤ᠂ ᠤᠰᠤᠨ ᠤ ᠭᠡᠮᠵᠢᠶ᠎ᠠ  ᠪᠠᠷ ᠶᠠᠪᠤᠭᠳᠠᠭᠤᠯᠬᠤ︾ ᠵᠠᠷᠴᠢᠮ ᠢ ᠴᠢᠩᠭ᠎ᠠ ᠭᠡᠷᠡᠭᠵᠢᠬᠦᠯᠦᠨ᠎ᠠ᠃ ᠬᠤᠰᠢᠭᠤ ᠨᠡᠭᠡᠭᠡᠯᠳᠡ ᠶᠢᠨ ᠤᠷᠤᠨ ᠤ ᠤᠢ ᠰᠢᠭᠤᠢ ᠨᠤᠲᠤᠭ ᠪᠠᠯᠴᠢᠭᠡᠷ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠦᠴᠢᠷ ᠨᠢ ᠤᠤᠯ ᠤᠨ ᠪᠠᠶᠢᠭᠰᠠᠨ ᠤᠷᠭᠤᠮᠠᠯ  ᠢ ᠡᠩ ᠲᠡᠷᠢᠬᠦᠨ ᠳᠤ ᠬᠠᠮᠠᠭᠠᠯᠠᠭᠰᠠᠨ ᠤᠷᠢᠳᠠᠯ ᠲᠤᠤᠷ᠎ᠠ᠂ ᠠᠳᠠᠯᠢ ᠪᠤᠰᠤ ᠤᠷᠤᠨ ᠪᠦᠰᠡ ᠶᠢᠨ ᠪᠠᠶᠢᠭᠠᠯᠢ ᠶᠢᠨ ᠬᠤᠷ᠎ᠠ ᠲᠤᠨᠤᠳᠠᠰᠤ ᠪᠠ ᠬᠦᠷᠦᠰᠤᠨ ᠲᠤᠤᠷᠠᠬᠢ ᠤᠰᠤᠨ ᠤ ᠲᠦᠪᠰᠢᠨ ᠤ ᠪᠠᠶᠢᠳᠠᠯ ᠢ ᠦᠨᠲᠤᠰᠦᠯᠠᠵᠦ᠂ ᠡᠬᠢ ᠪᠠᠶᠠᠯᠢᠭ ᠤᠨ ᠤᠷᠴᠢᠨ ᠲᠤᠭᠤᠷᠢᠨ ᠤ ᠳᠠᠭᠠᠭᠠᠬᠤ ᠴᠢᠳᠠᠪᠤᠷᠢ ᠪᠠᠷ ᠦᠨᠲᠤᠰᠤᠨ ᠪᠠᠷᠢᠮᠵᠢᠶ᠎ᠠ ᠪᠤᠯᠭᠠᠵᠦ᠂ ᠤᠶᠢᠵᠢᠭᠤᠯᠬᠤ ᠲᠦᠯᠦᠪᠵᠢᠬᠦᠯᠭᠡ ᠶᠢ ᠶᠠᠪᠤᠭᠳᠠᠭᠤᠯᠵᠦ᠂ ᠤᠶᠢᠵᠢᠭᠤᠯᠬᠤ ᠨᠢᠭᠳᠠᠴᠠ ᠶᠢᠨ ᠭᠡᠮᠵᠢᠶ᠎ᠠ ᠶᠢ ᠰᠢᠨᠵᠢᠯᠡᠬᠦ ᠤᠬᠠᠭᠠᠨᠴᠢ ᠪᠠᠷ ᠵᠦᠢ ᠵᠤᠬᠢᠰᠲᠡᠢ ᠲᠤᠭᠳᠠᠭᠠᠵᠦ᠂ ᠲᠤᠤᠷ᠎ᠠ ᠨᠢᠭᠳᠠᠴᠠ ᠲᠠᠢ ᠪᠠᠶᠢᠭᠠᠯᠢ ᠶᠢᠨ ᠤᠶᠢᠵᠢᠭᠤᠯᠤᠯᠳᠠ ᠶᠢ ᠴᠢᠩᠭ᠎ᠠ ᠭᠡᠷᠡᠭᠵᠢᠬᠦᠯᠵᠦ᠂ ᠠᠷᠭ᠎ᠠ ᠪᠠᠷᠢᠯ ᠠᠪᠴᠦ ᠬᠦᠷᠤᠰᠤᠨ ᠲᠤᠤᠷᠠᠬᠢ ᠤᠰᠤ ᠶᠢ ᠠᠷᠪᠢᠯᠠᠵᠦ᠂ ᠤᠶᠢᠵᠢᠭᠤᠯᠤᠭᠰᠠᠨ ᠤ ᠲᠠᠷᠠᠭ᠎ᠠ  ᠭᠤᠤᠯᠳᠠᠭᠤ ᠪᠠᠶᠢᠭᠠᠯᠢ ᠶᠢᠨ ᠬᠤᠷ᠎ᠠ ᠲᠤᠨᠤᠳᠠᠰᠤ ᠪᠠᠷ ᠤᠮᠳᠠᠯᠠᠬᠤ ᠳᠤ ᠲᠦᠰᠢᠭᠯᠡᠨ᠎ᠠ᠃         ᠲᠤᠯᠤᠲᠤᠭᠠᠷ ᠵᠤᠷᠪᠤᠰ     ᠤᠶᠢᠵᠢᠭᠤᠯᠤᠯᠳᠠ ᠶᠢ ᠭᠤᠶᠤᠴᠢᠯᠠᠨ ᠮᠡᠳᠡᠬᠦᠯᠬᠦ ᠲᠡᠰ ᠲᠠᠷᠠᠭᠠᠯᠠᠯ         ︵ᠨᠢᠭᠡ︶ ᠤᠶᠢᠵᠢᠭᠤᠯᠬᠤ ᠠᠵᠢᠯ ᠢ ᠡᠷᠭᠢᠯᠡᠭᠰᠡᠨ ᠭᠤᠤᠯ ᠴᠤᠭᠴᠠ ᠦᠪᠠᠷ ᠤᠨ ᠰᠠᠶᠢᠨ ᠲᠤᠷ᠎ᠠ ᠠᠴᠠ  ᠪᠠᠨ ᠲᠤᠬᠠᠢ ᠶᠢᠨ ᠭᠠᠵᠠᠷ ᠤᠨ ᠦᠨᠲᠤᠰᠤᠨ ᠱᠠᠲᠤᠨ ᠤ ᠤᠢ ᠰᠢᠭᠤᠢ ᠨᠤᠲᠤᠭ ᠪᠠᠯᠴᠢᠭᠡᠷ ᠤᠨ ᠬᠠᠮᠢᠶᠠᠷᠤᠯᠳᠠ ᠶᠢᠨ ᠪᠠᠶᠢᠭᠤᠯᠤᠮᠵᠢ ᠳᠤ ᠪᠢᠴᠢᠭ ᠢᠶᠠᠷ ᠭᠤᠶᠤᠴᠢᠯᠠᠯᠳᠠ ᠲᠡᠪᠰᠢᠬᠦᠯᠵᠦ᠂ ᠠᠭᠤᠯᠭ᠎ᠠ ᠳᠤ ᠤᠶᠢᠵᠢᠭᠤᠯᠬᠤ ᠭᠠᠵᠠᠷ᠂ ᠬᠦᠷᠢᠶ᠎ᠠ ᠭᠡᠪᠴᠢᠶ᠎ᠠ᠂ ᠮᠤᠲᠤᠨ ᠤ ᠲᠦᠷᠦᠯ᠂ ᠤᠶᠢᠵᠢᠭᠤᠯᠬᠤ ᠭᠠᠵᠠᠷ ᠤᠨ ᠡᠷᠭᠡ ᠶᠢᠨ ᠬᠠᠷᠢᠶᠠᠯᠠᠯ ᠤᠨ ᠭᠡᠷᠡᠴᠢ᠂ ᠭᠠᠵᠠᠷ ᠰᠢᠷᠤᠢ ᠶᠢᠨ ᠭᠡᠷᠡᠭᠯᠡᠭᠡᠨ ᠤ ᠭᠡᠯᠡᠯᠴᠡᠭᠡᠷ ᠵᠢᠴᠢ ᠰᠤᠮᠤ ︵ᠪᠠᠯᠭᠠᠰᠤ︶᠂ ᠭᠠᠴᠠᠭ᠎ᠠ ︵ᠲᠤᠰᠬᠤᠨ︶ ᠤ ᠤᠶᠢᠵᠢᠭᠤᠯᠬᠤ ᠶᠢ ᠵᠦᠪᠰᠢᠶᠡᠷᠡᠭᠰᠡᠨ ᠪᠠ ᠤᠶᠢᠵᠢᠭᠤᠯᠬᠤ ᠭᠠᠵᠠᠷ ᠤᠨ ᠬᠠᠷᠢᠶᠠᠯᠠᠭᠳᠠᠬᠤ ᠡᠷᠭᠡ ᠶᠢᠨ ᠮᠠᠷᠭᠤᠯᠲᠤᠭᠠᠨ ᠦᠭᠡᠢ ᠪᠠᠶᠢᠬᠤ ᠶᠢ ᠬᠢᠨᠠᠭᠰᠠᠨ ᠰᠠᠨᠠᠯ ᠪᠠᠭᠳᠠᠨ᠎ᠠ᠃         ︵ᠬᠤᠶᠠᠷ︶ ᠦᠨᠲᠤᠰᠤᠨ ᠱᠠᠲᠤᠨ ᠤ ᠤᠢ ᠰᠢᠭᠤᠢ ᠨᠤᠲᠤᠭ ᠪᠠᠯᠴᠢᠭᠡᠷ ᠤᠨ ᠬᠠᠮᠢᠶᠠᠷᠤᠯᠳᠠ ᠶᠢᠨ ᠪᠠᠶᠢᠭᠤᠯᠤᠮᠵᠢ ᠨᠢ  ᠭᠤᠶᠤᠴᠢᠯᠠᠨ ᠮᠡᠳᠡᠬᠦᠯᠦᠭᠰᠡᠨ ᠤᠶᠢᠵᠢᠭᠤᠯᠤᠯᠳᠠ ᠶᠢᠨ ᠭᠠᠵᠠᠷ ᠲᠤ ᠪᠤᠳᠠᠲᠡᠢ ᠭᠠᠵᠠᠷ ᠲᠤᠨᠢ ᠬᠦᠷᠴᠦ ᠪᠠᠶᠢᠴᠠᠭᠠᠨ ᠬᠠᠷᠭᠤᠭᠤᠯᠬᠤ ᠠᠵᠢᠯ ᠢ ᠶᠠᠪᠤᠭᠳᠠᠭᠤᠯᠵᠦ᠂ ᠬᠠᠷᠢᠶ᠎ᠠ ᠲᠤᠭᠤᠷᠢᠭ ᠤᠨ ᠤᠶᠢᠵᠢᠭᠤᠯᠬᠤ ᠲᠦᠯᠦᠪᠵᠢᠬᠦᠯᠭᠡ ᠳᠤ ᠨᠡᠶᠢᠴᠡᠭᠰᠡᠨ ᠡᠰᠡᠬᠦ ᠶᠢ ᠬᠢᠨ᠋ᠨᠨ ᠬᠠᠷᠭᠤᠭᠤᠯᠵᠦ᠂ ᠤᠤᠯ ᠤᠨ ᠤᠷᠭᠤᠮᠠᠯ ᠤᠨ  ᠪᠦᠷᠬᠦᠴᠠ᠂ ᠭᠠᠵᠠᠷ ᠤᠨ ᠨᠦᠬᠦᠴᠡᠯ ᠵᠡᠷᠭᠡ ᠨᠢ ᠤᠶᠢᠵᠢᠭᠤᠯᠬᠤ ᠱᠠᠭᠠᠷᠳᠠᠯᠭ᠎ᠠ ᠳᠤ ᠨᠡᠶᠢᠴᠡᠵᠦ ᠪᠠᠶᠢᠬᠤ ᠡᠰᠡᠬᠦ ᠵᠢᠴᠢ ᠦᠩᠭᠡᠷᠡᠭᠰᠡᠨ ᠵᠢᠯ ᠤᠨ ᠤᠢ ᠰᠢᠭᠤᠢ ᠨᠤᠲᠤᠭ ᠪᠠᠯᠴᠢᠭᠡᠷ ᠤᠨ ᠢᠨᠵᠧᠨᠧᠷᠢᠩ ︵ᠲᠦᠷᠦᠯ ᠵᠦᠢᠯ︶ ᠪᠠ ᠭᠤᠤᠯᠳᠠᠯᠭ᠎ᠠ  ᠲᠠᠢ ᠨᠠᠶᠢᠳᠠ ᠳᠤ ᠠᠰᠢᠭ ᠬᠦᠷᠳᠡᠭᠡᠬᠦ ᠤᠢ ᠲᠠᠢ ᠲᠠᠪᠬᠤᠴᠠᠵᠦ ᠪᠠᠶᠢᠬᠤ ᠡᠰᠡᠬᠦ ᠶᠢ ᠬᠢᠨ᠋ᠨᠨ ᠬᠠᠷᠭᠤᠭᠤᠯᠤᠭᠠᠳ᠂ ᠨᠦᠬᠦᠴᠡᠯ ᠳᠤ ᠨᠡᠶᠢᠴᠡᠭᠰᠡᠨ ᠢ ᠨᠢ ᠲᠤᠬᠠᠢ ᠶᠢᠨ ᠭᠠᠵᠠᠷ ᠤᠨ ᠬᠤᠰᠢᠭᠤ ᠨᠡᠭᠡᠭᠡᠯᠳᠡ ᠶᠢᠨ ᠤᠷᠤᠨ ᠤ ᠤᠢ ᠰᠢᠭᠤᠢ ᠨᠤᠲᠤᠭ ᠪᠠᠯᠴᠢᠭᠡᠷ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠦᠴᠢᠷ ᠲᠤ ᠨᠢᠭᠡᠲᠤᠯᠲᠡᠢ ᠮᠡᠳᠡᠬᠦᠯᠦᠨ᠎ᠠ᠃         ︵ᠭᠤᠷᠪᠠ︶ ᠬᠤᠰᠢᠭᠤ ᠨᠡᠭᠡᠭᠡᠯᠳᠡ ᠶᠢᠨ ᠤᠷᠤᠨ ᠤ ᠤᠢ ᠰᠢᠭᠤᠢ ᠨᠤᠲᠤᠭ ᠪᠠᠯᠴᠢᠭᠡᠷ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠦᠴᠢᠷ ᠠᠴᠠ ᠬᠢᠨ᠋ᠨᠨ ᠬᠠᠷᠭᠤᠭᠤᠯᠤᠭᠰᠠᠨ ᠤ ᠲᠠᠷᠠᠭ᠎ᠠ᠂ ᠤᠶᠢᠵᠢᠭᠤᠯᠬᠤ ᠨᠦᠬᠦᠴᠡᠯ ᠳᠤ ᠨᠡᠶᠢᠴᠡᠭᠰᠡᠨ ᠢ ᠨᠢ ᠵᠢᠯ ᠤᠨ ᠤᠶᠢᠵᠢᠭᠤᠯᠬᠤ ᠲᠦᠯᠦᠪᠯᠡᠭᠡ ᠳᠤ ᠤᠷᠤᠭᠤᠯᠵᠦ᠂ ᠤᠶᠢᠵᠢᠭᠤᠯᠬᠤ ᠭᠡᠷ᠎ᠠ ᠲᠤᠭᠳᠠᠨ᠎ᠠ᠃ ᠤᠶᠢᠵᠢᠭᠤᠯᠬᠤ ᠠᠵᠢᠯ ᠢ ᠡᠷᠭᠢᠯᠡᠭᠰᠡᠨ ᠭᠤᠤᠯ ᠴᠤᠭᠴᠠ ᠨᠢ ᠡᠷᠭᠡᠪᠰᠢ ᠤᠶᠢᠵᠢᠭᠤᠯᠬᠤ ᠠᠵᠢᠯ ᠢᠶᠠᠨ ᠲᠦᠯᠦᠪᠯᠡᠬᠦ ᠪᠠ ᠬᠠᠮᠢᠶ᠎ᠠ ᠪᠦᠬᠦᠢ ᠮᠡᠷᠭᠡᠵᠢᠯ ᠤᠨ ᠱᠠᠭᠠᠷᠳᠠᠯᠭ᠎ᠠ ᠪᠠᠷ ᠴᠢᠩᠭ᠎ᠠ ᠵᠤᠬᠢᠶᠠᠨ ᠪᠠᠶᠢᠭᠤᠯᠤᠨ ᠭᠡᠷᠡᠭᠵᠢᠬᠦᠯᠵᠦ᠂ ᠬᠤᠰᠢᠭᠤ ᠨᠡᠭᠡᠭᠡᠯᠳᠡ ᠶᠢᠨ ᠤᠷᠤᠨ ᠤ ᠤᠢ ᠰᠢᠭᠤᠢ ᠨᠤᠲᠤᠭ ᠪᠠᠯᠴᠢᠭᠡᠷ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠦᠴᠢᠷ᠂ ᠲᠤᠬᠠᠢ ᠶᠢᠨ ᠭᠠᠵᠠᠷ ᠤᠨ ᠦᠨᠲᠤᠰᠤᠨ ᠱᠠᠲᠤᠨ ᠤ ᠤᠢ ᠰᠢᠭᠤᠢ ᠨᠤᠲᠤᠭ ᠪᠠᠯᠴᠢᠭᠡᠷ ᠤᠨ ᠬᠠᠮᠢᠶᠠᠷᠤᠯᠳᠠ ᠶᠢᠨ ᠪᠠᠶᠢᠭᠤᠯᠤᠮᠵᠢ ᠨᠢ ᠡᠷᠭᠡᠪᠰᠢ ᠪᠦᠬᠦ ᠶᠠᠪᠤᠴᠠ ᠶᠢ ᠬᠢᠨ᠋ᠨᠨ ᠬᠠᠮᠢᠶᠠᠷᠴᠦ ᠢᠨᠵᠧᠨᠧᠷᠢᠩ ᠤᠨ ᠶᠠᠰᠤ ᠴᠢᠨᠠᠷ ᠢ ᠰᠠᠶᠢᠲᠤᠷ  ᠪᠠᠲᠤᠯᠠᠬᠤ ᠭᠡᠷᠡᠭᠲᠡᠢ᠃         ︵ᠲᠦᠷᠪᠠ︶ ᠦᠩᠭᠡᠷᠡᠭᠰᠡᠨ ᠵᠢᠯ ᠤᠨ ᠤᠢ ᠰᠢᠭᠤᠢ ᠨᠤᠲᠤᠭ ᠪᠠᠯᠴᠢᠭᠡᠷ ᠤᠨ ᠢᠨᠵᠧᠨᠧᠷᠢᠩ ︵ᠲᠦᠷᠦᠯ ᠵᠦᠢᠯ︶ ᠳᠤ ᠤᠷᠤᠭᠤᠯᠤᠭᠰᠠᠨ  ᠤᠶᠢᠵᠢᠭᠤᠯᠬᠤ ᠠᠵᠢᠯ ᠢ ᠡᠷᠭᠢᠯᠡᠭᠰᠡᠨ ᠭᠤᠤᠯ ᠴᠤᠭᠴᠠ ᠶᠢᠨ ᠤᠶᠢᠵᠢᠭᠤᠯᠤᠭᠰᠠᠨ ᠠᠮᠢᠵᠢᠷᠠᠯ ᠤᠨ ᠨᠤᠷᠮ᠎ᠠ᠂ ᠪᠠᠳᠣᠯᠠᠭᠰᠠᠨ ᠨᠤᠷᠮ᠎ᠠ᠂ ᠬᠠᠮᠢᠶᠠᠷᠴᠦ ᠬᠠᠮᠠᠭᠠᠯᠠᠬᠤ ᠶᠠᠰᠤ ᠴᠢᠨᠠᠷ ᠵᠡᠷᠭᠡ ᠲᠤᠷ᠎ᠠ ᠶᠢᠨ ᠨᠢᠭᠡᠨ ᠲᠦᠷᠦᠯ ᠨᠢ ᠰᠢᠯᠭᠠᠨ ᠬᠤᠷᠢᠶᠠᠬᠤ ᠪᠠᠷᠢᠮᠵᠢᠶ᠎ᠠ ᠳᠤ ᠬᠦᠷᠦᠭᠰᠡᠨ ᠦᠭᠡᠢ ᠪᠤᠯ᠂ ᠰᠢᠨ᠎ᠠ ᠪᠠᠷ ᠤᠶᠢᠵᠢᠭᠤᠯᠬᠤ ᠡᠬᠦᠷᠭᠡ ᠶᠢ ᠭᠤᠶᠤᠴᠢᠯᠠᠵᠦ ᠪᠤᠯᠬᠤ ᠦᠭᠡᠢ᠃         ︵ᠲᠠᠪᠤ︶ ᠬᠤᠰᠢᠭᠤ ᠨᠡᠭᠡᠭᠡᠯᠳᠡ ᠶᠢᠨ ᠤᠷᠤᠨ ᠤ ᠤᠢ ᠰᠢᠭᠤᠢ ᠨᠤᠲᠤᠭ ᠪᠠᠯᠴᠢᠭᠡᠷ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠦᠴᠢᠷ᠂ ᠰᠤᠮᠤᠨ ︵ᠪᠠᠯᠭᠠᠰᠤ︶ ᠤ ᠠᠷᠠᠳ ᠤᠨ ᠵᠠᠰᠠᠭ ᠤᠨ ᠤᠷᠲᠤᠨ ᠡᠷᠭᠡᠪᠰᠢ ᠤᠶᠢᠵᠢᠭᠤᠯᠬᠤ ᠨᠦᠬᠦᠪᠤᠷᠢ ᠮᠦᠩᠬᠦ ᠶᠢᠨ ᠲᠦᠷᠦ ᠶᠢᠨ ᠪᠤᠲᠤᠯᠭ᠎ᠠ᠂ ᠨᠦᠬᠦᠪᠦᠷᠢ ᠬᠦᠷᠳᠡᠬᠦ ᠡᠳᠡᠭᠡᠳ ᠪᠠ ᠨᠦᠬᠦᠪᠤᠷᠢ  ᠶᠢᠨ ᠪᠠᠷᠢᠮᠵᠢᠶ᠎ᠠ ᠶᠢ ᠴᠠᠭ ᠲᠤᠬᠠᠢ ᠳᠤᠨᠢ ᠨᠠᠶᠢᠳᠠᠯᠠᠨ᠎ᠠ︔  ᠭᠠᠴᠠᠭ᠎ᠠ ︵ᠲᠤᠰᠬᠤᠨ︶ ᠢᠶᠠᠷ ᠨᠢᠭᠡᠴᠠ ᠪᠤᠯᠭᠠᠵᠦ ᠤᠶᠢᠵᠢᠭᠤᠯᠬᠤ ᠠᠵᠢᠯ ᠢ ᠡᠷᠭᠢᠯᠡᠭᠰᠡᠨ ᠭᠤᠤᠯ ᠴᠤᠭᠴᠠ ᠶᠢᠨ ᠤᠶᠢᠵᠢᠭᠤᠯᠬᠤ ᠲᠠᠯᠠᠪᠠᠢ᠂ ᠮᠤᠲᠤᠨ ᠤ ᠲᠦᠷᠦᠯ᠂ ᠭᠠᠵᠠᠷ ᠪᠠ ᠶᠠᠰᠤ ᠴᠢᠨᠠᠷ ᠤᠨ ᠱᠠᠭᠠᠷᠳᠠᠯᠭ᠎ᠠ ᠵᠢᠴᠢ ᠪᠠᠶᠢᠴᠠᠭᠠᠵᠦ ᠬᠤᠷᠢᠶᠠᠨ ᠰᠢᠯᠭᠠᠭᠰᠠᠨ ᠦᠷ᠎ᠠ ᠳ᠋ᠦᠩ ᠵᠡᠷᠭᠡ ᠪᠠᠶᠢᠳᠠᠯ ᠢ ᠨᠠᠶᠢᠳᠠᠯᠠᠵᠦ᠂ ᠤᠯᠠᠨ ᠲᠦᠮᠠᠨ ᠤ ᠬᠢᠨ᠋ᠨᠯᠳᠠ ᠲᠠᠯᠪᠢᠬᠤ ᠳᠤ ᠲᠦᠬᠦᠮ ᠦᠵᠠᠬᠦᠯᠦᠨ᠎ᠠ᠃        ᠨᠠᠢᠮᠠᠲᠤᠭᠠᠷ ᠵᠤᠷᠪᠤᠰ    ᠨᠦᠬᠦᠪᠤᠷᠢ ᠦᠭᠬᠦ ᠪᠠᠷᠢᠮᠵᠢᠶ᠎ᠠ᠃ ᠤᠶᠢᠵᠢᠭᠤᠯᠬᠤ ᠬᠠᠯᠬᠠᠪᠴᠢ ᠤᠢ ᠨᠢ       ︽ᠤᠷᠢᠳᠠᠪᠠᠷ ᠤᠶᠢᠵᠢᠭᠤᠯᠵᠦ ᠲᠠᠷᠠᠭ᠎ᠠ ᠨᠢ ᠨᠦᠬᠦᠪᠤᠷᠢᠯᠠᠬᠦ︾ ᠭᠡᠪ ᠮᠠᠶ᠋ᠢᠭ ᠢᠶᠠᠷ ᠰᠢᠯᠭᠠᠨ ᠬᠤᠷᠢᠶᠠᠬᠤ ᠪᠠᠷᠢᠮᠵᠢᠶ᠎ᠠ  ᠳᠤ ᠬᠦᠷᠦᠭᠰᠡᠨ ᠤᠶᠢᠵᠢᠭᠤᠯᠤᠭᠰᠠᠨ ᠭᠠᠵᠠᠷ ᠢ ᠰᠢᠯᠭᠠᠨ ᠬᠤᠷᠢᠶᠠᠭᠠᠳ ᠬᠢᠷᠢ ᠲᠡᠩᠴᠡᠭᠰᠡᠨ ᠤ ᠲᠠᠷᠠᠭ᠎ᠠ ᠤᠢ ᠰᠢᠭᠤᠢ ᠨᠤᠲᠤᠭ ᠪᠠᠯᠴᠢᠭᠡᠷ ᠤᠨ ᠭᠤᠤᠯᠳᠠᠯᠭ᠎ᠠ ᠲᠠᠢ ᠢᠨᠵᠧᠨᠧᠷᠢᠩ ᠪᠤᠶᠤ ᠨᠡᠶᠢᠭᠡᠮ ᠤᠨ ᠤᠯᠠᠨ ᠨᠠᠶᠢᠳᠠ ᠳᠤ ᠠᠰᠢᠭ ᠬᠦᠷᠳᠡᠭᠡᠬᠦ ᠤᠶᠢᠵᠢᠭᠤᠯᠬᠤ ᠲᠦᠷᠦᠯ ᠵᠦᠢᠯ ᠳᠤ ᠤᠷᠤᠭᠤᠯᠵᠦ ᠤᠶᠢᠵᠢᠭᠤᠯᠬᠤ ᠠᠵᠢᠯ ᠢ ᠡᠷᠬᠢᠯᠡᠭᠰᠡᠨ ᠭᠤᠤᠯ ᠴᠤᠭᠴᠠ ᠳᠤ ᠨᠦᠬᠦᠪᠤᠷᠢ ᠦᠭᠬᠦᠨ᠎ᠠ᠃ ᠨᠦᠬᠦᠪᠤᠷᠢ ᠦᠭᠬᠦ ᠪᠠᠷᠢᠮᠵᠢᠶ᠎ᠠ᠄ ᠬᠦᠮᠦᠨ ᠤ ᠬᠦᠴᠦ ᠪᠠᠷ ᠲᠤᠷᠤᠭ ᠮᠤᠲᠤ ᠶᠢ ᠤᠶᠢᠵᠢᠭᠤᠯᠤᠭᠰᠠᠨ ᠪᠤᠯ ᠮᠤ᠋ ᠪᠦᠷᠢ ᠳᠤ 500 ᠲᠦᠬᠦᠷᠢᠭ ᠨᠦᠬᠦᠪᠤᠷᠢᠯᠠᠨ᠎ᠠ︔ ᠪᠤᠳᠠ ᠮᠤᠲᠤ ᠶᠢ ᠤᠶᠢᠵᠢᠭᠤᠯᠤᠭᠰᠠᠨ ᠪᠤᠯ ᠮᠤ᠋ ᠪᠦᠷᠢ ᠳᠤ 200 ᠲᠦᠬᠦᠷᠢᠭ ᠨᠦᠬᠦᠪᠤᠷᠢᠯᠠᠨ᠎ᠠ︔ ᠨᠢᠰᠭᠡᠯ ᠢᠶᠠᠷ ᠦᠷ᠎ᠠ ᠰᠠᠴᠤᠵᠦ ᠤᠶᠢᠵᠢᠭᠤᠯᠤᠭᠰᠠᠨ ︵ᠬᠦᠮᠦᠨ ᠤ ᠬᠦᠴᠦ ᠪᠠᠷ ᠦᠷ᠎ᠠ ᠰᠡᠴᠤᠵᠦ ᠲᠠᠷᠢᠭᠰᠠᠨ︶ ᠪᠤᠯ ᠮᠤ᠋ ᠪᠦᠷᠢ ᠳᠤ 150 ᠲᠦᠬᠦᠷᠢᠭ ᠨᠦᠬᠦᠪᠤᠷᠢᠯᠠᠨ᠎ᠠ︔ ᠡᠯᠡᠰᠤ ᠶᠢ ᠪᠢᠳᠡᠬᠦᠮᠵᠢᠯᠠᠵᠦ ᠤᠢ ᠮᠤᠲᠤ ᠲᠠᠷᠢᠭᠰᠠᠨ ᠵᠢᠴᠢ ᠲᠤᠤᠷ᠎ᠠ ᠪᠦᠲᠤᠮᠵᠢᠲᠤ ᠤᠶᠢᠵᠢᠭᠤᠯᠤᠯᠳᠠ ᠶᠢ ᠦᠭᠡᠷᠡᠴᠢᠯᠠᠨ ᠰᠢᠨᠡᠳᠭᠡᠭᠰᠡᠨ᠂ ᠨᠦᠬᠦᠪᠤᠷᠢᠯᠠᠨ ᠲᠠᠷᠢᠵᠦ ᠦᠭᠡᠷᠡᠴᠢᠯᠡᠭᠰᠡᠨ᠂ ᠪᠤᠳᠠ ᠮᠤᠲᠤ  ᠶᠢᠨ ᠤᠢ ᠶᠢ ᠲᠡᠭᠰᠢᠯᠠᠬᠦ ᠵᠡᠷᠭᠡ ᠤᠢ ᠰᠢᠭᠤᠢ ᠶᠢᠨ ᠶᠠᠰᠤ ᠴᠢᠨᠠᠷ ᠢ ᠤᠨᠤᠪᠴᠢᠲᠡᠢ ᠲᠡᠭᠡᠭᠰᠢᠯᠡᠬᠦᠯᠦᠭᠰᠡᠨ ᠪᠤᠯ ᠮᠤ᠋ ᠪᠦᠷᠢ ᠳᠤ 90 ᠲᠦᠬᠦᠷᠢᠭ ᠨᠦᠬᠦᠪᠤᠷᠢᠯᠠᠨ᠎ᠠ︔ ᠤᠢ ᠰᠢᠭᠤᠢ ᠶᠢ ᠪᠤᠶᠢᠵᠢᠭᠤᠯᠬᠤ᠂ ᠤᠮᠠᠷᠠᠲᠤ ᠶᠢᠨ ᠭᠤᠷᠪᠠᠨ ᠤᠷᠤᠨ ᠤ ᠬᠠᠯᠬᠠᠪᠴᠢ ᠤᠢ ᠶᠢᠨ ᠢᠨᠵᠧᠨᠧᠷᠢᠩ ᠤᠨ ᠮᠠᠭᠤᠵᠢᠷᠠᠭᠰᠠᠨ ᠤᠢ ᠶᠢ ᠵᠠᠰᠠᠨ ᠰᠡᠷᠬᠦᠭᠡᠬᠦ ᠵᠡᠷᠭᠡ ᠪᠤᠰᠤᠳ ᠤᠶᠢᠵᠢᠭᠤᠯᠬᠤ ᠲᠦᠷᠦᠯ ᠵᠦᠢᠯ ᠢ ᠤᠯᠤᠰ ᠠᠴᠠ ᠪᠠᠭᠤᠯᠭᠠᠭᠰᠠᠨ ᠨᠦᠬᠦᠪᠤᠷᠢ ᠮᠦᠩᠬᠦ ᠶᠢᠨ ᠪᠠᠷᠢᠮᠵᠢᠶ᠎ᠠ ᠳᠤ ᠲᠤᠭᠳᠠᠭᠠᠭᠰᠠᠨ ᠲᠤᠭ᠎ᠠ ᠶᠤᠰᠤᠭᠠᠷ ᠨᠦᠬᠦᠪᠤᠷᠢ ᠦᠭᠬᠦᠨ᠎ᠠ᠃        ᠶᠢᠰᠤᠲᠤᠭᠡᠷ ᠵᠤᠷᠪᠤᠰ    ᠤᠶᠢᠵᠢᠭᠤᠯᠬᠤ ᠪᠦᠲᠤᠭᠡᠨ ᠪᠠᠶᠢᠭᠤᠯᠤᠯᠳᠠ ᠵᠢᠴᠢ ᠬᠠᠮᠢᠶᠠᠷᠴᠤ ᠬᠠᠮᠠᠭᠠᠯᠠᠬᠤ ᠬᠤᠭᠤᠴᠠᠭᠠᠨ ᠤ ᠬᠢᠵᠠᠭᠠᠷᠯᠠᠯ᠃ ᠤᠶᠢᠵᠢᠭᠤᠯᠬᠤ ᠠᠵᠢᠯ ᠢ ᠡᠷᠭᠢᠯᠡᠭᠰᠡᠨ ᠭᠤᠤᠯ ᠴᠤᠭᠴᠠ   ᠶᠢᠨ ᠤᠶᠢᠵᠢᠭᠤᠯᠬᠤ ᠪᠦᠲᠤᠭᠡᠨ ᠪᠠᠶᠢᠭᠤᠯᠤᠯᠳᠠ ᠵᠢᠴᠢ ᠬᠠᠮᠢᠶᠠᠷᠴᠦ ᠬᠠᠮᠠᠭᠠᠯᠠᠬᠤ ᠬᠤᠭᠤᠴᠠᠭᠠᠨ ᠤ ᠬᠢᠵᠠᠭᠠᠷᠯᠠᠯ ᠢ ᠤᠯᠤᠰ ᠪᠠ ᠤᠷᠤᠨ ᠨᠤᠲᠤᠭ ᠤᠨ ᠤᠶᠢᠵᠢᠭᠤᠯᠬᠤ ᠮᠠᠷᠭᠡᠵᠢᠯ ᠤᠨ ᠲᠦᠷᠢᠮ ᠲᠤᠭᠳᠠᠭᠠᠯ ᠶᠠᠪᠤᠴᠠ ᠶᠢᠨ ᠬᠤᠯᠪᠤᠭᠳᠠᠯ ᠪᠦᠬᠦᠢ ᠲᠤᠭᠳᠠᠭᠠᠯ ᠶᠤᠰᠤᠭᠠᠷ ᠭᠡᠷᠡᠭᠵᠢᠬᠦᠯᠦᠨ᠎ᠠ᠃        ᠠᠷᠪᠠᠲᠤᠭᠠᠷ ᠵᠤᠷᠪᠤᠰ    ᠤᠶᠢᠵᠢᠭᠤᠯᠬᠤ ᠲᠦᠷᠦᠯ ᠵᠦᠢᠯ ᠳᠤ ᠭᠡᠷ᠎ᠠ ᠶᠢᠨ ᠲᠦᠷᠢᠮ ᠤᠨ ᠬᠠᠮᠢᠶᠠᠷᠤᠯᠳᠠ  ᠶᠢ ᠭᠡᠷᠡᠭᠵᠢᠬᠦᠯᠦᠨ᠎ᠠ᠃ ᠬᠤᠰᠢᠭᠤ ᠨᠡᠭᠡᠭᠡᠯᠳᠡ ᠶᠢᠨ ᠤᠷᠤᠨ ᠤ ᠤᠢ ᠰᠢᠭᠤᠢ ᠨᠤᠲᠤᠭ ᠪᠠᠯᠴᠢᠭᠡᠷ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠦᠴᠢᠷ ᠪᠠ ᠤᠶᠢᠵᠢᠭᠤᠯᠬᠤ ᠠᠵᠢᠯ ᠢ ᠡᠷᠭᠢᠯᠡᠭᠰᠡᠨ ᠭᠤᠤᠯ ᠴᠤᠭᠴᠠ ᠤᠶᠢᠵᠢᠭᠤᠯᠬᠤ ᠭᠡᠷ᠎ᠠ ᠲᠤᠭᠳᠠᠵᠦ᠂ ᠭᠡᠷ᠎ᠠ ᠶᠢᠨ ᠭᠤᠤᠯ ᠠᠭᠤᠯᠭ᠎ᠠ ᠳᠤ ᠤᠶᠢᠵᠢᠭᠤᠯᠬᠤ ᠭᠠᠵᠠᠷ ᠤᠨ ᠡᠷᠭᠡ ᠶᠢᠨ ᠬᠠᠷᠢᠶᠠᠯᠠᠯ᠂ ᠤᠶᠢᠵᠢᠭᠤᠯᠬᠤ ᠭᠠᠵᠠᠷ᠂ ᠲᠠᠯᠠᠪᠠᠢ᠂ ᠮᠤᠲᠤᠨ ᠤ ᠲᠦᠷᠦᠯ᠂ ᠠᠩᠬ᠎ᠠ ᠲᠠᠷᠢᠬᠤ ᠨᠢᠭᠳᠠᠴᠠ᠂ ᠬᠠᠮᠢᠶᠠᠷᠴᠦ ᠬᠠᠮᠠᠭᠠᠯᠠᠬᠤ ᠴᠠᠭ ᠤᠨ ᠬᠢᠵᠠᠭᠠᠷᠯᠠᠯ᠂ ᠨᠦᠬᠦᠪᠤᠷᠢ ᠶᠢᠨ ᠪᠠᠷᠢᠮᠵᠢᠶ᠎ᠠ ᠬᠢᠭᠡᠳ ᠵᠤᠭᠤᠰᠤᠨ ᠤ ᠲᠤᠭ᠎ᠠ  ᠂ ᠤᠶᠢᠵᠢᠭᠤᠯᠤᠯᠳᠠ ᠶᠢ ᠪᠠᠶᠠᠯᠡᠬᠦᠯᠦᠭᠰᠡᠨ ᠴᠠᠭ ᠬᠤᠭᠤᠴᠠᠭ᠎ᠠ᠂ ᠠᠮᠢᠵᠢᠷᠠᠯ ᠤᠨ ᠨᠤᠷᠮ᠎ᠠ᠂ ᠬᠠᠳᠠᠭᠠᠯᠠᠭᠳᠠᠴᠠ ᠶᠢᠨ ᠨᠤᠷᠮ᠎ᠠ᠂ ᠪᠠᠶᠢᠴᠠᠭᠠᠵᠦ ᠰᠢᠯᠭᠠᠨ ᠬᠤᠷᠢᠶᠠᠬᠤ ᠬᠢᠭᠡᠳ ᠪᠠᠯᠨ ᠮᠦᠩᠬᠦ ᠶᠢ ᠰᠢᠯᠵᠢᠬᠦᠯᠦᠨ ᠦᠭᠬᠦ ᠴᠠᠭ ᠬᠤᠭᠤᠴᠠᠭ᠎ᠠ ᠵᠡᠷᠭᠡ ᠤᠴᠢᠷ ᠵᠦᠢᠯ ᠢ ᠪᠠᠭᠳᠠᠭᠠᠬᠤ ᠶᠤᠰᠤᠲᠠᠢ᠃ ᠤᠶᠢᠵᠢᠭᠤᠯᠬᠤ ᠭᠡᠷ᠎ᠠ ᠲᠤᠭᠳᠠᠭᠰᠠᠨ ᠡᠲᠤᠷ ᠠᠴᠠ ᠡᠬᠢᠯᠠᠵᠦ᠂ ᠤᠶᠢᠵᠢᠭᠤᠯᠬᠤ ᠠᠵᠢᠯ ᠢ ᠡᠷᠭᠢᠯᠡᠭᠰᠡᠨ ᠭᠤᠤᠯ ᠴᠤᠭᠴᠠ ᠡᠷᠭᠡᠪᠰᠢ ᠭᠡᠷ᠎ᠠ ᠳᠤ ᠲᠤᠭᠳᠠᠭᠠᠭᠰᠠᠨ ᠴᠠᠭ ᠤᠨ ᠬᠢᠵᠠᠭᠠᠷᠯᠠᠯ᠂ ᠪᠠᠷᠢᠮᠵᠢᠶ᠎ᠠ ᠪᠠ ᠶᠠᠰᠤ ᠴᠢᠨᠠᠷ ᠢᠶᠠᠷ ᠤᠶᠢᠵᠢᠭᠤᠯᠥᠯᠳᠠ ᠪᠠᠨ ᠪᠠᠶᠠᠯᠡᠬᠦᠯᠵᠦ᠂ ᠪᠦᠲᠤᠭᠡᠨ ᠪᠠᠶᠢᠭᠤᠯᠬᠤ ᠪᠠ ᠬᠠᠮᠢᠶᠠᠷᠴᠦ ᠬᠠᠮᠠᠭᠠᠯᠬᠤ ᠬᠤᠭᠤᠴᠠᠭᠠᠨ ᠳᠤ᠂ ᠤᠶᠢᠵᠢᠭᠤᠯᠬᠤ ᠭᠡᠷ᠎ᠠ ᠳᠤ ᠲᠤᠭᠳᠠᠭᠠᠭᠰᠠᠨ ᠬᠤᠯᠪᠤᠭᠳᠠᠯ ᠪᠦᠬᠦᠢ ᠮᠡᠷᠭᠡᠵᠢᠯ ᠤᠨ ᠲᠤᠭᠳᠠᠭᠠᠯ ᠪᠠ ᠰᠢᠯᠭᠠᠨ ᠬᠤᠷᠢᠶᠠᠬᠤ ᠪᠠᠷᠢᠮᠵᠢᠶ᠎ᠠ ᠶᠢ ᠡᠷᠭᠡᠪᠰᠢ ᠴᠢᠩᠭ᠎ᠠ ᠭᠡᠷᠡᠭᠵᠢᠬᠦᠯᠵᠦ᠂ ᠬᠤᠭᠤᠴᠠᠭ᠎ᠠ ᠠᠴᠠ ᠪᠠᠨ ᠦᠩᠭᠡᠷᠡᠵᠦ ᠪᠡᠶᠡᠯᠡᠬᠦᠯᠵᠦ ᠲᠠᠭᠤᠰᠤᠭᠠᠲᠤᠢ ᠪᠤᠯ ᠭᠡᠷ᠎ᠠ ᠶᠢ ᠵᠤᠭᠰᠤᠭᠠᠨ᠎ᠠ᠃        ᠠᠷᠪᠠᠨ ᠨᠢᠭᠡᠲᠤᠭᠡᠷ ᠵᠤᠷᠪᠤᠰ      ᠤᠶᠢᠵᠢᠭᠤᠯᠤᠯᠳᠠ ᠶᠢ ᠰᠢᠯᠭᠠᠨ ᠬᠤᠷᠢᠶᠠᠬᠤ ᠪᠠᠷᠢᠮᠵᠢᠶ᠎ᠠ᠃  ᠤᠯᠤᠰ ᠪᠤᠶᠤ ᠤᠷᠤᠨ ᠨᠤᠲᠤᠭ ᠤᠨ ᠤᠶᠢᠵᠢᠭᠤᠯᠤᠯᠳᠠ ᠶᠢᠨ ᠬᠤᠯᠪᠤᠭᠳᠠᠯ ᠪᠦᠬᠦᠢ ᠮᠡᠷᠭᠡᠵᠢᠯ ᠤᠨ ᠲᠦᠷᠢᠮ ᠲᠤᠭᠳᠠᠭᠠᠯ ᠶᠠᠪᠤᠴᠠ ᠶᠢᠨ ᠪᠠᠷᠢᠮᠵᠢᠶ᠎ᠠ ᠶᠢ ᠭᠡᠷᠡᠭᠵᠢᠬᠦᠯᠦᠨ᠎ᠠ᠃        ︵ᠨᠢᠭᠡ︶ ᠬᠦᠮᠦᠨ ᠤ ᠬᠦᠴᠦ ᠪᠠᠷ ᠤᠶᠢᠵᠢᠭᠤᠯᠬᠤ᠃ ᠨᠠᠶᠢᠳᠠ ᠳᠤ ᠠᠰᠢᠭ ᠬᠦᠷᠳᠡᠭᠡᠬᠦ ᠤᠢ ᠶᠢᠨ ᠲᠤᠬᠠᠢ ᠶᠢᠨ ᠵᠢᠯ ᠤᠨ ᠤᠶᠢᠵᠢᠭᠤᠯᠤᠭᠰᠠᠨ ᠠᠮᠢᠵᠢᠷᠠᠯ ᠤᠨ ᠨᠤᠷᠮ᠎ᠠ ᠨᠢ 70% ᠪᠣᠶᠣ ᠳᠡᠬᠦᠨ ᠠᠴᠠ ᠳᠡᠭᠡᠭᠰᠢ ᠪᠠᠶᠢᠵᠦ᠂ 3 ᠵᠢᠯ ᠤᠨ ᠲᠠᠷᠠᠭ᠎ᠠ ᠰᠠᠬᠤᠯᠢᠭᠵᠢᠭᠰᠠᠨ ᠮᠤᠲᠤᠨ ᠤ  ᠲᠤᠭ᠎ᠠ ᠨᠢ 65% ᠪᠣᠶᠣ ᠳᠡᠬᠦᠨ ᠠᠴᠠ ᠳᠡᠭᠡᠭᠰᠢ ᠪᠠᠶᠢᠬᠤ ᠶᠢ ᠪᠠᠳᠣᠯᠠᠨ᠎ᠠ᠃        ︵ᠬᠤᠶᠠᠷ︶ ᠨᠢᠰᠭᠡᠯ ᠢᠶᠠᠷ ᠦᠷ᠎ᠠ ᠰᠠᠴᠤᠵᠦ ᠤᠶᠢᠵᠢᠭᠤᠯᠬᠤ ︵ᠬᠦᠮᠦᠨ ᠤ ᠬᠦᠴᠦ ᠪᠠᠷ ᠦᠷ᠎ᠠ ᠰᠠᠴᠤᠵᠦ ᠲᠠᠷᠢᠬᠤ︶᠃ ᠨᠢᠰᠭᠡᠯ ᠢᠶᠠᠷ ᠦᠷ᠎ᠠ ᠰᠠᠴᠤᠵᠦ ᠤᠶᠢᠵᠢᠭᠤᠯᠬᠤ ᠠᠵᠢᠯ ᠲᠠᠭᠤᠰᠤᠭᠰᠠᠨ ᠤ ᠲᠠᠷᠠᠭ᠎ᠠ 2 —3 ᠵᠢᠯ ᠤᠨ ᠲᠤᠲᠤᠷ᠎ᠠ ᠨᠠᠬᠢᠶ᠎ᠠ ᠶᠢᠨ ᠪᠣᠶᠢᠵᠢᠯᠳᠠ ᠶᠢ ᠪᠠᠶᠢᠴᠠᠭᠠᠬᠤ ᠠᠵᠢᠯ ᠢ ᠦᠷᠨᠢᠬᠦᠯᠵᠦ᠂ ᠲᠠᠷᠢᠬᠤ ᠳᠤ ᠲᠤᠬᠢᠷᠠᠮᠵᠢᠲᠡᠢ ᠭᠠᠵᠠᠷ  ᠤᠨ ᠲᠠᠯᠠᠪᠠᠢ ᠨᠢ ᠲᠡᠭᠰᠢᠳᠭᠡᠭᠡᠳ ᠡᠾᠧᠺᠲ᠋ᠠᠷ ᠪᠦᠷᠢ ᠳᠤ ᠪᠤᠳᠠ ᠮᠤᠲᠤᠨ ᠤ ᠪᠦᠲᠤᠮᠵᠢᠲᠡᠢ ᠪᠣᠶᠢᠵᠢᠭᠰᠠᠨ ᠨᠠᠬᠢᠶ᠎ᠠ  ᠶᠢᠨ ᠲᠤᠭ᠎ᠠ ᠨᠢ 1666 ᠪᠣᠶᠣ ᠳᠡᠬᠦᠨ ᠠᠴᠠ ᠢᠯᠡᠬᠦᠦ ᠪᠠᠶᠢᠵᠦ᠂ ᠨᠠᠬᠢᠶ᠎ᠠ ᠪᠤᠶᠢᠵᠢᠭᠤᠯᠬᠤ ᠦᠯᠢᠭᠡᠷ ᠭᠠᠵᠠᠷ ᠤᠨ ᠲᠠᠪᠳᠠᠴᠠ ᠨᠢ 20% ᠪᠣᠶᠣ ᠳᠡᠬᠦᠨ ᠠᠴᠠ ᠳᠡᠭᠡᠭᠰᠢ ᠪᠠᠶᠢᠪᠠᠯ ᠬᠢᠷᠢ ᠲᠡᠩᠴᠡᠨ᠎ᠠ᠃ ᠨᠢᠰᠭᠡᠯ ᠢᠶᠠᠷ ᠦᠶ᠎ᠠ ᠰᠠᠴᠤᠵᠦ ᠤᠶᠢᠵᠢᠭᠤᠯᠤᠭᠰᠠᠨ ᠤ ᠲᠠᠷᠠᠭ᠎ᠠ 5 —7 ᠵᠢᠯ ᠤᠨ ᠲᠤᠲᠤᠷ᠎ᠠ ᠦᠷ᠎ᠠ ᠪᠦᠲᠤᠮᠵᠢ ᠶᠢ ᠪᠠᠶᠢᠴᠠᠭᠠᠬᠤ ᠠᠵᠢᠯ ᠢ ᠦᠷᠨᠢᠬᠦᠯᠵᠦ᠂ ᠦᠯᠢᠭᠡᠷ ᠲᠤᠭᠤᠷᠢᠭ ᠲᠠᠬᠢ ᠬᠢᠷᠢ ᠲᠡᠩᠴᠡᠬᠦ ᠪᠠᠷᠢᠮᠵᠢᠶ᠎ᠠ ᠨᠢ᠄ 10 ᠺᠦᠸᠠᠳ᠋ ᠮᠧᠲᠷ ᠤᠨ ᠦᠯᠢᠭᠡᠷ ᠲᠤᠭᠤᠷᠢᠭ ᠲᠤᠲᠤᠷ᠎ᠠ 1 ᠠᠴᠠ ᠢᠯᠡᠭᠦᠦ ︵1 ᠪᠤᠳᠠ ᠪᠠᠭᠳᠠᠨ᠎ᠠ︶ ᠪᠤᠳᠠ ᠮᠤᠲᠤᠨ ᠳᠤ ᠪᠦᠲᠤᠮᠵᠢᠲᠡᠢ ᠨᠠᠬᠢᠶ᠎ᠠ ᠪᠠᠶᠢᠬᠤ ᠪᠤᠯᠤᠨ᠎ᠠ︔  ᠤᠨᠴᠠᠯᠢᠭ ᠢᠶᠠᠷ ᠢᠶᠠᠨ ᠠᠳᠠᠯᠢᠬᠠᠨ ᠤᠶᠢᠵᠢᠭᠤᠯᠬᠤ ᠭᠠᠵᠠᠷ ᠤᠨ ᠬᠢᠷᠢ ᠲᠡᠩᠴᠡᠬᠦ ᠪᠠᠷᠢᠮᠵᠢᠶ᠎ᠠ  ᠨᠢ᠄ ᠪᠤᠳᠠ ᠮᠤᠲᠤᠨ ᠤ ᠪᠦᠷᠬᠦᠴᠡ ᠶᠢᠨ ᠭᠡᠮᠵᠢᠶ᠎ᠠ ᠨᠢ 20% ᠪᠣᠶᠣ ᠳᠡᠭᠦᠨ ᠠᠴᠠ ᠳᠡᠭᠡᠭᠰᠢ ᠪᠤᠯ ᠬᠢᠷᠢ ᠲᠡᠩᠴᠡᠨ᠎ᠠ︔ ᠦᠷ᠎ᠠ ᠪᠦᠲᠤᠮᠵᠢ ᠶᠢᠨ ᠶᠠᠷᠤᠩᠭᠡᠶᠢᠯᠡᠭᠰᠡᠨ ᠦᠨᠠᠯᠠᠨ ᠲᠤᠭᠳᠠᠭᠠᠯᠳᠠ ᠨᠢ᠄ ᠦᠷ᠎ᠠ ᠪᠦᠲᠤᠮᠵᠢ ᠤᠯᠤᠭᠰᠠᠨ ᠲᠠᠯᠠᠪᠠᠢ ᠨᠢ 20% ᠪᠣᠶᠣ ᠳᠡᠬᠦᠨ ᠠᠴᠠ ᠳᠡᠭᠡᠭᠰᠢ  ᠪᠤᠯ ᠬᠢᠷᠢ ᠲᠡᠩᠴᠡᠨ᠎ᠠ᠃        ︵ᠭᠤᠷᠪᠠ︶ ᠡᠯᠡᠰᠤ ᠶᠢ ᠪᠢᠳᠡᠬᠦᠮᠵᠢᠯᠡᠨ ᠤᠶᠢᠵᠢᠭᠤᠯᠬᠤ᠃ ᠪᠢᠳᠡᠬᠦᠮᠵᠢᠯᠠᠨ ᠤᠶᠢᠵᠢᠭᠤᠯᠬᠤ ᠵᠢᠯ ᠤᠨ ᠬᠢᠵᠠᠭᠠᠷᠯᠠᠯ ᠨᠢ ᠲᠤᠯᠤᠭᠰᠠᠨ ᠤ ᠲᠠᠷᠠᠭ᠎ᠠ ᠵᠢᠯ ᠨᠢ ᠦᠷ᠎ᠠ ᠪᠦᠲᠤᠮᠵᠢ ᠶᠢ ᠨᠢ ᠦᠨᠡᠯᠡᠨ᠎ᠡ᠂ ᠪᠤᠳᠠ  ᠮᠣᠳᠣ ᠪᠣᠯ᠄ ᠪᠤᠳᠠ ᠮᠤᠲᠤᠨ ᠤ ᠪᠦᠷᠬᠦᠴᠠ ᠶᠢᠨ ᠭᠡᠮᠵᠢᠶ᠎ᠠ ᠶᠢ ᠲᠡᠭᠡᠭᠰᠢᠯᠡᠬᠦᠯᠦᠭᠡᠳ 10 ᠵᠠᠭᠤᠨ ᠤ ᠴᠡᠭ ᠠᠴᠠ ᠲᠡᠭᠡᠭᠰᠢ ᠪᠤᠯᠭᠠᠨ᠎ᠠ︔ ᠪᠤᠳᠠ ᠡᠪᠠᠰᠤ ᠪᠤᠯ᠄ ᠪᠤᠳᠠ ᠡᠪᠠᠰᠤᠨ ᠤ ᠪᠦᠷᠬᠦᠴᠡ ᠶᠢᠨ ᠭᠡᠮᠵᠢᠶ᠎ᠠ ᠶᠢ 40% ᠠᠴᠠ ᠲᠡᠭᠡᠭᠰᠢ ᠳᠤ ᠬᠦᠷᠭᠡᠬᠦ ᠪᠣᠶᠣ ᠡᠪᠠᠰᠤᠨ ᠤ ᠪᠦᠷᠬᠦᠴᠡ ᠶᠢᠨ ᠭᠡᠮᠵᠢᠶ᠎ᠠ ᠶᠢ ᠨᠡᠮᠡᠭᠳᠡᠬᠦᠯᠦᠭᠡᠳ 20 ᠵᠠᠭᠤᠨ ᠤ ᠬᠤᠪᠢ ᠶᠢᠨ ᠴᠡᠭ  ᠠᠴᠠ ᠲᠡᠭᠡᠭᠰᠢ ᠪᠤᠯᠭᠠᠨ᠎ᠠ᠃        ︵ᠲᠦᠷᠪᠠ︶  ᠮᠠᠭᠤᠵᠢᠷᠠᠭᠰᠠᠨ ᠤᠢ ᠶᠢ ᠵᠠᠰᠠᠨ ᠰᠡᠷᠬᠦᠭᠡᠬᠦ᠂ ᠲᠤᠤᠷ᠎ᠠ ᠪᠦᠲᠤᠮᠵᠢᠲᠤ ᠤᠢ ᠶᠢ ᠵᠠᠰᠠᠨ ᠦᠭᠡᠷᠡᠴᠢᠯᠠᠬᠦ᠂ ᠪᠤᠳᠠ ᠮᠤᠲᠤᠨ ᠤ ᠤᠢ ᠶᠢ ᠵᠠᠰᠠᠨ ᠲᠡᠭᠰᠢᠯᠡᠭᠰᠡᠨ ᠵᠡᠷᠭᠡ ᠤᠢ ᠰᠢᠭᠤᠢ ᠶᠢᠨ ᠶᠠᠰᠤ ᠴᠢᠨᠠᠷ ᠢ ᠤᠨᠤᠪᠴᠢᠲᠡᠢ ᠲᠡᠭᠡᠭᠰᠢᠯᠡᠬᠦᠯᠵᠦ᠂ ᠶᠠᠰᠤ ᠴᠢᠨᠠᠷ ᠤᠨ ᠦᠨᠠᠯᠠᠯᠳᠠ ᠬᠢᠬᠦ ᠳᠤ ᠵᠠᠭᠤᠨ ᠤ ᠬᠤᠪᠢ ᠶᠢᠨ ᠲᠦᠷᠢᠮ ᠢ ᠭᠡᠷᠡᠭᠵᠢᠬᠦᠯᠦᠭᠰᠡᠨ ᠪᠤᠯ᠂ ᠶᠠᠷᠤᠩᠭᠡᠢ ᠬᠤᠪᠢ ᠨᠢ 85 ᠬᠤᠪᠢ ᠳᠤ ᠬᠦᠷᠪᠠᠯ ᠬᠢᠷᠢ ᠲᠡᠩᠴᠡᠨ᠎ᠠ︔ ᠶᠠᠰᠤ ᠴᠢᠨᠠᠷ ᠤᠨ ᠦᠨᠠᠯᠠᠯᠳᠠ ᠬᠢᠬᠦ ᠳᠤ ᠵᠠᠭᠤᠨ ᠤ ᠬᠤᠪᠢ ᠶᠢᠨ ᠲᠦᠷᠢᠮ ᠢ ᠭᠡᠷᠡᠭᠵᠢᠬᠦᠯᠦᠭᠰᠡᠨ ᠦᠭᠡᠢ ᠪᠤᠯ᠂ ᠬᠤᠯᠪᠤᠭᠳᠠᠯ ᠪᠦᠬᠦᠢ ᠮᠠᠷᠭᠡᠵᠢᠯ ᠤᠨ ᠲᠦᠷᠢᠮ ᠲᠤᠭᠳᠠᠭᠠᠯ ᠶᠠᠪᠤᠴᠠ ᠶᠢ ᠭᠡᠷᠡᠭᠵᠢᠬᠦᠯᠵᠦ ᠦᠷ᠎ᠠ ᠪᠦᠲᠤᠮᠵᠢ ᠳᠤ ᠦᠨᠠᠯᠠᠯᠳᠠ ᠬᠢᠵᠦ ᠪᠠᠷᠢᠮᠵᠢᠶᠠᠯᠠᠨ᠎ᠠ᠃        ︵ᠲᠠᠪᠤ︶ ᠪᠤᠰᠤᠳ ᠢᠨᠵᠧᠨᠧᠷᠢᠩ ᠢ ᠪᠠᠶᠢᠴᠠᠭᠠᠵᠦ ᠬᠤᠷᠢᠶᠠᠨ ᠰᠢᠯᠭᠠᠬᠤ ᠳᠤ ᠤᠶᠢᠵᠢᠭᠤᠯᠬᠤ ᠬᠤᠯᠪᠤᠭᠳᠠᠯ ᠪᠦᠬᠦᠢ ᠮᠡᠷᠭᠡᠵᠢᠯ ᠤᠨ ᠲᠦᠷᠢᠮ ᠲᠤᠭᠳᠠᠭᠠᠯ ᠶᠠᠪᠤᠴᠠ ᠳᠠᠬᠢ ᠤᠲᠤᠬᠠᠨ ᠤ ᠤᠯᠤᠰ ᠤᠨ ᠪᠠᠷᠢᠮᠵᠢᠶ᠎ᠠ ᠪᠤᠶᠤ ᠤᠷᠤᠨ ᠨᠤᠲᠤᠭ ᠤᠨ ᠪᠠᠷᠢᠮᠵᠢᠶ᠎ᠠ ᠶᠢ ᠭᠡᠷᠡᠭᠵᠢᠬᠦᠯᠦᠨ᠎ᠠ᠃        ᠠᠷᠪᠠᠨ ᠬᠤᠶᠠᠲᠤᠭᠠᠷ ᠵᠤᠷᠪᠤᠰ     ᠪᠠᠶᠢᠴᠠᠭᠠᠵᠦ ᠬᠤᠷᠢᠶᠠᠨ ᠰᠢᠯᠭᠠᠬᠤ ᠬᠢᠭᠡᠳ ᠨᠦᠬᠦᠪᠤᠷᠢ ᠮᠦᠩᠬᠦ ᠰᠤᠯᠢᠵᠦ ᠦᠭᠬᠦ᠃ ᠬᠤᠰᠢᠭᠤ ᠨᠡᠭᠡᠭᠡᠯᠳᠡ ᠶᠢᠨ ᠤᠷᠤᠨ ᠤ ᠤᠢ ᠰᠢᠭᠤᠢ ᠨᠤᠲᠤᠭ ᠪᠠᠯᠴᠢᠭᠡᠷ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠦᠴᠢᠷ ᠨᠢ ᠲᠤᠰ ᠬᠠᠷᠢᠶ᠎ᠠ ᠲᠤᠭᠤᠷᠢᠭ ᠲᠠᠬᠢ ᠤᠶᠢᠵᠢᠭᠤᠯᠤᠯᠳᠠ ᠶᠢ ᠪᠠᠶᠢᠴᠠᠭᠠᠵᠦ ᠬᠤᠷᠢᠶᠠᠨ ᠰᠢᠯᠭᠠᠬᠤ ᠪᠠ ᠨᠦᠬᠦᠪᠤᠷᠢ ᠮᠦᠩᠬᠦ ᠰᠤᠯᠢᠵᠦ ᠦᠭᠬᠦ ᠶᠢ ᠬᠠᠷᠢᠭᠤᠴᠠᠨ᠎ᠠ︔ ᠵᠢᠯ ᠤᠨ ᠪᠠᠯᠨ ᠤᠷᠤᠭᠤᠯᠬᠤ ᠲᠦᠯᠦᠪᠯᠡᠭᠡ᠂ ᠵᠢᠯ ᠤᠨ ᠠᠵᠢᠯᠯᠠᠬᠤ ᠲᠦᠯᠦᠪᠯᠡᠭᠡ᠂ ᠤᠶᠢᠵᠢᠭᠤᠯᠬᠤ ᠭᠡᠷ᠎ᠡ᠂ ᠬᠤᠷᠢᠶᠠᠨ ᠰᠢᠯᠭᠠᠬᠤ ᠶᠢ ᠭᠤᠶᠤᠴᠢᠯᠠᠬᠤ᠂  ᠱᠠᠲᠤ ᠦᠶ᠎ᠠ ᠶᠢᠨ ᠬᠤᠷᠢᠶᠠᠨ ᠰᠢᠯᠭᠠᠭᠰᠠᠨ ᠮᠡᠳᠡᠬᠦᠯᠦᠯᠳᠡ  ᠪᠤᠶᠤ ᠠᠵᠢᠯ ᠲᠠᠭᠤᠰᠤᠭᠰᠠᠨ ᠮᠡᠳᠡᠬᠦᠯᠦᠯᠳᠡ᠂ ᠤᠤᠯ ᠤᠨ ᠪᠠᠷᠢᠮᠳᠠ ᠵᠡᠷᠭᠡ ᠪᠠᠷ ᠡᠰᠢ ᠪᠠᠷᠢᠮᠳᠠ ᠪᠤᠯᠭᠠᠵᠦ᠂ ᠬᠤᠯᠪᠤᠭᠳᠠᠯ ᠪᠦᠬᠦᠢ ᠤᠶᠢᠵᠢᠭᠤᠯᠬᠤ ᠢᠨᠵᠧᠨᠧᠷᠢᠩ ᠤᠨ ᠲᠦᠷᠦᠯ ᠵᠦᠢᠯ ᠤᠨ ᠲᠤᠭᠳᠠᠭᠠᠭᠰᠠᠨ ᠲᠡᠰ ᠲᠠᠷᠠᠭᠠᠯᠠᠯ᠂ ᠴᠠᠭ ᠤᠨ ᠬᠢᠵᠠᠭᠠᠷᠯᠠᠯ᠂ ᠵᠢᠯ ᠤᠨ ᠰᠢᠯᠵᠢᠬᠦᠯᠦᠨ ᠦᠭᠬᠦ ᠬᠠᠷᠢᠴᠠᠯ ᠶᠤᠰᠤᠭᠠᠷ᠂ ᠤᠶᠢᠵᠢᠭᠤᠯᠤᠭᠰᠠᠨ ᠪᠠᠯᠨ ᠮᠦᠩᠬᠦ ᠶᠢ ᠴᠠᠭ ᠲᠤᠬᠠᠢ ᠳᠤᠨᠢ ᠰᠤᠯᠢᠵᠦ ᠦᠭᠬᠦᠨ᠎ᠠ᠃ ᠤᠶᠢᠵᠢᠭᠤᠯᠬᠤ ᠠᠵᠢᠯ ᠢ ᠡᠷᠭᠢᠯᠡᠭᠰᠡᠨ ᠭᠤᠤᠯ ᠴᠤᠭᠴᠠ ᠤᠶᠢᠵᠢᠭᠤᠯᠬᠤ ᠡᠬᠦᠷᠭᠡ ᠪᠠᠨ ᠪᠠᠶᠠᠯᠡᠬᠦᠯᠦᠭᠡᠳ 3 ᠵᠢᠯ ᠤᠨ ᠲᠠᠷᠠᠭ᠎ᠠ ᠪᠠᠶᠢᠴᠠᠭᠠᠵᠦ ᠬᠤᠷᠢᠶᠠᠨ ᠰᠢᠯᠭᠠᠭᠠᠳ ᠬᠢᠷᠢ ᠲᠡᠩᠴᠡᠭᠰᠡᠨ ᠪᠤᠯ᠂ ᠲᠤᠬᠠᠢ ᠶᠢᠨ ᠭᠠᠵᠠᠷ ᠤᠨ ᠬᠤᠰᠢᠭᠤ ᠨᠡᠭᠡᠭᠡᠯᠳᠡ ᠶᠢᠨ ᠤᠷᠤᠨ ᠤ ᠤᠢ ᠰᠢᠭᠤᠢ ᠨᠤᠲᠤᠭ ᠪᠠᠯᠴᠢᠭᠡᠷ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠦᠴᠢᠷ ᠨᠢ ᠨᠦᠬᠦᠪᠤᠷᠢ ᠮᠦᠩᠬᠦ ᠶᠢ ᠪᠦᠬᠦᠨ ᠢ ᠰᠤᠯᠢᠵᠦ ᠦᠭᠪᠠᠯ ᠵᠤᠬᠢᠨ᠎ᠠ᠃        ᠠᠷᠪᠠᠨ ᠭᠤᠷᠪᠠᠲᠤᠭᠠᠷ ᠵᠤᠷᠪᠤᠰ     ᠤᠶᠢᠵᠢᠭᠤᠯᠤᠭᠰᠠᠨ ᠠᠵᠢᠯ ᠤᠨ ᠪᠦᠲᠤᠮᠵᠢ ᠶᠢ ᠦᠨᠠᠯᠠᠬᠦ᠃ ᠬᠤᠰᠢᠭᠤ ᠨᠡᠭᠡᠭᠡᠯᠳᠡ ᠶᠢᠨ ᠤᠷᠤᠨ ᠤ ᠤᠢ ᠰᠢᠭᠤᠢ ᠨᠤᠲᠤᠭ ᠪᠠᠯᠴᠢᠭᠡᠷ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠦᠴᠢᠷ ᠨᠢ ᠲᠤᠰ ᠬᠠᠷᠢᠶ᠎ᠠ ᠲᠤᠭᠤᠷᠢᠭ ᠲᠠᠬᠢ ᠤᠶᠢᠵᠢᠭᠤᠯᠬᠤ ᠢᠨᠵᠧᠨᠧᠷᠢᠩ ᠤᠨ ᠲᠦᠷᠦᠯ ᠵᠦᠢᠯ ᠳᠤ ᠠᠵᠢᠯ ᠤᠨ ᠪᠦᠲᠤᠮᠵᠢ ᠶᠢᠨ ᠦᠨᠠᠯᠠᠯᠳᠠ ᠬᠢᠬᠦ ᠶᠢ ᠬᠠᠷᠢᠭᠤᠴᠠᠵᠦ᠂ ᠤᠶᠢᠵᠢᠭᠤᠯᠬᠤ ᠢᠨᠵᠧᠨᠧᠷᠢᠩ ᠢ ᠪᠦᠲᠤᠭᠡᠨ ᠪᠠᠶᠢᠭᠤᠯᠬᠤ ᠶᠠᠰᠤ ᠴᠢᠨᠠᠷ ᠪᠠ ᠨᠦᠬᠦᠪᠤᠷᠢ ᠮᠦᠩᠬᠦ ᠶᠢ ᠭᠡᠷᠡᠭᠯᠡᠬᠦ ᠦᠷ᠎ᠠ ᠠᠰᠢᠭ ᠵᠢᠴᠢ ᠠᠵᠢᠯᠯᠠᠭᠠᠨ ᠤ ᠠᠮᠤᠷ ᠲᠦᠪᠰᠢᠨ ᠢ ᠦᠨ᠋ᠨᠨᠬᠦ  ᠪᠠᠲᠤᠯᠠᠬᠤ ᠭᠡᠷᠡᠭᠲᠡᠢ᠃        ᠠᠷᠪᠠᠨ ᠲᠦᠷᠪᠠᠲᠤᠭᠡᠷ ᠵᠤᠷᠪᠤᠰ     ᠤᠶᠢᠵᠢᠭᠤᠯᠬᠤ ᠠᠵᠢᠯ ᠢ ᠡᠷᠭᠢᠯᠡᠭᠰᠡᠨ ᠭᠤᠤᠯ ᠴᠤᠭᠴᠠ ᠶᠢ ᠵᠤᠷᠢᠭᠵᠢᠭᠤᠯᠵᠦ ᠠᠮᠢ ᠠᠬᠤᠢ ᠪᠠᠨ ᠬᠠᠮᠠᠭᠠᠯᠠᠬᠤ ᠶᠢ ᠡᠩ ᠲᠡᠷᠢᠬᠦᠨ ᠳᠤ ᠲᠠᠯᠪᠢᠬᠤ ᠪᠠ ᠤᠶᠢᠲᠤ ᠭᠠᠵᠠᠷ ᠤᠨ ᠭᠡᠷᠡᠭᠴᠡᠭᠡ ᠶᠢ ᠬᠤᠪᠢᠷᠠᠭᠤᠯᠬᠤ ᠦᠭᠡᠢ ᠤᠷᠢᠳᠠᠯ ᠲᠤᠤᠷ᠎ᠠ᠂ ᠤᠯᠠᠨ ᠲᠦᠷᠦᠯ ᠵᠦᠢᠯ ᠤᠨ ᠡᠵᠡᠩᠨᠡᠯᠳᠡ ᠶᠢ ᠦᠷᠨᠢᠬᠦᠯᠵᠦ᠂ ᠤᠢ ᠰᠢᠭᠤᠢ ᠶᠢᠨ ᠠᠵᠤ ᠠᠬᠤᠢ ᠶᠢ ᠬᠦᠭᠵᠢᠬᠦᠯᠵᠦ᠂ ᠲᠠᠷᠢᠶᠠᠴᠢᠨ ᠠᠶᠢᠯ ᠤᠨ ᠵᠢᠭᠤᠯᠴᠢᠯᠠᠯ ᠢ ᠬᠦᠭᠵᠢᠬᠦᠯᠬᠦ᠂ ᠮᠠᠯᠴᠢᠨ ᠠᠶᠢᠯ ᠤᠨ ᠵᠢᠭᠤᠯᠴᠢᠯᠠᠯ᠂  ᠤᠶᠢᠲᠤ ᠤᠷᠤᠨ ᠤ ᠵᠢᠭᠤᠯᠴᠢᠯᠠᠯ᠂ ᠤᠢ ᠰᠢᠭᠤᠢ ᠳᠤ ᠲᠤᠭᠤᠷᠢᠵᠦ ᠰᠤᠪᠢᠯᠠᠨ ᠡᠷᠡᠬᠦᠯᠵᠢᠬᠦ ᠪᠠ ᠤᠨᠴᠠᠯᠢᠭᠲᠤ ᠠᠮᠢ ᠠᠬᠤᠢ ᠶᠢᠨ ᠠᠵᠤ ᠦᠢᠯᠡᠰ ᠢ ᠬᠦᠭᠵᠢᠬᠦᠯᠦᠨ᠎ᠠ᠃        ᠠᠷᠪᠠᠨ ᠲᠠᠪᠤᠲᠤᠭᠠᠷ ᠵᠤᠷᠪᠤᠰ     ᠤᠯᠤᠰ ᠤᠨ ᠤᠶᠢᠵᠢᠭᠤᠯᠬᠤ ᠨᠦᠬᠦᠪᠤᠷᠢ ᠮᠦᠩᠬᠦ ᠶᠢᠨ ᠪᠠᠷᠢᠮᠵᠢᠶ᠎ᠠ ᠶᠢ ᠲᠤᠬᠢᠷᠠᠭᠤᠯᠬᠤ ᠪᠤᠶᠤ ᠤᠶᠢᠵᠢᠭᠤᠯᠬᠤ ᠮᠡᠷᠭᠡᠵᠢᠯ ᠤᠨ ᠲᠦᠷᠢᠮ ᠲᠤᠭᠳᠠᠭᠠᠯ  ᠶᠠᠪᠤᠴᠠ ᠶᠢ ᠵᠠᠰᠠᠨ ᠲᠤᠭᠳᠠᠭᠠᠬᠤ ᠳᠤ᠂ ᠤᠯᠤᠰ ᠤᠨ ᠲᠤᠬᠢᠷᠠᠭᠤᠯᠤᠯᠳᠠ ᠬᠢᠭᠰᠡᠨ ᠤ ᠲᠠᠷᠠᠭᠠᠬᠢ ᠤᠶᠢᠵᠢᠭᠤᠯᠬᠤ ᠨᠦᠬᠦᠪᠤᠷᠢ ᠮᠦᠩᠬᠦ ᠶᠢᠨ ᠪᠠᠷᠢᠮᠵᠢᠶ᠎ᠠ ᠪᠠ ᠤᠶᠢᠵᠢᠭᠤᠯᠤᠯᠳᠠ ᠶᠢᠨ ᠬᠠᠮᠤᠭ ᠤᠨ ᠰᠢᠨ᠎ᠠ ᠬᠤᠯᠪᠤᠭᠳᠠᠯ ᠪᠦᠬᠦᠢ ᠮᠠᠷᠭᠡᠵᠢᠯ ᠤᠨ ᠲᠦᠷᠢᠮ ᠲᠤᠭᠳᠠᠭᠠᠯ ᠶᠠᠪᠤᠴᠠ  ᠶᠢᠨ ᠤᠯᠤᠰ ᠤᠨ ᠪᠠᠷᠢᠮᠵᠢᠶ᠎ᠠ ᠪᠤᠶᠤ ᠤᠷᠤᠨ ᠨᠤᠲᠤᠭ ᠤᠨ ᠪᠠᠷᠢᠮᠵᠢᠶ᠎ᠠ ᠪᠠᠷ ᠤᠶᠢᠵᠢᠭᠤᠯᠤᠯᠳᠠ ᠶᠢ ᠪᠠᠶᠢᠴᠠᠭᠠᠵᠦ ᠰᠢᠯᠭᠠᠨ ᠬᠤᠷᠢᠶᠠᠬᠤ ᠠᠵᠢᠯ ᠢ ᠶᠠᠪᠤᠭᠳᠠᠭᠤᠯᠤᠨ᠎ᠠ᠃        ᠠᠷᠪᠠᠨ ᠵᠢᠷᠭᠤᠲᠤᠭᠠᠷ ᠵᠤᠷᠪᠤᠰ     ᠲᠤᠰ ᠠᠷᠭ᠎ᠠ ᠶᠢ ᠵᠠᠰᠠᠪᠤᠷᠢ ᠤᠷᠤᠭᠤᠯᠵᠦ ᠲᠤᠭᠳᠠᠭᠠᠭᠠᠳ ᠨᠠᠶᠢᠳᠡᠯᠡᠭᠰᠡᠨ ᠡᠲᠤᠷ ᠠᠴᠠ ᠡᠬᠢᠯᠠᠵᠦ ᠭᠡᠷᠡᠭᠵᠢᠬᠦᠯᠦᠨ᠎ᠠ᠃ ᠤᠤᠯ ᠤᠨ ︽ᠠᠯᠠᠱᠨ ᠠᠶᠢᠮᠠᠭ ᠤᠨ ᠭᠤᠤᠯᠳᠠᠯᠭ᠎ᠠ ᠲᠠᠢ ᠬᠤᠳᠠ ᠪᠠᠯᠭᠠᠰᠤ ᠶᠢᠨ ᠤᠶᠢᠵᠢᠭᠤᠯᠤᠭᠰᠠᠨ ᠬᠠᠯᠬᠠᠪᠴᠢ ᠤᠢ ᠶᠢᠨ ᠬᠠᠷᠠᠭᠠᠯᠵᠠᠯ ᠤᠨ ᠲᠦᠷᠦ ᠶᠢᠨ ᠪᠤᠲᠤᠯᠭ᠎ᠠ       ︵ᠲᠤᠷᠰᠢᠨ ᠭᠡᠷᠡᠭᠵᠢᠬᠦᠯᠬᠦ︶︾ ︵ᠠᠯᠠᠱᠨ ᠵᠠᠬᠢᠷᠭ᠎ᠠ ᠠᠯᠪᠠᠨ ᠲᠠᠷᠬᠠᠭᠠᠭᠰᠠᠨ ﹇2010﹈ 16 ᠳ᠋ᠤᠭᠠᠷ ᠲᠤᠭᠠᠲᠤ︶ ᠶᠢ ᠬᠠᠮᠲᠤ ᠳᠤᠨᠢ ᠬᠦᠴᠦᠨ ᠦᠭᠡᠢ ᠪᠤᠯᠭᠠᠨ᠎ᠠ᠃                                                            
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号