ᠦᠨᠳᠦᠰᠦᠳᠡᠨ ᠤ ᠰᠤᠷᠭᠠᠨ ᠬᠦᠮᠦᠵᠢᠯ ᠤᠨ ᠤᠶᠢᠯᠡᠰ ᠲᠤ ᠦᠨᠡᠨᠴᠢ ᠪᠠᠷ ᠵᠢᠳᠬᠦᠨ᠎ᠡ
ᠨᠡᠶᠢᠲᠡᠯᠡᠭᠰᠡᠨ ᠴᠠᠭ᠄
2021/1/12
        — ᠪᠦᠬᠦ ᠠᠶᠢᠮᠠᠭ ᠤᠨ ᠦᠨᠳᠦᠰᠦᠳᠡᠨ ᠤ ᠪᠦᠯᠬᠦᠮᠳᠡᠯ ᠲᠠᠪᠰᠢᠯᠳᠠ ᠶᠢᠨ ᠵᠢᠱᠢᠶᠡᠴᠢ ᠬᠤᠪᠢ ᠬᠦᠮᠦᠨ ᠭᠤᠮᠪᠤᠳᠤᠷᠵᠢ ᠶᠢ ᠲᠡᠮᠳᠡᠭᠯᠡᠪᠡ
      ᠦᠷᠯᠦᠭᠡ ᠪᠦᠷᠢ ᠡᠷᠳᠡ ᠶᠢᠨ 5 ᠴᠠᠭ ᠭᠠᠷᠤᠢ ᠳᠤ ᠪᠤᠰᠬᠤ ᠨᠢ ᠭᠤᠮᠪᠤᠳᠤᠷᠵᠢ ᠶᠢᠨ ᠠᠮᠢᠳᠤᠷᠠᠯ ᠤᠨ ᠲᠠᠳᠬᠠᠯ ᠪᠤᠯᠵᠡᠢ᠃ ᠶᠠᠷᠢᠶᠠᠨ ᠦᠭᠡᠢ ᠡᠨᠡ ᠨᠢ ᠲᠡᠬᠦᠨ ᠤ ᠡᠷᠬᠢᠯᠡᠵᠦ ᠪᠠᠶᠢᠭ᠎ᠠ ᠠᠵᠢᠯ ᠲᠠᠢ ᠰᠠᠯᠵᠦ ᠪᠤᠯᠤᠰᠢ ᠦᠭᠡᠢ ᠬᠠᠷᠢᠴᠠᠭ᠎ᠠ ᠲᠠᠢ᠃ ᠲᠡᠷᠡ ᠡᠳᠦᠷ ᠪᠦᠷᠢ ᠶᠢᠨ ᠵᠢᠷᠭᠤᠭᠠᠨ ᠴᠠᠭ ᠲᠤ ᠰᠤᠷᠭᠠᠭᠤᠯᠢ ᠳᠠᠭᠠᠨ ᠢᠷᠡᠵᠦ ᠲᠠᠮᠢᠷ ᠤᠨ ᠮᠡᠷᠬᠡᠵᠢᠯ ᠢᠶᠠᠷ ᠰᠢᠯᠭᠠᠭᠤᠯᠬᠤ ᠰᠤᠷᠤᠭᠴᠢᠳ ᠢᠶᠠᠨ ᠲᠠᠭᠠᠭᠤᠯᠵᠦ ᠪᠤᠯᠪᠠᠰᠤᠷᠠᠯ ᠬᠢᠯᠬᠡᠬᠦ ᠮᠦᠷᠳᠡᠭᠡᠨ ᠰᠤᠷᠤᠭᠴᠢᠳ ᠤᠨ ᠡᠷᠳᠡ ᠶᠢᠨ ᠲᠠᠮᠢᠷ ᠲᠤ ᠭᠠᠷᠬᠤ ᠪᠡᠯᠡᠳᠭᠡᠯ ᠠᠵᠢᠯ ᠢ ᠵᠤᠬᠢᠴᠠᠭᠤᠯᠤᠨ᠎ᠠ᠃ ᠠᠵᠢᠯ ᠤᠨ ᠪᠠᠶᠢᠷᠢᠨ ᠳᠤ ᠭᠠᠷᠤᠭᠰᠠᠨ 8 ᠵᠢᠯ ᠤᠨ ᠲᠤᠷᠰᠢ ᠠᠵᠢᠯᠯᠠᠬᠤ ᠡᠳᠦᠷ ᠪᠦᠷᠢ ᠡᠶᠢᠮᠤ ᠪᠠᠶᠢᠳᠠᠯ ᠲᠠᠢ᠃ ᠭᠤᠮᠪᠤᠳᠤᠷᠵᠢ ᠪᠠᠭᠰᠢ ᠪᠤᠯ ᠡᠵᠡᠨ᠎ᠡ ᠬᠤᠰᠢᠭᠤᠨ ᠤ ᠳ᠋ᠦᠩᠹᠧᠩ ᠪᠠᠯᠭᠠᠰᠤᠨ ᠤ ᠭᠤᠷᠤᠨᠠᠢ ᠭᠠᠴᠠᠭᠠᠨ ᠤ ᠬᠦᠮᠦᠨ᠃ 2012 ᠤᠨ ᠳᠤ ᠦᠪᠦᠷ ᠮᠤᠩᠭᠤᠯ ᠤᠨ ᠦᠨᠳᠦᠰᠦᠳᠡᠨ ᠤ ᠶᠡᠭᠡ ᠰᠤᠷᠭᠠᠭᠤᠯᠢ ᠶᠢᠨ ᠲᠠᠮᠢᠷ ᠤᠨ ᠰᠠᠯᠪᠤᠷᠢ ᠠᠴᠠ ᠲᠡᠬᠦᠰᠦᠭᠡᠳ ᠤᠳᠤ ᠠᠯᠠᠱᠠ ᠮᠤᠩᠭᠤᠯ ᠦᠨᠳᠦᠰᠦᠳᠡᠨ ᠤ ᠪᠦᠷᠢᠨ ᠲᠤᠮᠳᠠᠳᠤ ᠰᠤᠷᠭᠠᠭᠤᠯᠢ ᠳᠤ ᠲᠠᠮᠢᠷ ᠤᠨ ᠪᠠᠭᠰᠢ᠂ ᠲᠠᠮᠢᠷ ᠤᠨ ᠲᠤᠰᠬᠠᠢ ᠮᠡᠷᠬᠡᠵᠢᠯ ᠢᠶᠠᠷ ᠶᠡᠭᠡ ᠰᠤᠷᠭᠠᠭᠤᠯᠢ ᠳᠤ ᠰᠢᠯᠭᠠᠭᠤᠯᠬᠤ ᠰᠤᠷᠤᠭᠴᠢᠳ ᠤᠨ ᠲᠠᠰᠬᠠᠯᠵᠢᠭᠤᠯᠤᠭᠴᠢ᠂ ᠮᠤᠩᠭᠤᠯ ᠪᠦᠭᠡ ᠪᠠ ᠱᠠᠯᠪᠤᠷ ᠪᠦᠭᠡ ᠶᠢᠨ ᠲᠠᠰᠬᠠᠯᠵᠢᠭᠤᠯᠤᠭᠴᠢ ᠪᠠᠷ ᠠᠵᠢᠯᠯᠠᠵᠦ ᠪᠤᠢ᠃       ᠲᠡᠷᠡ ᠮᠠᠨᠢ ᠪᠠᠭᠰᠢ ᠬᠡᠰᠡᠨ ᠨᠡᠷ᠎ᠡ ᠠᠯᠳᠠᠷ ᠢ ᠡᠷᠬᠦᠵᠦ ᠶᠠᠪᠤᠭᠰᠠᠨ ᠡᠳᠦᠷ ᠠᠴᠠ ᠨᠠᠰᠢ ᠨᠠᠮ ᠤᠨ ᠰᠤᠷᠭᠠᠨ ᠬᠦᠮᠦᠵᠢᠯ ᠤᠨ ᠤᠶᠢᠯᠡᠰ ᠲᠤ ᠦᠨᠡᠨᠴᠢ ᠬᠠᠨᠳᠤᠵᠦ᠂ ᠨᠢᠭᠡᠨ ᠰᠢᠯᠢᠳᠡᠭ ᠪᠠᠭᠰᠢ ᠶᠢᠨ ᠪᠠᠷᠢᠮᠵᠢᠶ᠎ᠠ ᠪᠠᠷ ᠦᠪᠡᠷ ᠢ ᠪᠠᠨ ᠱᠠᠭᠠᠷᠳᠠᠭᠰᠠᠭᠠᠷ ᠢᠷᠡᠵᠡᠢ᠃ ︽ᠪᠠᠭᠰᠢ ᠪᠤᠯᠤᠭᠰᠠᠨ ᠤ ᠬᠤᠪᠢ ᠳᠤ ᠡᠷᠬᠡᠪᠰᠢ ᠮᠤᠷᠠᠯ ᠪᠤᠯᠪᠠᠰᠤᠷᠠᠯ ᠲᠠᠢ᠂ ᠬᠠᠷᠢᠭᠤᠴᠠᠯᠭᠠᠳᠤ ᠰᠡᠳᠬᠢᠯ ᠲᠠᠢ᠂ ᠠᠯᠢᠪᠠ ᠤᠴᠢᠷ ᠲᠤ ᠰᠤᠷᠤᠭᠴᠢ ᠪᠠᠷ ᠢᠶᠠᠨ ᠭᠤᠤᠯ ᠪᠤᠯᠭᠠᠭᠰᠠᠨ ᠪᠠᠶᠢᠬᠤ ᠬᠡᠷᠡᠭᠳᠡᠢ︾ ᠬᠡᠵᠦ ᠳᠠᠷᠠ ᠦᠷᠬᠦᠯᠵᠢ ᠶᠠᠷᠢᠳᠠᠭ᠃ ᠣᠨᠴᠣᠭᠤᠶᠢᠯᠠᠨ ᠨᠢᠭᠡᠨ ᠨᠠᠮ ᠤᠨ ᠬᠡᠰᠢᠬᠦᠨ ᠪᠤᠯᠤᠭᠰᠠᠨ ᠤ ᠬᠤᠪᠢ ᠳᠤ ᠲᠡᠷᠡ ᠦᠪᠡᠷ ᠤᠨ ᠠᠯᠢᠪᠠ ᠰᠡᠳᠬᠢᠯ ᠰᠠᠨᠠᠭ᠎ᠠ ᠪᠠᠨ ᠰᠤᠷᠤᠭᠴᠢ ᠶᠢᠨ ᠪᠡᠶ᠎ᠡ ᠲᠡᠭᠡᠷ᠎ᠡ ᠲᠠᠯᠪᠢᠵᠦ᠂ ᠰᠤᠷᠤᠭᠴᠢᠳ ᠤᠨ ᠢᠶᠠᠨ ᠰᠠᠶᠢᠨ ᠪᠠᠭᠰᠢ᠂ ᠰᠠᠶᠢᠨ ᠨᠠᠶᠢᠵᠠ ᠨᠢ ᠪᠤᠯᠤᠭᠰᠠᠭᠠᠷ ᠢᠷᠡᠭᠰᠡᠨ ᠶᠤᠮ᠃       ᠰᠤᠷᠤᠭᠴᠢ ᠪᠦᠬᠦᠨ ᠲᠡᠬᠦᠨ ᠤ ᠬᠢᠴᠢᠶᠡᠯ ᠲᠡᠭᠡᠷ᠎ᠡ ᠤᠯᠤᠯᠳᠠ ᠲᠠᠢ ᠪᠠᠶᠢᠬᠤ ᠪᠤᠯ ᠭᠤᠮᠪᠤᠳᠤᠷᠵᠢ ᠶᠢᠨ ᠬᠠᠮᠤᠭ ᠤᠨ ᠶᠡᠭᠡ ᠬᠦᠰᠡᠯ᠃ ᠪᠠᠭᠰᠢ ᠶᠢᠨ ᠠᠵᠢᠯ ᠳᠠᠭᠠᠨ  ᠳᠡᠭᠡᠳᠦ ᠬᠡᠮᠵᠢᠶᠡᠨ ᠤ ᠬᠠᠷᠢᠭᠤᠴᠠᠬᠤ ᠤᠪᠤᠷ ᠢᠶᠠᠷ ᠬᠠᠨᠳᠤᠳᠠᠭ ᠤᠴᠢᠷ ᠠᠴᠠ ᠤᠯᠠᠨ ᠤᠳᠠᠭ᠎ᠠ ᠰᠤᠷᠤᠭᠴᠢ ᠪᠠᠨ ᠲᠠᠭᠠᠭᠤᠯᠤᠨ ᠮᠤᠩᠭᠤᠯ ᠪᠦᠭᠡ ᠪᠠ ᠱᠠᠯᠪᠤᠷ ᠪᠦᠭᠡ ᠶᠢᠨ ᠤᠷᠤᠯᠳᠤᠭᠠᠨ ᠳᠤ ᠤᠷᠤᠯᠴᠠᠵᠦ᠂ ᠤᠯᠠᠨᠳᠠ ᠰᠢᠯᠢᠳᠡᠭ ᠬᠢᠷᠢ ᠪᠦᠳᠦᠮᠵᠢ ᠠᠪᠴᠤ ᠦᠩᠭᠡᠷᠡᠭᠰᠡᠨ ᠶᠤᠮ᠃ ᠲᠡᠷᠡᠪᠡᠷ ᠡᠳᠦᠷ ᠪᠦᠷᠢ ᠰᠤᠷᠤᠭᠴᠢᠳ ᠢᠶᠠᠨ ᠲᠠᠭᠠᠭᠤᠯᠤᠨ ᠪᠤᠯᠪᠠᠰᠤᠷᠠᠯ ᠬᠢᠬᠦ ᠳᠡᠭᠡᠨ ᠰᠤᠷᠤᠭᠴᠢ ᠶᠢᠨ ᠪᠡᠶ᠎ᠡ ᠶᠢᠨ ᠪᠠᠶᠢᠳᠠᠯ᠂ ᠲᠠᠮᠢᠷ ᠤᠨ ᠲᠠᠯ᠎ᠠ ᠶᠢᠨ ᠠᠪᠢᠶᠠᠰ ᠪᠢᠯᠢᠭ ᠢ ᠨᠢ ᠪᠠᠶᠢᠩᠭᠤ ᠠᠵᠢᠭᠯᠠᠵᠦ ᠠᠩᠬᠠᠷᠤᠨ᠂ ᠠᠯᠢ ᠨᠢᠭᠡ ᠰᠤᠷᠤᠭᠴᠢ ᠨᠢ ᠰᠡᠳᠬᠢᠴᠡ ᠶᠢᠨ ᠲᠠᠯ᠎ᠠ ᠶᠢᠨ ᠠᠰᠠᠭᠤᠳᠠᠯ ᠲᠠᠢ ᠪᠠᠶᠢᠬᠤ᠂ ᠬᠤᠵᠢᠮ ᠢᠷᠡᠭᠡᠳᠦᠢ ᠶᠢᠨ ᠲᠤᠬᠠᠢ ᠪᠤᠬᠢᠨᠢᠳᠤᠯ ᠲᠠᠢ ᠪᠠᠶᠢᠬᠤ ᠶᠢ ᠬᠢᠷᠠᠬᠠᠢ ᠠᠵᠢᠭᠯᠠᠵᠦ᠂ ᠴᠠᠭ ᠲᠤᠬᠠᠢ ᠳᠤᠨᠢ ᠰᠤᠷᠤᠭᠴᠢ ᠲᠠᠢ ᠪᠠᠨ ᠵᠤᠭᠤᠭᠳᠠᠵᠦ ᠲᠡᠳᠡᠨ ᠤ ᠪᠤᠬᠢᠨᠢᠳᠤᠯ ᠢ ᠨᠢ ᠲᠠᠶᠢᠯᠵᠦ ᠦᠭᠳᠡᠭ ᠪᠠᠶᠢᠨ᠎ᠠ᠃ ᠡᠬᠦᠨ ᠠᠴᠠ ᠭᠠᠳᠠᠨ᠎ᠠ᠂ ᠭᠤᠮᠪᠤᠳᠤᠷᠵᠢ ᠪᠠᠭᠰᠢ ᠪᠠᠰᠠ ᠮᠤᠩᠭᠤᠯ ᠦᠨᠳᠦᠰᠦᠳᠡᠨ ᠤ ᠤᠯᠠᠮᠵᠢᠯᠠᠯᠳᠤ ᠪᠠᠶ᠎ᠡ ᠶᠢᠨ ᠲᠠᠮᠢᠷ ᠤᠨ ᠨᠠᠭᠠᠳᠤᠮ ᠪᠤᠯᠬᠤ ᠪᠢᠯᠠᠭᠤ ᠰᠢᠳᠡᠯᠳᠡ ᠶᠢᠨ ᠬᠢᠴᠢᠶᠠᠯ ᠢ ᠰᠤᠷᠤᠭᠴᠢᠳ ᠲᠠᠭᠠᠨ ᠤᠯᠠᠮᠵᠢᠯᠠᠵᠦ᠂ ᠦᠪᠦᠷ ᠮᠤᠩᠭᠤᠯ ᠤᠨ ᠴᠦᠭᠡᠨ ᠲᠤᠭᠠᠳᠤ ᠦᠨᠳᠦᠰᠦᠳᠡᠨ ᠤ ᠪᠡᠶ᠎ᠡ ᠶᠢᠨ ᠲᠠᠮᠢᠷ ᠤᠨ ᠴᠤᠭᠯᠠᠭᠠᠨ ᠤ ᠤᠷᠤᠯᠳᠤᠭᠠᠨ ᠤ ᠨᠢᠭᠡᠨ ᠲᠦᠷᠦᠯ ᠪᠤᠯᠬᠤ ᠪᠢᠯᠠᠭᠤ ᠰᠢᠳᠡᠯᠳᠡ ᠶᠢᠨ ᠤᠷᠤᠯᠳᠤᠭᠠᠨ ᠳᠤ ᠮᠠᠰᠢ ᠰᠠᠶᠢᠨ ᠬᠢᠷᠢ ᠪᠦᠳᠦᠮᠵᠢ ᠭᠠᠷᠭᠠᠭᠰᠠᠨ ᠶᠤᠮ᠃       ᠨᠠᠮ ᠤᠨ ᠦᠨᠳᠦᠰᠦᠳᠡᠨ ᠤ ᠰᠤᠷᠭᠠᠨ ᠬᠦᠮᠦᠵᠢᠯ ᠤᠨ ᠤᠶᠢᠯᠡᠰ ᠲᠤ ᠵᠢᠳᠬᠦᠭᠰᠡᠨ 