2020 ᠤᠨ ᠤ ᠡᠵᠡᠨ᠎ᠡ · ᠲᠤᠮᠳᠠᠳᠤ ᠮᠤᠩᠭᠤᠯ ᠤᠨ ᠤᠯᠠᠨ ᠤᠯᠤᠰ ᠤᠨ ᠲᠠᠸᠠᠷ ᠤᠨ ᠦᠵᠡᠭᠦᠯᠦᠯᠭᠡ ᠬᠡᠯᠡᠯᠴᠡᠭᠡᠷ ᠤᠨ ᠴᠤᠭᠯᠠᠭᠠᠨ 9 ᠰᠠᠷ᠎ᠠ ᠶᠢᠨ 27 ᠤ ᠡᠳᠤᠷ ᠶᠠᠪᠤᠭᠳᠠᠨ᠎ᠠ
ᠨᠡᠶᠢᠲᠡᠯᠡᠭᠰᠡᠨ ᠴᠠᠭ᠄
2020/9/8
      9 ᠰᠠᠷ᠎ᠠ ᠶᠢᠨ 4 ᠤ ᠦᠳᠡ ᠶᠢᠨ ᠡᠮᠤᠨ᠎ᠡ᠂ ︽ᠡᠵᠡᠨ᠎ᠡ · ᠲᠤᠮᠳᠠᠳᠤ ᠮᠤᠩᠭᠤᠯ ᠤᠨ ᠤᠯᠠᠨ ᠤᠯᠤᠰ  ᠤᠨ ᠲᠠᠸᠠᠷ ᠤᠨ ᠦᠵᠡᠭᠦᠯᠦᠯᠭᠡ  ᠬᠡᠯᠡᠯᠴᠡᠭᠡᠷ ᠤᠨ ᠴᠤᠭᠯᠠᠭᠠᠨ︾ ᠤ ᠰᠤᠨᠢᠨ ᠮᠡᠳᠡᠭᠡ ᠨᠡᠶᠢᠲᠡᠯᠡᠬᠦ ᠬᠤᠷᠠᠯ ᠬᠦᠬᠡᠬᠤᠲᠡ ᠳᠤ  ᠬᠤᠷᠠᠯᠳᠤᠪᠠ᠃ ᠰᠤᠨᠢᠨ ᠮᠡᠳᠡᠭᠡ ᠨᠡᠶᠢᠲᠡᠯᠡᠬᠦ ᠬᠤᠷᠠᠯ ᠠᠴᠠ ᠲᠠᠨᠢᠯᠴᠠᠭᠤᠯᠤᠭᠰᠠᠨ ᠢ ᠦᠨᠳᠦᠰᠦᠯᠡᠪᠡᠯ᠂ ᠠᠯᠠᠱᠠ ᠠᠶᠢᠮᠠᠭ ᠤᠨ ᠵᠠᠬᠢᠷᠭ᠎ᠠ ᠪᠤᠯᠤᠨ ᠦᠪᠤᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠠᠷᠠᠯᠵᠢᠶᠠᠨ ᠤ ᠠᠬᠢᠭᠤᠯᠬᠤ ᠵᠦᠪᠯᠡᠯ ᠬᠠᠮᠳᠣᠷᠠᠨ ᠡᠷᠬᠢᠯᠡᠵᠦ᠂ ᠠᠯᠠᠱᠠ ᠠᠶᠢᠮᠠᠭ ᠤᠨ ᠬᠤᠳᠠᠯᠳᠤᠭᠠᠨ ᠤ ᠶᠠᠪᠤᠳᠠᠯ  ᠤᠨ ᠲᠤᠪᠴᠢᠶ᠎ᠠ᠂ ᠠᠯᠠᠱᠠ ᠠᠶᠢᠮᠠᠭ ᠤᠨ ᠭᠠᠳᠠᠭᠠᠳᠤ ᠶᠠᠪᠤᠳᠠᠯ ᠪᠤᠭᠤᠮᠲᠠ ᠶᠢᠨ ᠠᠵᠢᠯ ᠤᠨ ᠠᠯᠪᠠᠨ ᠭᠡᠷ᠂ ᠠᠯᠠᠱᠠ ᠠᠶᠢᠮᠠᠭ ᠤᠨ ᠠᠷᠠᠯᠵᠢᠶᠠᠨ ᠤ ᠠᠬᠢᠭᠤᠯᠬᠤ ᠵᠦᠪᠯᠡᠯ᠂ ᠡᠵᠡᠨ᠎ᠡ ᠬᠤᠰᠢᠭᠤᠨ ᠤ ᠠᠷᠠᠳ ᠤᠨ ᠵᠠᠰᠠᠭ ᠤᠨ ᠤᠷᠳᠤᠨ  ᠠᠴᠠ ᠳᠠᠭᠠᠭᠠᠴᠢᠯᠠᠨ ᠡᠷᠬᠢᠯᠡᠭᠰᠡᠨ ︽ᠡᠵᠡᠨ᠎ᠡ · ᠲᠤᠮᠳᠠᠳᠤ ᠮᠤᠩᠭᠤᠯ ᠤᠨ ᠤᠯᠠᠨ ᠤᠯᠤᠰ ᠤᠨ ᠲᠠᠸᠠᠷ ᠤᠨ ᠦᠵᠡᠭᠦᠯᠦᠯᠭᠡ  ᠬᠡᠯᠡᠯᠴᠡᠭᠡᠷ ᠤᠨ ᠴᠤᠭᠯᠠᠭᠠᠨ︾ 2020 ᠤᠨ ᠤ 9 ᠰᠠᠷ᠎ᠠ ᠶᠢᠨ 27 ᠤ ᠡᠳᠤᠷ ᠠᠴᠠ 10 ᠰᠠᠷ᠎ᠠ  ᠶᠢᠨ 10 ᠤ ᠡᠳᠤᠷ ᠪᠤᠯᠲᠠᠯ᠎ᠠ ᠦᠪᠤᠷ ᠮᠤᠩᠭᠤᠯ ᠤᠨ ᠡᠵᠡᠨ᠎ᠡ ᠬᠤᠰᠢᠭᠤᠨ ᠤ ᠵᠢᠦᠢ ᠶᠠᠨ ᠤ ᠰᠤᠶᠤᠯ ᠤᠨ ᠬᠤᠳᠠ  ᠳᠤ ᠶᠠᠪᠤᠭᠳᠠᠨ᠎ᠠ᠃       ᠡᠵᠡᠨ᠎ᠡ · ᠲᠤᠮᠳᠠᠳᠤ ᠮᠤᠩᠭᠤᠯ ᠤᠨ ᠤᠯᠠᠨ ᠤᠯᠤᠰ ᠤᠨ ᠲᠠᠸᠠᠷ ᠤᠨ ᠦᠵᠡᠭᠦᠯᠦᠯᠭᠡ  ᠬᠡᠯᠡᠯᠴᠡᠭᠡᠷ ᠤᠨ ᠴᠤᠭᠯᠠᠭᠠᠨ ᠨᠢᠭᠡᠨᠲᠡ ᠵᠠᠯᠭᠠᠭ᠎ᠠ ᠪᠠᠷ ᠳᠦᠷᠪᠡᠨ ᠬᠤᠭᠤᠴᠠᠭ᠎ᠠ  ᠶᠠᠪᠤᠭᠳᠠᠵᠦ᠂ ᠲᠤᠰ ᠬᠤᠭᠤᠴᠠᠭᠠᠨ ᠤ            ︽ᠦᠵᠡᠭᠦᠯᠦᠯᠭᠡ ᠬᠡᠯᠡᠯᠴᠡᠭᠡᠷ ᠤᠨ ᠴᠤᠭᠯᠠᠭᠠᠨ︾ ᠨᠢ ᠦᠪᠤᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ  ᠶᠢᠰᠦᠨ ᠶᠡᠭᠡ ᠦᠵᠡᠰᠭᠦᠯᠡᠩ ᠤᠨ ᠠᠵᠢᠯᠯᠠᠭᠠᠨ ᠤ ᠨᠢᠭᠡ ᠨᠢ ᠪᠤᠯᠵᠠᠢ᠃ ᠡᠵᠡᠨ᠎ᠡ ᠬᠤᠰᠢᠭᠤᠨ ᠤ ᠨᠠᠮ ᠤᠨ ᠬᠤᠷᠢᠶᠠᠨ  ᠤ ᠳᠡᠳ᠋ ᠱᠦᠵᠢ᠂ ᠤᠷᠤᠯᠠᠭᠴᠢ  ᠬᠤᠰᠢᠭᠤᠨ ᠳᠠᠷᠤᠭ᠎ᠠ ᠲᠢᠶᠠᠨ ᠰᠢᠤᠸᠠᠢ ᠸᠧᠨ ᠰᠤᠨᠢᠨ ᠮᠡᠳᠡᠭᠡ ᠨᠡᠶᠢᠲᠡᠯᠡᠬᠦ ᠬᠤᠷᠠᠯ  ᠳᠤ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠬᠤ ᠳᠠᠭᠠᠨ ᠲᠠᠨᠢᠯᠴᠠᠭᠤᠯᠤᠭᠰᠠᠨ ᠨᠢ᠂ ᠲᠤᠰ ᠬᠤᠭᠤᠴᠠᠭᠠᠨ  ᠤ ᠴᠤᠭᠯᠠᠭᠠᠨ ᠢ ᠬᠤᠶᠠᠷ ᠭᠠᠷᠠᠭ ᠡᠷᠬᠢᠯᠡᠨ᠎ᠡ᠃ ᠭᠡᠷ ᠲᠤᠲᠤᠷᠠᠬᠢ ᠦᠵᠡᠭᠦᠯᠦᠯᠭᠡ ᠶᠢᠨ ᠲᠤᠭᠤᠷᠢᠭ ᠨᠢ ᠨᠡᠶᠢᠲᠡ 7000 ᠳᠡᠭᠰᠢ ᠳᠦᠷᠪᠡᠯᠵᠢᠨ ᠮᠧᠲᠷ᠂ ᠭᠡᠷ ᠤᠨ ᠭᠠᠳᠠᠨᠠᠬᠢ ᠦᠵᠡᠭᠦᠯᠦᠯᠭᠡ ᠶᠢᠨ ᠲᠤᠭᠤᠷᠢᠭ   ᠨᠢ ᠨᠡᠶᠢᠲᠡ 1 ᠲᠦᠮᠡᠨ ᠳᠡᠭᠰᠢ ᠳᠦᠷᠪᠡᠯᠵᠢᠨ ᠮᠧᠲᠷ  ᠪᠠᠶᠢᠵᠦ᠂ ᠤᠬᠢ ᠪᠦᠳᠦᠭᠡᠭᠳᠡᠭᠦᠨ ᠤ ᠭᠤᠤᠯ ᠰᠡᠳᠤᠪᠳᠤ ᠦᠵᠡᠭᠦᠯᠦᠯᠭᠡ ᠶᠢᠨ ᠲᠢᠩᠭᠢᠮ 2  ᠂ ᠳᠡᠯᠭᠡᠨ ᠦᠵᠡᠬᠦᠯᠬᠦ ᠪᠠᠶᠢᠷᠢ 400 ᠭᠠᠷᠤᠢ ᠪᠠᠶᠢᠨ᠎ᠠ᠃  ᠦᠵᠡᠭᠦᠯᠦᠯᠭᠡ ᠶᠢᠨ ᠲᠠᠸᠠᠷ ᠲᠤ ᠦᠨᠳᠦᠰᠦᠲᠡᠨ ᠤ ᠬᠤᠪᠴᠠᠰᠤ ᠵᠠᠰᠠᠯ᠂ ᠤᠨᠴᠠᠯᠢᠭᠳᠤ ᠢᠳᠡᠭᠡᠨ᠂ ᠠᠮᠢᠳᠤᠷᠠᠯ ᠤᠨ ᠬᠡᠷᠡᠭᠰᠡᠯ᠂ ᠰᠤᠶᠤᠯ ᠤᠨ ᠰᠢᠨ᠎ᠡ ᠪᠦᠳᠦᠭᠡᠭᠳᠡᠭᠦᠨ᠂ ᠭᠠᠷ ᠤᠷᠠᠯᠠᠯ ᠤᠨ ᠪᠦᠳᠦᠭᠡᠭᠳᠡᠭᠦᠨ᠂ ᠦᠵᠡᠮᠤᠷᠢ ᠶᠢᠨ ᠴᠢᠯᠠᠭᠤ᠂ ᠬᠠᠰ ᠡᠷᠳᠡᠨᠢ ᠶᠢᠨ ᠴᠢᠯᠠᠭᠤ᠂ ᠤᠷᠤᠨ ᠨᠤᠲᠤᠭ ᠤᠨ ᠭᠠᠷᠤᠯᠲᠠ ᠵᠡᠷᠭᠡ ᠨᠠᠢᠮᠠᠨ ᠶᠡᠭᠡ ᠲᠦᠷᠦᠯ ᠤᠨ ᠲᠦᠮᠡ ᠭᠠᠷᠤᠢ ᠲᠠᠸᠠᠷ ᠪᠠᠶᠢᠨ᠎ᠠ᠃       ᠡᠷᠬᠢᠯᠡᠭᠰᠡᠨ ᠲᠠᠯ᠎ᠠ ᠶᠢᠨ ᠭᠡᠯᠡᠬᠦ ᠪᠠᠷ᠂ ᠦᠵᠡᠭᠦᠯᠦᠯᠭᠡ  ᠬᠡᠯᠡᠯᠴᠡᠭᠡᠷ ᠤᠨ ᠴᠤᠭᠯᠠᠭᠠᠨ ᠤ ᠭᠤᠤᠯ ᠠᠵᠢᠯᠯᠠᠭ᠎ᠠ  ᠳᠤ ᠪᠠᠰᠠ ᠠᠯᠠᠱᠠ ᠶᠢᠨ ᠴᠢᠨᠠᠷ ᠰᠠᠶᠢᠳᠠᠢ ᠦᠷᠭᠦᠯᠵᠢᠯᠡᠭᠰᠡᠨ ᠬᠦᠭᠵᠢᠯᠲᠡ ᠶᠢᠨ ᠳᠣᠬᠠᠢ ᠶᠠᠷᠢᠶᠠᠨ ᠤ ᠳᠠᠪᠴᠠᠩ᠂ ᠨᠡᠷᠡᠳᠤ ᠰᠢᠯᠢᠳᠡᠭ ᠲᠠᠸᠠᠷ ᠤᠨ ᠪᠤᠷᠤᠯᠠᠭᠤᠯᠭ᠎ᠠ ᠶᠢᠨ ᠤᠯᠠᠨ ᠤᠯᠤᠰ ᠤᠨ ᠲᠠᠸᠠᠷ ᠤᠨ ᠤᠨᠴᠠ ᠤᠷᠢᠭᠰᠠᠨ ᠦᠵᠡᠰᠭᠦᠯᠡᠩ᠂ ᠬᠠᠰ ᠡᠷᠳᠡᠨᠢ ᠶᠢᠨ ᠴᠢᠯᠠᠭᠤ ᠶᠢᠨ ᠦᠵᠡᠰᠭᠦᠯᠡᠩ᠂ ᠵᠢᠦᠢ ᠶᠠᠨ ᠤ ᠰᠤᠶᠤᠯ ᠤᠨ ᠰᠢᠨ᠎ᠡ ᠪᠦᠳᠦᠭᠡᠭᠳᠡᠭᠦᠨ ᠪᠤᠯᠤᠨ ᠵᠢᠭᠤᠯᠴᠢᠯᠠᠯ ᠤᠨ ᠲᠠᠸᠠᠷ ᠤᠨ ᠦᠵᠡᠰᠭᠦᠯᠡᠩ᠂ ᠲᠤᠮᠤ ᠬᠡᠯᠪᠡᠷᠢ ᠶᠢᠨ ᠰᠤᠶᠤᠯ ᠤᠨ ᠤᠶᠢᠯᠠᠭᠠᠯᠲᠠ ︽ᠠᠯᠠᠱᠠ ᠠᠶᠠᠯᠠᠯ︾ ᠤᠨ ᠶᠠᠪᠠᠭᠠᠨ ᠶᠠᠪᠣᠬᠤ ᠠᠵᠢᠯᠯᠠᠭ᠎ᠠ᠂ ᠲᠦᠪ ᠤᠨ ᠤᠷᠠᠨ ᠵᠢᠷᠤᠭ ᠤᠨ ᠳᠡᠭᠡᠳᠤ ᠰᠤᠷᠭᠠᠭᠤᠯᠢ ᠶᠢᠨ ᠢᠯᠡᠷᠬᠡᠶᠢᠯᠡᠯ ᠡᠯᠭᠦᠬᠦ ᠶᠤᠰᠤᠯᠠᠯ ᠪᠠᠭᠳᠠᠵᠦ ᠪᠠᠶᠢᠨ᠎ᠠ᠃         ᠠᠭᠤᠯᠭ᠎ᠠ ᠶᠢᠨ ᠢᠷᠯᠡᠳᠡ᠄ http://mongol.people.com.cn/15823245.html
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号