ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ ᠨᠡᠩ ᠢᠳᠡᠪᠬᠢᠲᠡᠢ ᠰᠠᠨᠠᠭᠠᠴᠢᠯᠠᠭ᠎ᠠ ᠠᠴᠠ ᠪᠠᠨ ᠴᠢᠷᠮᠠᠶᠢᠨ ᠠᠵᠢᠯᠯᠠᠵᠤ ᠡᠯ᠎ᠡ ᠵᠦᠢᠯ ᠤᠨ ᠠᠵᠢᠯ ᠢᠶᠠᠨ ᠰᠠᠶᠢᠲᠤᠷ ᠬᠢᠶ᠎ᠡ
ᠨᠡᠶᠢᠲᠡᠯᠡᠭᠰᠡᠨ ᠴᠠᠭ᠄
2021/1/22
      —— ᠠᠯᠠᠱᠠ ᠠᠶᠢᠮᠠᠭ ᠤᠨ ᠨᠠᠮ ᠤᠨ ᠬᠤᠷᠢᠶᠠᠨ ᠤ ᠱᠦᠵᠢ ᠸᠠᠨ ᠴᠤᠤ ᠴᠢ ᠶᠢ ᠰᠤᠷᠪᠤᠯᠵᠢᠯᠠᠭᠰᠠᠨ ᠨᠢ       ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠠᠷᠪᠠᠳᠤᠭᠠᠷ ᠬᠤᠭᠤᠴᠠᠭᠠᠨ ᠤ ᠠᠷᠪᠠᠨ ᠭᠤᠷᠪᠠᠳᠤᠭᠠᠷ ᠪᠥᠬᠦᠳᠡ ᠬᠤᠷᠠᠯ ᠵᠢᠴᠢ ᠪᠥᠬᠦ ᠣᠷᠣᠨ ᠤ ᠠᠵᠤ ᠠᠬᠤᠶ ᠶᠢᠨ ᠠᠵᠢᠯ ᠤᠨ ᠬᠤᠷᠠᠯ ᠢ ᠬᠤᠷᠠᠯᠳᠤᠭᠤᠯᠪᠠ᠂ ᠡᠨᠡ ᠪᠣᠯ ᠥᠪᠥᠷ ᠮᠣᠩᠭᠤᠯ ᠤᠨ 《 ᠠᠷᠪᠠᠨ ᠳᠥᠷᠪᠡᠳᠦᠭᠡᠷ ᠲᠠᠪᠤᠨ ᠵᠢᠯ 》 ᠤᠨ ᠲᠥᠯᠥᠪᠵᠢᠭᠦᠯᠭᠡ ᠶᠢᠨ ᠡᠬᠢᠯᠡᠯᠲᠡ᠂ ᠨᠡᠶᠢᠭᠡᠮ ᠵᠢᠷᠤᠮ ᠤᠨ ᠣᠳᠣᠬᠢᠴᠢᠯᠠᠯᠲᠠ ᠶᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠰᠢᠨ᠎ᠡ ᠠᠶᠠᠨ ᠤᠳᠠᠯ ᠥᠬᠡᠶ ᠡᠬᠢᠯᠡᠬᠦ ᠲᠠᠰᠢᠷᠠᠮ ᠳᠤ ᠬᠤᠷᠠᠯᠳᠤᠭᠤᠯᠤᠭᠰᠠᠨ ᠨᠢᠭᠡ ᠤᠳᠠᠭ᠎ᠠ ᠶᠢᠨ ᠴᠢᠬᠤᠯᠠ ᠬᠤᠷᠠᠯ ᠪᠣᠯᠤᠨ᠎ᠠ᠃ ᠠᠯᠠᠱᠠ ᠠᠶᠢᠮᠠᠭ ᠨᠢ ᠥᠪᠡᠷᠲᠡᠭᠡᠨ ᠵᠠᠰᠠᠬᠤ ᠣᠷᠣᠨ ᠤ ᠬᠠᠮᠤᠭ ᠤᠨ ᠪᠠᠷᠠᠭᠤᠨ ᠬᠡᠰᠡᠭ  ᠤᠨ ᠠᠶᠢᠮᠠᠭ ᠪᠣᠯᠤᠭᠰᠠᠨ ᠤ ᠬᠤᠪᠢ ᠳᠤ᠂ ᠰᠢᠨ᠎ᠡ ᠲᠡᠦᠬᠡ ᠶᠢᠨ ᠭᠠᠷᠤᠭ᠎ᠠ ᠳᠤ ᠵᠣᠭᠰᠣᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠳᠤᠭᠠᠷ ᠬᠤᠭᠤᠴᠠᠭᠠᠨ ᠤ ᠠᠷᠪᠠᠨ ᠭᠤᠷᠪᠠᠳᠤᠭᠠᠷ ᠪᠥᠬᠦᠳᠡ ᠬᠤᠷᠠᠯ ᠵᠢᠴᠢ ᠪᠥᠬᠦ ᠣᠷᠣᠨ ᠤ ᠠᠵᠤ ᠠᠬᠤᠶ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠬᠡᠷᠬᠢᠨ ᠰᠠᠶᠢᠲᠤᠷ ᠳᠣᠣᠱᠯᠠᠭᠤᠯᠣᠨ ᠨᠠᠶᠢᠳᠠᠪᠤᠷᠢᠵᠢᠭᠤᠯᠵᠤ᠂ ᠨᠡᠶᠢᠭᠡᠮ ᠵᠢᠷᠤᠮ ᠤᠨ ᠣᠳᠣᠬᠢᠴᠢᠯᠠᠯᠲᠠ ᠶᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠰᠢᠨ᠎ᠡ ᠠᠶᠠᠨ ᠢᠶᠠᠨ ᠡᠬᠢᠯᠡᠭᠦᠯᠬᠦ ᠳᠤ ᠰᠠᠶᠢᠨ ᠡᠬᠢᠯᠡᠯᠲᠡ ᠲᠠᠢ ᠪᠣᠯᠭᠠᠬᠤ ᠪᠣᠶ︖ ᠣᠶᠢᠷ᠎ᠠ ᠳᠤ᠂ ᠰᠤᠷᠪᠤᠯᠵᠢᠯᠠᠭᠴᠢ ᠠᠯᠠᠱᠠ ᠠᠶᠢᠮᠠᠭ ᠤᠨ ᠨᠠᠮ ᠤᠨ ᠬᠤᠷᠢᠶᠠᠨ ᠤ ᠱᠦᠵᠢ ᠸᠠᠨ ᠴᠤᠤ ᠴᠢ ᠶᠢ ᠰᠤᠷᠪᠤᠯᠵᠢᠯᠠᠪᠠ᠃       ᠸᠠᠨ ᠴᠤᠤ ᠴᠢ ᠠᠴᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠳᠤᠭᠠᠷ ᠬᠤᠭᠤᠴᠠᠭᠠᠨ ᠤ ᠠᠷᠪᠠᠨ ᠭᠤᠷᠪᠠᠳᠤᠭᠠᠷ ᠪᠥᠬᠦᠳᠡ ᠬᠤᠷᠠᠯ ᠵᠢᠴᠢ ᠪᠥᠬᠦ ᠣᠷᠣᠨ ᠤ ᠠᠵᠤ ᠠᠬᠤᠶ ᠶᠢᠨ ᠠᠵᠢᠯ ᠤᠨ ᠬᠤᠷᠠᠯ ᠨᠢ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠪᠣᠯᠤᠨ ᠲᠥᠪ ᠤᠨ ᠠᠵᠤ ᠠᠬᠤᠶ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠳᠣᠣᠱᠯᠠᠭᠤᠯᠵᠦ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠰᠢᠨ᠎ᠡ ᠬᠥᠭᠵᠢᠯᠲᠡ ᠶᠢᠨ ᠱᠠᠲᠤᠨ  ᠳᠤ ᠲᠤᠯᠭᠠᠷᠠᠵᠤ ᠪᠠᠶᠢᠭ᠎ᠠ ᠰᠢᠨ᠎ᠡ ᠠᠵᠠ ᠲᠣᠬᠢᠶᠠᠯ ᠰᠢᠨ᠎ᠡ ᠥᠷᠢᠰᠥᠯᠳᠦᠭᠡᠨ ᠢ ᠭᠦᠨᠵᠡᠭᠡᠶ ᠵᠠᠳᠠᠯᠵᠤ᠂ ᠪᠥᠬᠦ ᠣᠷᠣᠨ  ᠤ《 ᠠᠷᠪᠠᠨ ᠳᠥᠷᠪᠡᠳᠦᠭᠡᠷ ᠲᠠᠪᠤᠨ ᠵᠢᠯ 》 ᠤᠨ ᠳᠦᠯᠦᠪᠵᠢᠬᠦᠯᠬᠡ ᠶᠢᠨ ᠬᠤᠭᠤᠴᠠᠭ᠎ᠠ ᠪᠣᠯᠤᠨ 2021 ᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠠᠵᠢᠯ ᠢ ᠰᠢᠰᠲ᠋ᠧᠮ ᠲᠠᠢ ᠲᠥᠯᠥᠪᠵᠢᠭᠦᠯᠵᠦ᠂ ᠪᠢᠳᠡᠨ ᠤ ᠠᠮᠢ ᠠᠬᠤᠶ  ᠶᠢ ᠡᠩ ᠲᠡᠷᠢᠬᠦᠨ ᠳᠤ ᠪᠣᠳᠣᠯᠬᠢᠯᠠᠵᠤ ᠪᠣᠬᠢᠷᠲᠤᠯ ᠥᠬᠡᠶ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠰᠠᠶᠢᠲᠤᠷ ᠵᠠᠮᠨᠠᠬᠤ ᠳᠤ ᠴᠢᠬᠤᠯᠠ ᠵᠢᠯᠣᠭᠤᠳᠬᠤ ᠠᠴᠢ ᠬᠤᠯᠪᠣᠭᠳᠠᠯ  ᠲᠠᠢ ᠶᠤᠮ ᠭᠡᠪᠡ᠃       ᠸᠠᠨ ᠴᠤᠤ ᠴᠢ ᠠᠴᠠ᠂ ᠠᠯᠠᠱᠠ ᠠᠶᠢᠮᠠᠭ ᠤᠨ ᠨᠠᠮ ᠤᠨ ᠬᠤᠷᠢᠶ᠎ᠠ ᠨᠢ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠬᠦᠨᠵᠡᠬᠡᠢ ᠰᠠᠶᠢᠳᠣᠷ ᠰᠣᠷᠣᠯᠴᠠᠬᠤ᠂ ᠬᠦᠨᠵᠡᠬᠡᠢ ᠰᠠᠶᠢᠳᠣᠷ ᠣᠶᠢᠯᠠᠭᠠᠬᠤ᠂ ᠡᠷᠡᠰ ᠰᠠᠶᠢᠳᠣᠷ ᠳᠣᠣᠱᠯᠠᠭᠤᠯᠬᠤ ᠶᠢ ᠴᠢᠬᠤᠯᠠ ᠤᠯᠤᠰ ᠲᠥᠷᠥ ᠶᠢᠨ ᠡᠭᠦᠷᠭᠡ ᠪᠠᠨ ᠪᠣᠯᠭᠠᠵᠦ᠂ ᠴᠠᠭ ᠲᠤᠬᠠᠶ ᠳᠤᠨᠢ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠳ ᠤᠨ ᠬᠤᠷᠠᠯ ᠢ ᠬᠤᠷᠠᠯᠳᠤᠭᠤᠯᠵᠤ ᠤᠯᠠᠮᠵᠢᠯᠠᠨ ᠰᠣᠷᠣᠯᠴᠠᠵᠦ᠂ ᠪᠠᠶᠢᠷᠢᠯᠠᠭᠤᠯᠤᠨ ᠨᠠᠶᠢᠳᠠᠪᠣᠷᠢᠵᠢᠭᠤᠯᠵᠦ᠂ ᠪᠦᠬᠦ ᠠᠶᠢᠮᠠᠭ ᠤᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠠ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠤᠨ ᠰᠢᠨ᠎ᠡ ᠬᠥᠭᠵᠢᠯᠲᠡ ᠶᠢᠨ ᠱᠠᠲᠤᠨ ᠳᠤ ᠵᠣᠬᠢᠴᠠᠬᠤ᠂ ᠰᠢᠨ᠎ᠡ ᠬᠥᠭᠵᠢᠯᠲᠡ  ᠶᠢᠨ ᠣᠶᠢᠯᠠᠭᠠᠭᠳᠠᠬᠤᠨ ᠢ ᠳᠣᠣᠱᠯᠠᠭᠤᠯᠬᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠣᠢ ᠪᠣᠯᠭᠠᠬᠤ ᠦᠶᠯᠡᠳᠦᠯᠭᠡ  ᠶᠢᠨ ᠱᠠᠭᠠᠷᠳᠠᠯᠭ᠎ᠠ ᠶᠢ ᠭᠦᠨᠵᠡᠭᠡᠶ ᠣᠶᠢᠯᠠᠭᠠᠵᠤ ᠡᠵᠡᠮᠰᠢᠬᠦ ᠶᠢ ᠨᠢ ᠠᠬᠢᠭᠤᠯᠵᠦ᠂《ᠠᠷᠪᠠᠨ ᠳᠥᠷᠪᠡᠳᠦᠭᠡᠷ ᠲᠠᠪᠤᠨ ᠵᠢᠯ 》 ᠤᠨ ᠳᠦᠯᠦᠪᠵᠢᠬᠦᠯᠬᠡ ᠶᠢᠨ ᠬᠤᠭᠤᠴᠠᠭ᠎ᠠ ᠪᠠ 2021 ᠣᠨ ᠤ ᠠᠵᠤ ᠠᠬᠤᠶ ᠶᠢᠨ ᠠᠵᠢᠯ ᠤᠨ ᠲᠤᠬᠠᠶ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠬᠠᠷᠠᠯᠲᠠ ᠱᠠᠭᠠᠷᠳᠠᠯᠭ᠎ᠠ ᠶᠢ ᠪᠥᠬᠦ ᠲᠠᠯ᠎ᠠ ᠪᠠᠷ ᠣᠨᠣᠪᠴᠢᠲᠠᠶ ᠡᠵᠡᠮᠰᠢᠵᠦ᠂《ᠬᠤᠶᠠᠷ ᠬᠠᠯᠬᠠᠪᠴᠢ 》᠂《 ᠬᠤᠶᠠᠷ ᠰᠠᠭᠤᠷᠢᠨ ᠭᠠᠵᠠᠷ 》 ᠪᠠ 《 ᠨᠢᠭᠡ ᠪᠠᠬᠢᠯᠡᠯᠲᠡ 》 ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠶᠢ ᠨᠠᠶᠢᠳᠠᠪᠤᠷᠢᠵᠢᠭᠤᠯᠬᠤ ᠳᠤ ᠠᠩᠬᠠᠷᠤᠯ  ᠢᠶᠠᠨ ᠳᠦᠪᠯᠡᠷᠡᠬᠦᠯᠵᠦ᠂ ᠠᠯᠠᠱᠠ ᠶᠢᠨ ᠪᠣᠳᠠᠲᠤ ᠪᠠᠶᠢᠳᠠᠯ ᠲᠠᠢ ᠨᠢᠭᠲᠠ  ᠣᠶᠠᠯᠳᠣᠭᠤᠯᠵᠦ᠂《ᠠᠷᠪᠠᠨ ᠳᠥᠷᠪᠡᠳᠦᠭᠡᠷ ᠲᠠᠪᠤᠨ ᠵᠢᠯ 》 ᠤᠨ ᠬᠥᠭᠵᠢᠯᠲᠡ ᠶᠢᠨ ᠲᠥᠯᠥᠪᠵᠢᠭᠦᠯᠭᠡ ᠶᠢ ᠦᠨᠳᠦᠷ ᠪᠠᠷᠢᠮᠵᠢᠶ᠎ᠠ ᠪᠠᠷ ᠴᠢᠨᠠᠷ ᠰᠠᠶᠢᠲᠠᠶ ᠰᠠᠶᠢᠲᠤᠷ ᠨᠠᠶᠢᠷᠠᠭᠤᠯᠵᠦ᠂ ᠨᠠᠩ ᠢᠳᠡᠪᠬᠢᠲᠡᠶ ᠰᠠᠨᠠᠭᠠᠴᠢᠯᠠᠭ᠎ᠠ ᠲᠠᠢ ᠪᠠᠷ ᠡᠯ᠎ᠡ ᠵᠦᠶᠯ ᠤᠨ ᠠᠵᠢᠯ ᠢᠶᠠᠨ ᠴᠢᠷᠮᠠᠶᠢᠨ ᠰᠠᠶᠢᠲᠤᠷ ᠪᠡᠶᠡᠯᠡᠬᠦᠯᠦᠨ᠎ᠡ ᠭᠡᠪᠡ᠃       ᠨᠢᠭᠡ ᠳᠤ᠂ ᠪᠠᠶᠢᠯᠳᠤᠬᠤ ᠪᠤᠳᠤᠯᠭ᠎ᠠ ᠶᠢᠨ ᠲᠣᠭᠲᠠᠯ ᠬᠦᠴᠦᠨ ᠢ ᠢᠮᠠᠭᠲᠠ ᠪᠠᠲᠤᠯᠠᠵᠤ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠴᠥᠬᠦᠷᠡᠰᠢ ᠦᠭᠡᠢ ᠴᠢᠩᠭᠠᠳᠬᠠᠬᠤ ᠬᠡᠷᠡᠭᠲᠡᠢ᠃ ᠰᠢ ᠶᠢᠨ ᠫᠢᠩ ᠤᠨ ᠠᠮᠢ ᠠᠬᠤᠢ  ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠳᠣᠣᠱᠯᠠᠭᠤᠯᠵᠦ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠴᠢᠩᠭ᠎ᠠ ᠬᠢᠵᠠᠭᠠᠷᠯᠠᠯ ᠪᠣᠯᠭᠠᠵᠤ᠂ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠠᠮᠢ ᠠᠬᠤᠢ ᠶᠢ ᠡᠩ ᠲᠡᠷᠢᠬᠦᠨ ᠳᠤ ᠪᠣᠳᠣᠯᠬᠢᠯᠠᠬᠤ᠂ ᠪᠣᠬᠢᠷᠲᠤᠯ ᠦᠭᠡᠢ  ᠬᠦᠭᠵᠢᠯᠳᠡ ᠶᠢᠨ ᠣᠶᠢᠯᠠᠭᠠᠭᠳᠠᠬᠤᠨ ᠢ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢᠨ ᠪᠦᠬᠦ ᠶᠠᠪᠤᠴᠠ ᠳᠤ ᠦᠨᠡᠨᠬᠦ ᠳᠣᠣᠱᠯᠠᠭᠤᠯᠵᠦ᠂ ᠠᠮᠢ ᠠᠬᠤᠢ ᠶᠢᠨ ᠣᠷᠴᠢᠨ ᠲᠣᠭᠤᠷᠢᠨ ᠢ ᠡᠪᠳᠡᠬᠦ ᠪᠠᠷ ᠰᠦᠢᠳᠦᠯ ᠪᠣᠯᠭᠠᠵᠦ ᠪᠠᠶᠢᠭᠠᠳ ᠠᠵᠤ ᠠᠬᠤᠢ ᠶᠢᠨ ᠨᠡᠮᠡᠭᠳᠡᠯ ᠢ ᠰᠣᠯᠢᠵᠤ ᠠᠪᠬᠤ ᠠᠷᠭ᠎ᠠ ᠬᠢᠳᠡᠯ ᠢ ᠡᠷᠡᠰ ᠲᠠᠶᠠᠭᠳᠠᠬᠤ ᠬᠡᠷᠡᠭᠲᠡᠢ᠃ ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ ᠰᠢᠰᠲ᠋ᠧᠮ ᠲᠠᠢ ᠵᠠᠰᠠᠬᠤ ᠶᠢ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ᠂ ᠪᠠᠶᠢᠭᠠᠯᠢ  ᠶᠢᠨ ᠣᠶ ᠶᠢ ᠬᠠᠮᠠᠭᠠᠯᠠᠬᠤ᠂ ᠮᠠᠯᠵᠢᠬᠤ ᠶᠢ ᠵᠣᠭᠰᠣᠭᠠᠵᠤ ᠪᠡᠯᠴᠢᠭᠡᠷ ᠢ ᠰᠡᠷᠭᠦᠭᠡᠬᠦ ᠵᠡᠷᠭᠡ ᠠᠮᠢ ᠠᠬᠤᠶ ᠶᠢᠨ ᠢᠨᠵᠧᠨᠧᠷᠢᠩ ᠢ ᠭᠦᠨᠵᠡᠭᠡᠶ ᠬᠡᠷᠡᠭᠵᠢᠭᠦᠯᠵᠦ᠂ ᠦᠬᠠᠶ ᠵᠢᠴᠢ ᠡᠷᠬᠢᠨ ᠲᠣᠭᠤᠷᠢᠨ ᠤ ᠭᠠᠵᠠᠷ ᠣᠷᠣᠨ ᠤ ᠣᠷᠴᠢᠨ ᠲᠣᠭᠤᠷᠢᠨ ᠤ ᠶᠡᠷᠦᠩᠬᠡᠶᠢᠯᠡᠭᠰᠡᠨ ᠴᠡᠭᠴᠡᠯᠡᠨ ᠵᠠᠰᠠᠯᠳᠠ ᠶᠢ ᠯᠠᠪᠳᠠᠭᠤᠨ ᠪᠠᠲᠤᠲᠠᠶ ᠠᠬᠢᠭᠤᠯᠵᠤ᠂ ᠭᠤᠤᠯᠳᠠᠯᠭ᠎ᠠ ᠲᠠᠢ ᠭᠠᠵᠠᠷ ᠣᠷᠣᠨ ᠤ ᠠᠮᠢ ᠠᠬᠤᠶ ᠶᠢ ᠵᠠᠰᠠᠨ ᠰᠡᠷᠭᠦᠭᠡᠬᠦ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠠᠮᠢ ᠠᠬᠤᠶ ᠶᠢᠨ ᠬᠠᠮᠠᠭᠠᠯᠠᠯᠲᠠ ᠶᠢᠨ ᠭᠤᠤᠯᠳᠠᠯᠭ᠎ᠠ ᠲᠠᠢ ᠨᠢᠭᠡ ᠪᠦᠯᠦᠭ ᠲᠥᠷᠥᠯ ᠵᠦᠶᠯ ᠢ ᠬᠡᠷᠡᠭᠵᠢᠭᠦᠯᠵᠦ᠂ ᠭᠤᠤᠯ ᠪᠠ ᠨᠠᠭᠤᠷ ᠤᠨ ᠳᠠᠷᠤᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠠᠯᠠᠱᠠ ᠠᠶᠢᠮᠠᠭ ᠤᠨ ᠬᠢᠯᠢ ᠳᠣᠲᠣᠷᠠᠬᠢ ᠬᠠᠲᠤᠨ ᠭᠤᠤᠯ᠂ ᠬᠠᠷ᠎ᠠ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠵᠠᠰᠠᠯᠲᠠ ᠪᠣᠯᠤᠨ ᠰᠤᠪᠨᠠᠭᠤᠷ ᠵᠢᠴᠢ ᠪᠤᠰᠤᠳ ᠴᠢᠬᠤᠯᠠ ᠤᠰᠤᠨ ᠴᠣᠭᠴᠠ ᠶᠢᠨ ᠬᠠᠮᠠᠭᠠᠯᠠᠯᠲᠠ ᠶᠢ ᠴᠢᠩᠭᠠᠳᠬᠠᠵᠤ᠂ ᠡᠬᠡ ᠤᠯᠤᠰ ᠤᠨ ᠤᠮᠠᠷᠠᠲᠤ  ᠶᠢᠨ ᠴᠢᠬᠤᠯᠠ ᠠᠮᠢ ᠠᠬᠤᠶ ᠶᠢᠨ ᠠᠮᠤᠷ ᠲᠦᠪᠰᠢᠨ ᠤ ᠴᠢᠬᠤᠯᠠ ᠬᠠᠯᠬᠠᠪᠴᠢ ᠶᠢ ᠡᠷᠡᠰ ᠰᠠᠶᠢᠲᠤᠷ ᠰᠠᠬᠢᠨ ᠬᠠᠮᠠᠭᠠᠯᠠᠨ᠎ᠠ᠃       ᠬᠤᠶᠠᠷ ᠲᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠤᠳᠤᠷᠢᠳᠤᠮᠵᠢ ᠪᠣᠯᠭᠠᠬᠤ ᠶᠢ ᠴᠢᠩᠭᠠᠳᠬᠠᠵᠤ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠰᠠᠶᠢᠲᠤᠷ ᠵᠠᠮᠨᠠᠬᠤ ᠪᠠᠶᠢᠯᠳᠤᠬᠤ ᠪᠤᠳᠤᠯᠭ᠎ᠠ ᠶᠢᠨ ᠲᠤᠯᠭᠠᠭᠤᠷᠢᠯᠠᠯ ᠪᠣᠯᠭᠠᠬᠤ ᠶᠢ ᠪᠠᠷᠢᠮᠲᠠᠯᠠᠵᠤ᠂ 《 ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠥᠪᠥᠷ ᠮᠣᠩᠭᠤᠯ ᠢᠶᠠᠨ ᠮᠠᠨᠳᠤᠭᠤᠯᠬᠤ 》 ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ᠂ ᠰᠢᠨᠵᠢᠯᠡᠬᠦ ᠤᠬᠠᠭᠠᠨ ᠲᠧᠭᠨᠢᠢᠡ ᠮᠡᠷᠭᠡᠵᠢᠯ ᠤᠨ ᠰᠤᠳᠤᠯᠤᠨ ᠨᠡᠭᠡᠭᠡᠬᠦ ᠣᠷᠣᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠪᠠ ᠬᠦᠮᠦᠵᠢᠬᠦᠯᠬᠦ᠂ ᠰᠢᠨ᠎ᠡ ᠶᠢ ᠡᠭᠦᠳᠬᠦ ᠲᠠᠪᠴᠠᠩ ᠤᠨ ᠪᠠᠶᠢᠭᠤᠯᠤᠯᠲᠠ᠂ ᠵᠠᠩᠭᠢᠯᠠᠭ᠎ᠠ ᠶᠢᠨ ᠮᠡᠷᠭᠡᠵᠢᠯ ᠤᠨ  ᠰᠢᠪᠳᠣᠯᠣᠯᠳᠠ ᠪᠠ ᠳᠡᠭᠡᠳᠦ ᠰᠢᠨ᠎ᠡ ᠮᠡᠷᠭᠡᠵᠢᠯ ᠤᠨ ᠬᠡᠷᠡᠭᠯᠡᠭᠡ ᠶᠢ ᠴᠢᠩᠭᠠᠳᠬᠠᠵᠤ᠂ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠲᠠᠰᠤᠷᠠᠯᠳᠠ ᠦᠭᠡᠢ ᠳᠡᠭᠡᠳᠦ ᠲᠡᠰᠴᠢᠯᠡᠭᠰᠡᠨ᠂ ᠤᠶᠤᠨᠴᠢᠯᠠᠬᠰᠠᠨ᠂ ᠪᠣᠬᠢᠷᠲᠤᠯ ᠦᠭᠡᠢ ᠬᠥᠭᠵᠢᠯᠲᠡ ᠶᠢ ᠠᠬᠢᠭᠤᠯᠤᠨ᠎ᠠ᠃ ᠣᠳᠣ ᠶᠢᠨ ᠪᠠᠶᠢᠭ᠎ᠠ ᠠᠵᠤ ᠦᠢᠯᠡᠰ ᠤᠨ ᠰᠠᠭᠤᠷᠢ ᠪᠠ ᠳᠠᠪᠠᠭᠤᠯᠢᠭ  ᠲᠠᠭᠠᠨ ᠰᠠᠭᠤᠷᠢᠯᠠᠨ᠂ ᠰᠢᠨ᠎ᠡ ᠮᠡᠷᠭᠡᠵᠢᠯ᠂ ᠰᠢᠨ᠎ᠡ ᠡᠵᠡᠩᠨᠡᠯᠲᠡ ᠶᠢᠨ ᠪᠠᠶᠢᠳᠠᠯ᠂ ᠰᠢᠨ᠎ᠡ ᠵᠠᠭᠪᠤᠷ ᠢ ᠬᠡᠷᠡᠭᠯᠡᠨ ᠨᠡᠭᠦᠷᠡᠰᠦ ᠬᠢᠮᠢ ᠶᠢᠨ ᠠᠵᠤ ᠦᠢᠯᠡᠳᠪᠦᠷᠢ᠂ ᠳᠠᠪᠣᠰᠣ ᠬᠢᠮᠢ ᠶᠢᠨ ᠠᠵᠤ ᠦᠢᠯᠡᠳᠪᠦᠷᠢ᠂ ᠨᠠᠷᠢᠯᠢᠭ ᠬᠢᠮᠢ ᠶᠢᠨ ᠠᠵᠤ ᠦᠢᠯᠡᠳᠪᠦᠷᠢ ᠵᠡᠷᠭᠡ ᠤᠯᠠᠮᠵᠢᠯᠠᠯᠲᠤ ᠠᠵᠤ ᠦᠢᠯᠡᠰ ᠢ ᠥᠭᠡᠷᠡᠴᠢᠯᠡᠨ ᠳᠡᠭᠡᠭᠰᠢᠯᠡᠬᠦᠯᠬᠦ  ᠶᠢ ᠳᠦᠷᠭᠡᠳᠭᠡᠨ᠎ᠡ︔ ᠲᠡᠮᠡᠭᠡ᠂ ᠴᠠᠭᠠᠨ ᠨᠣᠯᠤᠤᠷ ᠤᠨ ᠢᠮᠠᠭ᠎ᠠ᠂ ᠡᠯᠡᠰᠦᠨ ᠤ ᠤᠷᠭᠤᠮᠠᠯ ᠤᠨ ᠡᠬᠢ ᠪᠠᠶᠠᠯᠢᠭ ᠢ ᠨᠠᠷᠢᠯᠢᠭ ᠬᠦᠨᠵᠡᠭᠡᠢ ᠪᠣᠯᠪᠠᠰᠣᠷᠠᠭᠤᠯᠬᠤ ᠵᠡᠷᠭᠡ ᠳᠠᠪᠠᠭᠤᠯᠢᠭ ᠣᠨᠴᠠᠯᠢᠭᠲᠤ ᠠᠵᠤ ᠦᠢᠯᠡᠰ ᠢ ᠶᠡᠬᠡᠪᠡᠷ ᠬᠥᠭᠵᠢᠭᠦᠯᠵᠦ᠂ ᠠᠯᠠᠱᠠ ᠶᠢᠨ ᠣᠨᠴᠠᠯᠢᠭᠲᠤ ᠨᠡᠷᠡᠳᠦ ᠲᠡᠮᠳᠡᠭ ᠢ ᠪᠤᠶ ᠪᠣᠯᠭᠠᠨ᠎ᠠ︔ ᠴᠡᠪᠡᠷ ᠡᠨᠧᠷᠭᠢ᠂ ᠰᠢᠨ᠎ᠡ ᠮᠠᠲ᠋ᠧᠷᠢᠶᠠᠯ ᠵᠡᠷᠭᠡ ᠰᠢᠨ᠎ᠡ ᠪᠠᠷ ᠪᠤᠢ ᠪᠣᠯᠤᠭᠰᠠᠨ ᠠᠵᠤ ᠦᠢᠯᠡᠰ ᠢ ᠪᠣᠶᠢᠵᠢᠭᠤᠯᠤᠨ ᠬᠥᠭᠵᠢᠭᠦᠯᠵᠦ᠂ ᠠᠯᠠᠱᠠ ᠳᠤ ᠴᠡᠪᠡᠷ ᠡᠨᠧᠷᠭᠢ ᠶᠢᠨ ᠰᠠᠭᠤᠷᠢᠨ ᠭᠠᠵᠠᠷ ᠪᠠᠶᠢᠭᠤᠯᠬᠤ ᠶᠢ ᠢᠳᠡᠪᠬᠢᠲᠡᠢ ᠠᠬᠢᠭᠤᠯᠤᠨ᠎ᠠ︔ ᠰᠣᠶᠣᠯ ᠵᠢᠭᠤᠯᠴᠢᠯᠠᠯ᠂ ᠪᠣᠭᠤᠮᠲᠠ ᠶᠢᠨ ᠠᠷᠠᠯᠵᠢᠶ᠎ᠠ᠂ ᠣᠳᠣ ᠦᠶ᠎ᠡ  ᠶᠢᠨ ᠪᠠᠷᠠᠭᠠᠨ ᠤ ᠭᠦᠢᠯᠭᠡᠭᠡ ᠵᠡᠷᠭᠡ ᠣᠳᠣ ᠦᠶ᠎ᠡ ᠶᠢᠨ ᠦᠢᠯᠡᠴᠢᠯᠡᠭᠡᠨ ᠤ ᠦᠢᠯᠡᠰ ᠢ ᠲᠦᠷᠭᠡᠳᠬᠡᠨ ᠬᠥᠭᠵᠢᠭᠦᠯᠵᠦ᠂ ᠣᠯᠠᠨ ᠡᠰᠢᠵᠢᠨ ᠬᠥᠭᠵᠢᠭᠰᠡᠨ᠂ ᠣᠯᠠᠨ ᠲᠤᠶᠢᠯ ᠢᠶᠠᠷ ᠲᠤᠯᠭᠠᠭᠤᠷᠢᠯᠠᠭᠰᠠᠨ ᠪᠣᠬᠢᠷᠲᠤᠯ ᠦᠭᠡᠶ ᠣᠨᠴᠠᠯᠢᠭᠲᠤ ᠳᠠᠪᠠᠭᠤᠯᠢᠭ ᠣᠳᠣ ᠦᠶ᠎ᠡ ᠶᠢᠨ ᠠᠵᠤ ᠦᠢᠯᠡᠰ ᠤᠨ ᠰᠢᠰᠲ᠋ᠧᠮᠵᠢ ᠶᠢ ᠬᠦᠴᠦᠯᠡᠨ ᠪᠠᠶᠢᠭᠤᠯᠤᠨ᠎ᠠ᠃       ᠭᠤᠷᠪᠠ ᠳᠤ᠂ ᠥᠭᠡᠷᠡᠴᠢᠯᠡᠯᠲᠡ ᠨᠡᠭᠡᠭᠡᠯᠳᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠤᠯᠤᠰ ᠤᠨ ᠳᠣᠲᠣᠭᠠᠳᠤ ᠭᠠᠳᠠᠭᠠᠳᠤ ᠶᠢᠨ ᠬᠤᠣᠰ ᠣᠷᠴᠢᠯ ᠤᠨ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠢᠳᠡᠪᠬᠢᠲᠡᠢ ᠠᠭᠤᠰᠣᠯᠴᠠᠨ᠎ᠠ᠃《ᠲᠠᠯᠪᠢᠬᠤ ᠬᠠᠮᠢᠶᠠᠷᠬᠤ ᠦᠢᠯᠡᠴᠢᠯᠡᠬᠦ 》ᠥᠭᠡᠷᠡᠴᠢᠯᠡᠯᠲᠡ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠬᠦᠴᠦᠨ ᠵᠦᠢᠯ ᠢ ᠵᠠᠬ᠎ᠠ ᠳᠡᠯᠭᠡᠭᠦᠷᠴᠢᠯᠡᠬᠦ ᠥᠭᠡᠷᠡᠴᠢᠯᠡᠯᠲᠡ ᠶᠢᠨ ᠠᠯᠬᠤᠴᠠ ᠶᠢ ᠲᠦᠷᠭᠡᠳᠬᠡᠨ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠠᠩᠬᠠᠷᠤᠯ  ᠳᠠᠯᠪᠢᠵᠦ ᠪᠠᠶᠢᠭ᠎ᠠ ᠵᠦᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠡᠵᠡᠩᠨᠡᠨ ᠠᠷᠠᠯᠵᠢᠶᠠᠯᠬᠤ ᠣᠷᠴᠢᠨ ᠨᠥᠬᠦᠴᠡᠯ ᠢ ᠬᠦᠴᠦᠯᠡᠨ ᠰᠢᠯᠢᠳᠡᠭᠵᠢᠭᠦᠯᠵᠦ᠂ ᠡᠷᠬᠡ ᠲᠡᠭᠰᠢ᠂ ᠢᠯᠡ ᠲᠣᠳᠣ᠂ ᠨᠡᠭᠡᠭᠡᠯᠲᠡᠲᠦ ᠡᠵᠡᠩᠨᠡᠨ ᠠᠷᠠᠯᠵᠢᠶᠠᠯᠠᠬᠤ ᠣᠷᠴᠢᠨ ᠨᠥᠬᠦᠴᠡᠯ ᠢ ᠬᠦᠴᠦᠯᠡᠨ ᠪᠣᠢ ᠪᠣᠯᠭᠠᠨ᠎ᠠ᠃ ᠨᠡᠭᠡᠭᠡᠯᠲᠡ ᠬᠢᠵᠦ ᠬᠠᠮᠲᠤᠷᠠᠯᠴᠠᠬᠤ ᠬᠢᠷᠢ ᠲᠦᠪᠰᠢᠨ ᠢᠶᠠᠨ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠴᠡᠭᠡ ᠪᠣᠭᠤᠮᠲᠠ  ᠪᠠᠷ ᠬᠦᠶᠰᠦ ᠪᠣᠯᠭᠠᠨ᠂ ᠡᠵᠡᠨ᠎ᠡ ᠶᠢᠨ ᠥᠪᠡᠷᠲᠡᠭᠡᠨ ᠵᠠᠰᠠᠬᠤ ᠣᠷᠣᠨ ᠤ ᠭᠤᠤᠯᠳᠠᠯᠭ᠎ᠠ ᠲᠠᠢ ᠨᠡᠭᠡᠭᠡᠨ ᠬᠥᠭᠵᠢᠭᠦᠯᠵᠦ ᠨᠡᠭᠡᠭᠡᠯᠲᠡ ᠬᠢᠬᠦ ᠲᠤᠷᠰᠢᠯᠲᠠ ᠶᠢᠨ ᠣᠷᠣᠨ ᠤ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠥᠯᠵᠡᠶ ᠪᠣᠭᠤᠮᠲᠠ ᠶᠢᠨ ᠰᠠᠭᠤᠷᠢ ᠳᠦᠭᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠪᠠ ᠪᠣᠭᠤᠮᠲᠠ ᠶᠢ ᠨᠡᠪᠳᠡᠷᠡᠬᠦᠯᠵᠦ ᠪᠠᠷᠠᠭ᠎ᠠ ᠶᠢ ᠥᠩᠭᠡᠷᠡᠭᠦᠯᠬᠦ ᠶᠢ ᠬᠦᠴᠦᠯᠡᠨ ᠠᠬᠢᠭᠤᠯᠤᠨ᠂ ᠲᠤᠬᠠᠶ ᠶᠢᠨ ᠭᠠᠵᠠᠷ ᠲᠤᠨᠢ ᠪᠣᠯᠪᠠᠰᠤᠷᠠᠭᠤᠯᠵᠤ ᠤᠯᠠᠷᠢᠭᠤᠯᠬᠤ ᠴᠢᠳᠠᠪᠤᠷᠢ ᠶᠢ ᠳᠡᠭᠡᠭᠰᠢᠯᠡᠭᠦᠯᠵᠦ᠂ ᠣᠷᠣᠨ ᠪᠦᠰᠡ ᠶᠢᠨ ᠬᠠᠮᠲᠤᠷᠠᠯᠴᠠᠭᠠᠨ ᠤ ᠣᠷᠳᠣ ᠬᠤᠭᠤᠴᠠᠭᠠᠨ  ᠤ ᠪᠦᠲᠦᠮᠵᠢᠲᠡᠶ ᠲᠣᠭᠲᠠᠴᠠ ᠪᠠ ᠬᠠᠮᠵᠢᠯᠴᠠᠨ ᠨᠡᠭᠡᠭᠡᠯᠲᠡ ᠬᠢᠵᠦ ᠬᠥᠭᠵᠢᠭᠦᠯᠬᠦ ᠲᠣᠭᠲᠠᠴᠠ ᠶᠢ ᠪᠠᠶᠢᠭᠤᠯᠤᠨ᠂ ᠡᠷᠬᠢᠨ ᠲᠣᠭᠤᠷᠢᠨ ᠤ ᠭᠠᠵᠠᠷ ᠣᠷᠣᠨ ᠯᠤᠭ᠎ᠠ ᠶᠢᠨ ᠰᠣᠯᠢᠯᠴᠠᠭ᠎ᠠ ᠬᠠᠮᠲᠤᠷᠠᠯᠴᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠦᠨ ᠥᠷᠭᠡᠳᠬᠡᠵᠦ᠂ ᠪᠣᠭᠤᠮᠲᠠ ᠪᠠᠷ ᠳᠠᠶᠢᠴᠢᠯᠠᠬᠤ᠂ ᠳᠣᠲᠣᠷ᠎ᠠ ᠭᠠᠵᠠᠷ ᠤᠨ ᠬᠢᠨ ᠲᠤᠯᠭᠠᠭᠤᠷᠢᠯᠠᠬᠤ᠂ ᠬᠢᠯᠢ ᠪᠠ ᠳᠣᠳᠣᠷ᠎ᠠ ᠭᠠᠵᠠᠷ ᠤᠨ ᠬᠢᠨ ᠬᠠᠷᠢᠯᠴᠠᠨ ᠬᠥᠳᠡᠯᠦᠯᠴᠡᠬᠦ ᠰᠢᠨ᠎ᠡ ᠪᠠᠶᠢᠷᠢᠰᠢᠯ ᠢ ᠪᠣᠶ ᠪᠣᠯᠭᠠᠬᠤ ᠶᠢ ᠠᠬᠢᠭᠤᠯᠤᠨ᠎ᠠ᠃       ᠳᠥᠷᠪᠡ ᠳᠤ᠂ ᠠᠷᠠᠳ ᠤᠨ ᠠᠮᠢᠳᠤᠷᠠᠯ ᠢ ᠬᠦᠴᠦᠯᠡᠨ ᠪᠠᠲᠤᠯᠠᠨ ᠰᠠᠶᠢᠵᠢᠷᠠᠭᠤᠯᠵᠤ᠂ ᠦᠨᠳᠦᠰᠦᠲᠡᠨ  ᠨᠦᠭᠦᠳ ᠤᠨ ᠣᠯᠠᠨ ᠲᠦᠮᠡᠨ ᠤ ᠠᠵᠠ ᠵᠢᠷᠭᠠᠯ ᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃ ᠠᠷᠠᠳ ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠨᠠᠷᠢᠨ ᠬᠢᠨᠠᠮᠠᠭᠠᠶ ᠦᠢᠯᠡᠳᠦᠯᠬᠡᠵᠢᠬᠦᠯᠵᠦ᠂ ᠶᠠᠳᠠᠭᠤ ᠠᠴᠠ ᠠᠩᠭᠢᠵᠢᠷᠠᠭᠤᠯᠬᠤ ᠬᠠᠪᠰᠤᠷᠤᠨ ᠲᠡᠳᠬᠦᠬᠦ ᠲᠥᠷᠥ ᠶᠢᠨ ᠪᠣᠳᠣᠯᠭ᠎ᠠ ᠶᠢ ᠲᠣᠭᠲᠠᠭᠤᠨ ᠪᠠᠶᠢᠯᠭᠠᠬᠤ ᠶᠢ ᠪᠠᠳᠣᠯᠠᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠶ ᠵᠣᠯᠭᠠᠭᠤᠯᠬᠤ ᠶᠢ ᠰᠠᠶᠢᠲᠤᠷ ᠪᠡᠶᠡᠯᠡᠬᠦᠯᠵᠦ᠂ ᠵᠠᠮ ᠬᠠᠷᠢᠯᠴᠠᠭ᠎ᠠ᠂ ᠤᠰᠤᠨ ᠠᠰᠢᠭᠯᠠᠯᠲᠠ᠂ ᠴᠠᠬᠢᠯᠭᠠᠨ ᠬᠦᠴᠦ᠂ ᠴᠢᠮᠡᠭᠡ ᠨᠡᠪᠲᠡᠷᠡᠯᠭᠡ ᠵᠡᠷᠭᠡ ᠰᠠᠭᠤᠷᠢ ᠳᠦᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠵᠦ᠂ ᠬᠥᠮᠦᠨ ᠢᠶᠠᠷ ᠭᠤᠣᠯ ᠪᠣᠯᠭᠠᠭᠰᠠᠨ ᠰᠢᠨ᠎ᠡ ᠮᠠᠶ᠋ᠢᠭ ᠤᠨ ᠬᠤᠲᠠ ᠪᠠᠯᠭᠠᠰᠤᠵᠢᠯᠲᠠ ᠶᠢᠨ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠵᠦ᠂ ᠠᠷᠭ᠎ᠠ ᠪᠦᠬᠦᠨ ᠢ ᠰᠦᠪᠡᠭᠴᠢᠯᠡᠨ ᠠᠵᠢᠯ ᠣᠯᠭᠤᠯᠲᠠ ᠶᠢ ᠲᠣᠭᠲᠠᠪᠤᠷᠢᠵᠢᠭᠤᠯᠤᠨ ᠦᠷᠭᠡᠳᠬᠡᠵᠦ᠂ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮᠵᠢ ᠶᠢ ᠪᠦᠷᠢᠨᠰᠢᠬᠦᠯᠦᠨ ᠳᠡᠭᠦᠯᠳᠡᠷᠵᠢᠬᠦᠯᠵᠦ᠂ ᠨᠡᠶᠢᠭᠡᠮ ᠤᠨ ᠦᠢᠯᠡᠰ ᠤᠨ ᠬᠥᠭᠵᠢᠯᠲᠡ ᠶᠢᠨ ᠳᠤᠲᠠᠭᠤᠳᠠᠯ ᠢ ᠲᠦᠷᠭᠡᠨ ᠨᠦᠬᠦᠪᠦᠷᠢᠯᠡᠵᠦ᠂ ᠰᠤᠷᠭᠠᠨ ᠬᠥᠮᠦᠵᠢᠯ᠂ ᠡᠮ ᠡᠮᠨᠡᠯᠭᠡ ᠵᠡᠷᠭᠡ ᠣᠯᠠᠨ ᠨᠡᠶᠢᠲᠡ ᠶᠢᠨ ᠦᠶᠯᠡᠴᠢᠯᠡᠭᠡᠨ ᠤ ᠬᠢᠷᠢ ᠲᠦᠪᠰᠢᠨ ᠢ ᠯᠠᠪᠳᠠᠭᠤᠨ ᠢᠶᠠᠷ ᠳᠡᠭᠡᠭᠰᠢᠯᠡᠬᠦᠯᠵᠦ᠂ ᠠᠷᠠᠳ ᠤᠨ ᠠᠮᠢᠳᠤᠷᠠᠯ ᠤᠨ ᠦᠨᠳᠦᠰᠦᠨ ᠪᠠᠲᠤᠯᠠᠭ᠎ᠠ ᠶᠢ ᠦᠨᠡᠨᠬᠦ  ᠴᠢᠩᠭᠠᠳᠬᠠᠵᠦ᠂ ᠠᠷᠠᠳ ᠤᠨ ᠠᠮᠢᠳᠤᠷᠠᠯ ᠤᠨ ᠴᠢᠨᠠᠷ ᠴᠢᠨᠰᠠᠭ᠎ᠠ ᠶᠢ ᠦᠷᠭᠦᠯᠵᠢᠯᠡᠨ ᠰᠠᠶᠢᠵᠢᠷᠠᠭᠤᠯᠵᠦ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ ᠵᠢᠷᠭᠠᠯᠲᠤ ᠲᠥᠷᠥᠭᠳᠡᠯ ᠠᠮᠤᠷ ᠲᠦᠪᠰᠢᠨ ᠤ ᠲᠥᠷᠥᠭᠳᠡᠯ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃       ᠲᠠᠪᠤ ᠳᠤ᠂ ᠬᠦᠨᠳᠦ ᠶᠡᠭᠡ ᠲᠦᠭᠰᠢᠭᠦᠷᠢ ᠶᠢ ᠡᠷᠡᠰ ᠰᠡᠷᠭᠡᠶᠢᠯᠡᠨ ᠠᠷᠢᠯᠭᠠᠵᠤ᠂ ᠠᠮᠤᠷ ᠲᠦᠪᠰᠢᠨ ᠬᠥᠭᠵᠢᠯᠲᠡ ᠶᠢᠨ ᠬᠤᠷᠢᠭ᠎ᠠ ᠱᠤᠭᠤᠮ ᠢ ᠪᠠᠲᠤ ᠰᠠᠬᠢᠨ᠎ᠠ᠃ ᠬᠦᠨᠳᠦ ᠶᠡᠭᠡ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ  ᠶᠢ ᠲᠣᠪᠣᠶᠢᠮ᠎ᠠ ᠪᠠᠶᠢᠷᠢᠨ ᠳᠤ ᠲᠠᠯᠪᠢᠬᠤ ᠶᠢ ᠪᠠᠷᠢᠮᠲᠠᠯᠠᠵᠤ᠂ ᠬᠢᠵᠢᠭ ᠤᠨ ᠪᠠᠶᠢᠳᠠᠯ ᠢ ᠪᠠᠶᠢᠩᠭᠤ ᠰᠡᠷᠭᠡᠶᠢᠯᠡᠨ ᠡᠵᠡᠮᠳᠡᠬᠦ ᠶᠢ ᠥᠴᠦᠬᠡᠨ ᠴᠦ ᠰᠤᠯᠠᠷᠠᠭᠤᠯᠤᠯ ᠥᠬᠡᠶ ᠰᠠᠶᠢᠲᠤᠷ ᠠᠳᠬᠤᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠣᠶ ᠪᠣᠯᠭᠠᠬᠤ ᠬᠥᠮᠦᠵᠢᠯ ᠢ ᠪᠥᠬᠦ ᠲᠠᠯ᠎ᠠ ᠪᠠᠷ ᠴᠢᠩᠭᠠᠳᠬᠠᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠠᠶᠢᠮᠠᠭ ᠢ ᠡᠭᠦᠳᠦᠨ ᠪᠠᠶᠢᠭᠤᠯᠬᠤ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠠᠶᠢᠮᠠᠭ ᠤᠨ  ᠬᠡᠪᠴᠢᠶᠡᠨ ᠳᠠᠬᠢ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢᠨ ᠲᠤᠷᠰᠢᠯᠲᠠ ᠶᠢᠨ ᠠᠵᠢᠯ ᠢ ᠯᠠᠪᠳᠠᠭᠤᠨ ᠪᠠᠲᠤᠲᠠᠶ ᠠᠬᠢᠭᠤᠯᠵᠤ᠂ ᠬᠠᠣᠯᠢᠵᠢᠭᠰᠠᠨ ᠠᠯᠠᠱᠠ᠂ ᠠᠮᠣᠭᠤᠯᠠᠩᠳᠣ ᠠᠯᠠᠱᠠ ᠶᠢᠨ ᠪᠠᠶᠢᠭᠤᠯᠤᠯᠲᠠ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠵᠦ᠂ ᠡᠯ᠎ᠡ ᠲᠥᠷᠥᠯ ᠤᠨ ᠬᠠᠤᠯᠢ  ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠦᠨᠳᠦᠰᠦᠲᠡᠨ ᠤ ᠪᠦᠯᠬᠦᠮᠳᠡᠯ᠂ ᠨᠡᠶᠢᠭᠡᠮ ᠤᠨ ᠡᠶ᠎ᠡ ᠵᠣᠬᠢᠴᠠᠯ᠂ ᠬᠢᠯᠢ ᠬᠢᠵᠠᠭᠠᠷ ᠤᠨ ᠠᠮᠤᠷ ᠲᠣᠭᠲᠠᠭᠤᠨ ᠪᠠᠶᠢᠬᠤ ᠰᠠᠶᠢᠨ ᠰᠠᠶᠢᠬᠠᠨ ᠪᠠᠶᠢᠳᠠᠯ ᠢ ᠪᠠᠬᠢᠵᠢᠭᠦᠯᠦᠨ ᠬᠥᠭᠵᠢᠭᠦᠯᠵᠦ᠂ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠦᠨᠡᠨᠬᠦ ᠪᠠᠬᠢᠵᠢᠭᠦᠯᠦᠨ᠎ᠡ᠃       ᠵᠢᠷᠭᠤᠭ᠎ᠠ ᠳᠤ᠂ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠴᠢᠩᠭᠠᠳᠬᠠᠵᠤ᠂《 ᠠᠷᠪᠠᠨ ᠳᠥᠷᠪᠡᠳᠦᠭᠡᠷ ᠲᠠᠪᠤᠨ ᠵᠢᠯ 》 ᠤᠨ ᠲᠥᠯᠥᠪᠵᠢᠭᠦᠯᠭᠡ ᠶᠢ ᠰᠠᠶᠢᠲᠤᠷ ᠡᠬᠢᠯᠡᠬᠦᠯᠬᠦ ᠶᠢ ᠪᠠᠳᠣᠯᠠᠨ᠎ᠠ᠃ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠶᠡᠷᠦᠩᠬᠡᠢ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠤᠯᠤᠰ ᠲᠦᠷᠦ ᠶᠢᠨ ᠪᠠᠶᠢᠭᠤᠯᠤᠯᠲᠠ ᠪᠠᠷ ᠶᠡᠷᠦᠩᠬᠡᠶᠢᠯᠡᠨ ᠵᠢᠯᠤᠭᠤᠳᠤᠭᠤᠯᠵᠤ ᠨᠠᠮ ᠤᠨ ᠡᠯ᠎ᠡ ᠵᠦᠢᠯ ᠤᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠠᠵᠤ ᠠᠬᠤᠢ ᠨᠡᠶᠢᠭᠡᠮ  ᠤᠨ ᠬᠥᠭᠵᠢᠯᠲᠡ ᠶᠢᠨ ᠪᠦᠬᠦ ᠶᠠᠪᠤᠴᠠ᠂ ᠡᠯ᠎ᠡ ᠲᠠᠯ᠎ᠠ ᠳᠤ ᠳᠣᠣᠱᠯᠠᠭᠤᠯᠵᠦ᠂ ᠡᠯ᠎ᠡ ᠱᠠᠲᠤᠨ ᠤ ᠺᠠᠳ᠋ᠷ ᠤᠨ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ  ᠳᠣᠣᠱᠯᠠᠭᠤᠯᠬᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠦᠷᠢᠯᠳᠦᠬᠦᠯᠬᠦ ᠳᠣᠬᠠᠢ ᠪᠣᠯᠪᠠᠰᠤᠷᠠᠯ ᠪᠣᠳᠠᠲᠤ ᠰᠣᠷᠢᠯᠳᠠ ᠶᠢ ᠦᠷᠭᠦᠯᠵᠢᠯᠡᠨ ᠴᠢᠩᠭᠠᠳᠬᠠᠵᠤ᠂ ᠺᠠᠳ᠋ᠷ ᠤᠨ ᠡᠩᠨᠡᠭᠡᠨ ᠤ ᠲᠤᠰᠬᠠᠶᠢᠵᠢᠭᠰᠠᠨ ᠲᠦᠪᠰᠢᠨ ᠢ ᠲᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ᠃ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠡᠷᠡᠰ ᠭᠤᠶᠢᠪᠢᠰᠢ ᠦᠭᠡᠢ ᠠᠬᠢᠭᠤᠯᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠨᠠᠮ ᠤᠨ ᠭᠡᠰᠢᠭᠦᠨ ᠤ ᠡᠩᠨᠡᠭᠡᠨ ᠤ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ ᠴᠢᠩᠳᠠᠯᠠᠬᠤ ᠶᠢ ᠴᠥᠬᠦᠷᠡᠰᠢ ᠦᠭᠡᠢ ᠪᠠᠷᠢᠮᠲᠠᠯᠠᠵᠤ᠂ ᠦᠨᠡᠨ ᠢ ᠪᠠᠷᠢᠮᠲᠠᠯᠠᠨ ᠪᠣᠳᠠᠲᠠᠢ  ᠶᠢ ᠡᠷᠬᠢᠮᠯᠡᠬᠦ᠂ ᠦᠨᠡᠨᠬᠦ ᠠᠳᠬᠤᠨ ᠪᠣᠳᠠᠲᠠᠢ ᠠᠵᠢᠯᠯᠠᠬᠤ ᠠᠵᠢᠯ ᠤᠨ ᠰᠤᠷᠲᠠᠯ ᠢ ᠶᠡᠭᠡ ᠪᠠᠷ ᠪᠠᠳᠠᠷᠠᠭᠤᠯᠵᠤ᠂ ᠰᠤᠷᠲᠠᠯ ᠴᠢᠬᠡᠴᠢ ᠣᠪᠣᠷ ᠲᠥᠪ ᠤᠯᠤᠰ ᠲᠦᠷᠦ ᠶᠢᠨ ᠣᠷᠴᠢᠨ ᠳᠣᠭᠤᠷᠢᠨ ᠢ ᠬᠦᠴᠦᠯᠡᠨ ᠪᠤᠢ ᠪᠣᠯᠭᠠᠵᠤ᠂ ᠰᠢᠨ᠎ᠡ ᠠᠶᠠᠨ ᠢ ᠡᠬᠢᠯᠡᠭᠦᠯᠬᠦ᠂《ᠠᠷᠪᠠᠨ ᠳᠥᠷᠪᠡᠳᠦᠭᠡᠷ ᠲᠠᠪᠤᠨ ᠵᠢᠯ 》 ᠤᠨ ᠲᠥᠯᠥᠪᠵᠢᠭᠦᠯᠭᠡ ᠶᠢᠨ ᠬᠤᠭᠤᠴᠠᠭᠠᠨ ᠳᠤ ᠡᠷᠡᠮᠡᠬᠡᠶᠢᠯᠡᠨ ᠤᠷᠤᠭᠰᠢᠯᠠᠬᠤ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠢ᠃
 
ᠢᠷᠡᠯᠲᠡ᠄ ᠦᠨᠦᠳᠦᠷ ᠤᠨ ᠠᠯᠠᠱᠠ ᠸᠢᠴᠠᠲ ᠤᠨ ᠳᠠᠪᠴᠠᠩ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号