2019 ᠣᠨ ᠳᠤ ᠮᠠᠨ ᠤ ᠤᠯᠤᠰ ᠤᠨ ᠮᠠᠰᠢᠨ ᠲᠡᠷᠭᠡᠨ ᠤ ᠳᠠᠭᠠᠳᠬᠠᠯ ᠳᠣᠰᠢᠶᠠᠭᠰᠠᠨ ᠮᠠᠰᠢᠨ ᠲᠡᠷᠭᠡ 2. | 6 ᠳ᠋ᠦᠩᠰᠢᠭᠤᠷ ᠲᠤ ᠬᠦᠷᠴᠦ᠂ ᠲᠠᠭᠠᠳᠬᠠᠯ ᠤᠨ ᠲᠦᠯᠦᠪᠦᠷᠢ ᠶᠢᠨ ᠣᠷᠣᠯᠭ᠎ᠠ 8189 ᠳ᠋ᠦᠩᠰᠢᠭᠤᠷ | ᠲᠥᠭᠦᠷᠢᠭ ᠲᠤ ᠬᠦᠷᠴᠦ᠂ ᠡᠳ᠋ ᠤᠨ ᠵᠠᠰᠠᠭ ᠤᠨ ᠲᠠᠭᠠᠳᠬᠠᠯ ᠤᠨ ᠲᠦᠯᠦᠪᠦᠷᠢ ᠶᠢᠨ 63% ᠶᠢ ᠡᠵᠡᠯᠡᠪᠡ᠃ | ᠮᠠᠰᠢᠨ ᠲᠡᠷᠭᠡᠨ ᠤ ᠳᠠᠭᠠᠳᠬᠠᠯ ᠤᠨ ᠴᠢᠨᠠᠷ ᠰᠠᠶᠢᠲᠠᠶ ᠬᠥᠭᠵᠢᠯᠲᠡ ᠶᠢ ᠪᠡᠶᠡᠯᠡᠭᠦᠯᠵᠦ᠂ ᠬᠡᠷᠡᠭᠯᠡᠭᠴᠢᠳ ᠤᠨ ᠡᠷᠬᠡ | ᠠᠰᠢᠭ ᠢ ᠨᠠᠩ ᠰᠠᠶᠢᠳᠣᠷ ᠬᠠᠮᠠᠭᠠᠯᠠᠬᠤ ᠶᠢᠨ ᠲᠥᠯᠥᠭᠡ᠂ ᠪᠠᠩᠬᠢ ᠳᠠᠭᠠᠳᠬᠠᠯ ᠤᠨ ᠬᠢᠨᠠᠠ ᠬᠠᠮᠢᠶᠠᠷᠤᠯᠲᠠ ᠶᠢᠨ | ᠵᠥᠪᠯᠡᠯ ᠡᠯ᠎ᠡ ᠲᠠᠯ᠎ᠠ ᠶᠢᠨ ᠬᠢᠨ ᠤ ᠰᠠᠨᠠᠯ ᠢ ᠦᠷᠭᠡᠨ ᠢᠶᠠᠷ ᠬᠤᠷᠢᠶᠠᠭᠰᠠᠨ ᠰᠠᠭᠤᠷᠢᠨ ᠳᠡᠭᠡᠷ᠎ᠡ ︽ ᠮᠠᠰᠢᠨ | ᠲᠡᠷᠭᠡᠨ ᠤ ᠳᠠᠭᠠᠳᠬᠠᠯ ᠤᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠬᠡᠷᠡᠭᠵᠢᠭᠦᠯᠬᠦ ᠲᠤᠬᠠᠶ ᠵᠢᠯᠣᠭᠤᠳᠬᠤ ᠰᠠᠨᠠᠯ︾ ᠢ | ᠨᠡᠶᠢᠲᠡᠯᠡᠵᠡᠶ᠃ 2020 ᠣᠨ ᠤ 9 ᠰᠠᠷ᠎ᠠ ᠶᠢᠨ 19 ᠤ ᠡᠳᠦᠷ ᠠᠴᠠ ᠵᠢᠩᠬᠢᠨᠢ ᠪᠠᠷ ᠬᠡᠷᠡᠭᠵᠢᠭᠦᠯᠦᠨ᠎ᠡ᠃ | ᠪᠠᠩᠬᠢ ᠳᠠᠭᠠᠳᠬᠠᠯ ᠤᠨ ᠬᠢᠨᠠᠠ ᠬᠠᠮᠢᠶᠠᠷᠤᠯᠲᠠ ᠶᠢᠨ ᠵᠥᠪᠯᠡᠯ ᠤᠨ ᠬᠤᠯᠪᠣᠭᠳᠠᠯ ᠪᠦᠬᠦᠢ ᠬᠠᠷᠢᠭᠤᠴᠠᠯᠭᠠᠲᠠᠨ | ᠤ ᠬᠡᠯᠡᠬᠦ ᠪᠠᠷ᠂ ᠵᠢᠱᠢᠯᠲᠡ ᠪᠠᠷ ᠥᠭᠡᠷᠡᠴᠢᠯᠡᠯᠲᠡ ᠶᠢ ᠬᠡᠷᠡᠭᠵᠢᠭᠦᠯᠦᠭᠰᠡᠨ ᠤ ᠳᠠᠷᠠᠭ᠎ᠠ᠂ ᠣᠬᠤᠷᠬᠠᠨ ᠬᠤᠭᠤᠴᠠᠭᠠᠨ ᠳᠤ | ︽ᠦᠨ᠎ᠡ ᠬᠠᠩᠰᠢ ᠨᠢ ᠦᠨᠳᠦᠰᠦᠨ ᠳᠡᠭᠡᠨ ᠪᠠᠭᠤᠷᠠᠬᠤ ᠠᠴᠠ ᠪᠢᠰᠢ ᠦᠰᠬᠦ ᠦᠭᠡᠢ᠂ ᠪᠠᠲᠤᠯᠠᠭ᠎ᠠ ᠨᠢ | ᠦᠨᠳᠦᠰᠦᠨ ᠳᠡᠭᠡᠨ ᠨᠡᠮᠡᠭᠳᠡᠬᠦ ᠠᠴᠠ ᠪᠢᠰᠢ ᠬᠠᠰᠤᠭᠳᠠᠬᠤ ᠦᠭᠡᠢ᠂ ᠦᠢᠯᠡᠴᠢᠯᠡᠭᠡ ᠨᠢ ᠦᠨᠳᠦᠰᠦᠨ ᠳᠡᠭᠡᠨ | ᠰᠢᠯᠢᠲᠡᠭᠵᠢᠬᠦ ᠠᠴᠠ ᠪᠢᠰᠢ ᠮᠠᠭᠤᠲᠠᠬᠤ ᠦᠭᠡᠢ︾ ᠭᠡᠵᠡᠢ᠃ ᠵᠠᠮ ᠬᠠᠷᠢᠯᠴᠠᠭᠠᠨ ᠤ ᠠᠯᠪᠠᠳᠠᠯᠭ᠎ᠠ ᠶᠢᠨ | ᠳᠠᠭᠠᠳᠬᠠᠯ ᠤᠨ ᠬᠠᠷᠢᠭᠤᠴᠠᠯᠭ᠎ᠠ ᠶᠢᠨ ᠮᠦᠩᠬᠦᠨ ᠤ ᠬᠢᠵᠠᠭᠠᠷᠯᠠᠯ ᠢ ᠶᠡᠭᠡ ᠬᠡᠮᠵᠢᠶ᠎ᠡ ᠪᠠᠷ ᠳᠡᠭᠡᠭᠰᠢᠯᠡᠭᠦᠯᠵᠦ᠂ ᠶᠡᠷᠦᠩᠬᠡᠢ | ᠬᠠᠷᠢᠭᠤᠴᠠᠯᠭ᠎ᠠ ᠶᠢᠨ ᠮᠦᠩᠬᠦᠨ ᠤ ᠬᠢᠵᠠᠭᠠᠷᠯᠠᠯ ᠢ 12.2 ᠲᠦᠮᠡᠨ ᠲᠥᠭᠦᠷᠢᠭ ᠪᠠᠶᠢᠭᠰᠠᠨ ᠠᠴᠠ 20 ᠲᠦᠮᠡᠨ | ᠲᠥᠭᠦᠷᠢᠭ ᠪᠣᠯᠭᠠᠨ ᠳᠡᠭᠡᠭᠰᠢᠯᠡᠭᠦᠯᠪᠡ᠃ ᠬᠤᠳᠠᠯᠳᠤᠭᠠᠨ ᠤ ᠮᠠᠰᠢᠨ ᠲᠡᠷᠭᠡᠨ ᠤ ᠳᠠᠭᠠᠳᠬᠠᠯ ᠤᠨ ᠬᠠᠷᠢᠭᠤᠴᠠᠯᠭ᠎ᠠ ᠨᠢ | ᠨᠠᠩ ᠪᠦᠬᠦ ᠲᠠᠯ᠎ᠠ ᠶᠢᠨ ᠪᠣᠯᠵᠤ᠂ ᠮᠠᠰᠢᠨ ᠲᠡᠷᠭᠡᠨ ᠤ ᠳᠠᠭᠤᠷᠢᠶᠠᠯ ᠦᠵᠡᠭᠦᠯᠬᠦ ᠪᠦᠳᠦᠭᠡᠭᠳᠡᠬᠦᠨ ᠤ ᠲᠡᠷᠭᠡᠨ ᠤ | ᠬᠤᠬᠢᠷᠠᠯ ᠤᠨ ᠳᠠᠭᠠᠳᠬᠠᠯ ᠤᠨ ᠭᠤᠤᠯ ᠳᠠᠭᠠᠳᠬᠠᠯ ᠤᠨ ᠬᠠᠷᠢᠭᠤᠴᠠᠯᠭ᠎ᠠ ᠶᠢᠨ ᠲᠠᠯ᠎ᠠ ᠪᠠᠷ ᠮᠠᠰᠢᠨ ᠲᠡᠷᠭᠡᠨ ᠤ ᠪᠦᠬᠦ | ᠪᠡᠶ᠎ᠡ ᠬᠤᠯᠠᠭᠠᠶᠢᠯᠠᠬᠲᠠᠬᠤ᠂ ᠪᠤᠯᠢᠶᠠᠬᠲᠠᠬᠤ᠂ ᠭᠠᠵᠠᠷ ᠬᠥᠳᠡᠯᠦᠯᠲᠡ ᠵᠢᠴᠢ ᠭᠠᠮᠰᠢᠭ᠂ ᠰᠢᠯ ᠨᠢ ᠠᠰ ᠲᠠᠭᠠᠨ | ᠬᠠᠭᠠᠷᠠᠵᠤ ᠬᠡᠮᠬᠡᠷᠡᠬᠦ᠂ ᠦᠪᠡᠰᠦᠪᠡᠨ ᠨᠤᠴᠤᠬᠤ ᠂ ᠬᠥᠳᠡᠯᠭᠡᠭᠦᠷ ᠤᠨ ᠤᠰᠤ ᠲᠠᠢ ᠬᠤᠯᠪᠣᠭᠳᠠᠬᠤ ᠵᠡᠷᠭᠡ | ᠳᠠᠭᠠᠳᠬᠠᠯ ᠤᠨ ᠬᠠᠷᠢᠭᠤᠴᠠᠯᠭ᠎ᠠ ᠶᠢ ᠨᠡᠮᠡᠭᠲᠡᠬᠦᠯᠵᠦ᠂ ᠡ᠊ᠨᠳᠡᠯ ᠤᠨ ᠬᠠᠷᠢᠭᠤᠴᠠᠯᠭ᠎ᠠ ᠶᠢᠨ ᠲᠥᠯᠥᠪᠦᠷᠢ ᠠᠴᠠ | ᠬᠡᠯᠲᠦᠷᠢᠭᠦᠯᠬᠦ ᠨᠤᠷᠮ᠎ᠠ᠂ ᠭᠤᠷᠪᠠᠳᠠᠬᠢ ᠡᠲᠡᠭᠡᠳ ᠤᠨ ᠲᠥᠯᠥᠪᠦᠷᠢ ᠠᠴᠠ ᠬᠡᠯᠲᠦᠷᠢᠭᠦᠯᠬᠦ ᠨᠤᠷᠮ᠎ᠠ ᠶᠢ ᠡᠷᠢᠵᠦ | ᠤᠯᠬᠤ ᠶᠢᠨ ᠠᠷᠭ᠎ᠠ ᠦᠭᠡᠢ ᠵᠡᠷᠭᠡ ᠲᠥᠯᠥᠪᠦᠷᠢ ᠠᠴᠠ ᠬᠡᠯᠲᠦᠷᠢᠭᠦᠯᠬᠦ ᠪᠣᠯᠣᠯᠴᠠᠭ᠎ᠠ ᠶᠢ ᠬᠠᠰᠤᠪᠠ᠃ | ᠬᠤᠳᠠᠯᠳᠤᠭᠠᠨ ᠤ ᠮᠠᠰᠢᠨ ᠲᠡᠷᠭᠡᠨ ᠤ ᠳᠠᠭᠠᠳᠬᠠᠯ ᠤᠨ ᠪᠦᠳᠦᠭᠡᠭᠳᠡᠬᠦᠨ ᠨᠠᠩ ᠡᠯᠪᠡᠭ ᠪᠣᠯᠵᠤ᠂ ᠵᠢᠯᠣᠭᠤᠴᠢ ᠶᠢᠨ | ᠠᠳᠡᠯ ᠤᠨ ᠳᠠᠭᠠᠳᠬᠠᠯ ᠤᠨ ᠪᠦᠳᠦᠭᠡᠭᠳᠡᠬᠦᠨ ᠳᠤ ᠣᠷᠣᠯᠠᠨ ᠬᠦᠷᠭᠡᠵᠦ ᠪᠠᠶᠢᠴᠠᠭᠠᠯᠭᠠᠬᠤ᠂ ᠵᠠᠮ ᠢᠶᠠᠷ ᠢᠶᠠᠨ | ᠠᠪᠤᠷᠠᠨ ᠲᠤᠰᠠᠯᠠᠬᠤ᠂ ᠣᠷᠣᠯᠠᠨ ᠵᠢᠯᠣᠭᠤᠳᠬᠤ ᠣᠶᠢᠯᠡᠴᠢᠯᠡᠭᠡ᠂ ᠠᠶᠤᠯ ᠦᠭᠡᠶ ᠶᠢ ᠪᠠᠶᠢᠴᠠᠭᠠᠨ ᠰᠢᠯᠭᠠᠬᠤ ᠵᠡᠷᠭᠡ | ᠠᠭᠤᠯᠭ᠎ᠠ ᠲᠠᠢ ᠲᠡᠷᠭᠡᠨ ᠤ ᠳᠠᠭᠠᠳᠬᠠᠯ ᠤᠨ ᠥᠷᠲᠡᠭ ᠢ ᠨᠡᠮᠡᠭᠳᠡᠭᠦᠯᠬᠦ ᠣᠶᠢᠯᠡᠴᠢᠯᠡᠭᠡᠨ ᠤ ᠣᠨᠴᠠ ᠤᠷᠢᠭᠰᠠᠨ | ᠵᠣᠶᠢᠯ ᠵᠤᠷᠪᠤᠰ ᠪᠠᠭᠲᠠᠨ᠎ᠠ᠃ | ᠡᠭᠦᠨ ᠠᠴᠠ ᠭᠠᠳᠠᠨ᠎ᠠ᠂ ᠮᠠᠰᠢᠨ ᠲᠡᠷᠭᠡᠨ ᠤ ᠳᠠᠭᠠᠳᠬᠠᠯ ᠤᠨ ᠪᠦᠳᠦᠭᠡᠭᠳᠡᠬᠦᠨ ᠤ ᠵᠠᠬ᠎ᠠ ᠳᠡᠯᠭᠡᠭᠦᠷᠴᠢᠯᠡᠬᠦ | ᠬᠢᠷᠢ ᠬᠡᠮᠵᠢᠶ᠎ᠡ ᠨᠡᠩ ᠥᠨᠳᠥᠷ᠂ ᠪᠡᠶ᠎ᠡ ᠪᠠᠨ ᠳᠠᠭᠠᠭᠠᠵᠤ ᠦᠨ᠎ᠡ ᠲᠣᠭᠲᠠᠭᠠᠬᠤ ᠢᠯᠡᠳᠬᠡᠮᠵᠢ ᠶᠢᠨ ᠠᠮᠢᠳᠣᠯᠢᠭ | ᠪᠠᠶᠢᠬᠤ ᠶᠢ ᠠᠯᠬᠤᠮ ᠠᠯᠬᠤᠮ ᠢᠶᠠᠷ ᠴᠢᠯᠥᠭᠡᠲᠡᠶ ᠪᠣᠯᠭᠠᠵᠤ᠂ ᠨᠢᠭᠡᠳᠦᠭᠡᠷ ᠠᠯᠬᠤᠮ ᠳᠤ ᠪᠡᠶ᠎ᠡ ᠪᠠᠨ ᠳᠠᠭᠠᠭᠠᠵᠤ ᠦᠨ᠎ᠡ | ᠲᠣᠭᠲᠠᠭᠠᠬᠤ ᠢᠯᠡᠳᠬᠡᠮᠵᠢ ᠶᠢᠨ ᠬᠡᠪᠴᠢᠶ᠎ᠡ ᠶᠢ ﹇0.65 1.35﹈ ᠭᠡᠵᠦ ᠲᠣᠭᠲᠠᠭᠠᠪᠠ᠂ ᠬᠤᠶᠠᠳᠤᠭᠠᠷ | ᠠᠯᠬᠤᠮ ᠳᠤ ᠪᠡᠶ᠎ᠡ ᠪᠠᠨ ᠳᠠᠭᠠᠭᠠᠵᠤ ᠦᠨ᠎ᠡ ᠲᠣᠭᠲᠠᠭᠠᠬᠤ ᠢᠯᠡᠳᠬᠡᠮᠵᠢ ᠶᠢᠨ ᠬᠡᠪᠴᠢᠶ᠎ᠡ ᠶᠢ ᠴᠠᠭ ᠲᠤᠬᠠᠢ ᠳᠤᠨᠢ | ᠪᠦᠷᠢᠮᠦᠰᠦᠨ ᠴᠢᠯᠥᠭᠡᠲᠡᠶ ᠪᠣᠯᠭᠠᠨ᠎ᠠ᠃ ᠬᠤᠳᠠᠯᠳᠤᠭᠠᠨ ᠤ ᠮᠠᠰᠢᠨ ᠲᠡᠷᠭᠡᠨ ᠤ ᠳᠠᠭᠠᠳᠬᠠᠯ ᠤᠨ ᠦᠨ᠎ᠡ ᠨᠡᠩ | ᠰᠢᠨᠵᠢᠯᠡᠬᠦ ᠤᠬᠠᠭᠠᠨᠴᠢ ᠵᠦᠶ ᠵᠣᠬᠢᠰᠲᠠᠶ ᠪᠤᠯᠵᠤ᠂ ᠳᠠᠭᠠᠳᠬᠠᠯ ᠤᠨ ᠦᠢᠯᠡᠰ ᠵᠠᠬ᠎ᠠ ᠳᠡᠯᠭᠡᠭᠦᠷ ᠤᠨ ᠪᠣᠳᠠᠲᠠᠶ | ᠲᠦᠭᠰᠢᠭᠦᠷᠢ ᠶᠢᠨ ᠪᠠᠶᠢᠳᠠᠯ ᠢ ᠦᠨᠲᠦᠰᠦᠯᠦᠪᠡ᠃ ᠬᠤᠳᠠᠯᠳᠤᠭᠠᠨ ᠤ ᠮᠠᠰᠢᠨ ᠲᠡᠷᠭᠡᠨ ᠤ ᠳᠠᠭᠠᠳᠬᠠᠯ ᠤᠨ ᠠᠵᠢᠯ | ᠲᠥᠷᠥᠯ ᠤᠨ ᠴᠡᠪᠡᠷ ᠠᠶᠤᠯ ᠲᠦᠭᠰᠢᠭᠦᠷᠢ ᠶᠢᠨ ᠳᠠᠭᠠᠳᠬᠠᠯ ᠤᠨ ᠲᠦᠯᠦᠪᠦᠷᠢ ᠶᠢ ᠳᠠᠬᠢᠨ ᠲᠥᠰᠦᠭᠡᠯᠡᠨ | ᠪᠣᠳᠣᠬᠤ ᠶᠢᠨ ᠬᠠᠮᠲᠤ᠂ ᠮᠠᠰᠢᠨ ᠲᠡᠷᠭᠡᠨ ᠤ ᠳᠠᠭᠠᠳᠬᠠᠯ ᠤᠨ ᠪᠦᠳᠦᠭᠡᠭᠳᠡᠬᠦᠨ ᠤ ᠨᠡᠮᠡᠭᠳᠡᠯ ᠲᠦᠯᠦᠪᠦᠷᠢ ᠶᠢᠨ | ᠨᠣᠷᠮ᠎ᠠ ᠶᠢ 35% ᠪᠠᠶᠢᠭᠰᠠᠨ ᠠᠴᠠ 25% ᠪᠣᠯᠭᠠᠨ ᠳᠣᠷᠣᠭᠰᠢᠯᠠᠭᠤᠯᠵᠤ᠂ ᠵᠢᠱᠢᠭᠰᠡᠨ ᠲᠥᠯᠥᠪᠦᠷᠢ ᠶᠢᠨ ᠨᠣᠷᠮ᠎ᠠ | 65% ᠪᠠᠶᠢᠭᠰᠠᠨ ᠠᠴᠠ 75% ᠪᠣᠯᠤᠨ ᠲᠡᠭᠡᠭᠰᠢᠯᠡᠬᠦᠯᠵᠠᠢ᠃ ᠲᠡᠷᠭᠡᠨ ᠤ ᠳᠠᠭᠠᠳᠬᠠᠯ ᠤᠨ ᠪᠦᠳᠦᠭᠡᠭᠳᠡᠬᠦᠨ ᠤ | ᠵᠠᠷᠤᠳᠠᠯ ᠤᠨ ᠨᠣᠷᠮ᠎ᠠ ᠪᠣᠯᠤᠨ ᠲᠦᠭᠰᠢᠭᠦᠷᠢ ᠶᠢᠨ ᠲᠦᠪᠰᠢᠨ ᠢ ᠤᠯᠠᠮ ᠲᠤᠬᠢᠷᠠᠯᠴᠠᠭ᠎ᠠ ᠲᠠᠢ ᠪᠤᠯᠭᠠᠨ᠎ᠠ ᠃ | ᠠᠭᠤᠯᠭ᠎ᠠ ᠶᠢᠨ ᠢᠷᠯᠡᠳᠡ᠄ http://mongol.people.com.cn/15823116.html |