ᠡᠯᠡᠰᠤ ᠮᠠᠩᠬᠠᠨ ᠳᠠᠬᠢ ᠬᠦᠭᠵᠢᠶᠠᠨᠳᠤ ᠵᠢᠭᠤᠯᠴᠢᠯᠠᠯ
ᠨᠡᠶᠢᠲᠡᠯᠡᠭᠰᠡᠨ ᠴᠠᠭ᠄
2020/9/8
      ᠬᠢᠵᠢᠭ ᠡᠪᠡᠳᠴᠢᠨ ᠲᠣᠭᠲᠠᠪᠤᠷᠢᠵᠢᠵᠤ᠂ ᠠᠵᠤ ᠠᠬᠤᠢ᠂ ᠵᠠᠬ᠎ᠠ ᠲᠡᠯᠭᠡᠬᠦᠷ᠂ ᠵᠢᠭᠤᠯᠴᠢᠯᠠᠯ ᠤᠨ ᠦᠢᠯᠡᠰ ᠬᠥᠭᠵᠢᠶᠡᠨ ᠲᠠᠢ ᠪᠣᠯᠬᠤ ᠶᠢ ᠲᠠᠭᠠᠯᠳᠤᠨ ᠠᠯᠠᠱᠠ ᠨᠤᠳᠤᠭ ᠤᠨ ᠡᠯᠡᠰᠤ ᠮᠠᠩᠬᠠᠨ ᠤ ᠭᠤᠶᠢᠳᠠ ᠦᠵᠡᠮᠵᠢ ᠶᠢ ᠦᠵᠡᠵᠦ ᠰᠣᠨᠢᠷᠬᠠᠬᠤ ᠵᠤᠭᠠᠴᠠᠭᠰᠠᠳ ᠤᠯᠠᠮ ᠢᠶᠠᠷ ᠨᠡᠮᠡᠭᠳᠡᠵᠦ᠂ ᠡᠯᠡᠰᠤ ᠮᠠᠩᠬᠠᠨ ᠤ ᠵᠢᠭᠤᠯᠴᠢᠯᠠᠯ ᠤᠨ ᠦᠢᠯᠡᠰ ᠢ ᠬᠥᠭᠵᠢᠶᠡᠨ ᠲᠠᠢ ᠪᠣᠯᠭᠠᠭᠰᠠᠨ ᠪᠠᠶᠢᠨ᠎ᠠ᠃ ᠲᠡᠭᠷᠢ ᠡᠯᠡᠰᠤ ᠪᠠᠯᠭᠠᠰᠤᠨ ᠤ ᠲᠡᠮᠡᠭᠡᠨ ᠠᠭᠤᠯᠠ ᠭᠠᠴᠠᠭᠠᠨ ᠤ ᠮᠠᠯᠴᠢᠨ ᠪᠠᠶᠠᠷ 7 ᠰᠠᠷ᠎ᠠ ᠶᠢᠨ ᠡᠬᠢᠨ ᠠᠴᠠ 8 ᠰᠠᠷ᠎ᠠ ᠶᠢᠨ ᠡᠴᠤᠰ ᠪᠤᠯᠳᠠᠯᠠᠬᠢ 40 ᠭᠠᠷᠤᠢ ᠡᠳᠤᠷ ᠲᠤ 300 ᠣᠷᠴᠢᠮ ᠭᠠᠳᠠᠨ᠎ᠠ ᠮᠤᠵᠢ ᠣᠷᠣᠨ ᠤ ᠵᠤᠭᠠᠴᠠᠭᠰᠠᠳ ᠢ ᠲᠤᠰᠴᠣ ᠣᠷᠣᠯᠭ᠎ᠠ ᠪᠠᠨ ᠨᠡᠮᠡᠭᠳᠡᠭᠦᠯᠵᠠᠢ᠃       ᠲᠡᠷᠡ 2019 ᠣᠨ ᠳᠤ ︽ᠲᠡᠭᠷᠢ ᠠᠵᠤ ᠠᠬᠤᠢ ᠶᠢᠨ ᠮᠡᠷᠭᠡᠵᠢᠯ ᠤᠨ ᠨᠡᠭᠡᠭᠡᠯᠲᠡ ᠶᠢᠨ ᠣᠷᠣᠨ ᠤ ᠪᠠᠶᠠᠷ ᠮᠠᠯᠴᠢᠨ ᠤ ᠲᠤᠰᠬᠠᠢ ᠬᠤᠷᠰᠢᠶᠠᠵᠢᠯ︾ ᠢ ᠪᠠᠶᠢᠭᠤᠯᠵᠤ᠂ ᠡᠨᠡ ᠵᠢᠯ ᠬᠤᠷᠰᠢᠶᠠᠵᠢᠯ ᠤᠨ ᠨᠢᠭᠡ ᠠᠭᠤᠯᠭ᠎ᠠ ᠪᠣᠯᠬᠤ    ︽ᠲᠡᠭᠷᠢ ᠡᠯᠡᠰᠤᠨ ᠤ ᠠᠮᠢ ᠠᠬᠤᠢ ᠶᠢᠨ ᠵᠢᠭᠤᠯᠴᠢᠯᠠᠯ︾ ᠢᠶᠠᠷ ᠬᠤᠯᠠ ᠣᠶᠢᠷ᠎ᠠ᠂ ᠡᠯ᠎ᠡ ᠮᠤᠵᠢ ᠣᠷᠣᠨ ᠤ ᠵᠤᠭᠠᠴᠠᠭᠰᠠᠳ ᠢ ᠲᠤᠰᠴᠣ ᠲᠡᠭᠷᠢ ᠡᠯᠡᠰᠤᠨ ᠤ ᠡᠯᠡᠰᠤ ᠮᠠᠩᠬ᠎ᠠ᠂ ᠠᠭᠤᠯᠠ ᠬᠠᠲᠠ᠂ ᠬᠠᠳᠠᠨ ᠵᠢᠷᠤᠭ᠂ ᠡᠪᠡᠰᠤ ᠤᠷᠭᠤᠮᠠᠯ ᠵᠡᠷᠭᠡ ᠪᠠᠶᠢᠭᠠᠯᠢ ᠶᠢᠨ ᠥᠩᠭᠡ ᠦᠵᠡᠮᠵᠢ ᠪᠣᠯᠣᠨ ᠮᠠᠯᠴᠢᠨ ᠠᠷᠠᠳ ᠤᠨ ᠠᠮᠢᠳᠤᠷᠠᠯ ᠰᠣᠶᠣᠯ ᠢ ᠭᠠᠶᠢᠬᠠᠭᠤᠯᠵᠤ᠂ ᠵᠠᠬ᠎ᠠ ᠲᠡᠯᠭᠡᠬᠦᠷ ᠪᠠ ᠰᠣᠶᠣᠯ ᠢ ᠤᠶᠠᠯᠳᠤᠭᠤᠯᠤᠨ ᠵᠢᠭᠤᠯᠴᠢᠯᠠᠯ ᠤᠨ ᠦᠢᠯᠡᠰ ᠢᠶᠠᠨ ᠮᠠᠰᠢ ᠤᠳᠬ᠎ᠠ ᠠᠭᠤᠯᠭ᠎ᠠ ᠲᠠᠢ ᠶᠠᠪᠤᠭᠳᠠᠭᠤᠯᠵᠤ ᠪᠠᠶᠢᠭ᠎ᠠ ᠶᠤᠮᠰᠠᠨ᠃ ᠦᠢᠷ᠎ᠠ ᠶᠢᠨ ᠵᠢᠯ ᠪᠠᠶᠠᠷ ᠮᠠᠯᠴᠢᠨ ᠠᠶᠢᠯ ᠤᠨ ᠵᠢᠭᠤᠯᠴᠢᠯᠠᠯ ᠡᠷᠬᠢᠯᠡᠵᠦ ᠪᠠᠶᠢᠭᠰᠠᠨ ᠲᠤᠷᠰᠢᠯᠭ᠎ᠠ ᠶᠢᠨ ᠢᠶᠠᠨ ᠰᠠᠭᠤᠷᠢᠨ ᠳᠡᠭᠡᠷ᠎ᠠ ᠵᠢᠭᠤᠯᠴᠢᠯᠠᠯ ᠤᠨ ᠪᠦᠯᠬᠦᠮ ᠢ ᠲᠤᠰᠴᠣ᠂ ᠮᠣᠩᠭᠤᠯ ᠭᠡᠷ ᠪᠠᠷᠢᠬᠤ᠂ ᠡᠯᠡᠰᠤᠨ ᠳᠤ ᠬᠤᠨᠣᠭᠯᠠᠵᠤ ᠣᠳᠣ ᠰᠣᠨᠢᠷᠬᠠᠬᠤ᠂ ᠬᠤᠭ ᠨᠣᠪᠰᠢ ᠲᠡᠭᠦᠬᠦ ᠂ ᠪᠠᠶᠢᠭᠠᠯᠢ ᠶᠢᠨ ᠡᠪᠡᠰᠤ ᠤᠷᠭᠤᠮᠠᠯ ᠢ ᠲᠠᠨᠢᠭᠤᠯᠬᠤ᠂ ᠡᠯᠡᠰᠤ ᠪᠠᠷ ᠠᠶᠠᠭ᠎ᠠ ᠤᠬᠢᠶᠠᠨ ᠠᠯᠠᠱᠠ ᠨᠤᠳᠤᠭ ᠤᠨ ᠮᠠᠯᠴᠢᠨ ᠲᠦᠮᠡᠨ ᠤ ᠡᠯᠡᠰᠤ ᠮᠠᠩᠬ᠎ᠠ ᠪᠠᠨ ᠬᠡᠷᠬᠢᠨ ᠠᠰᠢᠭᠯᠠᠵᠤ᠂ ᠪᠠᠶᠢᠭᠠᠯᠢ ᠪᠠᠨ ᠬᠠᠮᠠᠭᠠᠯᠠᠨ ᠣᠷᠣᠰᠢᠨ ᠠᠮᠢᠳᠤᠷᠠᠵᠦ ᠪᠠᠶᠢᠬᠤ ᠶᠢ ᠤᠢᠢᠯᠠᠭᠠᠭᠤᠯᠬᠤ ᠵᠡᠷᠭᠡ ᠠᠭᠤᠯᠭ᠎ᠠ ᠶᠢ ᠳᠤᠬᠢᠷᠠᠭᠤᠯᠤᠬᠰᠠᠠ ᠪᠠᠶᠢᠨ᠎ᠠ᠃                                                        ︵ᠵᠣᠬᠢᠶᠠᠭᠴᠢ᠄ ᠬᠤᠶᠢᠳ ᠰᠡᠴᠡᠨ︶
 
ᠢᠷᠡᠯᠲᠡ᠄ ᠠᠯᠠᠱᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号