8 ᠵᠢᠯ ᠤᠨ ᠲᠤᠷᠰᠢ ᠭᠤᠮᠪᠤᠳᠤᠷᠵᠢ ᠪᠠᠭᠰᠢ ᠠᠵᠢᠯᠳᠠᠨ ᠤ ᠬᠤᠭᠤᠷᠤᠨᠳᠤᠬᠢ ᠪᠦᠯᠬᠦᠮᠳᠡᠯ ᠨᠢᠭᠳᠠᠷᠠᠯ ᠢ ᠴᠢᠬᠤᠯᠠᠴᠢᠯᠠᠨ ᠦᠵᠡᠵᠦ᠂ ᠴᠠᠭ ᠢᠮᠠᠭᠳᠠ ᠨᠠᠮ ᠤᠨ ᠬᠡᠰᠢᠬᠦᠨ ᠤ ᠤᠪᠤᠷ ᠢᠶᠠᠷ ᠦᠪᠡᠷ ᠢ ᠪᠠᠨ ᠱᠠᠭᠠᠷᠳᠠᠨ᠂ ᠤᠯᠤᠰ ᠲᠦᠷᠦ ᠶᠢᠨ ᠤᠨᠤᠯ ᠤᠨ ᠰᠤᠷᠤᠯᠴᠠᠯᠭ᠎ᠠ᠂ ᠦᠨᠳᠦᠰᠦᠳᠡᠨ ᠤ ᠪᠦᠯᠬᠦᠮᠳᠡᠯ ᠤᠨ ᠲᠦᠷᠢᠮ ᠲᠤᠭᠳᠠᠭᠠᠯ ᠬᠠᠤᠯᠢ ᠴᠠᠭᠠᠵᠠ ᠶᠢᠨ ᠰᠤᠷᠤᠯᠴᠠᠯᠭ᠎ᠠ ᠪᠠᠨ ᠴᠢᠩᠭᠠᠳᠬᠠᠨ ᠦᠪᠡᠷ ᠤᠨ ᠪᠡᠶ᠎ᠡ ᠶᠢᠨ ᠮᠡᠳᠡᠯᠭᠡ ᠪᠤᠯᠪᠠᠰᠤᠷᠠᠯ ᠢᠶᠠᠨ ᠲᠡᠭᠡᠭᠰᠢᠯᠡᠬᠦᠯᠬᠦ ᠪᠠᠷ ᠲᠠᠮᠵᠢᠨ ᠰᠤᠷᠤᠭᠴᠢᠳ ᠲᠤ ᠦᠨᠳᠦᠰᠦᠳᠡᠨ ᠤ ᠪᠦᠯᠬᠦᠮᠳᠡᠯ ᠤᠨ ᠨᠡᠩ ᠰᠠᠶᠢᠨ ᠵᠢᠭᠠᠨ ᠰᠤᠷᠭᠠᠯᠳᠠ ᠬᠢᠬᠦ᠂ ᠲᠠᠭᠤᠷᠢᠶᠠᠯ ᠦᠵᠡᠬᠦᠯᠬᠦ ᠳᠤ ᠬᠦᠴᠦᠯᠡᠵᠦ᠂ ᠰᠤᠷᠤᠭᠴᠢᠳ ᠤᠨ ᠲᠤᠮᠳᠠ ᠦᠨᠳᠦᠰᠦᠳᠡᠨ ᠤ ᠬᠠᠭᠠᠴᠠᠯ ᠤᠨ ᠦᠵᠡᠯ᠂ ᠦᠨᠳᠦᠰᠦᠳᠡᠨ ᠢ ᠢᠯᠭᠠᠵᠦ ᠭᠠᠳᠠᠭᠤᠷᠴᠢᠯᠠᠬᠤ ᠵᠡᠷᠭᠡ ᠠᠰᠠᠭᠤᠳᠠᠯ ᠤᠷᠤᠰᠢᠬᠤ ᠦᠭᠡᠢ ᠪᠠᠶᠢᠬᠤ ᠶᠢ ᠪᠠᠳᠤᠯᠠᠭᠰᠠᠭᠠᠷ ᠢᠷᠡᠵᠡᠢ᠃       ᠨᠢᠭᠡᠨ ᠲᠠᠮᠢᠷ ᠤᠨ ᠪᠠᠭᠰᠢ᠂ ᠢᠯᠠᠩᠭᠤᠶ᠎ᠠ ᠦᠨᠳᠦᠰᠦᠳᠡᠨ ᠤ ᠰᠤᠷᠭᠠᠨ ᠬᠦᠮᠦᠵᠢᠯ ᠢ ᠡᠷᠬᠢᠯᠡᠵᠦ ᠪᠠᠶᠢᠭ᠎ᠠ ᠲᠠᠮᠢᠷ ᠤᠨ ᠪᠠᠭᠰᠢ ᠪᠤᠯᠤᠭᠰᠠᠨ ᠤ ᠬᠤᠪᠢ ᠳᠤ ᠦᠨᠳᠦᠰᠦᠳᠡᠨ ᠤ ᠪᠡᠶ᠎ᠡ ᠶᠢᠨ ᠲᠠᠮᠢᠷ ᠤᠨ ᠬᠦᠳᠡᠯᠭᠡᠭᠡᠨ ᠳᠤ ᠰᠢᠭᠤᠷᠬᠠᠶᠢᠯᠠᠨ ᠤᠷᠤᠯᠴᠠᠬᠤ ᠪᠤᠯ ᠲᠡᠬᠦᠨ ᠤ ᠡᠬᠦᠷᠭᠡ ᠮᠦᠨᠴᠦ ᠲᠤᠷ᠎ᠠ ᠪᠠᠬ᠎ᠠ ᠪᠤᠯᠤᠨ᠎ᠠ᠃ ᠭᠤᠮᠪᠤᠳᠤᠷᠵᠢ 2008 ᠤᠨ ᠤ 8 ᠰᠠᠷ᠎ᠠ ᠳᠤ ᠪᠡᠬᠡᠵᠢᠩ ᠳᠤ ᠶᠠᠪᠤᠭᠳᠠᠭᠰᠠᠨ ᠤᠯᠢᠮᠫᠢᠺ ᠤᠨ ᠲᠠᠮᠢᠷ ᠤᠨ ᠤᠷᠤᠯᠳᠤᠭᠠᠨ ᠤ ᠭᠠᠯ ᠪᠠᠮᠪᠠᠷ ᠲᠠᠮᠵᠢᠭᠤᠯᠬᠤ ᠬᠦᠳᠡᠯᠭᠡᠭᠡᠨ ᠳᠤ ᠤᠷᠤᠯᠴᠠᠵᠦ᠂ 2010 ᠤᠨ ᠤ 8 ᠰᠠᠷ᠎ᠠ ᠳᠤ ᠶᠠᠪᠤᠭᠳᠠᠭᠰᠠᠨ ᠠᠩᠬᠠᠳᠤᠭᠠᠷ ᠤᠳᠠᠭᠠᠨ ᠤ ᠤᠷᠳᠤᠰ ᠲᠤ ᠪᠣᠯᠣᠭᠰᠠᠨ ᠤᠯᠠᠨ ᠤᠯᠤᠰ ᠤᠨ ᠨᠠᠭᠠᠳᠤᠮ ᠤᠨ ᠬᠤᠷᠠᠯ ᠵᠢᠴᠢ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠲᠤᠯᠤᠳᠤᠭᠠᠷ ᠤᠳᠠᠭᠠᠨ ᠤ ᠴᠦᠭᠡᠨ ᠲᠤᠭᠠᠳᠤ ᠦᠨᠳᠦᠰᠦᠳᠡᠨ ᠤ ᠪᠡᠶ᠎ᠡ ᠶᠢᠨ ᠲᠠᠮᠢᠷ ᠤᠨ ᠴᠤᠭᠯᠠᠭᠠᠨ ᠳᠤ ᠠᠯᠠᠱᠠ ᠠᠶᠢᠮᠠᠭ ᠤᠨ ᠭᠠᠯ ᠪᠠᠮᠪᠠᠷᠴᠢᠨ ᠢᠶᠠᠷ ᠭᠠᠯ ᠪᠠᠮᠪᠠᠷ ᠲᠠᠮᠵᠢᠭᠤᠯᠬᠤ ᠠᠵᠢᠯᠯᠠᠭ᠎ᠠ ᠳᠤ ᠤᠷᠤᠯᠴᠠᠵᠡᠢ᠃ 2006 ᠤᠨ᠂ 2010 ᠤᠨ᠂ 2013 ᠤᠨ᠂ 2017 ᠤᠨ ᠳᠤ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠴᠦᠭᠡᠨ ᠲᠤᠭᠠᠳᠤ ᠦᠨᠳᠦᠰᠦᠳᠡᠨ ᠤ ᠪᠡᠶ᠎ᠡ ᠶᠢᠨ ᠲᠠᠮᠢᠷ ᠤᠨ ᠴᠤᠭᠯᠠᠭᠠᠨ ᠳᠤ ᠢᠳᠡᠪᠬᠢᠯᠡᠨ ᠤᠷᠤᠯᠴᠠᠭᠠᠳ ᠲᠤᠰᠪᠦᠷᠢ ᠨᠢᠭᠡᠳᠦᠭᠡᠷ᠂ ᠭᠤᠷᠪᠠᠳᠤᠭᠠᠷ᠂ ᠲᠦᠷᠪᠡᠳᠦᠭᠡᠷ᠂ ᠲᠤᠯᠤᠳᠤᠭᠠᠷ ᠵᠡᠷᠭᠡ ᠰᠠᠶᠢᠨ ᠬᠢᠷᠢ ᠪᠦᠳᠦᠮᠵᠢ ᠤᠯᠵᠦ ᠦᠩᠭᠡᠷᠡᠪᠡ᠃ ᠡᠬᠦᠨ ᠠᠴᠠ ᠭᠠᠳᠠᠨ᠎ᠠ᠂ 2013 ᠤᠨ᠂ 2018 ᠤᠨ᠂ 2019 ᠤᠨ ᠳᠤ ᠠᠯᠠᠱᠠ ᠮᠤᠩᠭᠤᠯ ᠦᠨᠳᠦᠰᠦᠳᠡᠨ ᠤ ᠪᠦᠷᠢᠨ ᠲᠤᠮᠳᠠᠳᠤ ᠰᠤᠷᠭᠠᠭᠤᠯᠢ ᠶᠢᠨ ᠰᠤᠷᠤᠭᠴᠢᠳ ᠤᠨ ᠪᠡᠶ᠎ᠡ ᠶᠢᠨ ᠲᠠᠮᠢᠷ ᠤᠨ ᠬᠦᠳᠡᠯᠭᠡᠭᠡᠨ ᠳᠤ ︽ᠰᠢᠯᠢᠳᠡᠭ ᠰᠤᠷᠭᠠᠭᠴᠢ︾ ᠪᠠᠷ ᠦᠨᠡᠯᠡᠭᠳᠡᠵᠦ᠂ 2019 ᠤᠨ ᠤ 5 ᠰᠠᠷ᠎ᠠ ᠳᠤ ᠪᠦᠬᠦ ᠤᠯᠤᠰ ᠤᠨ ᠠᠷᠪᠠᠨ ᠲᠦᠷᠪᠡᠳᠦᠭᠡᠷ ᠬᠤᠭᠤᠴᠠᠭᠠᠨ ᠤ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ ᠳᠤ ᠠᠯᠠᠱᠠ ᠠᠶᠢᠮᠠᠭ ᠤᠨ ᠰᠤᠷᠭᠠᠨ ᠬᠦᠮᠦᠵᠢᠯ ᠤᠨ ᠰᠢᠰᠲ᠋ᠧᠮ ᠢ ᠲᠦᠯᠦᠭᠡᠯᠡᠨ ᠠᠯᠠᠱᠠ ᠳᠠᠬᠢ ᠦᠷᠳᠡᠭᠡᠨ ᠤ ᠭᠠᠯ ᠪᠠᠮᠪᠠᠷ ᠲᠠᠮᠵᠢᠭᠤᠯᠬᠤ ᠠᠵᠢᠯᠯᠠᠭ᠎ᠠ ᠳᠤ ᠤᠷᠤᠯᠴᠠᠵᠡᠢ᠃ ᠲᠡᠷᠡ ᠤᠯᠠᠨ ᠵᠢᠯ ᠢᠶᠠᠷ ᠤᠷᠤᠨ ᠨᠤᠳᠤᠭ ᠤᠨ ᠢᠶᠠᠨ ᠴᠦᠭᠡᠨ ᠲᠤᠭᠠᠳᠤ ᠦᠨᠳᠦᠰᠦᠳᠡᠨ ᠤ ᠪᠡᠶ᠎ᠡ ᠶᠢᠨ ᠲᠠᠮᠢᠷ ᠤᠨ ᠤᠶᠢᠯᠡᠰ ᠲᠤ ᠭᠠᠷᠮᠠᠭᠠᠶᠢᠯᠠᠨ ᠵᠢᠳᠬᠦᠵᠦ᠂ ᠠᠯᠠᠱᠠ ᠶᠢᠨ ᠴᠦᠭᠡᠨ ᠲᠤᠭᠠᠳᠤ ᠦᠨᠳᠦᠰᠦᠳᠡᠨ ᠤ ᠤᠯᠠᠮᠵᠢᠯᠠᠯᠳᠤ ᠰᠤᠶᠤᠯ ᠳᠤ ᠲᠤᠪᠤᠶᠢᠮ᠎ᠠ ᠬᠢᠷᠢ ᠪᠦᠳᠦᠮᠵᠢ ᠭᠠᠷᠭᠠᠭᠰᠠᠨ ᠪᠠᠶᠢᠨ᠎ᠠ᠃       ᠰᠤᠷᠭᠠᠨ ᠬᠦᠮᠦᠵᠢᠯ ᠤᠨ ᠤᠶᠢᠯᠡᠰ ᠲᠤ ᠵᠢᠳᠬᠦᠵᠦ ᠶᠠᠪᠤᠭ᠎ᠠ ᠵᠠᠯᠠᠭᠤ ᠨᠢᠭᠡ ᠦᠶ᠎ᠡ ᠶᠢᠨ ᠪᠠᠭᠰᠢ ᠪᠤᠯᠤᠭᠰᠠᠨ ᠤ ᠬᠤᠪᠢ ᠳᠤ ᠭᠤᠮᠪᠤᠳᠤᠷᠵᠢ ᠶᠢᠨ ᠰᠤᠷᠤᠯᠴᠠᠬᠤ ᠵᠦᠢᠯ ᠪᠠᠰᠠ ᠤᠯᠠᠨ ᠪᠠᠶᠢᠭᠰᠠᠭᠠᠷ᠃ ᠬᠡᠬᠦ ᠳᠡᠭᠡᠨ ᠬᠠᠮᠳᠤ ᠠᠵᠢᠯᠳᠠᠨ᠂ ᠪᠠᠭᠰᠢ ᠰᠤᠷᠤᠭᠴᠢᠳ᠂ ᠬᠡᠷ ᠤᠨ ᠠᠬᠠᠮᠠᠳ ᠲᠠᠢ ᠪᠠᠨ ᠪᠦᠯᠬᠦᠮᠳᠡᠨ ᠨᠢᠭᠳᠠᠷᠠᠵᠦ᠂ ᠰᠤᠷᠭᠠᠨ ᠬᠦᠮᠦᠵᠢᠯ ᠤᠨ ᠤᠶᠢᠯᠡᠰ ᠲᠤ ᠨᠢᠭᠡ ᠰᠡᠳᠬᠢᠯ ᠢᠶᠠᠷ ᠵᠢᠳᠬᠦᠨ᠂ ᠨᠢᠭᠡᠨ ᠰᠢᠯᠢᠳᠡᠭ ᠠᠷᠠᠳ ᠤᠨ ᠪᠠᠭᠰᠢ ᠶᠢᠨ ᠪᠠᠷᠢᠮᠵᠢᠶ᠎ᠡ ᠪᠠᠷ ᠦᠪᠡᠷ ᠢ ᠪᠠᠨ ᠱᠠᠭᠠᠷᠳᠠᠬᠤ ᠪᠠᠨ ᠲᠡᠷᠡ ᠴᠠᠭ ᠦᠷᠬᠦᠯᠵᠢ ᠮᠠᠷᠳᠠᠭ᠎ᠠ ᠦᠭᠡᠢ ᠪᠠᠷᠢᠮᠳᠠᠯᠠᠭᠰᠠᠭᠠᠷ ᠁                                                                ︵ᠵᠣᠬᠢᠶᠠᠭᠴᠢ᠄  ᠰᠡᠴᠡᠨ︶
 
ᠢᠷᠡᠯᠲᠡ᠄ ᠠᠯᠠᠱᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号