2020 ᠤᠨ ᠤ ᠲᠤᠮᠲᠠᠳᠤ ᠤᠯᠤᠰ · ᠡᠵᠡᠨ᠎ᠡ ᠶᠢᠨ ᠠᠯᠲᠠᠨ ᠨᠠᠮᠤᠷ ᠤᠨ ᠲᠤᠤᠷᠠᠢ ᠶᠢᠨ ᠠᠮᠢ ᠠᠬᠤᠢ  ᠶᠢᠨ ᠵᠢᠭᠤᠯᠴᠢᠯᠠᠯ ᠤᠨ ᠨᠠᠶᠢᠷ 10 ᠰᠠᠷ᠎ᠠ ᠶᠢᠨ 3 ᠳᠤ ᠪᠤᠯᠬᠤ ᠪᠠᠷ ᠪᠠᠶᠢᠨ᠎ᠠ
ᠨᠡᠶᠢᠲᠡᠯᠡᠭᠰᠡᠨ ᠴᠠᠭ᠄
2020/9/8
     9 ᠰᠠᠷ᠎ᠠ ᠶᠢᠨ 4 ᠤ  ᠡᠲᠦᠷ᠂  ᠠᠯᠠᠱᠠ ᠠᠶᠢᠮᠠᠭ ᠤᠨ  ᠡᠵᠡᠨ᠎ᠡ ᠬᠤᠰᠢᠭᠤᠨ ᠤ  ᠨᠠᠮ   ᠤᠨ ᠬᠤᠷᠢᠶ᠎ᠠ᠂  ᠬᠤᠰᠢᠭᠤᠨ ᠤ  ᠵᠠᠰᠠᠭ ᠤᠨ  ᠤᠷᠲᠤᠨ ᠠᠴᠠ ᠭᠤᠤᠯᠴᠢᠯᠠᠨ ᠡᠷᠬᠢᠯᠡᠵᠦ᠂  ᠡᠵᠡᠨ᠎ᠡ ᠬᠤᠰᠢᠭᠤᠨ ᠤ  ᠨᠠᠮ ᠤᠨ  ᠬᠤᠷᠢᠶ᠎ᠠ ᠶᠢᠨ  ᠤᠬᠠᠭᠤᠯᠬᠤ ᠬᠡᠯᠲᠡᠰ᠂ ᠬᠤᠰᠢᠭᠤᠨ ᠤ ᠰᠤᠶᠤᠯ ᠵᠢᠭᠤᠯᠴᠢᠯᠠᠯ ᠷᠠᠳᠢᠤ᠋ ᠲᠧᠯᠸᠢᠰ ᠲᠤᠪᠴᠢᠶ᠎ᠠ᠂  ᠬᠤᠰᠢᠭᠤᠨ ᠤ ᠰᠤᠷᠭᠠᠨ ᠬᠦᠮᠦᠵᠢᠯ ᠪᠡᠶ᠎ᠡ ᠶᠢᠨ ᠲᠠᠮᠢᠷ ᠤᠨ ᠲᠤᠪᠴᠢᠶ᠎ᠠ ᠠᠴᠠ ᠲᠠᠭᠠᠭᠠᠴᠢᠯᠠᠨ ᠡᠷᠬᠢᠯᠡᠬᠦ ᠪᠠᠷ ᠪᠠᠶᠢᠭ᠎ᠠ ᠲᠤᠮᠲᠠᠳᠤ ᠤᠯᠤᠰ · ᠡᠵᠡᠨ᠎ᠡ ᠶᠢᠨ  ᠠᠯᠲᠠᠨ ᠨᠠᠮᠤᠷ ᠤᠨ  ᠲᠤᠤᠷᠠᠢ ᠶᠢᠨ ᠠᠮᠢ ᠠᠬᠤᠢ ᠶᠢᠨ  ᠵᠢᠭᠤᠯᠴᠢᠯᠠᠯ ᠤᠨ  ᠬᠤᠷᠢᠨ ᠨᠢᠭᠡᠲᠦᠭᠡᠷ  ᠬᠤᠭᠤᠴᠠᠭᠠᠨ ᠤ  ᠨᠠᠶᠢᠷ   ᠤᠨ  ᠲᠤᠬᠠᠢ ᠰᠤᠨᠢᠨ  ᠮᠡᠲᠡᠭᠡ ᠨᠡᠶᠢᠲᠡᠯᠡᠬᠦ ᠬᠤᠷᠠᠯ ᠬᠦᠬᠡᠬᠤᠲᠠ  ᠳᠤ ᠪᠣᠯᠪᠠ᠃      ᠡᠵᠡᠨ᠎ᠡ ᠬᠤᠰᠢᠭᠤ 2000  ᠤᠨ   ᠳᠤ ᠠᠯᠲᠠᠨ ᠨᠠᠮᠤᠷ ᠤᠨ  ᠲᠤᠤᠷᠠᠢ ᠶᠢᠨ  ᠨᠠᠶᠢᠷ  ᠢ  ᠡᠬᠢᠯᠡᠵᠦ ᠡᠷᠬᠢᠯᠡᠭᠰᠡᠨ ᠠᠴᠠ ᠨᠠᠰᠢ  ᠂  ᠡᠬᠢᠨ ᠳᠡᠭᠡᠨ  ᠵᠢᠯ ᠤᠨ  ᠬᠦᠯᠢᠶᠡᠨ ᠵᠤᠴᠢᠯᠠᠬᠰᠠᠳ ᠨᠢ ᠠᠷᠠᠢ ᠯᠡ 3   ᠲᠦᠮᠡ  ᠬᠦᠷᠬᠦ ᠦᠭᠡᠢ ᠪᠠᠶᠢᠬᠰᠠᠨ ᠠᠴᠠ ᠪᠠᠨ 2019  ᠤᠨ ᠪᠤᠯᠬᠤ ᠳᠤ 800 ᠳᠦᠮᠡᠨ ᠬᠦᠮᠦᠨ ᠤᠲᠠᠭ᠎ᠠ ᠶᠢ ᠲᠠᠪᠠᠭᠰᠠᠨ ᠪᠠᠶᠢᠨ᠎ᠠ᠃ ᠡᠵᠡᠨ᠎ᠡ ᠬᠤᠰᠢᠭᠤᠨ ᠤ ᠨᠠᠮ ᠤᠨ ᠬᠤᠷᠢᠶ᠎ᠠ ᠶᠢᠨ ᠲᠡᠳ᠋ ᠱᠦᠵᠢ᠂ ᠬᠤᠰᠢᠭᠤᠨ ᠤ ᠤᠷᠤᠯᠠᠭᠴᠢ ᠬᠤᠰᠢᠭᠤᠨ ᠲᠠᠷᠤᠭ᠎ᠠ ᠲᠢᠶᠠᠨ ᠰᠢᠤᠸᠠᠢ ᠸᠧᠨ ᠰᠤᠨᠢᠨ  ᠮᠡᠲᠡᠭᠡ ᠨᠡᠶᠢᠲᠡᠯᠡᠬᠦ ᠬᠤᠷᠠᠯ ᠳᠤ ᠢᠯᠡᠷᠬᠡᠶᠢᠯᠡᠬᠦ  ᠳᠡᠭᠡᠨ᠄  ᠤᠶᠢᠷ᠎ᠠ ᠶᠢᠨ  ᠵᠢᠯ ᠠᠴᠠ ᠨᠠᠰᠢ᠂  ᠡᠵᠡᠨ᠎ᠡ ᠬᠤᠰᠢᠭᠤ  ︽ᠨᠤᠮᠢᠨ ᠳᠠᠩᠰᠤᠭ ᠡᠬᠡ ᠪᠠᠶᠢᠭᠠᠯᠢ  ᠪᠤᠯ ᠴᠠᠭᠯᠠᠰᠢ ᠦᠬᠡᠢ ᠪᠠᠶᠠᠨ ᠰᠠᠩ  ᠮᠦᠨ︾  ᠭᠡᠰᠡᠨ  ᠤᠶᠢᠯᠠᠭᠠᠬᠲᠠᠬᠤᠨ ᠢ ᠦᠢᠯᠡᠲᠦᠯᠭᠡᠵᠢᠬᠦᠯᠵᠦ᠂  ᠰᠤᠶᠤᠯ ᠵᠢᠭᠤᠯᠴᠢᠯᠠᠯ ᠤᠨ  ᠠᠵᠤ ᠦᠢᠯᠡᠰ ᠢ  ᠠᠵᠤ ᠠᠬᠤᠢ ᠶᠢᠨ  ᠴᠢᠨᠠᠷᠯᠢᠭ ᠬᠦᠭᠵᠢᠯᠲᠡ ᠶᠢ ᠠᠬᠢᠭᠤᠯᠬᠤ ᠲᠤᠯᠭᠠᠭᠤᠷᠢ ᠠᠵᠤ ᠦᠢᠯᠡᠰ  ᠪᠤᠯᠭᠠᠬᠰᠠᠨ ᠪᠠᠶᠢᠨ᠎ᠠ᠃ 2019 ᠤᠨ ᠳᠤ  ᠲᠤᠰ ᠭᠠᠵᠠᠷ ᠤᠷᠤᠨ ᠤ  ᠵᠢᠭᠤᠯᠴᠢᠯᠠᠯ ᠤᠨ ᠶᠡᠷᠦᠩᠬᠡᠢ ᠤᠷᠤᠯᠭ᠎ᠠ 75  ᠳ᠋ᠦᠩᠰᠢᠭᠤᠷ ᠲᠦᠬᠦᠷᠢᠭ ᠤᠨ ᠶᠡᠭᠡ ᠪᠤᠭᠤᠮᠲᠠ ᠶᠢ ᠳᠠᠪᠠᠵᠦ᠂ ᠡᠵᠡᠨ᠎ᠡ ᠬᠤᠰᠢᠭᠤ ᠮᠠᠨᠢ ᠨᠢᠭᠡᠨᠲᠡ ︽ᠠᠷᠪᠠᠨ ᠰᠠᠷ᠎ᠠ ᠶᠢᠨ ᠨᠢᠭᠡᠨ ᠤ ᠭᠦᠭᠵᠢᠶᠡᠨᠳᠦ ᠭᠠᠷᠠᠭ︾   ᠤᠨ ᠪᠦᠬᠦ ᠤᠯᠤᠰ ᠤᠨ ᠬᠠᠮᠤᠭ ᠤᠨ ᠬᠠᠯᠠᠮᠰᠢᠯ ᠪᠣᠯᠣᠭᠰᠠᠨ ᠪᠦᠬᠦ ᠬᠢᠵᠠᠭᠠᠷ ᠤᠨ ᠵᠢᠭᠤᠯᠴᠢᠯᠠᠯ ᠤᠨ ᠬᠠᠷᠠᠯᠳᠠᠳᠣ ᠣᠷᠣᠨ ᠤ ᠨᠢᠭᠡ ᠨᠢ ᠪᠤᠯᠤᠬᠰᠠᠨ ᠪᠠᠶᠢᠨ᠎ᠠ ᠭᠡᠯ᠎ᠡ᠃      ᠰᠤᠨᠢᠨ ᠮᠡᠲᠡᠭᠡ ᠨᠡᠶᠢᠲᠡᠯᠡᠬᠦ ᠬᠤᠷᠠᠯ ᠠᠴᠠ ᠣᠶᠢᠯᠠᠭᠠᠭᠰᠠᠨ ᠢᠶᠠᠷ᠂  ᠲᠤᠮᠲᠠᠳᠤ ᠤᠯᠤᠰ · ᠡᠵᠡᠨ᠎ᠡ ᠶᠢᠨ  ᠠᠯᠲᠠᠨ ᠨᠠᠮᠤᠷ ᠤᠨ ᠲᠤᠤᠷᠠᠢ ᠶᠢᠨ ᠠᠮᠢ ᠠᠬᠤᠢ ᠶᠢᠨ  ᠵᠢᠭᠤᠯᠴᠢᠯᠠᠯ ᠤᠨ ᠬᠤᠷᠢᠨ ᠨᠢᠭᠡᠲᠦᠭᠡᠷ ᠬᠤᠭᠤᠴᠠᠭᠠᠨ ᠤ ᠨᠠᠶᠢᠷ ᠨᠢ  2020  ᠤᠨ ᠤ 10  ᠰᠠᠷ᠎ᠠ ᠶᠢᠨ 3   ᠳᠤ  ᠡᠵᠡᠨ᠎ᠡ ᠬᠤᠰᠢᠭᠤᠨ ᠳᠤ ᠡᠬᠢᠯᠡᠬᠦ ᠪᠠᠷ ᠪᠠᠶᠢᠨ᠎ᠠ᠃ ᠵᠢᠭᠤᠯᠴᠢᠯᠠᠯ ᠤᠨ ᠠᠵᠢᠯ ᠳᠦᠷᠦᠯ ᠤᠨ ᠬᠢᠨ ᠤ ᠠᠵᠢᠯ ᠢᠶᠠᠨ ᠰᠡᠷᠬᠦᠭᠡᠬᠦ   ᠳᠤᠨᠢ ᠬᠠᠮᠵᠢᠬᠤ ᠶᠢᠨ ᠲᠦᠯᠦᠭᠡ᠂  ᠡᠵᠡᠨ᠎ᠡ ᠬᠤᠰᠢᠭᠤ ᠡᠨᠡ  ᠵᠢᠯ ᠤᠨ  ᠲᠠᠪᠤᠨ ᠰᠠᠷ᠎ᠠ ᠶᠢᠨ ᠨᠢᠭᠡᠨ ᠤ ᠤᠬᠤᠷ ᠴᠢᠯᠦᠬᠡᠨ ᠤ ᠬᠤᠭᠤᠴᠠᠭᠠᠨ ᠳᠤ      ︽ᠲᠠᠯ᠎ᠠ ᠨᠤᠲᠤᠭ ᠤᠨ ᠤᠲᠤᠨ︾  ᠨᠡᠷᠡᠮᠵᠢᠲᠤ ᠵᠢᠭᠤᠯᠴᠢᠯᠠᠯ ᠤᠨ ᠲᠤᠰᠬᠠᠢ ᠭᠠᠯᠳᠤ ᠲᠡᠷᠭᠡ ᠶᠢ ᠨᠡᠪᠳᠡᠷᠡᠭᠦᠯᠦᠭᠰᠡᠨ ᠪᠠᠶᠢᠲᠠᠭ᠃ ᠠᠯᠲᠠᠨ ᠨᠠᠮᠤᠷ ᠤᠨ ᠲᠤᠤᠷᠠᠢ ᠶᠢᠨ ᠠᠮᠢ ᠠᠬᠤᠢ ᠶᠢᠨ ᠵᠢᠭᠤᠯᠴᠢᠯᠠᠯ ᠤᠨ ᠬᠤᠷᠢᠨ ᠨᠢᠭᠡᠲᠦᠭᠡᠷ ᠬᠤᠭᠤᠴᠠᠭᠠᠨ ᠤ ᠨᠠᠶᠢᠷ ᠤᠨ ᠬᠤᠭᠤᠴᠠᠭᠠᠨ ᠳᠤ ᠮᠦᠨ ᠵᠠᠯᠭᠠᠭᠠᠳ 13  ᠴᠤᠪᠤᠭ᠎ᠠ ᠲᠤᠰᠬᠠᠢ ᠭᠠᠯᠲᠤ ᠲᠡᠷᠭᠡ ᠶᠢ ᠵᠣᠷᠴᠢᠭᠤᠯᠵᠦ᠂  ᠵᠤᠭᠠᠴᠠᠬᠰᠠᠳ ᠤᠨ ᠣᠯᠠᠨ ᠬᠡᠯᠪᠡᠷᠢ ᠶᠢᠨ ᠠᠶᠠᠯᠠᠯ  ᠵᠢᠭᠤᠯᠴᠢᠯᠠᠯ ᠤᠨ ᠬᠡᠷᠡᠭᠴᠡᠭᠡ ᠶᠢ  ᠬᠠᠩᠭᠠᠬᠤ  ᠳᠤ ᠪᠡᠯᠡᠬᠡᠨ ᠪᠠᠶᠢᠨ᠎ᠠ᠃      ᠭᠤᠣᠯᠴᠢᠯᠠᠨ ᠡᠷᠬᠢᠯᠡᠬᠦ ᠲᠠᠯ᠎ᠠ ᠶᠢᠨ ᠬᠢᠨ ᠤ ᠬᠡᠯᠡᠬᠦ ᠪᠠᠷ᠂ ᠡᠨᠡ ᠵᠢᠯ ᠡᠵᠡᠨ᠎ᠡ ᠬᠤᠰᠢᠭᠤᠨ ᠤ ᠬᠢᠨ         ︽ᠡᠵᠡᠨ᠎ᠡ ᠶᠢᠨ ᠠᠩᠬᠠᠳᠤᠭᠠᠷ ᠬᠤᠭᠤᠴᠠᠭᠠᠨ ᠤ  ᠵᠠᠯᠠᠭᠤᠴᠤᠳ ᠪᠠᠭᠠᠴᠤᠳ ᠤᠨ ᠳᠠᠶᠢᠺᠠᠨᠳᠣᠣ ᠶᠢᠨ  ᠺᠯᠦ᠋ᠪ ᠤᠨ ᠤᠷᠢᠯᠭ᠎ᠠ ᠶᠢᠨ ᠤᠷᠤᠯᠳᠤᠭᠠᠨ︾  ᠂ ︽ᠡᠵᠡᠨ᠎ᠡ ᠬᠤᠰᠢᠭᠤᠨ ᠤ ᠠᠩᠬᠠᠳᠤᠭᠠᠷ ᠬᠤᠭᠤᠴᠠᠭᠠᠨ ᠤ ᠪᠠᠭᠠᠴᠤᠳ ᠤᠨ ᠲᠡᠩᠨᠡᠬᠦᠷ ᠲᠡᠷᠭᠡ ᠵᠢᠴᠢ ᠪᠢᠴᠢᠬᠠᠨ ᠪᠠᠭᠠᠳᠤᠳ ᠤᠨ ᠰᠠᠭᠠᠳ ᠲᠠᠪᠠᠭ᠋ᠤ ᠤᠷᠤᠯᠳᠤᠭᠠᠨ︾᠂ ︽ᠡᠵᠡᠨ᠎ᠡ ᠶᠢᠨ ᠶᠠᠪᠠᠭᠠᠨ ᠶᠠᠪᠣᠬᠤ ᠣᠷᠣᠯᠳᠣᠭᠠᠨ︾ ᠢ ᠰᠢᠨ᠎ᠡ ᠪᠠᠷ ᠰᠠᠨᠠᠭᠠᠴᠢᠯᠠᠨ ᠡᠷᠬᠢᠯᠡᠬᠦ ᠪᠠ ᠤᠷᠠᠨ ᠰᠠᠶᠢᠬᠠᠨ ᠤ ᠲᠤᠭᠯᠠᠯᠲᠠ᠂ ᠪᠤᠳᠠᠰ  ᠤᠨ ᠪᠤᠰᠤ ᠰᠤᠶᠤᠯ ᠤᠨ ᠦᠪ ᠤᠨ  ᠦᠵᠡᠬᠦᠯᠦᠯᠬᠡ ᠵᠡᠷᠭᠡ 20  ᠭᠠᠷᠤᠢ ᠵᠦᠢᠯ ᠤᠨ ᠡᠯ᠎ᠡ ᠲᠦᠷᠦᠯ ᠤᠨ ᠰᠤᠶᠤᠯ ᠵᠢᠭᠤᠯᠴᠢᠯᠠᠯ ᠤᠨ ᠠᠵᠢᠯᠯᠠᠭ᠎ᠠ ᠤᠷᠤᠯᠳᠤᠭᠠᠨ ᠮᠦᠷᠦᠶᠢᠴᠡᠭᠡᠨ ᠢ ᠶᠠᠪᠤᠭᠲᠠᠭᠤᠯᠬᠤ ᠪᠠᠷ ᠪᠠᠶᠢᠨ᠎ᠠ᠃       ᠠᠭᠤᠯᠭ᠎ᠠ ᠶᠢᠨ ᠢᠷᠡᠯᠳᠡ᠄ http://mongol.people.com.cn/15823249.html
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号