ᠲᠡᠭᠷᠢ ᠠᠵᠦ ᠠᠬᠤᠢ ᠶᠢᠨ ᠮᠡᠷᠬᠡᠵᠢᠯ ᠤᠨ ᠨᠡᠬᠡᠬᠡᠯᠳᠠ ᠶᠢᠨ ᠤᠷᠤᠨ ᠤ 1 — 8 ᠰᠠᠷ᠎ᠠ ᠳᠤ ᠬᠡᠯᠡᠯᠴᠡᠬᠡᠷ ᠲᠤᠭᠳᠠᠭᠰᠠᠨ ᠪᠡᠯᠡ ᠤᠷᠤᠭᠤᠯᠤᠯᠳᠠ 103 ᠳ᠋ᠦᠡᠭᠰᠢᠭᠤᠷ ᠲᠦᠬᠦᠷᠢᠭ ᠲᠤ ᠬᠦᠷᠴᠠᠢ
ᠨᠡᠶᠢᠲᠡᠯᠡᠭᠰᠡᠨ ᠴᠠᠭ᠄
2020/9/9
     ᠰᠤᠷᠪᠤᠯᠵᠢᠯᠠᠭᠴᠢ ᠲᠡᠭᠷᠢ ᠠᠵᠦ ᠠᠬᠤᠢ ᠶᠢᠨ ᠮᠡᠷᠬᠡᠵᠢᠯ ᠤᠨ ᠨᠡᠬᠡᠬᠡᠯᠳᠠ ᠶᠢᠨ ᠤᠷᠤᠨ ᠤ ᠠᠵᠦ ᠦᠢᠯᠡᠳᠪᠤᠷᠢ ᠬᠢᠬᠡᠳ ᠰᠢᠨᠵᠢᠯᠡᠭᠡ ᠮᠡᠷᠬᠡᠵᠢᠯ ᠤᠨ ᠲᠤᠪᠴᠢᠶ᠎ᠠ ᠠᠴᠠ ᠤᠢᠢᠯᠠᠭᠠᠭᠰᠠᠨ ᠢᠶᠠᠷ᠂ ᠡᠨᠡ ᠵᠢᠯ ᠤᠨ 1 — 8 ᠰᠠᠷ᠎ᠠ ᠳᠤ᠂ ᠲᠤᠰ ᠨᠡᠬᠡᠬᠡᠯᠳᠠ ᠶᠢᠨ ᠤᠷᠤᠨ ᠤ ᠬᠢᠨ ᠨᠠᠶᠢᠳᠠ 6 ᠲᠦᠷᠦᠯ ᠵᠦᠢᠯ ᠳᠤ ᠬᠡᠷ᠎ᠠ ᠲᠤᠭᠳᠠᠵᠦ᠂ ᠪᠦᠬᠦ ᠪᠡᠯᠡ ᠤᠷᠤᠭᠤᠯᠤᠯᠳᠠ ᠨᠢ 103.9 ᠳ᠋ᠦᠡᠭᠰᠢᠭᠤᠷ ᠲᠦᠬᠦᠷᠢᠭ ᠲᠤ ᠬᠦᠷᠴᠠᠢ᠃ ᠤᠳᠤᠬᠠᠨ ᠳᠤ ᠲᠤᠰ 6 ᠲᠦᠷᠦᠯ ᠵᠦᠢᠯ ᠤᠨ ᠪᠡᠯᠡᠳᠬᠡᠯ ᠠᠵᠢᠯ ᠲᠦᠯᠦᠪᠯᠡᠭᠡ ᠶᠤᠰᠤᠭᠠᠷ ᠤᠷᠤᠭᠰᠢᠳᠡᠢ ᠶᠠᠪᠤᠭᠳᠠᠵᠦ ᠪᠤᠢ᠃      ᠲᠤᠰ 6 ᠲᠦᠷᠦᠯ ᠵᠦᠢᠯ ᠪᠤᠯ᠄ ᠱᠠᠨᠳᠦ᠋ᠡᠭ ᠤᠨ ᠲᠠᠢ ᠯᠦ ᠺᠤᠮᠫᠠᠨᠢ ᠶᠢᠨ ᠵᠢᠯ ᠳᠤ 8000 ᠲᠤᠨ ᠡᠮ ᠤᠨ ᠮᠠᠲ᠋ᠧᠷᠢᠶᠠᠯ ᠦᠢᠯᠡᠳᠪᠦᠷᠢᠯᠡᠬᠦ ᠲᠦᠷᠦᠯ ᠵᠦᠢᠯ᠂ ᠦᠪᠦᠷ ᠮᠤᠩᠭᠤᠯ ᠤᠨ ᠼᠠᠢ ᠵᠢᠩ ᠰᠢᠨ᠎ᠠ ᠮᠠᠲ᠋ᠧᠷᠢᠶᠠᠯ ᠤᠨ ᠺᠤᠮᠫᠠᠨᠢ ᠶᠢᠨ ᠵᠢᠯ ᠳᠤ 5000 ᠲᠤᠨ ᠢᠵᠢ ᠪᠦᠷᠢᠳᠦᠭᠰᠡᠨ ᠰᠢᠨ᠎ᠠ ᠮᠠᠲ᠋ᠧᠷᠢᠶᠠᠯ ᠦᠢᠯᠡᠳᠪᠤᠷᠢᠯᠡᠬᠦ ᠲᠦᠷᠦᠯ ᠵᠦᠢᠯ᠂ ᠪᠡᠬᠡᠵᠢᠩ ᠤᠨ ᠹᠸᠢ ᠳ᠋ᠢ ᠲᠡᠵᠢᠬᠡᠯ ᠪᠤᠷᠳᠤᠭᠠᠨ ᠤ ᠰᠢᠨᠵᠢᠯᠡᠭᠡ ᠮᠡᠷᠬᠡᠵᠢᠯ ᠤᠨ ᠺᠤᠮᠫᠠᠨᠢ ᠶᠢᠨ ᠵᠢᠯ ᠳᠤ 40000 ᠲᠤᠨ ᠲᠡᠵᠢᠬᠡᠯ ᠪᠤᠷᠳᠤᠭᠠᠨ ᠤ ᠨᠡᠮᠡᠯᠳᠠ ᠡᠳ᠋ ᠦᠢᠯᠡᠳᠪᠤᠷᠢᠯᠡᠬᠦ ᠲᠦᠷᠦᠯ ᠵᠦᠢᠯ᠂ ᠭᠦᠸᠧ ᠺᠠᠢ ᠰᠢᠨ᠎ᠠ ᠡᠨᠧᠷᠬᠢ ᠶᠢᠨ ᠰᠢᠨᠵᠢᠯᠡᠭᠡ ᠮᠡᠷᠬᠡᠵᠢᠯ ᠤᠨ ᠺᠤᠮᠫᠠᠨᠢ ᠶᠢᠨ 600MW ᠰᠠᠯᠬᠢᠨ ᠬᠦᠴᠦ ᠨᠡᠷᠡᠨ ᠤ ᠡᠨᠧᠷᠬᠢ ᠪᠠᠷ ᠴᠠᠬᠢᠯᠭᠠᠨ ᠭᠠᠷᠭᠠᠬᠤ ᠲᠦᠷᠦᠯ ᠵᠦᠢᠯ᠂ ᠲᠤᠮᠳᠠᠲᠦ ᠤᠯᠤᠰ ᠤᠨ ᠳ᠋ᠠ ᠲᠠᠩ ᠪᠦᠯᠦᠭᠯᠡᠯ ᠤᠨ ᠨᠡᠷᠡᠨ ᠤ ᠡᠨᠧᠷᠬᠢ ᠶᠢᠨ ᠠᠵᠦ ᠦᠢᠯᠡᠰ ᠤᠨ ᠺᠤᠮᠫᠠᠨᠢ ᠶᠢᠨ 1000MW ᠬᠡᠷᠡᠯ ᠢᠶᠠᠷ ᠴᠠᠬᠢᠯᠭᠠᠨ ᠨᠦᠬᠦᠪᠦᠷᠢᠯᠡᠬᠦ ᠲᠦᠷᠦᠯ ᠵᠦᠢᠯ᠂ ᠭᠠᠨᠰᠦ ᠶᠢᠨ ᠬᠠᠨᠭ᠌ ᠲᠢᠶᠠᠨ ᠰᠢᠨ᠎ᠠ ᠡᠨᠧᠷᠬᠢ ᠶᠢᠨ ᠪᠦᠯᠦᠭᠯᠡᠯ ᠺᠤᠮᠫᠠᠨᠢ ᠶᠢᠨ 200MW ᠬᠡᠷᠡᠯ ᠢᠶᠠᠷ ᠴᠠᠬᠢᠯᠭᠠᠨ ᠨᠦᠬᠦᠪᠦᠷᠢᠯᠡᠬᠦ ᠵᠡᠷᠬᠡ ᠲᠦᠷᠦᠯ ᠵᠦᠢᠯ ᠪᠠᠭᠳᠠᠵᠦ ᠪᠤᠢ᠃ ᠡᠬᠦᠨ ᠳᠤ᠂ ᠦᠪᠦᠷ ᠮᠤᠩᠭᠤᠯ ᠤᠨ ᠼᠠᠢ ᠵᠢᠩ ᠺᠤᠮᠫᠠᠨᠢ ᠶᠢᠨ ᠲᠦᠷᠦᠯ ᠵᠦᠢᠯ ᠤᠨ ᠪᠦᠲᠦᠬᠡᠨ ᠪᠠᠶᠢᠭᠤᠯᠤᠯᠳᠠ 9 ᠰᠠᠷ᠎ᠠ ᠶᠢᠨ ᠡᠬᠢ ᠪᠠᠷ ᠠᠵᠢᠯ ᠡᠬᠢᠯᠡᠨ᠂ ᠪᠡᠬᠡᠵᠢᠩ ᠤᠨ ᠹᠸᠢ ᠳ᠋ᠢ ᠺᠤᠮᠫᠠᠨᠢ ᠶᠢᠨ ᠲᠦᠷᠦᠯ ᠵᠦᠢᠯ ᠤᠨ ᠪᠦᠲᠦᠬᠡᠨ ᠪᠠᠶᠢᠭᠤᠯᠤᠯᠳᠠ 9 ᠰᠠᠷ᠎ᠠ ᠶᠢᠨ ᠰᠡᠬᠦᠯᠴᠢ ᠪᠠᠷ ᠠᠵᠢᠯ ᠡᠬᠢᠯᠡᠬᠦ ᠪᠠᠷ ᠲᠦᠰᠦᠪᠯᠡᠵᠦ᠂ ᠱᠠᠨᠳᠦ᠋ᠡᠭ ᠤᠨ ᠲᠠᠢ ᠯᠦ ᠺᠤᠮᠫᠠᠨᠢ ᠶᠢᠨ ᠪᠡᠯᠡᠳᠬᠡᠯ ᠠᠵᠢᠯ ᠤᠳᠤᠬᠠᠨ ᠳᠤ ᠶᠠᠭ ᠡᠷᠴᠢᠮᠳᠠᠢ ᠶᠠᠪᠤᠭᠳᠠᠵᠦ ᠪᠤᠢ᠃       ᠡᠨᠡ ᠵᠢᠯ ᠠᠴᠠ ᠨᠠᠰᠢ᠂ ᠲᠡᠭᠷᠢ ᠠᠵᠦ ᠠᠬᠤᠢ ᠶᠢᠨ ᠮᠡᠷᠬᠡᠵᠢᠯ ᠤᠨ ᠨᠡᠬᠡᠬᠡᠯᠳᠠ ᠶᠢᠨ ᠤᠷᠤᠨ ᠤ ᠬᠢᠨ ᠠᠷᠠᠯᠵᠢᠶᠠᠴᠢᠨ ᠤᠷᠢᠵᠦ ᠪᠡᠯᠡ ᠲᠠᠳᠠᠬᠤ ᠲᠠᠯ᠎ᠠ ᠪᠠᠷ ᠰᠢᠨ᠎ᠠ ᠶᠢ ᠡᠬᠦᠳᠴᠦ᠂ ᠡᠵᠡᠩᠨᠡᠨ ᠠᠷᠠᠯᠵᠢᠶᠠᠯᠠᠬᠤ ᠤᠷᠴᠢᠨ ᠨᠦᠬᠦᠴᠠᠯ ᠢ ᠰᠠᠶᠢᠵᠢᠷᠠᠭᠤᠯᠤᠨ᠂ ᠠᠵᠦ ᠠᠬᠤᠢᠢᠯᠠᠯ ᠳᠤ ᠬᠠᠨᠭ᠍ᠭᠠᠬᠤ ᠦᠢᠯᠡᠴᠢᠯᠡᠭᠡ ᠪᠠᠨ ᠰᠢᠯᠢᠳᠡᠭᠵᠢᠬᠦᠯᠦᠭᠰᠡᠨ ᠠᠴᠠ ᠨᠢᠬᠡ ᠪᠦᠯᠦᠭ ᠠᠯᠤᠰ ᠢᠷᠡᠬᠡᠳᠦᠢ ᠲᠠᠢ᠂ ᠠᠵᠦ ᠠᠬᠤᠢ ᠨᠠᠶᠢᠬᠡᠮ ᠤᠨ ᠴᠢᠨᠡᠷ ᠰᠠᠶᠢᠳᠡᠢ ᠬᠦᠭᠵᠢᠯᠳᠠ ᠶᠢ ᠠᠬᠢᠭᠤᠯᠬᠤ ᠲᠦᠷᠦᠯ ᠵᠦᠢᠯ ᠢ ᠭᠤᠶᠤᠴᠢᠯᠠᠨ ᠤᠯᠤᠭᠰᠠᠨ ᠪᠠᠶᠢᠨ᠎ᠠ᠃
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号