ᠣᠯᠠᠨ ᠲᠦᠮᠡᠨ ᠤ ᠬᠠᠮᠤᠭ ᠠᠴᠠ ᠠᠩᠬᠠᠷᠴᠤ ᠪᠠᠶᠢᠭ᠎ᠠ ᠬᠠᠮᠤᠭ ᠤᠨ ᠰᠢᠭᠤᠳ ᠬᠠᠮᠤᠭ ᠤᠨ ᠪᠣᠳᠠᠲᠠᠶ ᠠᠰᠢᠭ ᠲᠤᠰᠠ ᠶᠢᠨ ᠠᠰᠠᠭᠤᠳᠠᠯ ᠢ ᠬᠦᠴᠦᠯᠡᠨ ᠰᠢ‍‌ᠵᠳᠪᠦᠷᠢᠯᠡᠨ᠎ᠠ
ᠨᠡᠶᠢᠲᠡᠯᠡᠭᠰᠡᠨ ᠴᠠᠭ᠄
2021/1/5
       — ᠠᠶᠢᠮᠠᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠨᠠᠮ ᠤᠨ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠵᠠᠩ ᠵᠢᠩ ᠸᠧᠨ ᠢ ᠰᠤᠷᠪᠤᠯᠵᠢᠯᠠᠪᠠ        ᠡᠨᠡ ᠵᠢᠯ ᠠᠴᠠ ᠨᠠᠰᠢ᠂ ᠠᠶᠢᠮᠠᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠴᠢᠩᠭ᠎ᠠ ᠠᠳᠬᠤᠨ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ ᠣᠯᠠᠨ ᠲᠦᠮᠡᠨ ᠤ ᠬᠠᠮᠤᠭ ᠠᠴᠠ ᠠᠩᠬᠠᠷᠴᠤ ᠪᠠᠶᠢᠭ᠎ᠠ᠂ ᠬᠠᠮᠤᠭ ᠤᠨ ᠰᠢᠭᠤᠳ᠂ ᠬᠠᠮᠤᠭ ᠤᠨ ᠪᠣᠳᠠᠲᠠᠶ ᠠᠰᠢᠭ ᠲᠤᠰᠠ ᠶᠢᠨ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠠᠮᠢᠵᠢᠷᠠᠯ ᠤᠨ ᠬᠦᠴᠦᠨ ᠢ ᠬᠥᠭᠵᠢᠭᠡᠪᠡ᠃ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠡᠵᠡᠩᠨᠡᠨ ᠠᠷᠠᠯᠵᠢᠶᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ ᠬᠤᠯᠪᠣᠭᠳᠠᠯ ᠪᠥᠬᠦᠶ ᠠᠰᠠᠭᠤᠳᠠᠯ ᠤᠨ ᠲᠣᠭᠤᠷᠢᠨ ᠳᠤ᠂ ᠰᠤᠷᠪᠤᠯᠵᠢᠯᠠᠬᠴᠢ ᠠᠶᠢᠮᠠᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠨᠠᠮ ᠤᠨ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠵᠠᠩ ᠵᠢᠩ ᠸᠧᠨ ᠢ ᠰᠤᠷᠪᠤᠯᠵᠢᠯᠠᠪᠠ᠃        ᠰᠤᠷᠪᠤᠯᠵᠢᠯᠠᠭᠴᠢ᠄ ᠡᠨᠡ ᠵᠢᠯ ᠠᠴᠠ ᠨᠠᠰᠢ᠂ ᠠᠶᠢᠮᠠᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠳᠣᠪᠴᠢᠶ᠎ᠠ ᠨᠢ ᠡᠵᠡᠩᠨᠡᠨ ᠠᠷᠠᠯᠵᠢᠶᠠᠯᠠᠬᠤ ᠣᠷᠴᠢᠨ ᠨᠦᠭᠦᠴᠡᠯ ᠢ ᠰᠢᠯᠢᠳᠡᠭᠵᠢᠭᠦᠯᠬᠦ᠂ ᠦᠢᠯᠡᠴᠢᠯᠡᠭᠡᠨ ᠤ ᠦᠷ᠎ᠡ ᠪᠦᠲᠦᠮᠵᠢ ᠶᠢ ᠳᠡᠭᠡᠭᠰᠢᠯᠡᠭᠦᠯᠬᠦ ᠲᠠᠯ᠎ᠠ ᠪᠠᠷ ᠶᠠᠮᠠᠷ ᠠᠵᠢᠯ ᠬᠢᠵᠦ᠂ ᠶᠠᠮᠠᠷ ᠦᠷ᠎ᠡ ᠪᠦᠲᠦᠮᠵᠢ ᠣᠯᠤᠭᠰᠠᠨ ᠪᠤᠢ︖        ᠵᠠᠩ ᠵᠢᠩ ᠸᠧᠨ᠄ ᠡᠨᠡ ᠵᠢᠯ ᠠᠴᠠ ᠨᠠᠰᠢ᠂ ᠠᠶᠢᠮᠠᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠨᠢ ᠵᠠᠰᠠᠭ ᠵᠠᠬᠢᠷᠭᠠᠨ ᠤ ᠡᠷᠬᠡ ᠬᠠᠷᠢᠭᠤᠴᠠᠯᠭ᠎ᠠ ᠶᠢᠨ ᠨᠠᠷᠢᠨ ᠲᠠᠩᠰᠠ ᠳᠤ ᠬᠥᠳᠡᠯᠦᠩᠭᠦᠶ ᠲᠣᠬᠢᠷᠠᠭᠤᠯᠤᠯᠲᠠ ᠬᠢᠵᠤ᠂ ᠨᠡᠶᠢᠲᠡ 16 ᠲᠦᠷᠦᠯ ᠤᠨ ᠵᠠᠰᠠᠭ ᠵᠠᠬᠢᠷᠭᠠᠨ ᠤ ᠡᠷᠬᠡ ᠶᠢ ᠬᠦᠴᠦᠨ ᠥᠬᠡᠶ ᠪᠣᠯᠭᠠᠵᠤ᠂ ᠲᠣᠬᠢᠷᠠᠭᠤᠯᠤᠯᠲᠠ ᠬᠢᠭᠰᠡᠨ ᠤ ᠳᠠᠷᠠᠭ᠎ᠠ ᠡᠷᠬᠡ ᠬᠠᠷᠢᠭᠤᠴᠠᠯᠭ᠎ᠠ ᠶᠢᠨ ᠨᠠᠷᠢᠨ ᠲᠠᠩᠰᠠ ᠶᠢ 126 ᠵᠦᠢᠯ ᠪᠠᠶᠢᠭᠰᠠᠨ ᠠᠴᠠ 111 ᠵᠦᠢᠯ ᠪᠣᠯᠭᠠᠨ ᠪᠠᠭᠠᠰᠬᠠᠪᠠ᠃ ᠡᠭᠦᠨ ᠤ ᠬᠠᠮᠳᠤ᠂ ᠠᠵᠢᠯ ᠮᠡᠷᠭᠡᠵᠢᠯ ᠤᠨ ᠬᠢᠷᠢ ᠬᠡᠮ ᠤᠨ ᠥᠭᠡᠷᠡᠴᠢᠯᠡᠯᠲᠡ ᠶᠢ ᠠᠬᠢᠭᠤᠯᠬᠤ ᠠᠵᠢᠯ ᠤᠨ ᠱᠠᠭᠠᠷᠳᠠᠯᠭ᠎ᠠ ᠶᠢ ᠪᠦᠲᠦᠮᠵᠢᠲᠡᠶ ᠨᠠᠶᠢᠳᠠᠪᠤᠷᠢᠵᠢᠭᠤᠯᠵᠤ᠂ ᠤᠯᠤᠰ᠂ ᠥᠪᠡᠷᠲᠡᠭᠡᠨ ᠵᠠᠰᠠᠬᠤ ᠣᠷᠣᠨ ᠤ ᠠᠵᠢᠯ ᠮᠡᠷᠭᠡᠵᠢᠯ ᠤᠨ ᠬᠢᠷᠢ ᠬᠡᠮ ᠤᠨ ᠵᠥᠪᠰᠢᠶᠡᠷᠡᠯ ᠪᠠ ᠨᠣᠳᠠᠯᠠᠨ ᠲᠣᠭᠲᠠᠭᠠᠯᠲᠠ ᠶᠢᠨ 434 ᠵᠦᠢᠯᠡᠰ ᠢ ᠬᠦᠴᠦᠨ ᠥᠬᠡᠶ ᠪᠣᠯᠭᠠᠵᠤ᠂ ᠴᠢᠳᠠᠪᠤᠷᠢᠲᠠᠨ ᠤ ᠠᠵᠢᠯ ᠡᠷᠭᠢᠯᠡᠬᠦ ᠪᠠᠬᠢᠯᠡᠯᠲᠡ ᠶᠢ ᠤᠯᠠᠮ ᠨᠢᠭᠡ ᠠᠯᠬᠤᠮ ᠪᠠᠭᠠᠰᠬᠠᠨ᠂ ᠴᠢᠳᠠᠪᠤᠷᠢᠲᠠᠨ ᠤ ᠰᠢᠨ᠎ᠡ ᠶᠢ ᠡᠭᠦᠳᠬᠦ ᠪᠠ ᠦᠢᠯᠡᠰ ᠪᠦᠳᠦᠭᠡᠬᠦ ᠰᠢᠨ᠎ᠡ ᠠᠮᠢᠵᠢᠷᠠᠯ ᠤᠨ ᠬᠦᠴᠦᠨ ᠢ ᠬᠦᠢᠴᠡᠳ ᠪᠠᠳᠠᠷᠠᠭᠤᠯᠪᠠ᠃ ᠦᠢᠯᠡᠰ ᠪᠦᠳᠦᠭᠡᠬᠦ ᠳᠠᠭᠠᠭᠠᠯᠲᠠ ᠲᠠᠢ ᠵᠢᠭᠡᠯᠡᠯᠭᠡ ᠶᠢᠨ ᠲᠤᠭ᠎ᠠ ᠶᠢ ᠳᠡᠭᠡᠭᠰᠢᠯᠡᠭᠦᠯᠬᠦ᠂ ᠦᠢᠯᠡᠰ ᠪᠦᠳᠦᠭᠡᠬᠦ ᠬᠦᠷᠢᠶᠡᠯᠡᠩ ᠤᠨ ᠳᠦᠷᠢᠶᠡᠰᠦᠨ ᠮᠦᠩᠬᠦ ᠶᠢ ᠭᠡᠯᠳᠦᠷᠢᠭᠦᠯᠬᠦ ᠵᠡᠷᠭᠡ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠳᠣᠣᠱᠯᠠᠭᠤᠯᠣᠨ᠂ ᠨᠥᠬᠦᠴᠡᠯ ᠳᠤ ᠨᠡᠶᠢᠴᠡᠬᠦ ᠬᠤᠪᠢ ᠬᠥᠮᠦᠨ ᠤ ᠬᠠᠮᠤᠭ ᠤᠨ ᠣᠯᠠᠨ ᠳᠠᠭᠠᠨ ᠭᠤᠶᠤᠴᠢᠯᠠᠵᠤ ᠪᠣᠯᠬᠤ ᠦᠢᠯᠡᠰ ᠪᠦᠳᠦᠭᠡᠬᠦ ᠳᠠᠭᠠᠭᠠᠯᠲᠠ ᠲᠠᠢ ᠵᠢᠭᠡᠯᠡᠯᠭᠡ ᠶᠢᠨ ᠲᠤᠭ᠎ᠠ ᠬᠡᠮᠵᠢᠶ᠎ᠡ ᠶᠢ 15 ᠲᠦᠮᠡᠨ ᠲᠥᠭᠦᠷᠢᠭ ᠪᠠᠶᠢᠭᠰᠠᠨ ᠠᠴᠠ 20 ᠲᠦᠮᠡᠨ ᠲᠥᠭᠦᠷᠢᠭ ᠪᠣᠯᠭᠠᠨ ᠳᠡᠭᠡᠭᠰᠢᠯᠡᠭᠦᠯᠵᠦ᠂ ᠨᠠᠶᠢᠳᠠ 310 ᠠᠵᠤ ᠠᠬᠤᠶᠢᠯᠠᠯ ᠵᠢᠴᠢ ᠬᠤᠳᠠᠯᠳᠤᠭᠠᠨ ᠤ ᠡᠷᠦᠬᠡ ᠳᠤ 277 ᠲᠦᠮᠡ ᠭᠠᠷᠤᠶ ᠲᠥᠭᠦᠷᠢᠭ ᠤᠨ ᠲᠦᠷᠢᠶᠡᠰᠦᠨ ᠮᠥᠩᠭᠦ ᠶᠢ ᠭᠡᠯᠳᠦᠷᠢᠭᠦᠯᠪᠠ᠃ ᠬᠠᠤᠯᠢ ᠬᠡᠷᠡᠭᠵᠢᠭᠦᠯᠦᠯᠲᠡ ᠶᠢᠨ ᠲᠤᠰᠬᠠᠶ ᠪᠠᠶᠢᠴᠠᠭᠠᠯᠲᠠ ᠶᠢ 4 ᠤᠳᠠᠭ᠎ᠠ ᠦᠷᠨᠢᠬᠦᠯᠵᠦ᠂ 4052 ᠬᠥᠳᠡᠯᠮᠦᠷᠢᠴᠢᠨ ᠳᠤ ᠬᠤᠯᠪᠣᠭᠳᠠᠭᠰᠠᠨ ᠡᠯ᠎ᠡ ᠲᠦᠷᠦᠯ ᠤᠨ ᠬᠥᠮᠦᠨ ᠬᠡᠷᠡᠭᠯᠡᠬᠦ ᠨᠢᠭᠡᠴᠡ ᠶᠢ ᠨᠡᠶᠢᠳᠡ 62 ᠡᠷᠦᠬᠡ ᠪᠠᠶᠢᠴᠠᠭᠠᠵᠤ᠂ ᠬᠥᠮᠦᠨ ᠬᠡᠷᠡᠭᠯᠡᠬᠦ ᠨᠢᠬᠡᠴᠡ ᠶᠢᠨ ᠬᠥᠳᠡᠯᠮᠦᠷᠢ ᠬᠦᠴᠦᠨ ᠢ ᠬᠡᠷᠡᠭᠯᠡᠬᠦ ᠠᠵᠢᠯᠯᠠᠭ᠎ᠠ ᠶᠢ ᠳᠦᠷᠢᠮᠵᠢᠬᠦᠯᠦᠨ᠂ ᠬᠥᠳᠡᠯᠮᠦᠷᠢᠴᠢᠨ ᠤ ᠬᠠᠤᠯᠢ ᠳᠤ ᠨᠡᠶᠢᠴᠡᠬᠦ ᠡᠷᠬᠡ ᠠᠰᠢᠭ ᠢ ᠬᠠᠮᠠᠭᠠᠯᠠᠪᠠ᠃ ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ︾ ᠶᠢ ᠢᠳᠡᠪᠬᠢᠲᠡᠶ ᠠᠬᠢᠭᠤᠯᠵᠤ᠂ ᠠᠵᠢᠯ ᠶᠠᠪᠤᠳᠠᠯ ᠭᠦᠢᠴᠡᠳᠬᠡᠬᠦ ᠶᠠᠪᠤᠴᠠ ᠶᠢ ᠳᠥᠭᠦᠮᠴᠢᠯᠡᠨ᠂ ᠮᠠᠲ᠋ᠧᠷᠢᠶᠠᠯ ᠢ ᠴᠣᠮᠬᠠᠳᠬᠠᠵᠤ᠂ ᠴᠠᠭ ᠤᠨ ᠬᠢᠵᠠᠭᠠᠷ ᠢ ᠪᠣᠭᠤᠨᠢᠰᠬᠠᠪᠠ᠃ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠤᠬᠠᠶᠢᠯᠠᠭᠰᠠᠨ ᠠᠵᠢᠯ ᠤᠨ ᠤᠨᠴᠠᠯᠢᠬᠳᠤ ᠤᠢᠢᠯᠡᠴᠢᠯᠡᠭᠡ ᠶᠢ ᠪᠤᠢ ᠪᠤᠯᠭᠠᠨ᠂ ᠡᠯ᠎ᠡ ᠱᠠᠲᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠦᠢᠯᠡᠴᠢᠯᠡᠭᠡᠨ ᠤ ᠲᠢᠩᠬᠢᠮ ᠪᠣᠯᠤᠨ ᠨᠡᠶᠢᠭᠡᠮ ᠤᠨ ᠠᠷᠠᠳ ᠤᠨ ᠠᠮᠢᠳᠤᠷᠠᠯ ᠤᠨ ᠲᠠᠪᠴᠠᠩ ᠢ ᠠᠰᠢᠬᠯᠠᠨ᠂ ᠡᠯ᠎ᠡ ᠲᠥᠷᠥᠯ ᠤᠨ ᠲᠤᠬᠠᠶᠢᠯᠠᠭᠰᠠᠨ ᠠᠵᠢᠯ ᠢ ᠡᠮᠬᠢᠯᠡᠨ ᠨᠡᠶᠢᠯᠡᠭᠦᠯᠬᠦ ᠪᠠᠷ ᠳᠠᠮᠵᠢᠨ ᠪᠡᠷᠢᠮᠵᠢᠶᠡᠵᠢᠭᠤᠯᠬᠤ ᠲᠥᠬᠦᠭᠡᠷᠦᠮᠵᠢ ᠶᠢ ᠲᠣᠬᠢᠷᠠᠭᠤᠯᠵᠤ᠂ ᠪᠦᠬᠦ ᠠᠶᠢᠮᠠᠭ ᠲᠤ 69 ︽ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠦᠢᠯᠡᠴᠢᠯᠡᠭᠡᠨ ᠤ ᠲᠥᠪ︾ ᠢ ᠪᠠᠶᠢᠭᠤᠯᠵᠤ᠂ ᠬᠤᠲᠠ ᠬᠥᠳᠡᠭᠡ ᠶᠢᠨ ᠰᠠᠭᠤᠭᠠᠯᠢ ᠠᠷᠠᠳ ᠨᠡᠶᠢᠭᠡᠮ ᠤᠨ ᠳᠠᠭᠠᠳᠬᠠᠯ᠂ ᠡᠮᠴᠢᠯᠡᠭᠡᠨ ᠤ ᠬᠡᠷᠡᠭᠯᠡᠭᠡᠨ ᠤ ᠨᠠᠷᠢᠨ ᠲᠠᠩᠰᠠ ᠵᠡᠷᠭᠡ ᠪᠠᠨ ᠲᠦᠷᠭᠡᠨ ᠪᠠᠶᠢᠴᠠᠭᠠᠨ ᠯᠠᠪᠯᠠᠵᠤ ᠪᠣᠯᠬᠤ ᠪᠥᠭᠡᠳ ᠪᠠᠰᠠ ᠳᠠᠭᠠᠳᠬᠠᠯ ᠳᠤ ᠣᠷᠣᠯᠴᠠᠭᠰᠠᠨ ᠳᠡᠩᠰᠡᠯᠠᠯᠳᠠ᠂ ᠠᠵᠢᠯ ᠣᠯᠤᠭᠰᠠᠨ ᠳᠡᠩᠰᠡᠯᠠᠯᠳᠠ ᠵᠡᠷᠬᠡ ᠣᠯᠠᠨ ᠳᠦᠷᠦᠯ ᠤᠨ ᠲᠤᠬᠠᠶᠢᠯᠠᠭᠰᠠᠨ ᠠᠵᠢᠯ ᠢ ᠬᠦᠢᠴᠡᠳᠭᠡᠵᠦ ᠪᠤᠯᠬᠤ ᠪᠤᠯᠭᠠᠪᠠ᠃       ᠰᠤᠷᠪᠤᠯᠵᠢᠯᠠᠭᠴᠢ᠄ ᠡᠵᠡᠩᠨᠡᠨ ᠠᠷᠠᠯᠵᠢᠶᠠᠯᠠᠬᠤ ᠤᠷᠴᠢᠨ ᠨᠦᠭᠦᠴᠡᠯ ᠢ ᠰᠢᠯᠢᠳᠡᠭᠵᠢᠭᠦᠯᠬᠦ ᠲᠠᠯ᠎ᠠ ᠪᠠᠷ ᠪᠠᠰᠠ ᠶᠠᠮᠠᠷ ᠠᠰᠠᠭᠤᠳᠠᠯ ᠣᠷᠣᠰᠢᠵᠤ ᠪᠠᠶᠢᠬᠤ ᠪᠤᠢ︖       ᠵᠠᠩ ᠵᠢᠩ ᠸᠧᠨ᠄ ᠨᠢᠭᠡ ᠳᠤ᠂ ᠰᠢᠨ᠎ᠡ ᠶᠢ ᠡᠭᠦᠳᠬᠦ ᠶᠢ ᠳᠠᠭᠠᠵᠤ ᠤᠷᠤᠭᠰᠢᠯᠠᠬᠤ ᠳᠠᠯ᠎ᠠ ᠪᠠᠷ ᠴᠢᠩᠭ᠎ᠠ ᠪᠢᠰᠢ ᠪᠠᠶᠢᠬᠤ ᠠᠰᠠᠭᠤᠳᠠᠯ ᠣᠷᠣᠰᠢᠵᠤ ᠪᠠᠶᠢᠨ᠎ᠠ᠃ ᠠᠵᠤ ᠠᠬᠤᠶᠢᠯᠠᠯ ᠤᠨ ᠬᠥᠭᠵᠢᠯᠲᠡ ᠳᠤ ᠦᠢᠯᠡᠴᠢᠯᠡᠬᠦ᠂ ᠠᠵᠤ ᠠᠬᠤᠶᠢᠯᠠᠯ ᠳᠤ ᠭᠦᠨᠵᠡᠭᠡᠶᠢᠷᠡᠨ ᠠᠰᠠᠭᠤᠳᠠᠯ ᠢ ᠰᠢᠢᠳᠪᠦᠷᠢᠯᠡᠬᠦ ᠶᠢ ᠠᠩᠬᠠᠷᠬᠤ ᠲᠠᠯ᠎ᠠ ᠪᠠᠷ ᠪᠠᠰᠠ ᠬᠦᠷᠦᠯᠴᠡᠬᠦ ᠦᠭᠡᠶ ᠪᠠᠶᠢᠨ᠎ᠠ᠃ ᠬᠤᠶᠠᠷ ᠲᠤ᠂ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠬᠤ ᠡᠷᠴᠢᠮ ᠰᠤᠯᠠ ᠪᠠᠶᠢᠬᠤ ᠠᠰᠠᠭᠤᠳᠠᠯ ᠣᠷᠣᠰᠢᠵᠤ ᠪᠠᠶᠢᠨ᠎ᠠ᠃ ᠠᠵᠢᠯ ᠤᠨ ᠳᠤᠮᠳᠠ ᠵᠠᠷᠢᠮ ᠳᠠᠭᠠᠨ ᠬᠤᠷᠳᠤᠴᠠ ᠶᠢ ᠴᠢᠬᠤᠯᠠᠴᠢᠯᠠᠨ᠂ ᠤᠬᠠᠭᠤᠯᠭ᠎ᠠ ᠬᠢᠵᠤ᠂ ᠲᠤᠬᠠᠶᠢᠯᠠᠭᠰᠠᠨ ᠠᠵᠢᠯ ᠤᠨ ᠰᠢᠢᠳᠪᠦᠷᠢᠯᠡᠯᠳᠡ ᠶᠢ ᠲᠦᠷᠭᠡᠳᠬᠡᠨ᠂ ᠠᠵᠢᠯ ᠬᠦᠢᠴᠡᠳᠬᠡᠬᠦ ᠶᠠᠪᠤᠴᠠ ᠶᠢ ᠳᠥᠭᠦᠮᠴᠢᠯᠡᠭᠰᠡᠨ ᠪᠣᠯᠪᠠᠴᠤ ᠲᠥᠷᠥ ᠶᠢᠨ ᠪᠣᠳᠣᠯᠭ᠎ᠠ ᠶᠢᠨ ᠠᠰᠢᠭ ᠬᠦᠷᠲᠡᠭᠡᠬᠦ ᠬᠡᠮᠵᠢᠶ᠎ᠡ ᠶᠢ ᠠᠩᠬᠠᠷᠤᠭᠰᠠᠨ ᠢᠶᠠᠷ ᠬᠦᠷᠦᠯᠴᠡᠬᠦ ᠥᠬᠡᠶ᠂ ᠠᠵᠤ ᠠᠬᠤᠶᠢᠯᠠᠯ ᠤᠨ ᠬᠢᠨ ᠲᠥᠷᠥ ᠶᠢᠨ ᠪᠣᠳᠣᠯᠭ᠎ᠠ ᠬᠦᠷᠳᠡᠬᠦ ᠪᠠᠷ ᠭᠤᠶᠤᠴᠢᠯᠠᠨ ᠮᠡᠳᠡᠭᠦᠯᠬᠦ ᠳᠤ ᠮᠦᠨ ᠬᠦ ︽ᠬᠦᠯᠢᠶᠡᠬᠦ︾ ᠦᠵᠡᠯ ᠰᠠᠨᠠᠭ᠎ᠠ ᠲᠠᠢ ᠪᠠᠶᠢᠵᠤ᠂ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢᠨ ᠡᠷᠴᠢᠮ ᠢ ᠨᠥᠯᠥᠭᠡᠯᠡᠵᠤ ᠪᠠᠶᠢᠨ᠎ᠠ᠃ ᠭᠤᠷᠪᠠ ᠳᠤ᠂ ᠮᠡᠳᠡᠭᠡ ᠵᠠᠩᠬᠢᠴᠢᠯᠠᠯᠳᠠ ᠶᠢᠨ ᠦᠢᠯᠡᠴᠢᠯᠡᠭᠡᠨ ᠤ ᠬᠢᠷᠢ ᠬᠡᠮᠵᠢᠶ᠎ᠡ ᠥᠨᠳᠥᠷ ᠪᠢᠰᠢ ᠪᠠᠶᠢᠬᠤ ᠠᠰᠠᠭᠤᠳᠠᠯ ᠣᠷᠣᠰᠢᠵᠤ ᠪᠠᠶᠢᠨ᠎ᠠ᠃ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠣᠶᠣᠨᠴᠢ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠮᠡᠳᠡᠭᠡ ᠵᠠᠩᠭᠢ ᠶᠢᠨ ᠠᠷᠭ᠎ᠠ ᠵᠠᠮ ᠢ ᠤᠯᠠᠮ ᠨᠢᠭᠡ ᠠᠯᠬᠤᠮ ᠰᠠᠭᠠᠳ ᠥᠬᠡᠶ ᠨᠡᠪᠲᠡᠷᠡᠭᠦᠯᠤᠨ᠂ ᠮᠡᠳᠡᠭᠡ ᠵᠠᠩᠭᠢ ᠶᠢ ᠢᠯᠡᠭᠦᠤ ᠰᠣᠯᠢᠯᠴᠠᠭᠤᠯᠵᠦ᠂ ᠠᠵᠢᠯᠲᠠᠨ ᠢ ᠳᠤᠲᠠᠭᠤ ᠭᠦᠶᠦᠯᠭᠡᠬᠦ ᠶᠢ ᠬᠦᠢᠴᠡᠳ ᠪᠡᠶᠡᠯᠡᠭᠦᠯᠤᠨ᠂ ᠮᠡᠳᠡᠭᠡ  ᠵᠠᠩᠬᠢᠴᠢᠯᠠᠯᠳᠠ ᠶᠢᠨ ᠦᠢᠯᠡᠴᠢᠯᠡᠬᠡᠨ ᠤ ᠬᠢᠷᠢ ᠲᠦᠪᠰᠢᠨ ᠢ ᠦᠨᠡᠨᠬᠦ ᠳᠡᠭᠡᠭᠰᠢᠯᠡᠭᠦᠯᠬᠦ ᠬᠡᠷᠡᠭᠲᠡᠶ ᠪᠠᠶᠢᠨ᠎ᠠ᠃       ᠰᠤᠷᠪᠤᠯᠵᠢᠯᠠᠭᠴᠢ᠄ ᠲᠠᠷᠠᠭᠠᠴᠢ ᠪᠠᠷ ᠶᠠᠮᠠᠷ ᠰᠢᠨ᠎ᠡ ᠠᠷᠭ᠎ᠠ ᠬᠡᠮᠵᠢᠶ᠎ᠡ ᠠᠪᠬᠤ ᠪᠣᠶ︖       ᠵᠠᠩ ᠵᠢᠩ ᠸᠧᠨ᠄ ᠪᠢᠳᠡ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠲᠦᠷᠢᠮ ᠤᠨ ᠥᠭᠡᠷᠡᠴᠢᠯᠡᠯᠲᠡ ᠶᠢ ᠦᠷᠭᠦᠯᠵᠢᠯᠡᠨ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠬᠦᠴᠦᠨ ᠥᠬᠡᠶ ᠪᠣᠯᠭᠠᠭᠰᠠᠨ᠂ ᠳᠣᠷᠣᠭᠰᠢ ᠪᠠᠭᠤᠯᠭᠠᠭᠰᠠᠨ ᠵᠠᠰᠠᠭ ᠵᠠᠬᠢᠷᠭᠠᠨ ᠤ ᠡᠷᠬᠡ ᠶᠢᠨ ᠪᠠᠶᠢᠳᠠᠯ ᠵᠢᠴᠢ ᠠᠶᠢᠮᠠᠭ ᠤᠨ ᠨᠢᠭᠡᠳᠦᠯᠲᠡᠶ ᠲᠣᠬᠢᠷᠠᠭᠤᠯᠤᠯᠲᠠ ᠶᠢ ᠦᠨᠳᠦᠰᠦᠯᠡᠨ᠂ ᠵᠠᠰᠠᠭ ᠵᠠᠬᠢᠷᠭᠠᠨ ᠤ ᠡᠷᠬᠡ ᠬᠠᠷᠢᠭᠤᠴᠠᠯᠭ᠎ᠠ ᠳᠤ ᠴᠠᠭ ᠲᠤᠬᠠᠶ ᠳᠤᠨᠢ ᠬᠥᠳᠡᠯᠦᠩᠭᠦᠶ ᠲᠣᠬᠢᠷᠠᠭᠤᠯᠤᠯᠲᠠ ᠬᠢᠨ᠎ᠠ᠃ ︽ᠭᠠᠷᠳᠠᠮ ᠢ ᠴᠥᠭᠡᠳᠬᠡᠨ ᠠᠷᠠᠳ ᠲᠤ ᠲᠥᠬᠦᠮ ᠦᠵᠡᠭᠦᠯᠬᠦ︾ ᠬᠠᠮᠢᠶ᠎ᠠ ᠪᠥᠬᠦᠶ ᠠᠵᠢᠯ ᠢ ᠦᠷᠭᠦᠯᠵᠢᠯᠡᠨ ᠰᠠᠶᠢᠲᠤᠷ ᠬᠢᠵᠦ᠂ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢᠨ ᠠᠵᠢᠯ ᠤᠨ ᠱᠠᠭᠠᠷᠳᠠᠯᠭ᠎ᠠ ᠵᠢᠴᠢ ᠠᠶᠢᠮᠠᠭ ᠤᠨ ᠬᠠᠮᠢᠶ᠎ᠠ ᠪᠥᠬᠦᠶ ᠭᠤᠤᠯᠴᠢᠯᠠᠨ ᠬᠠᠮᠢᠶᠠᠷᠬᠤ ᠨᠢᠭᠡᠴᠡ ᠶᠢᠨ ᠨᠢᠭᠡᠳᠦᠯᠲᠡᠶ ᠪᠠᠶᠢᠷᠢᠯᠠᠭᠤᠯᠤᠯᠲᠠ ᠶᠢ ᠦᠨᠳᠦᠰᠦᠯᠡᠨ᠂ ᠭᠡᠷᠡᠴᠢᠯᠡᠬᠦ ᠵᠦᠢᠯᠡᠰ ᠢ ᠦᠷᠭᠦᠯᠵᠢᠯᠡᠨ  ᠳᠦᠷᠢᠮᠵᠢᠬᠦᠯᠬᠦ ᠶᠢᠨ ᠬᠠᠮᠲᠤ᠂ ᠬᠡᠰᠡᠭ ᠲᠤᠬᠠᠶᠢᠯᠠᠭᠰᠠᠨ ᠠᠵᠢᠯ ᠳᠤ ᠮᠡᠳᠡᠭᠳᠡᠵᠦ ᠠᠮᠠᠯᠠᠭᠤᠯᠬᠤ ᠲᠦᠷᠢᠮ ᠢ ᠲᠤᠷᠰᠢᠨ ᠬᠡᠷᠡᠭᠵᠢᠭᠦᠯᠬᠦ ᠶᠢ ᠰᠦᠪᠡᠭᠴᠢᠯᠡᠨ᠎ᠡ᠃ ᠦᠢᠯᠡᠴᠢᠯᠡᠬᠡᠨ ᠤ ᠠᠷᠭ᠎ᠠ ᠮᠠᠶ᠋ᠢᠭ ᠢ ᠲᠠᠰᠤᠷᠠᠯᠲᠠ ᠥᠬᠡᠶ ᠰᠢᠯᠢᠳᠡᠭᠵᠢᠭᠦᠯᠵᠦ᠂ ᠦᠢᠯᠡᠴᠢᠯᠡᠬᠡᠨ ᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ︽ᠭᠤᠷᠪᠠ ᠶᠢ ᠲᠦᠪᠯᠡᠷᠡᠭᠦᠯᠦᠨ ᠭᠤᠷᠪᠠ ᠶᠢ ᠤᠷᠤᠨ ᠪᠠᠶᠢᠷᠢ ᠳᠤᠨᠢ ᠬᠦᠷᠭᠡᠬᠦ︾ ᠶᠢ ᠴᠢᠩᠭ᠎ᠠ ᠨᠠᠶᠢᠳᠠᠪᠤᠷᠢᠵᠢᠭᠤᠯᠵᠤ᠂ ᠠᠶᠢᠮᠠᠭ ᠤᠨ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠲᠢᠩᠬᠢᠮ ᠳᠤ ᠳᠣᠬᠢᠷᠠᠭᠤᠯᠣᠭᠰᠠᠨ ᠬᠥᠮᠦᠨ ᠤ ᠬᠦᠴᠦᠨ ᠤ ᠡᠬᠢ ᠪᠠᠶᠠᠯᠢᠭ᠂ ᠠᠵᠢᠯ ᠣᠯᠭᠤᠯᠲᠠ᠂ ᠨᠡᠶᠢᠭᠡᠮ ᠤᠨ ᠪᠠᠲᠤᠯᠠᠭ᠎ᠠ ᠵᠡᠷᠭᠡ ᠦᠢᠯᠡᠴᠢᠯᠡᠬᠡᠨ ᠤ ᠭᠤᠷᠪᠠᠨ ᠴᠣᠩᠬᠤᠪᠴᠢ ᠶᠢᠨ ᠬᠠᠮᠢᠶᠠᠷᠤᠯᠲᠠ ᠶᠢ ᠴᠢᠩᠭᠠᠳᠬᠠᠵᠤ᠂ ᠨᠢᠭᠡ  ᠴᠣᠩᠬᠤᠪᠴᠢ ᠪᠠᠷ ᠭᠥᠯᠢᠶᠡᠨ ᠠᠪᠴᠤ ᠰᠢᠢᠳᠪᠦᠷᠢᠯᠡᠬᠦ᠂ ᠨᠢᠭᠡ ᠥᠷᠲᠡᠭᠡ ᠶᠢᠨ ᠮᠠᠶ᠋ᠢᠭ ᠢᠶᠠᠷ ᠰᠢᠢᠳᠪᠦᠷᠢᠯᠡᠵᠦ ᠳᠠᠭᠤᠰᠬᠠᠬᠤ ᠶᠢ ᠦᠨᠡᠨᠬᠦ ᠪᠠᠲᠤᠯᠠᠨ᠎ᠠ᠃ ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ︾ ᠶᠢ ᠢᠳᠡᠪᠬᠢᠲᠡᠶ ᠠᠬᠢᠭᠤᠯᠵᠤ᠂ ᠮᠠᠲ᠋ᠧᠷᠢᠶᠠᠯ ᠢ ᠪᠠᠭᠠᠰᠬᠠᠬᠤ᠂ ᠴᠠᠭ ᠤᠨ ᠬᠢᠵᠠᠭᠠᠷ ᠢ ᠪᠣᠭᠤᠨᠢᠰᠬᠠᠬᠤ᠂ ᠶᠠᠪᠤᠴᠡ ᠶᠢ ᠲᠦᠭᠦᠮᠴᠢᠯᠡᠬᠦ  ᠳᠠᠯ᠎ᠠ ᠳᠤ ᠦᠷᠭᠦᠯᠵᠢᠯᠡᠨ ᠬᠦᠴᠦᠯᠡᠵᠦ᠂ ᠣᠯᠠᠨ ᠲᠦᠮᠡᠨ ᠳᠤ ᠰᠠᠶᠢᠨ ᠶᠠᠪᠤᠳᠠᠯ ᠬᠢᠵᠤ ᠥᠭᠬᠦ ᠶᠢ ᠦᠨᠡᠨᠬᠦ ᠪᠡᠶᠡᠯᠡᠭᠦᠯᠦᠨ᠎ᠡ᠃ ᠵᠠᠬᠢᠳᠠᠯ ᠰᠤᠷᠪᠤᠯᠵᠢᠯᠠᠭ᠎ᠠ᠂ ᠶᠡᠷᠦᠩᠬᠡᠶᠢᠯᠡᠨ ᠵᠠᠰᠠᠬᠤ ᠵᠡᠷᠭᠡ ᠨᠢᠭᠡᠴᠡ ᠲᠠᠢ ᠬᠠᠷᠢᠯᠴᠠᠭ᠎ᠠ ᠪᠠᠨ ᠴᠢᠩᠭᠠᠳᠬᠠᠵᠤ᠂ ᠵᠥᠷᠢᠴᠡᠯ ᠢ ᠯᠠᠪᠳᠠᠭᠤᠨ ᠢᠶᠠᠷ ᠨᠠᠮᠳᠠᠭᠤᠯᠵᠤ᠂ ᠡᠶ᠎ᠡ ᠵᠣᠬᠢᠴᠠᠯ ᠲᠠᠢ ᠬᠥᠳᠡᠯᠮᠦᠷᠢ ᠶᠢᠨ ᠬᠠᠷᠢᠴᠠᠭ᠎ᠠ ᠶᠢ ᠪᠣᠢ ᠪᠣᠯᠭᠠᠨ᠎ᠠ᠃
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号