ᠡᠵᠡᠨ᠎ᠡ ᠬᠤᠰᠢᠭᠤᠨ ᠤ ᠮᠠᠯᠴᠢᠠ ᠳᠠᠷᠢᠶᠠᠴᠢᠳ ᠤᠨ ᠵᠢᠭᠤᠯᠴᠢᠯᠠᠯ ᠤᠨ ᠤᠷᠤᠯᠭ᠎ᠠ ᠠᠴᠠ ᠬᠤᠪᠢᠶᠠᠷᠢᠯᠠᠭᠰᠠᠨ ᠠᠰᠢᠭ ᠣᠷᠣᠯᠭ᠎ᠠ 2300 ᠲᠦᠮᠡᠨ ᠲᠦᠭᠦᠷᠢᠭ ᠢ ᠳᠠᠪᠠᠵᠠᠢ
ᠨᠡᠶᠢᠲᠡᠯᠡᠭᠰᠡᠨ ᠴᠠᠭ᠄
2021/1/19
      ᠡᠵᠡᠨ᠎ᠡ ᠬᠤᠰᠢᠭᠤ ᠠᠷᠠᠳ ᠢᠶᠠᠷ ᠭᠤᠤᠯ ᠪᠤᠯᠭᠠᠬᠤ ᠵᠢᠭᠤᠯᠴᠢᠯᠠᠯ ᠤᠨ ᠦᠢᠯᠡᠰ ᠢ ᠬᠦᠭᠵᠢᠬᠦᠯᠬᠦ ᠶᠢ ᠡᠷᠡᠰ ᠪᠠᠷᠢᠮᠲᠠᠯᠠᠵᠤ᠂ ᠵᠢᠭᠤᠴᠢᠯᠠᠯ ᠤᠨ ᠦᠢᠯᠡᠰ ᠢ ᠠᠷᠠᠳ ᠢᠶᠠᠨ ᠪᠠᠶᠠᠵᠢᠭᠤᠯᠵᠤ ᠤᠷᠤᠯᠭ᠎ᠠ ᠶᠢ ᠨᠢ ᠨᠡᠮᠡᠭᠳᠡᠭᠦᠯᠬᠦ ᠲᠤᠯᠭᠠᠭᠤᠷᠢ ᠠᠵᠤ ᠦᠢᠯᠡᠰ ᠪᠤᠯᠭᠠᠨ ᠢᠳᠡᠪᠬᠢᠲᠠᠢ ᠪᠤᠶᠢᠵᠢᠭᠤᠯᠬᠤ ᠳᠤᠮᠳᠠ ᠪᠠᠨ ᠦᠵᠡᠮᠵᠢ ᠶᠢᠨ ᠤᠷᠤᠨ ᠬᠢᠭᠡᠳ ᠮᠠᠯᠴᠢᠨ ᠲᠠᠷᠢᠶᠠᠴᠢᠨ ᠤ ᠠᠰᠢᠭ ᠲᠤᠰᠠ ᠲᠠᠢ ᠨᠢ ᠬᠤᠯᠪᠣᠯᠳᠣᠭᠤᠯᠣᠭᠰᠠᠨ ᠳᠣᠭᠳᠠᠴᠠ ᠶᠢ ᠴᠤᠭᠴᠠᠯᠠᠬᠤ ᠶᠢ ᠦᠨᠡᠨᠬᠦ ᠠᠳᠬᠤᠠ᠂ ᠦᠵᠡᠮᠵᠢ ᠶᠢᠨ ᠤᠷᠤᠨ ᠤ ᠡᠭᠦᠳᠡᠨ ᠪᠢᠯᠧᠲ ᠤᠨ ᠤᠷᠤᠯᠭ᠎ᠠ ᠠᠴᠠ ᠮᠠᠯᠴᠢᠨ ᠲᠠᠷᠢᠶᠠᠴᠢᠳ ᠲᠤ ᠠᠰᠢᠭ ᠣᠷᠣᠯᠭ᠎ᠠ ᠬᠤᠪᠢᠶᠠᠷᠢᠯᠠᠬᠤ ᠶᠢ ᠵᠢᠯ ᠳᠠᠷᠠᠭᠠᠯᠠᠨ ᠦᠷᠨᠢᠭᠦᠯᠦᠭᠡᠳ ᠢᠯᠡᠳᠲᠡ ᠰᠠᠶᠢᠨ ᠦᠷ᠎ᠡ ᠪᠦᠲᠦᠮᠵᠢ ᠤᠯᠤᠭᠰᠠᠠ ᠪᠠᠶᠢᠨ᠎ᠠ᠃       ᠪᠦᠷᠢᠳᠬᠡᠯ ᠢᠶᠠᠷ᠂ ᠲᠤᠰ ᠬᠤᠰᠢᠭᠤ 2013 ᠤᠨ ᠠᠴᠠ ᠨᠠᠰᠢ᠂ ᠦᠵᠡᠮᠵᠢ ᠶᠢᠨ ᠤᠷᠤᠨ ᠤ ᠡᠭᠦᠳᠡᠨ ᠪᠢᠯᠧᠲ ᠤᠨ ᠤᠷᠤᠯᠭ᠎ᠠ ᠠᠴᠠ ᠮᠠᠯᠴᠢᠨ ᠲᠠᠷᠢᠶᠠᠴᠢᠳ ᠲᠤ ᠠᠰᠢᠭ ᠣᠷᠣᠯᠭ᠎ᠠ ᠬᠤᠪᠢᠶᠠᠷᠢᠯᠠᠬᠤ ᠶᠢ ᠠᠮᠵᠢᠯᠲᠠ ᠲᠠᠢ ᠬᠡᠷᠡᠭᠵᠢᠬᠦᠯᠦᠠ᠂ ᠦᠵᠡᠮᠵᠢ ᠶᠢᠨ ᠤᠷᠤᠨ ᠤ ᠮᠠᠯᠴᠢᠨ ᠲᠠᠷᠢᠶᠠᠴᠢᠳ ᠲᠤ ᠨᠠᠶᠢᠳᠠ 2300 ᠲᠦᠮᠡ ᠭᠠᠷᠤᠢ ᠲᠦᠭᠦᠷᠢᠭ ᠤᠨ ᠤᠷᠤᠯᠭ᠎ᠠ ᠶᠢ ᠬᠤᠪᠢᠶᠠᠷᠢᠯᠠᠵᠤ ᠦᠭᠴᠡᠢ᠃                                                               ︵ᠵᠣᠬᠢᠶᠠᠭᠴᠢ᠄ ᠴᠠᠭᠠᠠᠬᠦᠦ︶
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号