ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠶ ᠰᠠᠶᠢᠳ ᠯᠢ ᠺᠧ ᠴᠢᠶᠠᠩ 12 ᠳ᠋ᠤᠭᠠᠷ ᠰᠠᠷ᠎ᠠ ᠶᠢᠨ | 30 ᠤ ᠡᠳᠦᠷ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ | ᠬᠦᠯᠦᠰᠦᠨ ᠠᠵᠢᠯᠴᠢᠳ ᠤᠨ ᠴᠠᠯᠢᠩ ᠢ ᠣᠯᠭᠤᠭᠰᠠᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠴᠤ᠂ | ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠶᠢ ᠴᠢᠩᠭᠠᠳᠬᠠᠵᠤ᠂ ᠬᠦᠯᠦᠰᠦᠨ ᠠᠵᠢᠯᠴᠢᠨ ᠤᠨ ᠬᠥᠯᠥᠰᠥ | ᠣᠯᠭᠤᠮᠵᠢ ᠪᠠᠨ ᠲᠣᠭᠲᠠᠭᠰᠠᠨ ᠴᠠᠭ ᠲᠠᠭᠠᠨ ᠲᠤᠭ᠎ᠠ ᠶᠣᠰᠣᠭᠠᠷ ᠤᠯᠬᠤ ᠶᠢ ᠨᠢ ᠦᠨᠡᠨᠬᠦ ᠪᠠᠲᠤᠯᠠᠬᠤ ᠬᠡᠷᠡᠭᠲᠡᠶ ᠭᠡᠵᠦ | ᠱᠠᠭᠠᠷᠳᠠᠵᠠᠶ︔ ᠴᠠᠭᠠᠨ ᠰᠠᠷ᠎ᠠ ᠶᠢᠨ ᠵᠠᠮ ᠲᠡᠭᠡᠭᠡᠪᠦᠷᠢ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ | ᠦᠨᠡᠨᠬᠦ ᠰᠠᠶᠢᠲᠤᠷ ᠬᠢᠬᠦ ᠲᠤᠬᠠᠶ ᠪᠠᠶᠢᠷᠢᠯᠠᠭᠤᠯᠪᠠ︔ ︽ᠵᠠᠰᠠᠭ ᠵᠠᠬᠢᠷᠭ᠎ᠠ ᠠᠵᠢᠯ ᠦᠢᠯᠡᠰ ᠤᠨ ᠴᠢᠨᠠᠷᠲᠠᠢ ᠤᠯᠤᠰ ᠤᠨ | ᠥᠮᠴᠢᠯᠡᠯ ᠤᠨ ᠡᠳ᠋ ᠬᠦᠷᠦᠩᠭᠡ ᠶᠢᠨ ᠬᠠᠮᠢᠶᠠᠷᠤᠯᠲᠠ ᠶᠢᠨ ᠲᠦᠷᠢᠮ ︵ᠲᠥᠰᠦᠯ︶︾ ᠢ ᠪᠠᠲᠤᠯᠠᠵᠤ᠂ ᠤᠯᠤᠰ ᠤᠨ | ᠥᠮᠴᠢᠯᠡᠯ ᠤᠨ ᠡᠳ᠋ ᠬᠦᠷᠦᠩᠭᠡ ᠶᠢᠨ ᠬᠢᠨᠠᠠ ᠬᠠᠮᠢᠶᠠᠷᠤᠯᠲᠠ ᠶᠢ ᠴᠢᠩᠭᠠᠳᠬᠠᠨ ᠪᠦᠷᠢᠨᠰᠢᠭᠦᠯᠪᠡ᠃ | ᠬᠤᠷᠠᠯ ᠠᠴᠠ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠷᠢᠯᠠᠭᠤᠯᠤᠯᠲᠠ | ᠶᠣᠰᠣᠭᠠᠷ᠂ ᠡᠨᠡ ᠵᠢᠯ ᠠᠴᠠ ᠨᠠᠰᠢ ᠡᠯ᠎ᠡ ᠭᠠᠵᠠᠷ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ︽ᠬᠦᠯᠦᠰᠦᠨ | ᠠᠵᠢᠯᠴᠢᠳ ᠤᠨ ᠴᠠᠯᠢᠩ ᠢ ᠣᠯᠭᠤᠬᠤ ᠶᠢ ᠪᠠᠲᠤᠯᠠᠬᠤ ᠲᠦᠷᠢᠮ︾ ᠢ ᠳᠣᠣᠱᠯᠠᠭᠤᠯᠣᠨ ᠬᠡᠷᠡᠭᠵᠢᠭᠦᠯᠵᠦ᠂ ᠡᠯ᠎ᠡ | ᠲᠥᠷᠥᠯ ᠤᠨ ᠦᠷᠢᠳᠦᠯ ᠴᠠᠯᠢᠩ ᠤᠨ ᠠᠰᠠᠭᠤᠳᠠᠯ ᠢ ᠰᠢᠢᠳᠪᠦᠷᠢᠯᠡᠬᠦ ᠲᠠᠯ᠎ᠠ ᠪᠠᠷ ᠢᠳᠡᠪᠬᠢᠲᠡᠶ ᠦᠷ᠎ᠡ ᠪᠦᠲᠦᠮᠵᠢ | ᠤᠯᠬᠤ ᠶᠢ ᠠᠬᠢᠭᠤᠯᠪᠠ᠃ ᠦᠷᠭᠦᠯᠵᠢᠯᠡᠨ ᠬᠦᠴᠦᠯᠡᠵᠦ᠂ ᠠᠷᠠᠳ ᠤᠨ ᠠᠮᠢᠳᠤᠷᠠᠯ ᠢ ᠪᠠᠲᠤᠯᠠᠬᠤ ᠪᠠ ᠶᠠᠳᠠᠭᠤ ᠠᠴᠠ | ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠬᠦ ᠶᠡᠭᠡ ᠲᠠᠯ᠎ᠠ ᠠᠴᠠ ᠡᠭᠦᠰᠴᠦ᠂ ᠶᠠᠭ | ᠥᠷᠨᠢᠭᠦᠯᠵᠦ ᠪᠠᠶᠢᠭ᠎ᠠ ᠦᠷᠢᠳᠦᠯ ᠴᠠᠯᠢᠩ ᠢ ᠴᠡᠭᠴᠡᠯᠡᠨ ᠵᠠᠰᠠᠬᠤ ᠲᠤᠰᠬᠠᠶ ᠠᠵᠢᠯᠯᠠᠭ᠎ᠠ ᠶᠢ ᠪᠣᠳᠠᠲᠠᠶ ᠰᠠᠶᠢᠲᠤᠷ | ᠠᠳᠬᠤᠵᠤ᠂ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠲᠦᠷᠭᠡᠳᠬᠡᠨ ᠲᠡᠭᠦᠯᠳᠡᠷᠵᠢᠭᠦᠯᠵᠦ᠂ | ᠬᠦᠯᠦᠰᠦᠨ ᠠᠵᠢᠯᠴᠢᠳ ᠤᠨ ᠴᠠᠯᠢᠩ ᠢᠶᠠᠨ ᠴᠠᠭ ᠲᠤᠬᠠᠶ ᠳᠤᠨᠢ ᠲᠤᠭ᠎ᠠ ᠶᠣᠰᠣᠭᠠᠷ ᠤᠯᠬᠤ ᠶᠢ ᠨᠢ ᠦᠨᠡᠨᠬᠦ | ᠪᠠᠲᠤᠯᠠᠬᠤ ᠬᠡᠷᠡᠭᠲᠡᠶ᠃ ᠨᠢᠭᠡ ᠳᠤ᠂ ᠡᠯ᠎ᠡ ᠭᠠᠵᠠᠷ ᠤᠨ ᠬᠢᠨ ᠬᠠᠷᠢᠶ᠎ᠠ ᠭᠠᠵᠠᠷ ᠤᠨ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠵᠤ᠂ ᠢᠯᠡᠴᠢᠯᠡᠨ ᠮᠡᠳᠡᠭᠦᠯᠵᠦ ᠵᠠᠭᠠᠯᠳᠤᠬᠤ ᠠᠷᠭ᠎ᠠ ᠵᠠᠮ ᠢ ᠰᠢᠯᠤᠭᠤᠳᠬᠠᠵᠤ᠂ ᠴᠠᠯᠢᠩ | ᠦᠷᠢᠳᠦᠭᠰᠡᠨ ᠳᠣᠬᠠᠢ ᠵᠢᠭᠤᠷᠠᠯᠳᠤᠭᠠᠨ ᠪᠣᠯᠤᠨ ᠳᠠᠯᠳᠠ ᠳᠦᠭᠰᠢᠬᠦᠷᠢ ᠶᠢ ᠵᠢᠭᠰᠠᠭᠠᠨ ᠪᠠᠶᠢᠴᠠᠭᠠᠬᠤ ᠡᠷᠴᠢᠮ ᠢᠶᠠᠨ | ᠴᠢᠩᠭᠠᠷᠠᠭᠤᠯᠵᠤ᠂ ᠴᠠᠯᠢᠩ ᠥᠷᠢᠲᠦᠬᠦ ᠬᠦᠨᠳᠦ ᠨᠣᠴᠢᠲᠠᠢ ᠲᠦᠭᠰᠢᠭᠦᠷᠢ ᠶᠢᠨ ᠬᠡᠮ ᠰᠣᠭᠤᠭ ᠢ ᠰᠢᠢᠳᠪᠦᠷᠢᠡᠯᠬᠦ | ᠲᠤᠰᠬᠠᠶ ᠠᠩᠭᠢ ᠶᠢ ᠪᠠᠶᠢᠭᠤᠯᠵᠤ᠂ ᠨᠢᠭᠡ ᠶᠢ ᠢᠯᠡᠷᠡᠭᠦᠯᠪᠡᠯ ᠨᠢᠭᠡ ᠶᠢ ᠨᠢ ᠰᠢᠢᠳᠪᠦᠷᠢᠯᠡᠬᠦ ᠬᠡᠷᠡᠭᠲᠡᠶ᠃ ᠬᠤᠶᠠᠷ ᠲᠤ᠂ | ᠡᠯ᠎ᠡ ᠵᠦᠢᠯ ᠤᠨ ᠥᠷᠢᠲᠦᠯ ᠴᠠᠯᠢᠩ ᠢ ᠴᠠᠭᠠᠨ ᠰᠠᠷ᠎ᠠ ᠠᠴᠠ ᠡᠮᠦᠨ᠎ᠡ ᠬᠥᠳᠡᠯᠦᠩᠭᠦᠶ ᠪᠠᠷ ᠰᠢᠢᠳᠪᠦᠷᠢᠯᠡᠬᠦ ᠶᠢ | ᠰᠢᠮᠳᠠᠭᠤᠯᠵᠤ᠂ ᠵᠠᠰᠠᠭ ᠤᠨ ᠣᠷᠳᠣᠨ ᠪᠠ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠲᠥᠷᠥᠯ ᠵᠦᠢᠯ ᠨᠢ | ᠡᠷᠬᠡᠪᠰᠢ ᠡᠩ ᠲᠡᠷᠢᠭᠦᠨ ᠳᠤ ᠰᠢᠢᠳᠪᠦᠷᠢᠯᠡᠬᠦ ᠬᠡᠷᠡᠭᠲᠡᠶ᠃ ᠲᠦᠷ ᠴᠠᠭ ᠪᠦᠷᠢᠮᠦᠰᠦᠨ ᠰᠢᠢᠳᠪᠦᠷᠢᠯᠡᠵᠦ ᠴᠢᠳᠠᠬᠤ | ᠦᠭᠡᠶ ᠪᠤᠶᠤ ᠠᠵᠤ ᠠᠬᠤᠶᠢᠯᠠᠯ ᠤᠨ ᠡᠵᠡᠩᠨᠡᠭᠴᠢ ᠴᠠᠯᠢᠩ ᠥᠷᠢᠲᠦᠭᠡᠳ ᠤᠷᠭᠤᠨ ᠳᠠᠯᠳᠠᠯᠠᠭᠰᠠᠨ ᠪᠠᠶᠢᠪᠠᠯ᠂ | ᠴᠠᠯᠢᠩ ᠤᠨ ᠪᠠᠲᠤᠯᠠᠭ᠎ᠠ ᠶᠢᠨ ᠮᠥᠩᠭᠦ᠂ ᠪᠠᠴᠢᠮ ᠪᠠᠶᠢᠳᠠᠯ ᠢ ᠠᠷᠭᠠᠴᠠᠭᠠᠬᠤ ᠡᠷᠭᠢᠯᠲᠡ ᠶᠢᠨ ᠮᠥᠩᠭᠦ ᠪᠤᠶᠤ ᠪᠤᠰᠤᠳ | ᠠᠷᠭ᠎ᠠ ᠵᠠᠮ ᠢᠶᠠᠷ ᠪᠡᠯᠡ ᠮᠥᠩᠭᠦ ᠴᠤᠭᠯᠠᠭᠤᠯᠵᠤ᠂ ᠥᠷᠢᠲᠦᠭᠰᠡᠨ ᠴᠠᠯᠢᠩ ᠢ ᠥᠭᠬᠦ ᠪᠤᠶᠤ ᠣᠷᠣᠯᠠᠨ ᠥᠭᠬᠦ ᠬᠡᠷᠡᠭᠲᠡᠶ᠃ | ᠡᠨᠡ ᠵᠢᠯ ᠠᠵᠢᠯ ᠠᠯᠳᠠᠯᠲᠠ ᠶᠢᠨ ᠳᠠᠭᠠᠳᠬᠠᠯ ᠤᠨ ᠪᠠᠲᠤᠯᠠᠭ᠎ᠠ ᠶᠢᠨ ᠬᠡᠪᠴᠢᠶ᠎ᠡ ᠶᠢ ᠥᠷᠭᠡᠳᠬᠡᠵᠦ᠂ ᠠᠵᠢᠯ | ᠠᠯᠳᠠᠭᠰᠠᠳ ᠪᠠ ᠬᠦᠴᠢᠷᠳᠡᠯ ᠲᠠᠢ ᠬᠦᠯᠦᠰᠦᠨ ᠠᠵᠢᠯᠴᠢᠨ ᠢ ᠬᠦᠴᠦᠲᠡᠶ ᠬᠠᠪᠰᠤᠷᠤᠨ ᠲᠡᠳᠬᠦᠪᠡ᠂ ᠲᠠᠷᠠᠭᠠᠴᠢ ᠶᠢᠨ | ᠠᠯᠬᠤᠮ ᠳᠤ ᠡᠨᠡᠬᠦ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠰᠠᠶᠢᠲᠤᠷ ᠶᠠᠪᠣᠭᠳᠠᠭᠤᠯᠵᠦ᠂ ᠡᠷᠴᠢᠮ ᠢ ᠨᠢ | ᠴᠢᠩᠭᠠᠯᠠᠬᠤ ᠠᠴᠠ ᠪᠢᠰᠢ ᠰᠤᠯᠠᠷᠠᠭᠤᠯᠬᠤ ᠥᠬᠡᠶ ᠪᠠᠶᠢᠬᠤ ᠬᠡᠷᠡᠭᠲᠡᠢ᠃ ᠭᠤᠷᠪᠠ ᠳᠤ᠂ ᠴᠠᠯᠢᠩ ᠣᠯᠭᠤᠬᠤ | ᠪᠠᠲᠤᠯᠠᠭ᠎ᠠ ᠶᠢᠨ ᠲᠦᠷᠢᠮ ᠢ ᠴᠢᠩᠭᠠᠳᠬᠠᠬᠤ ᠬᠡᠷᠡᠭᠲᠡᠢ᠃ ᠬᠦᠯᠦᠰᠦᠨ ᠠᠵᠢᠯᠴᠢᠳ ᠤᠨ ᠴᠠᠯᠢᠩ ᠤᠨ ᠲᠤᠰᠬᠠᠶ | ᠳᠠᠩᠰᠠ᠂ ᠪᠠᠷᠢᠯᠭ᠎ᠠ ᠶᠢᠨ ᠠᠵᠢᠯ ᠢ ᠶᠡᠷᠦᠩᠬᠡᠶᠢᠯᠡᠨ ᠳᠠᠭᠠᠭᠠᠴᠢᠯᠠᠭᠰᠠᠨ ᠨᠢᠭᠡᠴᠡ ᠠᠴᠠ ᠴᠠᠯᠢᠩ ᠢ ᠣᠷᠣᠯᠠᠨ ᠥᠭᠬᠦ᠂ | ᠴᠠᠯᠢᠩ ᠤᠨ ᠪᠠᠲᠤᠯᠠᠭ᠎ᠠ ᠶᠢᠨ ᠮᠥᠩᠭᠦ ᠵᠡᠷᠭᠡ ᠳᠦᠷᠢᠮ ᠢ ᠲᠡᠭᠦᠯᠳᠡᠷᠵᠢᠭᠦᠯᠬᠦ ᠬᠡᠷᠡᠭᠲᠡᠶ᠃ ᠳᠥᠷᠪᠡ ᠳᠤ᠂ ᠴᠠᠯᠢᠩ | ᠥᠷᠢᠲᠦᠬᠦ ᠠᠰᠠᠭᠤᠳᠠᠯ ᠲᠣᠪᠤᠶᠢᠮ᠎ᠠ ᠪᠠᠶᠢᠬᠤ ᠶᠢ ᠨᠢ ᠣᠯᠠᠨ ᠳᠤ ᠨᠡᠶᠢᠲᠡᠯᠡᠬᠦ ᠶᠢᠨ ᠬᠠᠮᠲᠤ ᠬᠠᠮᠢᠶ᠎ᠠ ᠪᠦᠬᠦᠢ | ᠬᠠᠷᠢᠭᠤᠴᠠᠯᠭᠠᠲᠠᠨ ᠲᠠᠢ ᠬᠠᠤᠯᠢ ᠶᠣᠰᠣᠭᠠᠷ ᠪᠣᠯᠵᠣᠨ ᠶᠠᠷᠢᠯᠴᠠᠵᠤ᠂ ᠰᠢᠮᠳᠠᠭᠤᠯᠤᠨ ᠴᠡᠭᠴᠡᠯᠡᠨ ᠰᠠᠶᠢᠵᠢᠷᠠᠭᠤᠯᠬᠤ | ᠬᠡᠷᠡᠭᠲᠡᠶ᠃ ᠲᠠᠪᠤ ᠳᠤ᠂ ᠵᠣᠷᠢᠭᠤᠳᠠ ᠪᠠᠷ ᠴᠠᠯᠢᠩ ᠥᠷᠢᠲᠦᠬᠦ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ | ᠴᠢᠩᠭ᠎ᠠ ᠴᠣᠬᠢᠯᠲᠠ ᠥᠭᠴᠦ᠂ ᠴᠠᠯᠢᠩ ᠥᠷᠢᠲᠦᠭᠰᠡᠨ ᠬᠦᠨᠳᠦ ᠶᠡᠭᠡ ᠬᠡᠷᠡᠭ ᠢ ᠬᠠᠤᠯᠢ ᠶᠣᠰᠣᠭᠠᠷ ᠪᠠᠶᠢᠴᠠᠭᠠᠨ | ᠰᠢᠢᠳᠪᠦᠷᠢᠯᠡᠬᠦ ᠶᠢᠨ ᠬᠠᠮᠲᠤ ᠬᠠᠮᠢᠶ᠎ᠠ ᠪᠥᠬᠦᠶ ᠠᠵᠤ ᠠᠬᠤᠶᠢᠯᠠᠯ ᠵᠢᠴᠢ ᠲᠡᠭᠦᠨ ᠤ ᠬᠠᠷᠢᠭᠤᠴᠠᠯᠭᠠᠲᠠᠨ ᠢ ᠴᠠᠯᠢᠩ | ᠦᠷᠢᠳᠦᠭᠰᠡᠨ ︽ᠬᠠᠷ᠎ᠠ ᠲᠠᠩᠰᠠ︾ ᠳᠤ ᠵᠢᠭᠰᠠᠭᠠᠨ ᠣᠷᠣᠭᠤᠯᠵᠤ ᠢᠲᠡᠭᠡᠮᠵᠢ ᠠᠯᠳᠠᠭᠰᠠᠳ ᠢ ᠬᠤᠯᠪᠣᠭᠠᠯᠠᠨ | ᠵᠠᠯᠬᠠᠭᠠᠨ ᠴᠡᠭᠡᠷᠯᠡᠭᠦᠯᠬᠦ ᠶᠢ ᠬᠡᠷᠡᠭᠵᠢᠭᠦᠯᠬᠦ ᠬᠡᠷᠡᠭᠲᠡᠢ ᠭᠡᠵᠡᠢ᠃ | ᠬᠤᠷᠠᠯ ᠠᠴᠠ᠂ ᠴᠠᠭᠠᠨ ᠰᠠᠷ᠎ᠠ ᠶᠢᠨ ᠵᠥᠭᠡᠭᠡᠪᠦᠷᠢ ᠣᠶᠢᠷᠠᠳᠪᠠ᠂ ᠬᠥᠮᠦᠨ ᠬᠠᠷ᠎ᠠ ᠲᠥᠪᠯᠡᠷᠡᠨ ᠵᠣᠷᠴᠢᠵᠦ | ᠬᠢᠵᠢᠭ ᠤᠨ ᠪᠠᠶᠢᠳᠠᠯ ᠡᠭᠦᠰᠬᠦ ᠠᠶᠤᠯ ᠲᠦᠭᠰᠢᠭᠦᠷᠢ ᠶᠢ ᠨᠡᠮᠡᠭᠳᠡᠭᠦᠯᠵᠦ ᠮᠡᠳᠡᠬᠦ ᠲᠤᠯᠠ᠂ ᠤᠷᠬᠢᠯ ᠤᠨ | ᠬᠤᠭᠤᠴᠠᠭ᠎ᠠ ᠶᠢ ᠵᠦᠷᠢᠭᠦᠯᠬᠦ ᠬᠦᠮᠦᠨ ᠬᠠᠷ᠎ᠠ ᠶᠢ ᠬᠤᠷᠢᠭᠯᠠᠨ ᠡᠵᠡᠮᠳᠡᠬᠦ ᠪᠠ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠬᠠᠮᠢᠶ᠎ᠠ ᠪᠦᠬᠦᠢ ᠠᠵᠢᠯ ᠢ ᠰᠠᠶᠢᠲᠤᠷ ᠬᠢᠬᠦ ᠬᠡᠷᠡᠭᠲᠡᠢ᠃ ᠨᠢᠭᠡ ᠳᠤ᠂ ᠲᠡᠭᠡᠭᠡᠪᠦᠷᠢ ᠶᠢᠨ ᠬᠦᠴᠦᠨ ᠢ ᠵᠦᠶ | ᠵᠣᠬᠢᠰᠲᠠᠶ ᠳᠣᠭᠢᠷᠠᠭᠤᠯᠵᠤ᠂ ᠡᠯ᠎ᠡ ᠭᠠᠵᠠᠷ ᠤᠨ ᠰᠠᠨᠠᠭᠠᠴᠢᠯᠠᠨ ᠬᠡᠷᠡᠭᠵᠢᠭᠦᠯᠵᠦ ᠪᠠᠶᠢᠭ᠎ᠠ ᠴᠢᠬᠤᠯᠠ ᠦᠭᠡᠢ ᠪᠣᠯ | ᠠᠶᠠᠯᠠᠬᠤ ᠥᠬᠡᠶ ᠪᠠᠶᠢᠬᠤ᠂ ᠣᠷᠭᠢᠯ ᠤᠨ ᠬᠤᠭᠤᠴᠠᠭ᠎ᠠ ᠶᠢ ᠵᠥᠷᠢᠭᠦᠯᠦᠨ ᠴᠢᠯᠥᠭᠡ ᠲᠠᠯᠪᠢᠬᠤ᠂ ᠣᠷᠭᠢᠯ ᠤᠨ | ᠦᠶ᠎ᠡ ᠠᠴᠠ ᠵᠠᠶᠢᠯᠠᠭᠤᠯᠤᠨ ᠰᠤᠷᠭᠠᠭᠤᠯᠢ ᠡᠬᠢᠯᠡᠬᠦ᠂ ᠦᠵᠡᠮᠵᠢ ᠶᠢᠨ ᠣᠷᠣᠨ ᠳᠤ ᠲᠤᠭ᠎ᠠ ᠬᠡᠮᠵᠢᠶ᠎ᠡ ᠶᠢ ᠬᠢᠵᠠᠭᠠᠷᠯᠠᠨ | ᠪᠣᠯᠵᠣᠵᠤ ᠭᠥᠯᠢᠶᠡᠨ ᠠᠪᠬᠤ ᠵᠡᠷᠭᠡ ᠠᠷᠭ᠎ᠠ ᠬᠡᠮᠵᠢᠶ᠎ᠡ ᠪᠠᠷ ᠣᠷᠭᠢᠯ ᠤᠨ ᠬᠤᠭᠤᠴᠠᠭ᠎ᠠ ᠶᠢ ᠵᠥᠷᠢᠭᠦᠯᠦᠨ ᠭᠠᠳᠠᠭᠰᠢ | ᠭᠠᠷᠬᠤ ᠶᠢ ᠨᠢ ᠬᠥᠲᠥᠯᠦᠨ ᠵᠢᠯᠣᠭᠤᠳᠬᠤ ᠬᠡᠷᠡᠭᠲᠡᠶ᠃ ᠬᠥᠳᠡᠭᠡ ᠲᠣᠰᠬᠤᠨ ᠤ ᠠᠶᠠᠨᠴᠢᠳ ᠤᠨ ᠲᠡᠭᠡᠭᠡᠪᠦᠷᠢ ᠶᠢᠨ | ᠡᠭᠡᠯᠵᠢ ᠶᠢᠨ ᠱᠤᠭᠤᠮ ᠤᠨ ᠬᠠᠮᠤᠷᠬᠤ ᠬᠡᠪᠴᠢᠶ᠎ᠡ ᠶᠢ ᠥᠷᠭᠡᠳᠬᠡᠬᠦ ᠬᠡᠷᠡᠭᠲᠡᠢ᠃ ᠬᠡᠷᠡᠭᠴᠡᠭᠡ ᠪᠠᠨ ᠦᠨᠳᠦᠰᠦᠯᠡᠨ | ᠬᠦᠯᠦᠰᠦᠨ ᠠᠵᠢᠯᠴᠢᠳ ᠤᠨ ᠨᠤᠲᠤᠭ ᠪᠤᠴᠠᠬᠤ ᠪᠠ ᠬᠤᠳ᠋ᠨ ᠪᠤᠴᠠᠬᠤ ︽ᠴᠡᠭ ᠠᠴᠠ ᠴᠡᠭ ᠲᠤ ᠬᠦᠷᠬᠦ︾ ᠲᠡᠷᠭᠡ | ᠬᠥᠯᠥᠰᠥᠯᠡᠬᠦ ᠲᠡᠭᠡᠭᠡᠪᠦᠷᠢ ᠶᠢ ᠵᠣᠬᠢᠶᠠᠨ ᠪᠠᠶᠢᠭᠤᠯᠬᠤ ᠬᠡᠷᠡᠭᠲᠡᠢ᠃ ᠬᠤᠶᠠᠷ ᠲᠤ᠂ ᠴᠠᠭᠠᠨ ᠰᠠᠷ᠎ᠠ ᠶᠢᠨ | ᠵᠥᠭᠡᠭᠡᠪᠦᠷᠢ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠷᠢᠮᠵᠢᠶ᠎ᠠ ᠶᠢ ᠴᠢᠩᠭ᠎ᠠ ᠬᠡᠷᠡᠭᠵᠢᠭᠦᠯᠵᠦ᠂ ᠵᠠᠮ | ᠬᠠᠷᠢᠯᠴᠠᠭ᠎ᠠ ᠵᠥᠭᠡᠭᠡᠪᠦᠷᠢ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠥᠰᠦᠯ ᠢ ᠲᠣᠭᠲᠠᠭᠠᠨ | ᠬᠡᠷᠡᠭᠵᠢᠭᠦᠯᠵᠦ᠂ ᠬᠥᠮᠦᠨ ᠬᠠᠷ᠎ᠠ᠂ ᠡᠳ᠋ ᠪᠠᠷᠠᠭ᠎ᠠ ᠵᠡᠷᠭᠡ ᠶᠢᠨ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠢ | ᠨᠠᠷᠢᠯᠢᠬᠵᠢᠭᠤᠯᠬᠤ ᠬᠡᠷᠡᠭᠲᠡᠢ᠃ ᠭᠤᠷᠪᠠ ᠳᠤ᠂ ᠡᠯᠧᠺᠲᠷᠣᠨ ᠪᠢᠯᠧᠲ᠂ ᠦᠨᠡᠮᠯᠡᠯ ᠢ ᠰᠢᠷᠪᠢᠵᠦ ᠬᠢᠨᠠᠨ ᠰᠢᠯᠭᠠᠬᠤ | ᠵᠡᠷᠭᠡ ᠪᠢᠯᠧᠲ ᠬᠤᠳᠠᠯᠳᠤᠬᠤ ᠪᠠ ᠠᠮᠤᠷ ᠲᠦᠪᠰᠢᠨ ᠤ ᠪᠠᠶᠢᠴᠠᠭᠠᠯᠲᠠ ᠬᠢᠬᠦ ᠵᠡᠷᠭᠡ ︽ᠬᠠᠷᠢᠯᠴᠠᠨ ᠥᠯᠥ | ᠣᠶᠢᠷᠠᠲᠤᠯᠴᠠᠬᠤ︾ ᠠᠷᠭ᠎ᠠ ᠬᠡᠮᠵᠢᠶ᠎ᠡ ᠶᠢ ᠳᠡᠯᠭᠡᠷᠡᠭᠦᠯᠬᠦ ᠶᠢᠨ ᠬᠠᠮᠲᠤ᠂ ᠣᠶᠣᠨᠴᠢ ᠮᠡᠷᠭᠡᠵᠢᠯ ᠢ ᠬᠡᠷᠡᠭᠯᠡᠵᠦ ᠳᠡᠶᠢᠯᠬᠦ | ᠥᠬᠡᠶ ᠨᠠᠰᠤᠲᠠᠶᠢᠴᠤᠳ ᠲᠤ ᠲᠥᠬᠦᠮ ᠦᠵᠡᠭᠦᠯᠬᠦ ᠦᠢᠯᠡᠴᠢᠯᠡᠭᠡ ᠬᠠᠩᠭᠠᠬᠤ ᠬᠡᠷᠡᠭᠲᠡᠶ ᠭᠡᠵᠡᠢ᠃ ᠬᠤᠷᠠᠯ ᠠᠴᠠ | ᠱᠠᠭᠠᠷᠳᠠᠭᠰᠠᠨ ᠨᠢ᠂ ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ | ᠲᠣᠭᠲᠠᠴᠠ ᠶᠢᠨ ᠬᠢᠨ ᠠᠵᠢᠯ ᠤᠨ ᠲᠤᠰᠬᠠᠶ ᠠᠩᠭᠢ ᠪᠠᠶᠢᠭᠤᠯᠵᠤ᠂ ᠡᠯ᠎ᠡ ᠲᠠᠯ᠎ᠠ ᠶᠢᠨ ᠬᠠᠷᠢᠭᠤᠴᠠᠯᠭ᠎ᠠ ᠶᠢ | ᠪᠣᠳᠠᠲᠠᠶᠢᠵᠢᠭᠤᠯᠵᠤ᠂ ᠨᠢᠭᠡᠳᠦᠯᠲᠡᠶ ᠲᠥᠯᠥᠪᠵᠢᠭᠦᠯᠦᠨ ᠵᠣᠬᠢᠴᠠᠭᠤᠯᠬᠤ ᠠᠵᠢᠯ ᠢ ᠰᠠᠶᠢᠲᠤᠷ ᠬᠢᠵᠦ᠂ ᠡᠯ᠎ᠡ | ᠲᠠᠯ᠎ᠠ ᠶᠢᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠢ ᠪᠦᠷᠢᠨᠰᠢᠭᠦᠯᠵᠦ᠂ ᠬᠢᠵᠢᠭ ᠤᠨ ᠪᠠᠴᠢᠮ | ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠠᠵᠢᠯ ᠢ ᠴᠢᠩᠭᠠᠳᠬᠠᠵᠤ᠂ ᠣᠯᠠᠨ ᠲᠦᠮᠡᠨ ᠤ ᠠᠮᠤᠷ ᠲᠦᠪᠰᠢᠨ ᠢᠶᠠᠷ | ᠭᠠᠳᠠᠭᠰᠢ ᠭᠠᠷᠬᠤ ᠶᠢ ᠪᠠᠲᠤᠯᠠᠬᠤ ᠬᠡᠷᠡᠭᠲᠡᠶ᠃ ᠨᠠᠮ ᠤᠨ ᠲᠥᠪ ᠬᠤᠷᠢᠶᠠᠨ ᠤ ᠪᠠᠶᠢᠷᠢᠯᠠᠭᠤᠯᠤᠯᠲᠠ ᠶᠢ | ᠳᠣᠣᠱᠯᠠᠭᠤᠯᠵᠦ᠂ ᠤᠯᠤᠰ ᠤᠨ ᠥᠮᠴᠢᠯᠡᠯ ᠤᠨ ᠡᠳ᠋ ᠬᠦᠷᠦᠩᠭᠡ ᠶᠢᠨ ᠬᠠᠮᠢᠶᠠᠷᠤᠯᠲᠠ ᠶᠢᠨ ᠪᠠᠶᠢᠳᠠᠯ ᠳᠤ ᠬᠢᠨᠠᠯᠲᠠ | ᠲᠠᠯᠪᠢᠬᠤ ᠶᠢ ᠴᠢᠩᠭᠠᠳᠬᠠᠬᠤ ᠲᠤᠬᠠᠢ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ ᠲᠣᠭᠲᠠᠭᠠᠯ ᠢ ᠦᠨᠳᠦᠰᠦᠯᠡᠨ᠂ ᠬᠤᠷᠠᠯ ᠠᠴᠠ ︽ᠵᠠᠰᠠᠭ ᠵᠠᠬᠢᠷᠭ᠎ᠠ ᠠᠵᠢᠯ ᠦᠢᠯᠡᠰ ᠤᠨ | ᠴᠢᠨᠠᠷᠲᠠᠢ ᠤᠯᠤᠰ ᠤᠨ ᠥᠮᠴᠢᠯᠡᠯ ᠤᠨ ᠡᠳ᠋ ᠬᠦᠷᠦᠩᠭᠡ ᠶᠢᠨ ᠬᠠᠮᠢᠶᠠᠷᠤᠯᠲᠠ ᠶᠢᠨ ᠲᠦᠷᠢᠮ ︵ᠲᠥᠰᠦᠯ︶︾ ᠢ | ᠪᠠᠲᠤᠯᠠᠵᠤ᠂ ᠵᠠᠰᠠᠭ ᠵᠠᠬᠢᠷᠭᠠᠨ ᠤ ᠨᠢᠭᠡᠴᠡ ᠶᠢᠨ ᠡᠭᠦᠷᠭᠡ ᠴᠢᠳᠠᠪᠤᠷᠢ ᠪᠠᠨ ᠭᠦᠢᠴᠡᠳᠬᠡᠬᠦ ᠪᠠ ᠬᠠᠷᠢᠶ᠎ᠠ ᠪᠦᠬᠦᠢ ᠠᠵᠢᠯ | ᠦᠢᠯᠡᠰ ᠤᠨ ᠨᠢᠬᠡᠴᠡ ᠶᠢᠨ ᠤᠯᠠᠨ ᠨᠡᠶᠢᠲᠡ ᠶᠢᠨ ᠦᠨᠳᠦᠰᠦᠨ ᠦᠢᠯᠡᠴᠢᠯᠡᠭᠡ ᠬᠠᠩᠭᠠᠬᠤ ᠵᠠᠰᠠᠭ ᠵᠠᠬᠢᠷᠭ᠎ᠠ ᠠᠵᠢᠯ | ᠦᠢᠯᠡᠰ ᠤᠨ ᠴᠢᠨᠠᠷᠲᠠᠢ ᠤᠯᠤᠰ ᠤᠨ ᠥᠮᠴᠢᠯᠡᠯ ᠤᠨ ᠡᠳ᠋ ᠬᠦᠷᠦᠩᠭᠡ ᠶᠢ ᠬᠠᠤᠯᠢ ᠪᠠᠷ ᠵᠠᠰᠠᠬᠤ ᠵᠠᠮ ᠳᠤ | ᠣᠷᠣᠭᠤᠯᠤᠨ ᠬᠢᠨᠠᠠ ᠬᠠᠮᠢᠶᠠᠷᠤᠯᠲᠠ ᠶᠢ ᠴᠢᠩᠭᠠᠳᠬᠠᠬᠤ ᠪᠠᠷ ᠪᠣᠯᠪᠠ᠃ ᠲᠥᠰᠦᠯ ᠳᠤ᠂ ᠵᠠᠰᠠᠭ ᠵᠠᠬᠢᠷᠭ᠎ᠠ ᠠᠵᠢᠯ | ᠦᠢᠯᠡᠰ ᠤᠨ ᠴᠢᠨᠠᠷᠲᠠᠶ ᠤᠯᠤᠰ ᠤᠨ ᠥᠮᠴᠢᠯᠡᠯ ᠤᠨ ᠡᠳ᠋ ᠬᠥᠷᠥᠩᠭᠡ ᠳᠤ ᠵᠠᠰᠠᠭ ᠤᠨ ᠣᠷᠳᠣᠨ ᠠᠴᠠ ᠱᠠᠲᠤ | ᠬᠤᠪᠢᠶᠠᠨ ᠬᠢᠨᠠᠨ ᠬᠠᠮᠢᠶᠠᠷᠬᠤ ᠶᠢ ᠬᠡᠷᠡᠭᠵᠢᠭᠦᠯᠵᠦ᠂ ᠠᠳᠠᠯᠢ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ᠂ ᠡᠳ᠋ ᠤᠨ ᠵᠠᠰᠠᠭ ᠪᠠ ᠬᠢᠨᠠᠨ ᠪᠤᠳᠤᠯᠲᠠ ᠵᠡᠷᠭᠡ ᠶᠢᠨ ᠬᠢᠨᠠᠯᠲᠠ ᠶᠢ ᠬᠦᠯᠢᠶᠡᠬᠦ ᠪᠥᠭᠡᠳ ᠵᠢᠯ ᠪᠦᠷᠢ ᠲᠣᠰ | ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠳᠤ ᠡᠳ᠋ ᠬᠥᠷᠥᠩᠭᠡ ᠶᠢᠨ | ᠲᠣᠬᠢᠷᠠᠭᠤᠯᠤᠯᠲᠠ ᠪᠠ ᠲᠠᠷᠬᠠᠯᠲᠠ ᠵᠡᠷᠭᠡ ᠬᠠᠮᠢᠶᠠᠷᠤᠯᠲᠠ ᠶᠢᠨ ᠪᠠᠶᠢᠳᠠᠯ ᠢ ᠮᠡᠳᠡᠭᠦᠯᠬᠦ ᠬᠡᠷᠡᠭᠲᠡᠢ᠃ ᠡᠳ᠋ ᠬᠥᠷᠥᠩᠭᠡ ᠶᠢ | ᠳᠣᠭᠢᠷᠠᠭᠤᠯᠬᠤ ᠳᠤ ᠤᠷᠢᠳᠠᠪᠠᠷ ᠳᠣᠭᠢᠷᠠᠭᠤᠯᠬᠤ ᠠᠷᠭ᠎ᠠ ᠮᠠᠶ᠋ᠢᠭ ᠢᠶᠠᠷ ᠳᠠᠮᠵᠢᠭᠤᠯᠤᠨ᠂ ᠡᠳ᠋ ᠬᠥᠷᠥᠩᠭᠡ ᠶᠢᠨ | ᠬᠡᠷᠡᠭᠯᠡᠯᠲᠡ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠲᠥᠰᠦᠪ ᠪᠠ ᠠᠮᠵᠢᠯᠲᠠ ᠪᠦᠲᠦᠮᠵᠢ ᠶᠢᠨ | ᠬᠠᠮᠢᠶᠠᠷᠤᠯᠲᠠ ᠶᠢ ᠬᠡᠷᠡᠭᠵᠢᠭᠦᠯᠬᠦ ᠶᠢᠨ ᠬᠠᠮᠲᠤ ᠬᠠᠤᠯᠢ ᠶᠢ ᠵᠥᠷᠢᠴᠡᠭᠰᠡᠨ ᠠᠵᠢᠯᠯᠠᠭ᠎ᠠ ᠶᠢᠨ ᠬᠠᠤᠯᠢ ᠶᠢᠨ | ᠬᠠᠷᠢᠭᠤᠴᠠᠯᠭ᠎ᠠ ᠶᠢ ᠨᠢ ᠲᠣᠳᠣᠷᠬᠠᠶᠢᠯᠠᠬᠤ ᠶᠢ ᠱᠠᠭᠠᠷᠳᠠᠬᠤ ᠬᠡᠷᠡᠭᠲᠡᠢ ᠭᠡᠵᠦ ᠲᠣᠳᠣᠷᠬᠠᠢ ᠲᠣᠭᠲᠠᠭᠠᠵᠠᠢ᠃ | ᠬᠤᠷᠠᠯ ᠠᠴᠠ ᠱᠠᠭᠠᠷᠳᠠᠭᠰᠠᠨ ᠨᠢ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠢᠵᠢ ᠪᠦᠷᠢᠳᠦᠭᠦᠯᠬᠦ ᠠᠷᠭ᠎ᠠ | ᠬᠡᠮᠵᠢᠶ᠎ᠡ ᠪᠠᠨ ᠰᠢᠮᠳᠠᠭᠤᠯᠤᠨ ᠪᠦᠷᠢᠨᠰᠢᠭᠦᠯᠬᠦ ᠬᠡᠷᠡᠭᠲᠡᠶ ᠭᠡᠵᠡᠢ᠃ |