ᠠᠯᠠᠱᠠ ᠠᠶᠢᠮᠠᠭ ᠤᠯᠠᠨ ᠠᠷᠭ᠎ᠠ ᠶᠢ ᠵᠡᠷᠬᠡ ᠪᠠᠷ ᠬᠡᠷᠡᠭᠵᠢᠭᠦᠯᠤᠨ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠢ ᠪᠠᠳᠤᠯᠠᠵᠤ ᠪᠤᠢ
ᠨᠡᠶᠢᠲᠡᠯᠡᠭᠰᠡᠨ ᠴᠠᠭ᠄
2020/9/9
      ᠠᠯᠠᠱᠠ ᠠᠶᠢᠮᠠᠭ ᠡᠨᠡ ᠵᠢᠯ ᠤᠨ ᠨᠠᠮᠤᠷ ᠤᠨ ᠤᠯᠠᠷᠢᠯ ᠳᠤ ᠰᠤᠷᠭᠠᠭᠤᠯᠢ ᠨᠤᠭᠤᠳ ᠤᠨ ᠠᠮᠤᠷ ᠲᠦᠪᠰᠢᠨ ᠢᠶᠠᠷ ᠰᠤᠷᠭᠠᠭᠤᠯᠢ ᠡᠬᠢᠯᠡᠭᠦ ᠶᠢ ᠪᠠᠳᠤᠯᠠᠬᠤ ᠶᠢᠨ ᠲᠦᠯᠦᠬᠡ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠬᠠᠮᠠᠭᠠᠯᠠᠯᠳᠠ ᠶᠢ ᠪᠠᠳᠤᠯᠠᠬᠤ ᠠᠵᠢᠯ ᠢ ᠪᠠᠶᠢᠡᠭᠭᠤᠵᠢᠭᠤᠯᠬᠤ ᠶᠢ ᠡᠯ᠎ᠠ ᠲᠦᠷᠦᠯ ᠤᠨ ᠠᠵᠢᠯ ᠤᠨ ᠭᠤᠤᠯᠳᠠᠯᠭ᠎ᠠ ᠪᠤᠯᠭᠠᠭᠰᠠᠨ ᠪᠠᠶᠢᠨ᠎ᠠ᠃       9 ᠰᠠᠷ᠎ᠠ ᠶᠢᠨ 2 ᠤᠨ ᠡᠳᠤᠷ ᠤᠨ ᠦᠳᠡ ᠶᠢᠨ ᠬᠤᠶᠢᠨᠠᠬᠢ 2 ᠴᠠᠭ ᠲᠤ᠂ ᠰᠤᠷᠪᠤᠯᠵᠢᠯᠠᠭᠴᠢ ᠠᠯᠠᠱᠠ ᠵᠡᠬᠦᠨ ᠬᠤᠰᠢᠭᠤᠨ ᠤ ᠬᠤᠶᠠᠳᠤᠭᠠᠷ ᠲᠤᠷᠰᠢᠯᠳᠡ ᠶᠢᠨ ᠪᠠᠭ᠎ᠠ ᠰᠤᠷᠭᠠᠭᠤᠯᠢ ᠶᠢᠨ ᠡᠬᠦᠳᠡᠨ ᠳᠤ᠂ ᠰᠤᠷᠤᠭᠴᠢᠳ ᠠᠮᠤᠷ ᠢ ᠬᠠᠮᠠᠭᠠᠯᠠᠬᠤ ᠪᠠᠭᠰᠢ ᠶᠢᠨ ᠵᠢᠯᠤᠭᠤᠳᠤᠯᠭ᠎ᠠ ᠲᠤᠤᠷ᠎ᠠ᠂ ᠬᠡᠳᠦᠨ ᠡᠩᠨᠡᠭᠡ ᠪᠤᠯᠤᠨ ᠵᠢᠬᠰᠠᠵᠤ ᠰᠤᠷᠭᠠᠭᠤᠯᠢ ᠶᠢᠨ ᠬᠦᠷᠢᠶᠠᠨ ᠳᠤ ᠤᠷᠤᠬᠤ ᠶᠢ ᠤᠯᠵᠦ ᠬᠠᠷᠠᠪᠠ᠃ ᠤᠢᠢᠯᠠᠭᠠᠭᠰᠠᠨ ᠢᠶᠠᠷ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠢ ᠪᠠᠳᠤᠯᠠᠬᠤ ᠶᠢᠨ ᠲᠦᠯᠦᠬᠡ᠂ ᠰᠤᠷᠭᠠᠭᠤᠯᠢ ᠡᠬᠢᠯᠡᠬᠦ ᠠᠴᠠ ᠡᠮᠦᠨ᠎ᠠ᠂ ᠲᠤᠰ ᠰᠤᠷᠭᠠᠭᠤᠯᠢ ᠨᠢ ᠰᠤᠷᠭᠠᠭᠤᠯᠢ ᠶᠢᠨ ᠬᠦᠷᠢᠶᠡᠨ ᠤ ᠭᠠᠯ ᠤᠨᠳᠠᠷᠠᠭᠠᠬᠤ ᠠᠮᠤᠷ ᠲᠦᠪᠰᠢᠨ᠂ ᠰᠤᠷᠭᠠᠭᠤᠯᠢ ᠶᠢᠨ ᠪᠠᠶᠢᠷᠢ ᠶᠢᠨ ᠠᠮᠤᠷ ᠲᠦᠪᠰᠢᠨ ᠵᠡᠷᠬᠡ ᠶᠢᠨ ᠬᠡᠮ ᠰᠤᠭᠤᠭ ᠢ ᠵᠢᠭᠰᠠᠭᠠᠨ ᠪᠠᠶᠢᠴᠠᠭᠠᠬᠤ ᠪᠠ ᠰᠤᠷᠭᠠᠭᠤᠯᠢ ᠶᠢᠨ ᠤᠷᠴᠢᠨ ᠲᠤᠭᠤᠷᠢᠨ ᠤ ᠠᠷᠢᠭᠤᠨ ᠴᠡᠪᠡᠷ᠂ ᠠᠷᠢᠭᠤᠳᠬᠠᠬᠤ ᠠᠵᠢᠯ ᠢ ᠵᠤᠬᠢᠶᠠᠨ ᠪᠠᠶᠢᠭᠤᠯᠵᠦ ᠦᠷᠨᠢᠬᠦᠯᠵᠡᠢ᠃      ︽ᠰᠤᠷᠭᠠᠭᠤᠯᠢ ᠡᠬᠢᠯᠡᠭᠰᠡᠨ ᠠᠩᠬᠠᠨ  ᠤ ᠬᠢᠴᠢᠶᠡᠯ ᠳᠤ᠂ ᠪᠠᠭᠰᠢ  ᠠᠴᠠ ᠰᠤᠷᠤᠭᠴᠢᠳ ᠲᠤ ᠬᠢᠵᠢᠭ ᠢ ᠰᠡᠷᠬᠡᠶᠢᠯᠡᠨ ᠡᠵᠡᠮᠳᠡᠬᠦ ᠮᠡᠳᠡᠯᠬᠡ᠂ ᠨᠠᠮᠤᠷ ᠡᠪᠤᠯ  ᠤᠨ ᠤᠯᠠᠷᠢᠯ  ᠤᠨ ᠬᠠᠯᠳᠠᠪᠤᠷᠢᠳᠦ ᠡᠪᠡᠳᠴᠢᠨ  ᠢ ᠰᠡᠷᠬᠡᠶᠢᠯᠡᠬᠦ  ᠪᠠ ᠵᠠᠮ ᠬᠠᠷᠢᠯᠴᠠᠭᠠᠨ  ᠤ ᠠᠮᠤᠷ ᠲᠦᠪᠰᠢᠨ  ᠤ ᠮᠡᠳᠡᠯᠬᠡ  ᠶᠢ ᠲᠠᠶᠢᠯᠪᠤᠷᠢᠯᠡᠨ ᠶᠠᠷᠢᠵᠤ ᠦᠭᠪᠡ᠃ ᠤᠳᠤ ᠰᠤᠷᠤᠭᠴᠢᠳ ᠰᠤᠷᠭᠠᠭᠤᠯᠢ  ᠳᠠᠭᠠᠨ ᠤᠴᠢᠬᠤ  ᠪᠠ ᠰᠤᠷᠭᠠᠭᠤᠯᠢ ᠲᠠᠷᠬᠠᠬᠤ ᠦᠶ᠎ᠠ  ᠳᠤ ᠪᠦᠷ ᠠᠮᠤᠷ  ᠢ ᠬᠠᠮᠠᠭᠠᠯᠠᠬᠤ ᠪᠠᠭᠰᠢ  ᠪᠠ ᠵᠠᠮ ᠬᠠᠷᠢᠯᠴᠠᠭᠠᠨ  ᠤ ᠴᠠᠭᠳᠠᠭ᠎ᠠ  ᠶᠢᠨ ᠬᠠᠮᠠᠭᠠᠯᠠᠯᠳᠠ  ᠲᠠᠢ  ᠪᠠᠷ ᠵᠠᠮ ᠦᠡᠭᠭᠡᠷᠡᠭᠦ ᠪᠤᠯᠤᠭᠰᠠᠨ  ᠠᠴᠠ ᠪᠢᠳᠡ ᠮᠠᠰᠢ ᠰᠠᠨᠠᠭ᠎ᠠ ᠠᠮᠤᠷ ᠪᠤᠯᠤᠭᠰᠠᠨ ᠪᠠᠶᠢᠨ᠎ᠠ︾ ᠬᠡᠵᠦ ᠠᠯᠠᠱᠠ ᠵᠡᠬᠦᠨ ᠬᠤᠰᠢᠭᠤᠨ  ᠤ ᠬᠤᠶᠠᠳᠤᠭᠠᠷ ᠲᠤᠷᠰᠢᠯᠳᠡ  ᠶᠢᠨ ᠪᠠᠭ᠎ᠠ ᠰᠤᠷᠭᠠᠭᠤᠯᠢ  ᠶᠢᠨ ᠡᠬᠦᠳᠡᠨ  ᠳᠤ ᠬᠡᠦᠬᠡᠳ ᠢᠶᠠᠨ ᠬᠦᠷᠬᠡᠬᠦ ᠪᠠᠷ ᠢᠷᠡᠭᠰᠡᠨ ᠬᠡᠷ ᠤᠨ ᠠᠬᠠᠮᠠᠳ ᠯᠢ ᠬᠤᠩ ᠶᠢᠩ ᠶᠡᠷᠢᠪᠡ᠃       ᠠᠯᠠᠱᠠ ᠠᠶᠢᠮᠠᠭ ᠤᠨ ᠨᠢᠬᠡᠳᠦᠬᠡᠷ ᠲᠤᠮᠳᠠᠳᠤ ᠰᠤᠷᠭᠠᠭᠤᠯᠢ ᠪᠠᠭᠰᠢ ᠰᠤᠷᠤᠭᠴᠢᠳ ᠤᠨ ᠡᠷᠡᠬᠦᠯ ᠮᠡᠨᠳᠦ ᠪᠠ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠢ ᠪᠠᠳᠤᠯᠠᠬᠤ ᠶᠢᠨ ᠲᠦᠯᠦᠬᠡ᠂ ᠰᠤᠷᠭᠠᠭᠤᠯᠢ ᠶᠢᠨ ᠡᠬᠦᠳᠡᠨ ᠡᠮᠦᠨ᠎ᠠ ᠬᠡᠳᠦ ᠤᠯᠠᠭᠠᠨ ᠰᠠᠴᠤᠷᠠᠭ ᠤᠨ ᠪᠡᠶ᠎ᠠ ᠶᠢᠨ ᠳᠣᠯᠠᠭᠠᠨ ᠢ ᠬᠡᠮᠵᠢᠬᠦ ᠡᠬᠦᠳᠡ ᠭᠠᠷᠭᠠᠬᠤ ᠶᠢᠨ ᠬᠠᠮᠳᠤ ᠠᠮᠤᠷ ᠢ ᠬᠠᠮᠠᠭᠠᠯᠠᠬᠤ ᠪᠠᠭᠰᠢ ᠲᠤᠬᠢᠷᠠᠭᠤᠯᠪᠡ᠃ ᠡᠬᠦᠨ ᠠᠴᠠ ᠭᠠᠳᠠᠨ᠎ᠠ᠂ ᠰᠤᠷᠤᠭᠴᠢᠳ ᠤᠨ ᠬᠤᠭᠤᠯᠠ ᠢᠳᠡᠬᠦ ᠦᠶ᠎ᠠ ᠶᠢᠨ ᠠᠮᠤᠷ ᠲᠦᠪᠰᠢᠨ ᠤ ᠬᠠᠮᠠᠭᠠᠯᠠᠯᠳᠠ ᠶᠢ ᠪᠠᠳᠤᠯᠠᠬᠤ ᠶᠢᠨ ᠲᠦᠯᠦᠬᠡ᠂ ᠲᠤᠰ ᠰᠤᠷᠭᠠᠭᠤᠯᠢ ᠵᠠᠶᠢᠳᠠᠢ ᠰᠠᠭᠤᠵᠦ ᠬᠤᠭᠤᠯᠠᠯᠠᠬᠤ ᠲᠦᠷᠢᠮ ᠢ ᠬᠡᠷᠡᠭᠵᠢᠬᠦᠯᠪᠠ᠃ ᠰᠤᠷᠭᠠᠭᠤᠯᠢ ᠶᠢᠨ ᠡᠬᠦᠳᠡᠨ ᠳᠤ᠂ ᠰᠤᠷᠤᠭᠴᠢᠳ ᠠᠮᠠᠪᠴᠢ ᠵᠡᠬᠦᠨ ᠡᠮᠬᠢ ᠵᠢᠷᠤᠮ ᠲᠠᠢ ᠪᠠᠷ ᠤᠯᠠᠭᠠᠨ ᠰᠠᠴᠤᠷᠠᠭ ᠤᠨ ᠳᠣᠯᠠᠭᠠᠨ ᠢ ᠬᠡᠮᠵᠢᠬᠦ ᠡᠬᠦᠳᠡ ᠪᠠᠷ ᠦᠩᠬᠡᠷᠡᠵᠦ᠂ ᠦᠪᠡᠷ ᠦᠪᠡᠷ ᠤᠨ ᠠᠩᠬᠢ ᠶᠢᠨ ᠬᠡᠷ ᠲᠡᠰᠢ ᠪᠠᠨ ᠶᠠᠪᠤᠵᠠᠭᠠᠯ᠎ᠠ︔ ᠰᠤᠷᠤᠭᠴᠢᠳ ᠤᠨ ᠬᠤᠭᠤᠯᠠᠨ ᠲᠢᠩᠭᠢᠮ ᠤᠨ ᠰᠢᠷᠡᠬᠡᠨ ᠲᠡᠬᠡᠷ᠎ᠠ ︽ᠪᠤᠯᠪᠠᠰᠤᠨ ᠢᠶᠠᠷ ᠬᠤᠭᠤᠯᠠᠯᠠᠬᠤ ᠬᠡᠷᠡᠭᠳᠡᠢ︾ ᠬᠡᠬᠦ ᠰᠠᠨᠠᠭᠤᠯᠭ᠎ᠠ ᠶᠢᠨ ᠫᠠᠶᠢᠰᠡ ᠲᠠᠯᠪᠢᠭᠠᠰᠤᠳᠠᠢ᠂ ᠰᠤᠷᠤᠭᠴᠢᠳ ᠤᠬᠠᠮᠰᠡᠷ ᠠᠴᠠ ᠪᠠᠨ ᠵᠠᠶᠢᠳᠠᠢ ᠰᠠᠭᠤᠵᠦ ᠬᠤᠭᠤᠯᠠᠯᠠᠨ᠂ ᠶᠠᠪᠤᠬᠤ ᠳᠠᠭᠠᠨ ᠬᠤᠭ ᠢᠶᠠᠨ ᠠᠪᠴᠤ ᠶᠠᠪᠤᠵᠠᠭᠠᠨ᠎ᠠ᠃       ᠰᠤᠷᠭᠠᠭᠤᠯᠢ ᠡᠬᠢᠯᠡᠬᠦ ᠦᠶ᠎ᠠ ᠳᠤ᠂ ᠡᠯ᠎ᠠ ᠰᠤᠷᠭᠠᠭᠤᠯᠢ ᠠᠶᠢᠮᠠᠭ ᠤᠨ ᠡᠯ᠎ᠡ ᠲᠦᠷᠦᠯ ᠤᠨ ᠠᠮᠤᠷ ᠲᠦᠪᠰᠢᠨ ᠢ ᠰᠡᠷᠬᠡᠶᠢᠯᠡᠨ ᠡᠵᠡᠮᠳᠡᠬᠦ ᠠᠷᠭ᠎ᠠ ᠬᠡᠮᠵᠢᠶ᠎ᠡ ᠪᠠ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠦ᠂ ᠲᠤᠰ ᠲᠤᠰ ᠰᠤᠷᠭᠠᠭᠤᠯᠢ ᠶᠢᠨ ᠢᠶᠠᠨ ᠪᠤᠳᠠᠳᠤ ᠪᠠᠶᠢᠳᠠᠯ ᠲᠠᠢ ᠪᠠᠨ ᠤᠶᠠᠯᠳᠤᠭᠤᠯᠤᠨ᠂ ᠡᠷᠡᠬᠦᠯ ᠮᠡᠨᠳᠦ ᠶᠢᠨ ᠺᠤᠳ᠋ ᠢ ᠲᠤᠰᠢᠶᠠᠬᠤ᠂ ᠪᠡᠶ᠎ᠠ ᠶᠢᠨ ᠳᠣᠯᠠᠭᠠᠨ ᠢ ᠬᠡᠮᠵᠢᠬᠦ᠂ ᠴᠠᠭ ᠢ ᠨᠢ ᠵᠦᠷᠢᠬᠦᠯᠵᠦ ᠰᠤᠷᠭᠠᠭᠤᠯᠢ ᠶᠢᠨ ᠬᠦᠷᠢᠶᠡᠨ ᠳᠤ ᠤᠷᠤᠭᠤᠯᠬᠤ ᠵᠡᠷᠬᠡ ᠠᠷᠭ᠎ᠠ ᠬᠡᠮᠵᠢᠶ᠎ᠠ ᠠᠪᠴᠤ᠂ ᠪᠠᠭᠰᠢ ᠰᠤᠷᠤᠭᠴᠢᠳ ᠤᠨ ᠡᠷᠡᠬᠦᠯ ᠮᠡᠨᠳᠦ ᠪᠠ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠢ ᠪᠠᠳᠤᠯᠠᠬᠰᠠᠨ ᠢᠶᠠᠷ ᠪᠠᠷᠠᠬᠤ ᠦᠭᠡᠢ᠂ ᠰᠤᠷᠤᠭᠴᠢᠳ ᠤᠨ ᠰᠤᠷᠭᠠᠭᠤᠯᠢ ᠳᠤ ᠤᠴᠢᠬᠤ᠂ ᠰᠤᠷᠭᠠᠭᠤᠯᠢ ᠲᠠᠷᠬᠠᠬᠤ ᠦᠶ᠎ᠠ ᠳᠤ᠂ ︽ᠠᠷᠠᠳ ᠤᠨ ᠴᠠᠭᠳᠠᠭ᠎ᠠ + ᠰᠠᠬᠢᠨ ᠬᠠᠮᠠᠭᠠᠯᠠᠭᠴᠢ + ᠪᠠᠭᠰᠢ︾ ᠶᠢ ᠨᠢᠬᠡ ᠴᠤᠭᠴᠠᠵᠢᠭᠤᠯᠤᠭᠰᠠᠨ ᠠᠮᠤᠷ ᠲᠦᠪᠰᠢᠨ ᠤ ᠬᠠᠮᠠᠭᠠᠯᠠᠯᠳᠠ ᠶᠢᠨ ᠵᠠᠭᠪᠤᠷ ᠢᠶᠠᠷ ᠰᠤᠷᠭᠠᠭᠤᠯᠢ ᠶᠢᠨ ᠬᠦᠷᠢᠶᠡᠨ ᠤ ᠡᠷᠬᠢᠨ ᠲᠤᠭᠤᠷᠢᠨ ᠤ ᠠᠮᠤᠷ ᠲᠦᠪᠰᠢᠨ ᠤ ᠡᠵᠡᠮᠳᠠᠯ ᠬᠠᠮᠢᠶᠠᠷᠤᠯᠳᠡ ᠶᠢ ᠤᠯᠠᠮ ᠨᠢᠬᠡ ᠠᠯᠬᠤᠮ ᠴᠢᠩᠭᠠᠳᠬᠠᠵᠦ᠂ ᠵᠠᠮ ᠬᠠᠷᠢᠯᠴᠠᠭ᠎ᠠ ᠶᠢ ᠰᠢᠯᠤᠭᠤᠳᠬᠠᠨ᠂ ᠰᠤᠷᠤᠭᠴᠢᠳ ᠤᠨ ᠠᠮᠤᠷ ᠲᠦᠪᠰᠢᠨ ᠢᠶᠠᠷ ᠰᠤᠷᠭᠠᠭᠤᠯᠢ ᠶᠢᠨ ᠬᠦᠷᠢᠶ᠎ᠠ ᠪᠠᠷ ᠤᠷᠤᠵᠦ ᠭᠠᠷᠬᠤ ᠶᠢ ᠦᠨᠡᠨᠬᠦ ᠪᠠᠳᠤᠯᠠᠭᠰᠠᠨ ᠪᠠᠶᠢᠨ᠎ᠠ᠃
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号