ᠠᠯᠠᠱᠠ ᠨᠣᠳᠤᠭ ᠵᠢᠭᠤᠯᠴᠢᠯᠠᠯ ᠤᠨ ᠰᠢᠵᠢᠷ ᠠᠯᠳᠠᠨ ᠴᠠᠭ ᠢᠶᠠᠨ ᠣᠭᠳᠣᠨ ᠠᠪᠣᠯ᠎ᠠ
ᠨᠡᠶᠢᠲᠡᠯᠡᠭᠰᠡᠨ ᠴᠠᠭ᠄
2020/9/30
      ᠠᠯᠳᠠᠨ ᠨᠠᠮᠣᠷ ᠤᠨ ᠦᠡᠭᠰᠢᠭ ᠰᠠᠶᠢᠬᠠᠨ ᠣᠯᠠᠷᠢᠯ ᠢᠶᠠᠷ᠂ ᠠᠯᠠᠱᠠ ᠨᠣᠳᠤᠭ ᠡᠯᠡᠰᠣᠨ ᠴᠦᠯ᠂ ᠠᠯᠳᠠᠨ ᠰᠢᠷᠭᠠᠯ ᠳᠣᠣᠷᠠᠢ ᠶᠢᠨ ᠣᠢ᠂ ᠦᠵᠡᠰᠬᠦᠯᠡᠩᠳᠤ ᠰᠠᠶᠢᠬᠠᠨ ᠲᠠᠯ᠎ᠠ ᠨᠤᠳᠤᠭ ᠵᠡᠷᠭᠡ ᠪᠠᠭ᠋ᠠᠷᠣᠮ᠎ᠠ ᠰᠠᠶᠢᠬᠠᠨ ᠦᠵᠡᠮᠵᠢ ᠪᠠᠷ ᠢᠶᠠᠨ ᠨᠢᠭᠡ ᠵᠢᠯ ᠳᠠᠬᠢ ᠬᠠᠮᠤᠭ ᠤᠨ ᠬᠦᠭᠵᠢᠶᠡᠨ ᠲᠠᠢ ᠴᠠᠭ ᠣᠯᠠᠷᠢᠯ ᠢᠶᠠᠨ ᠣᠭᠳᠣᠨ ᠠᠪᠴᠣ᠂ ᠰᠣᠶᠣᠯ ᠵᠢᠭᠤᠯᠴᠢᠯᠠᠯ ᠤᠨ ᠨᠠᠶᠢᠷ ᠨᠠᠭᠠᠳᠣᠮ᠂ ᠦᠪᠡᠷᠮᠢᠴᠡ ᠤᠨᠴᠠᠯᠢᠭ ᠲᠠᠢ ᠦᠨᠳᠦᠰᠦᠳᠡᠨ ᠤ ᠵᠠᠩ ᠵᠠᠩᠰᠢᠯ ᠤᠨ ᠰᠤᠶᠤᠯ ᠤᠨ ᠠᠵᠢᠯᠯᠠᠭ᠎ᠠ ᠨᠢ ᠣᠯᠣᠰ ᠤᠨ ᠪᠠᠶᠠᠷ ᠤᠨ ᠡᠳᠣᠷ ᠤᠨ ᠵᠢᠭᠤᠯᠴᠢᠯᠠᠯ ᠤᠨ ᠠᠭᠤᠯᠭ᠎ᠠ ᠶᠢ ᠣᠯᠠᠮ ᠪᠠᠶᠠᠯᠢᠭᠵᠢᠭᠤᠯᠵᠦ᠂ ᠠᠯᠠᠱᠠ ᠨᠣᠳᠤᠭ ᠤᠨ ᠢᠶᠠᠨ ᠬᠠᠴᠢᠨ ᠭᠠᠶᠢᠬᠠᠮᠰᠢᠭ ᠢ ᠭᠠᠶᠢᠬᠠᠭᠤᠯᠤᠨ᠂ ᠤᠯᠤᠰ ᠤᠨ ᠲᠤᠳᠤᠭᠠᠲᠦ ᠭᠠᠳᠠᠭᠠᠲᠦ ᠶᠢᠨ ᠬᠦᠮᠣᠰ ᠤᠨ ᠰᠣᠨᠢᠷᠬᠠᠯ ᠢ ᠳᠠᠳᠠᠵᠦ᠂ ᠬᠤᠯᠨ ᠤᠢᠢᠷ᠎ᠠ ᠶᠢᠨ ᠲᠤᠭᠤᠷᠢᠨ ᠵᠣᠭᠠᠴᠠᠭᠰᠠᠳ ᠢᠶᠠᠨ ᠬᠦᠯᠢᠶᠡᠨ ᠠᠪᠤᠯ᠎ᠠ᠃       ᠰᠣᠶᠣᠯ ᠵᠢᠭᠤᠯᠴᠢᠯᠠᠯ ᠤᠨ ᠨᠠᠶᠢᠷ ᠨᠠᠭᠠᠳᠣᠮ ᠠᠴᠠ ᠳᠣᠷᠠᠳᠪᠠᠯ᠄ ᠠᠯᠠᠱᠠ ᠶᠢᠨ ᠪᠠᠭᠠᠳᠣᠷᠴᠣᠳ ᠤᠨ ᠴᠣᠭᠯᠠᠭᠠᠨ᠂ ᠪᠠᠳᠠᠢ ᠶᠢᠨ ᠵᠢᠷᠠᠨ ᠤ ᠡᠯᠡᠰᠣ ᠮᠠᠩᠬᠠᠨ ᠤ ᠣᠯᠠᠨ ᠣᠯᠣᠰ ᠤᠨ ᠰᠣᠶᠣᠯ ᠵᠢᠭᠤᠯᠴᠢᠯᠠᠯ ᠤᠨ ᠨᠠᠶᠢᠷ᠂ ᠤᠯᠠᠠ ᠤᠯᠤᠰ ᠤᠨ ᠰᠢᠷᠭᠠᠯ ᠨᠠᠮᠤᠷ ᠤᠨ ᠳᠤᠤᠷᠠᠢ ᠶᠢᠨ ᠨᠠᠶᠢᠷ᠂ ᠠᠯᠠᠱᠠ ᠶᠢᠨ ᠦᠵᠡᠮᠣᠷᠢ ᠶᠢᠨ ᠴᠢᠯᠠᠭᠤᠨ ᠤ ᠰᠣᠶᠣᠯ ᠵᠢᠭᠤᠯᠴᠢᠯᠠᠯ ᠤᠨ ᠦᠵᠡᠰᠬᠦᠯᠡᠩ ᠵᠡᠷᠭᠡ ᠨᠢᠭᠡ ᠪᠦᠯᠦᠭ ᠰᠢᠷᠢᠰ ᠣᠨᠴᠠᠯᠢᠭᠳᠣ ᠰᠤᠶᠤᠯ ᠵᠢᠭᠤᠯᠴᠢᠯᠠᠯ ᠤᠨ ᠨᠠᠶᠢᠷ ᠤᠨ ᠠᠵᠢᠯᠯᠠᠭ᠎ᠠ ᠤᠳᠠᠭ᠎ᠠ ᠲᠠᠷᠠᠭᠠᠯᠠᠨ ᠶᠠᠪᠤᠭᠳᠠᠵᠦ᠂ ᠬᠠᠨ ᠳᠡᠭᠷᠢ ᠠᠯᠠᠱᠠ ᠶᠢ ᠣᠯᠠᠮ ᠬᠦᠭᠵᠢᠶᠡᠨᠳᠡᠢ ᠪᠤᠯᠭᠠᠬᠤ ᠪᠤᠯᠤᠨ᠎ᠠ᠃ ᠤᠳᠤᠬᠠᠨ ᠳᠤ᠂ ᠠᠯᠠᠱᠠ ᠶᠢᠨ ᠦᠵᠡᠮᠣᠷᠢ ᠶᠢᠨ ᠴᠢᠯᠠᠭᠤᠨ ᠤ ᠰᠣᠶᠣᠯ ᠵᠢᠭᠤᠯᠴᠢᠯᠠᠯ ᠤᠨ ᠦᠵᠡᠰᠬᠦᠯᠡᠩ ᠨᠢ ᠨᠢᠭᠡᠨᠳᠡ ᠬᠦᠰᠢᠭᠡ ᠪᠠᠨ ᠰᠡᠬᠦᠵᠦ᠂ ᠬᠠᠴᠢᠨ ᠴᠢᠯᠠᠭᠤᠨ ᠤ ᠳᠡᠯᠭᠡᠨ ᠪᠣᠷᠣᠯᠠᠭᠤᠯᠭ᠎ᠠ᠂ ᠠᠯᠠᠱᠠ ᠶᠢᠨ ᠦᠵᠡᠮᠣᠷᠢ ᠶᠢᠨ ᠴᠢᠯᠠᠭᠤᠨ ᠤ ︽ᠭᠤᠪᠢ ᠶᠢᠨ ᠡᠷᠳᠡᠨᠢ︾ ᠱᠠᠩᠨᠠᠯ ᠰᠢᠯᠭᠠᠷᠠᠭᠤᠯᠬᠤ ᠠᠵᠢᠯᠯᠠᠭ᠎ᠠ᠂ ︽ᠬᠠᠨ ᠳᠡᠭᠷᠢ ᠠᠯᠠᠱᠠ︾       ᠰ᠊ · ᠬᠠᠰᠪᠠᠭᠠᠨ᠎ᠠ ᠶᠢᠨ ᠳᠣᠮᠣ ᠭᠡᠪᠴᠢᠶᠠᠨ ᠤ ᠭᠡᠷᠡᠯ ᠵᠢᠷᠤᠭ ᠤᠨ ᠳᠡᠯᠭᠡᠨ ᠦᠵᠡᠬᠦᠯᠦᠯᠬᠡ᠂ ᠠᠬᠤᠢ ᠳᠠᠯᠠᠪᠡᠢ ᠪᠣᠶᠣ ᠰᠦᠯᠵᠢᠶᠡᠨ ᠳᠡᠭᠡᠷ᠎ᠠ ᠦᠨ᠎ᠡ ᠬᠠᠶᠠᠯᠴᠠᠨ ᠬᠤᠳᠠᠯᠳᠣᠬᠤ ᠠᠵᠢᠯᠯᠠᠭ᠎ᠠ ᠵᠡᠷᠭᠡ ᠡᠯᠪᠡᠭ ᠪᠠᠶᠠᠯᠢᠭ ᠠᠭᠤᠯᠭ᠎ᠠ ᠪᠠᠷ ᠶᠠᠪᠣᠭᠳᠠᠵᠣ ᠪᠣᠢ︔ ᠪᠠᠳᠠᠢ ᠶᠢᠨ ᠵᠢᠷᠠᠨ ᠤ ᠡᠯᠡᠰᠣ ᠮᠠᠩᠬᠠᠨ ᠤ ᠣᠯᠠᠨ ᠣᠯᠣᠰ ᠤᠨ ᠰᠣᠶᠣᠯ ᠵᠢᠭᠤᠯᠴᠢᠯᠠᠯ ᠤᠨ ᠨᠠᠶᠢᠷ ᠵᠢᠴᠢ ᠨᠠᠭᠠᠳᠣᠮ ᠤᠨ ᠬᠤᠷᠠᠯ ᠨᠢ 9 ᠰᠠᠷ᠎ᠠ ᠶᠢᠨ 26 ᠤ ᠡᠳᠣᠷ ᠠᠯᠠᠱᠠ ᠪᠠᠷᠠᠭᠤᠨ ᠬᠤᠰᠢᠭᠤᠨ ᠤ ᠠᠯᠳᠠᠨᠴᠤᠭ ᠰᠤᠮᠤᠨ ᠳᠤ ᠡᠬᠢᠯᠡᠵᠦ᠂ ᠰᠦᠯᠵᠢᠶᠡᠨ ᠤ ᠣᠳᠣᠳ ᠠᠴᠠ ᠵᠢᠭᠤᠯᠴᠢᠯᠠᠯ ᠤᠨ ᠴᠡᠭ ᠢ ᠳᠠᠨᠢᠯᠴᠠᠭᠤᠯᠬᠤ ᠰᠢᠨ᠎ᠡ ᠡᠬᠦᠳᠦᠯᠳᠡ ᠶᠢᠨ ᠳᠡᠮᠡᠴᠡᠭᠡᠨ᠂ ᠡᠷᠳᠡᠨᠢ ᠶᠢᠨ ᠡᠷᠢᠯ᠂ ᠪᠠᠳᠠᠢ ᠶᠢᠨ ᠵᠢᠷᠠᠨ ᠤ ᠡᠯᠡᠰᠣ ᠶᠢ ᠶᠠᠪᠠᠭᠠᠨ ᠢᠶᠠᠷ ᠳᠣᠭᠤᠯᠬᠤ ᠣᠷᠣᠯᠳᠣᠭᠠᠨ᠂ ᠮᠠᠰᠢᠨ ᠳᠡᠷᠭᠡᠨ ᠤ ᠤᠷᠤᠯᠳᠤᠭᠠᠨ᠂ ᠡᠷ᠎ᠠ ᠶᠢᠨ ᠭᠤᠷᠪᠠᠨ ᠨᠠᠭᠠᠳᠤᠮ ᠵᠡᠷᠬᠡ ᠦᠨᠳᠦᠰᠦᠳᠠᠨ ᠤ ᠤᠨᠴᠠᠯᠢᠠᠠᠲᠦ ᠤᠷᠤᠯᠳᠤᠭᠠᠨ ᠲᠡᠮᠡᠴᠡᠬᠡᠨ ᠢ ᠲᠤᠬᠢᠷᠠᠭᠤᠯᠵᠠᠢ︔ 21 ᠳ᠋ᠤᠬᠡᠷ ᠬᠤᠭᠤᠴᠠᠭᠠᠨ ᠤ ᠠᠯᠲᠠᠨ ᠲᠣᠤᠷᠠᠶ ᠰᠤᠶᠤᠯ ᠵᠢᠭᠤᠯᠴᠢᠯᠠᠯ ᠤᠨ ᠨᠠᠶᠢᠷ 10 ᠰᠠᠷ᠎ᠠ ᠶᠢᠨ 3 ᠤ ᠡᠳᠦᠷ ᠡᠵᠡᠨ᠎ᠡ ᠬᠤᠰᠢᠭᠤᠨ ᠳᠤ ᠡᠬᠢᠯᠡᠬᠦ ᠪᠠᠷ ᠪᠤᠯᠵᠤ᠂ ᠡᠬᠦᠨ ᠳᠤ ᠠᠯᠲᠠᠨ ᠨᠠᠮᠤᠷ ᠤᠨ ᠲᠣᠣᠷᠠᠢ ᠶᠢᠨ ᠠᠮᠢ ᠠᠬᠤᠢ ᠶᠢᠨ ᠵᠢᠭᠤᠯᠴᠢᠯᠠᠯ ᠤᠨ ᠨᠠᠶᠢᠷ ᠤᠨ ᠡᠬᠢᠯᠡᠯᠲᠡ ᠶᠢᠨ ᠶᠣᠰᠣᠯᠠᠯ᠂ ᠳᠠᠭᠤᠯᠠᠯᠳᠣ ᠵᠦᠴᠦᠭᠡ᠂ ᠶᠠᠪᠠᠭᠠᠨ  ᠠᠯᠬᠤᠬᠤ ᠣᠷᠣᠯᠳᠣᠭᠠᠨ᠂ ᠰᠤᠪᠨᠠᠭᠤᠷ ᠤᠨ ᠳᠠᠭᠤᠤ ᠬᠥᠭᠵᠢᠮ ᠤᠨ ᠨᠠᠶᠢᠷ᠂ ᠭᠡᠷᠡᠯ ᠵᠢᠷᠤᠭ ᠤᠨ ᠦᠵᠡᠰᠬᠦᠯᠡᠩ᠂ ᠠᠩᠬᠠᠳᠤᠭᠠᠷ ᠬᠤᠭᠤᠴᠠᠭᠠᠨ ᠤ ︽ᠲᠤᠤᠷᠠᠢ ᠸᠠᠩ︾ ᠬᠡᠤᠬᠡᠳ ᠤᠨ ᠭᠤᠯᠭᠤᠭᠤᠷ ᠲᠡᠷᠭᠡᠨ ᠤ ᠤᠷᠤᠯᠳᠤᠭᠠᠨ᠂ ᠠᠯᠳᠠᠨ ᠳᠤᠤᠷᠠᠢ ᠣᠯᠠᠨ ᠤᠯᠤᠰ ᠤᠨ ᠮᠠᠷᠠᠽᠤᠨ ᠤᠷᠤᠯᠳᠤᠭᠠᠨ ᠵᠡᠷᠬᠡ ᠤᠷᠤᠯᠳᠤᠭᠠᠨ ᠲᠡᠮᠡᠴᠡᠬᠡᠨ ᠢ ᠲᠤᠬᠢᠷᠠᠭᠤᠯᠵᠠᠢ︔ 15 ᠳ᠋ᠤᠭᠠᠷ ᠬᠤᠭᠤᠴᠠᠭᠠᠨ ᠤ ᠠᠯᠠᠱᠠ ᠶᠢᠨ ᠪᠠᠭᠠᠳᠣᠷᠴᠣᠳ ᠤᠨ ᠴᠣᠭᠯᠠᠭᠠᠨ 10 ᠰᠠᠷ᠎ᠠ ᠶᠢᠨ 1 ᠤ ᠡᠳᠣᠷ ᠠᠴᠠ 5 ᠤ ᠡᠳᠣᠷ ᠤᠨ ᠬᠤᠭᠤᠷᠤᠨᠲᠦ 7 ᠳᠣᠮᠣ ᠳᠦᠷᠦᠯ ᠤᠨ 11 ᠠᠭᠤᠯᠭ᠎ᠠ ᠪᠠᠷ ᠶᠠᠪᠣᠭᠳᠠᠨ᠂ T3 ᠰᠢᠷᠢᠰ ᠣᠷᠣᠯᠳᠣᠭᠠᠨ᠂ ᠰᠠᠭᠠᠳ ᠳᠠᠪᠠᠭ᠋ᠣ ᠣᠷᠣᠯᠳᠣᠭᠠᠨ᠂ ᠳᠡᠷᠭᠡᠨ ᠤ ᠦᠵᠡᠬᠦᠯᠦᠯᠭᠡ᠂ 60 ᠺᠢᠯᠣᠮᠧᠲᠷ ᠤᠨ ᠮᠣᠷᠢᠨ ᠣᠷᠣᠯᠳᠣᠭᠠᠨ᠂ ᠠᠯᠲᠠᠨ ᠪᠦᠰᠡ ᠶᠢᠨ ᠲᠠᠮᠠᠴᠠᠭᠡᠨ᠂ MMA ᠨᠢᠳᠤᠷᠭᠠᠨ ᠲᠡᠮᠡᠴᠡᠭᠡᠨ᠂ ᠥᠪᠥᠷ ᠮᠣᠩᠭᠤᠯ ᠤᠨ ᠡᠯᠡᠰᠦᠨ ᠲᠠᠩ ᠤᠨ ᠬᠥᠯ ᠪᠥᠮᠪᠦᠭᠡ ᠶᠢᠨ ᠤᠷᠤᠯᠳᠤᠭᠠᠨ ᠵᠢᠴᠢ ᠳᠠᠭᠤᠣ ᠬᠦᠭᠵᠢᠮ ᠤᠨ ᠨᠠᠶᠢᠷ᠂ ᠰᠦᠨᠢ ᠶᠢᠨ ᠦᠵᠡᠮᠵᠢ ᠶᠢ ᠰᠣᠨᠢᠷᠬᠠᠬᠤ᠂ ᠨᠢᠰᠭᠡᠯ ᠤᠨ ᠦᠵᠡᠬᠦᠯᠦᠯᠭᠡ ᠵᠡᠷᠭᠡ ᠠᠭᠤᠯᠭ᠎ᠠ ᠪᠠᠷ ᠶᠠᠪᠣᠭᠳᠠᠬᠤ ᠪᠣᠯᠣᠨ᠎ᠠ᠃       ᠠᠷᠠᠳ ᠲᠤ ᠠᠰᠢᠭ ᠬᠦᠷᠲᠡᠭᠡᠬᠦ ᠲᠣᠭᠯᠠᠯᠲᠠ ᠶᠢᠨ ᠲᠠᠯ᠎ᠠ ᠪᠠᠷ᠂ ᠣᠯᠣᠰ ᠪᠠᠶᠢᠭᠤᠯᠤᠭᠳᠠᠭᠰᠠᠨ 40 ᠵᠢᠯ ᠤᠨ ᠤᠢ ᠶᠢ ᠪᠡᠯᠭᠡᠯᠡᠬᠦ ᠲᠣᠭᠤᠷᠢᠨ ᠳᠤ᠂ ᠶᠠᠷᠢᠶᠠᠲᠤ ᠵᠦᠴᠦᠭᠡ ︽ᠨᠠᠬᠦᠳᠡᠯ ᠤᠨ ᠬᠤᠰᠢᠭᠤᠴᠢ︾᠂ ᠦᠨᠳᠦᠰᠦᠲᠡᠨ ᠤ ᠳᠠᠭᠤᠯᠠᠯᠳᠣ ᠵᠦᠴᠦᠭᠡ ︽ᠳᠣᠣᠷᠠᠢ ᠶᠢᠨ ᠳᠠᠭᠤᠯᠠᠯ︾ ᠵᠡᠷᠭᠡ ᠰᠢᠯᠢᠳᠡᠭ ᠵᠦᠴᠦᠭᠡ ᠶᠢ ᠠᠯᠳᠠᠨ ᠲᠤᠤᠷᠠᠢ ᠳᠠᠭᠤᠤ ᠬᠥᠭᠵᠢᠮ ᠤᠨ ᠲᠢᠩᠬᠢᠮ ᠳᠤ ᠲᠣᠭᠯᠠᠵᠤ᠂ ᠡᠯ᠎ᠡ ᠬᠤᠰᠢᠭᠤ ᠤᠷᠤᠨ ᠤ ᠬᠢᠨ ︽ᠰᠠᠬᠢᠨ ᠪᠠᠷᠠᠯᠠᠵᠤ ᠬᠠᠷᠢᠯᠴᠠᠨ ᠬᠠᠪᠰᠣᠷᠣᠯᠴᠠᠵᠣ ᠦᠨᠳᠦᠰᠦᠲᠡᠨ ᠤ ᠪᠦᠯᠬᠦᠮᠳᠡᠯ ᠡᠶ᠎ᠡ ᠵᠣᠬᠢᠴᠠᠯ ᠢ ᠠᠬᠢᠭᠤᠯᠬᠤ︾ ᠤᠷᠠᠨ ᠰᠠᠶᠢᠬᠠᠨ ᠤ ᠲᠣᠭᠯᠠᠯᠲᠠ᠂ ᠤᠯᠠᠭᠠᠨᠮᠥ᠋ᠴᠢᠷ ᠤᠨ ᠲᠤᠰᠬᠠᠶ ᠲᠠᠯᠠᠪᠤᠷ ᠤᠨ ᠲᠣᠭᠯᠠᠯᠲᠠ᠂ ᠰᠤᠮᠤ ᠪᠠᠯᠭᠠᠰᠤᠨ ᠤ ᠨᠡᠶᠢᠭᠡᠮ ᠲᠣᠭᠤᠷᠢᠭ ᠤᠨ ᠰᠢᠯᠢᠳᠡᠭ ᠲᠣᠭᠯᠠᠯᠲᠠ᠂ ᠵᠦᠴᠦᠭᠡ ᠳᠠᠭᠤᠤ ᠤᠷᠠᠯᠢᠭ ᠰᠣᠶᠣᠯ ᠤᠨ ᠲᠤᠰᠬᠠᠶ ᠲᠣᠭᠯᠠᠯᠲᠠ᠂ ᠤᠷᠲᠤ ᠶᠢᠨ ᠳᠠᠭᠤᠤ ᠶᠢᠨ ᠨᠠᠶᠢᠷ ᠵᠡᠷᠭᠡ ᠣᠯᠠᠨ ᠲᠦᠮᠡᠨᠴᠢ ᠴᠢᠨᠠᠷᠲᠠᠶ ᠲᠣᠭᠯᠠᠯᠲᠠ ᠶᠢᠨ ᠠᠵᠢᠯᠯᠠᠭ᠎ᠠ ᠶᠢ ᠡᠷᠬᠢᠯᠡᠨ ᠶᠠᠪᠣᠭᠳᠠᠭᠤᠯᠵᠣ ᠪᠠᠶᠠᠷ ᠤᠨ ᠡᠳᠦᠷ ᠤᠨ ᠠᠭᠤᠷ ᠠᠮᠢᠰᠬᠤᠯ ᠢ ᠪᠢᠯᠬᠠᠭᠤᠯᠬᠤ ᠪᠣᠯᠣᠨ᠎ᠠ᠃ ᠲᠠᠯᠠᠪᠠᠢ ᠳᠤ ᠰᠠᠭᠤᠵᠤ ᠲᠣᠭᠯᠠᠯᠲᠠ ᠭᠠᠷᠭᠠᠬᠤ ᠲᠠᠯ᠎ᠠ ᠪᠠᠷ᠂ ᠠᠮᠠᠷᠠᠯᠲᠠ ᠶᠢᠨ ᠡᠳᠦᠷ ᠤᠨ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠣᠨᠴᠠᠯᠢᠭ ᠲᠠᠢ ᠤᠶᠠᠯᠳᠤᠭᠤᠯᠤᠨ᠂ ᠲᠣᠤᠷᠠᠶ ᠶᠢᠨ ᠣᠢ ᠶᠢᠨ ᠦᠵᠡᠮᠵᠢ ᠶᠢᠨ ᠣᠷᠣᠨ᠂ ᠲᠤᠩᠬᠤ ᠶᠢᠨ ᠲᠠᠯ᠎ᠠ ᠶᠢᠨ ᠦᠵᠡᠮᠵᠢ ᠶᠢᠨ ᠣᠷᠣᠨ ᠳᠤ ︽ᠠᠯᠲᠠᠨ ᠳᠤᠤᠷᠠᠢ︾ ᠳᠠᠭᠤᠤ ᠬᠥᠭᠵᠢᠮ ᠤᠨ ᠵᠦᠴᠦᠭᠡ᠂ ︽ᠲᠩᠷᠢ ᠶᠢᠨ ᠳᠣᠮᠤᠭ︾ ᠵᠦᠴᠦᠭᠡ᠂   ︽ᠳᠣᠩᠬᠤ ᠨᠠᠭᠤᠷ ᠢᠶᠠᠷ ᠵᠣᠭᠠᠴᠠᠶ᠎ᠠ︾ ᠲᠦᠳᠡᠭ ᠭᠠᠯ ᠤᠨ ᠦᠳᠡᠰᠢᠯᠡᠭᠡ ᠶᠠᠪᠤᠭᠳᠠᠬᠤ ᠪᠤᠯᠤᠨ᠎ᠠ︔ ᠪᠠᠶᠠᠷ ᠳᠤᠷᠠᠰᠬᠠᠯ ᠤᠨ ᠡᠳᠣᠷ ᠤᠨ ᠲᠣᠭᠯᠠᠯᠲᠠ ᠶᠢᠨ ᠲᠠᠯ᠎ᠠ ᠪᠠᠷ᠂ ᠠᠯᠠᠱᠠ ᠶᠢᠨ ᠪᠠᠭᠠᠲᠤᠷᠴᠤᠳ ᠤᠨ ᠴᠤᠭᠯᠠᠭᠠᠨ᠂ ᠳᠣᠣᠷᠠᠢ ᠶᠢᠨ ᠣᠢ ᠶᠢᠨ ᠰᠣᠶᠣᠯ ᠵᠢᠭᠤᠯᠴᠢᠯᠠᠯ ᠤᠨ ᠨᠠᠶᠢᠷ ᠲᠤ ᠴᠠᠬᠢᠯᠭᠠᠨ ᠬᠦᠭᠵᠢᠮ ᠤᠨ ᠨᠠᠶᠢᠷ᠂ ᠵᠢᠤᠢ ᠶᠠᠨ ᠤ ᠡᠷᠲᠡᠨ ᠤ ᠵᠠᠮ ᠤᠨ ᠳᠠᠭᠤᠤ ᠬᠥᠭᠵᠢᠮ ᠤᠨ ᠤᠷᠠᠯᠢᠭ ᠤᠨ ᠨᠠᠶᠢᠷ ᠵᠡᠷᠭᠡ ᠤᠠᠴᠠᠯᠢᠭᠳᠤ ᠲᠣᠭᠯᠠᠯᠲᠠ ᠶᠢ ᠲᠤᠬᠢᠷᠠᠭᠤᠯᠤᠨ᠂ ᠵᠣᠭᠠᠴᠠᠭᠰᠠᠳ ᠤᠨ ᠰᠤᠨᠢᠷᠬᠠᠯ ᠢ ᠲᠠᠳᠠᠵᠦ᠂ ᠰᠣᠶᠣᠯ ᠵᠢᠭᠤᠯᠴᠢᠯᠠᠯ ᠤᠨ ᠬᠡᠷᠡᠭᠯᠡᠭᠡ ᠶᠢ ᠳᠠᠶᠢᠴᠢᠯᠠᠬᠤ ᠪᠣᠯᠣᠨ᠎ᠠ᠃       ᠳᠣᠮᠣ ᠨᠠᠶᠢᠷ ᠴᠣᠭᠯᠠᠭᠠᠨ ᠠᠴᠠ ᠭᠠᠳᠠᠨ᠎ᠠ᠂ ᠲᠤᠩᠬᠤ ᠶᠢᠨ ᠲᠠᠯ᠎ᠠ᠂ ᠬᠤᠨᠳᠤ ᠨᠠᠭᠤᠷ᠂ ᠬᠤᠯᠠᠳᠠᠬᠢᠨ ᠢ ᠲᠤᠭᠳᠠᠭᠠᠭᠴᠢ ᠬᠤᠷᠢᠶ᠎ᠠ᠂ ᠱᠠᠰᠢᠨ ᠢ ᠪᠠᠳᠠᠷᠠᠭᠤᠯᠤᠭᠴᠢ ᠰᠦᠮ᠎ᠠ᠂ ᠪᠤᠶᠠᠨ ᠢ ᠦᠨᠳᠦᠰᠦᠯᠡᠭᠴᠢ ᠰᠦᠮ᠎ᠠ᠂ ᠠᠯᠠᠱᠠ ᠶᠢᠨ ᠡᠯᠡᠰᠤ ᠮᠠᠩᠬᠠᠠ ᠤ ᠲᠡᠷᠭᠡ ᠮᠠᠰᠢᠨ ᠠᠭᠠᠷ ᠠᠶᠠᠯᠠᠯ ᠤᠨ ᠬᠥᠷᠢᠶᠠᠯᠠᠩ᠂ ᠲᠤᠤᠷᠠᠢ ᠶᠢᠨ ᠣᠢ᠂ ᠪᠠᠳᠡᠢ ᠶᠢᠨ ᠵᠢᠷᠡᠨ ᠤ ᠡᠯᠡᠰᠦ᠂ ᠶᠡᠭᠡ ᠭᠤᠪᠢ ᠶᠢᠨ ᠬᠠᠴᠢᠨ ᠴᠢᠯᠠᠭᠤᠨ ᠤ ᠠᠵᠦ ᠦᠢᠯᠡᠰ ᠤᠨ ᠬᠦᠷᠢᠶᠡᠯᠡᠩ᠂ ᠬᠤᠯᠠᠨ ᠤ ᠳᠠᠯ᠎ᠠ᠂ ᠠᠯᠠᠱᠠ ᠮᠦᠽᠸᠢ᠂ ᠡᠵᠡᠨ᠎ᠠ ᠮᠦᠽᠸᠢ᠂ ᠠᠯᠠᠱᠠ ᠪᠠᠷᠠᠭᠤᠨ ᠬᠤᠰᠢᠭᠤᠨ ᠤ ᠮᠦᠽᠸᠢ ᠵᠢᠴᠢ ᠠᠯᠠᠱᠠ ᠪᠠᠷᠠᠭᠤᠨ ᠬᠤᠰᠢᠭᠤᠨ ᠤ ᠰᠤᠶᠤᠯ ᠤᠨ ᠰᠢᠨ᠎ᠠ ᠶᠢ ᠡᠬᠦᠳᠬᠦ ᠠᠵᠦ ᠦᠢᠯᠡᠰ ᠤᠨ ᠬᠦᠷᠢᠶᠡᠯᠡᠩ᠂ ᠡᠷᠪᠡᠬᠡᠢ ᠶᠢᠨ ᠬᠠᠪᠴᠢᠯ᠂ ᠬᠠᠶᠢᠰᠤᠨ ᠴᠢᠯᠠᠭᠤ᠂ ᠠᠯᠳᠠᠨ ᠲᠡᠪᠰᠢ ᠶᠢᠨ ᠰᠦᠮ᠎ᠠ᠂ ᠤᠪᠤᠭᠠᠳᠤ ᠶᠢᠨ ᠠᠭᠤᠯᠠ᠂ ᠶᠠᠪᠠᠷᠡᠢ ᠪᠠᠯᠭᠠᠰᠤᠨ ᠤ ᠶᠢᠰᠦᠨ ᠮᠤᠳᠤ᠂ ᠣᠯᠠᠨᠪᠣᠯᠠᠭ ᠤᠨ ᠬᠠᠪᠴᠢᠯ᠂ ᠣᠯᠠᠭᠠᠨ ᠰᠣᠪᠣᠷᠭ᠎ᠠ᠂ ᠴᠡᠭᠡ ᠪᠣᠭᠤᠮᠳᠠ ᠵᠡᠷᠭᠡ ᠣᠷᠣᠨ ᠨᠣᠳᠤᠭ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠤ ᠬᠢᠨ ᠪᠠᠰᠠ ᠡᠯᠡᠰᠦᠨ ᠳᠤ ᠭᠤᠯᠭᠤᠬᠤ᠂ ᠦᠵᠡᠮᠵᠢ ᠰᠤᠨᠢᠷᠬᠠᠬᠤ᠂ ᠰᠣᠶᠣᠯ ᠢ ᠪᠠᠭ᠋ᠠᠷᠬᠠᠬᠤ᠂ ᠡᠯᠡᠰᠤᠨ ᠵᠠᠰᠠᠯ ᠬᠢᠬᠦ᠂ ᠮᠤᠷᠢ ᠲᠡᠮᠡᠭᠡ ᠤᠨᠤᠬᠤ ᠵᠡᠷᠭᠡ ᠤᠨᠴᠠᠯᠢᠠᠠᠲᠦ ᠠᠵᠢᠯᠯᠠᠭ᠎ᠠ ᠶᠢ ᠲᠤᠬᠢᠷᠠᠭᠤᠯᠵᠦ᠂ ᠣᠯᠠᠷᠢᠯ ᠤᠨ ᠰᠠᠶᠢᠨ ᠢᠶᠠᠷ ᠬᠠᠮᠤᠭ ᠤᠨ ᠰᠠᠶᠢᠬᠠᠨ ᠳᠦᠷᠢ ᠳᠦᠷᠬᠦ ᠪᠠᠨ ᠵᠣᠭᠠᠴᠠᠭᠰᠠᠳ ᠲᠤ ᠳᠣᠯᠢᠯᠠᠭᠤᠯᠬᠤ ᠪᠣᠯᠣᠨ᠎ᠠ᠃                                                                ︵ᠵᠣᠬᠢᠶᠠᠭᠴᠢ᠄  ᠨᠠᠷᠠᠨ᠎ᠠ︶
 
ᠢᠷᠡᠯᠲᠡ᠄ ᠠᠯᠠᠱᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号