︽ᠠᠯᠠᠱᠠ ᠠᠶᠢᠮᠠᠭ ᠤᠨ ᠵᠠᠰᠠᠭ ᠤᠨ ᠣᠷᠳᠣᠨ ᠤ ᠦᠢᠯᠡᠴᠢᠯᠡᠬᠡᠨ ᠤ ᠤᠲᠠᠰᠤ 12345 ᠶᠢᠨ ᠪᠠᠶᠢᠭᠤᠯᠤᠯᠲᠠ ᠶᠢᠨ ᠬᠡᠷᠡᠭᠵᠢᠭᠦᠯᠬᠦ ᠲᠥᠰᠦᠯ︾ ᠤᠨ ᠳᠣᠬᠠᠢ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2021/1/7
     ᠠᠶᠢᠮᠠᠭ ᠤᠨ ᠵᠠᠬᠢᠷᠭ᠎ᠠ ᠠᠴᠠ ᠠᠯᠠᠱᠠ ᠠᠶᠢᠮᠠᠭ ᠤᠨ ᠵᠠᠰᠠᠭ ᠤᠨ ᠣᠷᠳᠣᠨ ᠤ ᠦᠢᠯᠡᠴᠢᠯᠡᠬᠡᠨ ᠤ ᠤᠲᠠᠰᠤ 12345 ᠶᠢ ᠲᠦᠷᠭᠡᠪᠴᠢᠯᠡᠨ ᠪᠠᠶᠢᠭᠤᠯᠬᠤ ᠪᠠᠷ ᠲᠣᠭᠲᠠᠭᠰᠠᠨ ᠪᠥᠭᠡᠳ ︽ᠠᠯᠠᠱᠠ ᠠᠶᠢᠮᠠᠭ ᠤᠨ ᠵᠠᠰᠠᠭ ᠤᠨ ᠣᠷᠳᠣᠨ ᠤ ᠦᠢᠯᠡᠴᠢᠯᠡᠬᠡᠨ ᠤ ᠤᠲᠠᠰᠤ 12345 ᠶᠢᠨ ᠪᠠᠶᠢᠭᠤᠯᠤᠯᠲᠠ ᠶᠢᠨ ᠬᠡᠷᠡᠭᠵᠢᠭᠦᠯᠬᠦ ᠲᠥᠰᠦᠯ︾ ᠢ ᠳᠠᠷᠤᠮᠠᠯᠯᠠᠨ ᠲᠠᠷᠬᠠᠭᠠᠪᠠ᠃ ︽ᠠᠯᠠᠱᠠ ᠠᠶᠢᠮᠠᠭ ᠤᠨ ᠵᠠᠰᠠᠭ ᠤᠨ ᠣᠷᠳᠣᠨ ᠤ ᠦᠢᠯᠡᠴᠢᠯᠡᠭᠡᠨ ᠤ ᠤᠲᠠᠰᠤ 12345 ᠶᠢᠨ ᠪᠠᠶᠢᠭᠤᠯᠤᠯᠲᠠ ᠶᠢᠨ ᠬᠡᠷᠡᠭᠵᠢᠭᠦᠯᠬᠦ ᠲᠥᠰᠦᠯ︾ ︵ᠳᠣᠷᠣᠭᠰᠢ ︽ᠬᠡᠷᠡᠭᠵᠢᠭᠦᠯᠬᠦ ᠲᠥᠰᠦᠯ︾ ᠭᠡᠵᠦ ᠲᠣᠪᠴᠢᠯᠠᠨ᠎ᠠ︶ ᠤᠨ ᠬᠤᠯᠪᠣᠭᠳᠠᠯ ᠪᠥᠬᠦᠶ ᠠᠭᠤᠯᠭ᠎ᠠ ᠶᠢᠨ ᠲᠤᠬᠠᠶ ᠳᠣᠤᠷᠠᠬᠢ ᠮᠡᠲᠦ ᠲᠠᠶᠢᠯᠤᠮᠵᠢ ᠬᠢᠶ᠎ᠡ᠄      ᠨᠢᠭᠡ᠂ ︽ᠬᠡᠷᠡᠭᠵᠢᠭᠦᠯᠬᠦ ᠲᠥᠰᠦᠯ︾ ᠢ ᠨᠡᠶᠢᠲᠡᠯᠡᠭᠰᠡᠨ ᠠᠬᠤᠶ ᠪᠠᠶᠢᠳᠠᠯ      ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ︽ᠠᠷᠠᠳ ᠲᠦᠮᠡᠨ ᠳᠤ ᠲᠠᠭᠠᠰᠢᠶᠠᠭᠳᠠᠭᠰᠠᠨ ᠦᠢᠯᠡᠴᠢᠯᠡᠭᠡᠨ ᠤ ᠬᠡᠯᠪᠡᠷᠢ ᠶᠢᠨ ᠵᠠᠰᠠᠭ ᠤᠨ ᠣᠷᠳᠣᠨ ᠢ ᠪᠠᠶᠢᠭᠤᠯᠬᠤ︾ ᠲᠤᠬᠠᠶ ᠰᠢᠢᠳᠪᠦᠷᠢᠳᠦ ᠪᠣᠳᠣᠯᠭ᠎ᠠ ᠪᠠᠶᠢᠷᠢᠯᠠᠭᠤᠯᠤᠯᠲᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ︽ᠬᠢᠨᠠᠨ ᠵᠥᠪᠰᠢᠶᠡᠷᠡᠬᠦ ᠦᠢᠯᠡᠴᠢᠯᠡᠭᠡ ᠶᠢ ᠠᠷᠠᠳ ᠲᠤ ᠲᠥᠬᠦᠮ ᠦᠵᠡᠭᠦᠯᠬᠦ ᠶᠢ ᠭᠦᠨᠵᠡᠭᠡᠶ ᠠᠬᠢᠭᠤᠯᠬᠤ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠡᠨ ᠲᠢᠩᠬᠢᠮ ᠲᠦᠷᠤ ᠶᠢᠨ ᠶᠠᠪᠤᠳᠠᠯ ᠤᠨ ᠬᠤᠷᠢᠶᠡᠨ ᠤ ᠠᠯᠪᠠᠨ ᠲᠢᠩᠬᠢᠮ ᠤᠨ ᠵᠢᠯᠣᠭᠤᠳᠬᠤ ᠰᠠᠨᠠᠯ︾ ︵ᠲᠢᠩᠬᠢᠮ ᠥᠰᠥᠭ ︹ 2018 ︺ 22 ᠳ᠋ᠤᠭᠠᠷ ᠲᠣᠭᠠᠲᠤ︶︾       ︽︿ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ﹀ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠦᠨ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢᠨ ︿ᠨᠢᠬᠡ ᠰᠦᠯᠵᠢᠶ᠎ᠡ᠂ ᠨᠢᠬᠡ ᠡᠬᠦᠳᠡ᠂ ᠨᠢᠬᠡ ᠣᠳᠠᠭ᠎ᠠ﹀ ᠶᠢᠨ ᠥᠭᠡᠷᠡᠴᠢᠯᠡᠯᠲᠡ ᠶᠢ ᠠᠬᠢᠭᠤᠯᠬᠤ ᠬᠡᠷᠡᠭᠵᠢᠭᠦᠯᠬᠦ ᠲᠥᠰᠦᠯ ᠤᠨ ᠳᠣᠬᠠᠢ ᠳᠦᠷᠦ ᠶᠢᠨ ᠶᠠᠪᠣᠳᠠᠯ ᠤᠨ ᠬᠤᠷᠢᠶᠠᠨ ᠤ ᠠᠯᠪᠠᠨ ᠲᠢᠩᠬᠢᠮ ᠤᠨ ᠮᠡᠳᠡᠭᠳᠡᠯ︾ ︵ᠲᠥᠷᠥ ᠠᠯᠪᠠᠨ ᠲᠠᠷᠬᠠᠭᠠᠭᠰᠠᠨ ︹ 2018 ︺ 45 ᠳ᠋ᠤᠭᠠᠷ ᠲᠣᠭᠠᠲᠤ︶︾ ︽ᠪᠥᠬᠦ ᠤᠯᠤᠰ ᠤᠨ ︿ᠳᠠᠯᠪᠢᠬᠤ ᠬᠠᠮᠢᠶᠠᠷᠬᠤ ᠦᠢᠯᠡᠴᠢᠯᠡᠬᠦ﹀ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠡᠵᠡᠩᠨᠡᠨ ᠠᠷᠠᠯᠵᠢᠶᠠᠯᠠᠬᠤ ᠣᠷᠴᠢᠨ ᠲᠣᠭᠤᠷᠢᠨ ᠢ ᠰᠢᠯᠢᠳᠡᠭᠵᠢᠭᠦᠯᠬᠦ ᠲᠧᠯᠸᠢᠰ ᠣᠳᠠᠰᠣ ᠬᠤᠷᠠᠯ ᠤᠨ ᠭᠤᠤᠯᠳᠠᠯᠭ᠎ᠠ ᠲᠠᠢ ᠡᠭᠦᠷᠭᠡ ᠶᠢᠨ ᠠᠵᠢᠯ ᠤᠨ ᠬᠤᠪᠢᠶᠠᠷᠢᠯᠠᠯ ᠤᠨ ᠲᠥᠰᠦᠯ ᠢ ᠳᠠᠷᠤᠮᠠᠯᠯᠠᠨ ᠲᠠᠷᠬᠠᠭᠠᠬᠤ ᠲᠤᠬᠠᠶ ᠳᠦᠷᠦ ᠶᠢᠨ ᠶᠠᠪᠣᠳᠠᠯ ᠤᠨ ᠬᠤᠷᠢᠶᠠᠨ ᠤ ᠠᠯᠪᠠᠨ ᠳᠢᠩᠬᠢᠮ ᠤᠨ ᠮᠡᠳᠡᠭᠳᠡᠯ︾ ︵ᠲᠥᠷᠥ ᠠᠯᠪᠠᠨ ᠲᠠᠷᠬᠠᠭᠠᠭᠰᠠᠨ ︹2020 ︺ 43 ᠳ᠋ᠤᠭᠠᠷ ᠲᠣᠭᠠᠲᠤ︶︾ ︽ᠪᠥᠬᠦ ᠤᠯᠤᠰ ᠤᠨ ︿ᠳᠠᠯᠪᠢᠬᠤ ᠬᠠᠮᠢᠶᠠᠷᠬᠤ ᠦᠢᠯᠡᠴᠢᠯᠡᠬᠦ﹀ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠡᠵᠡᠩᠨᠡᠨ ᠠᠷᠠᠯᠵᠢᠶᠠᠯᠠᠬᠤ ᠣᠷᠴᠢᠨ ᠲᠣᠭᠤᠷᠢᠨ ᠢ ᠰᠢᠯᠢᠳᠡᠭᠵᠢᠭᠦᠯᠬᠦ ᠲᠧᠯᠸᠢᠰ ᠣᠳᠠᠰᠣ ᠬᠤᠷᠠᠯ ᠤᠨ ᠭᠤᠤᠯᠳᠠᠯᠭ᠎ᠠ ᠲᠠᠢ ᠡᠭᠦᠷᠭᠡ ᠶᠢᠨ ᠠᠵᠢᠯ ᠤᠨ ᠬᠤᠪᠢᠶᠠᠷᠢᠯᠠᠯ ᠤᠨ ᠲᠥᠰᠦᠯ ᠢ ᠲᠤᠤᠱᠯᠠᠭᠤᠯᠤᠨ ᠨᠠᠶᠢᠳᠠᠪᠤᠷᠢᠵᠢᠭᠤᠯᠬᠤ ᠲᠤᠬᠠᠶ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠣᠷᠳᠣᠨ ᠤ ᠠᠯᠪᠡᠨ ᠲᠢᠩᠬᠢᠮ ᠤᠨ ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ ︹ 2019 ︺ 28 ᠳ᠋ᠤᠭᠠᠷ ᠲᠣᠭᠠᠲᠤ︶ ᠵᠡᠷᠭᠡ ᠱᠠᠭᠠᠷᠳᠠᠯᠭ᠎ᠠ ᠪᠠ ᠪᠥᠬᠦ ᠠᠶᠢᠮᠠᠭ ᠤᠨ ᠠᠵᠤ ᠠᠬᠤᠶ ᠶᠢ ᠴᠢᠨᠠᠷ ᠰᠠᠶᠢᠲᠠᠶ  ᠬᠦᠭᠵᠢᠬᠦᠯᠬᠦ ᠬᠤᠷᠠᠯ ᠤᠨ ᠵᠣᠷᠢᠭ ᠰᠠᠨᠠᠭ᠎ᠠ ᠶᠣᠰᠣᠭᠠᠷ᠂ ᠮᠠᠨ ᠤ ᠠᠶᠢᠮᠠᠭ ᠤᠨ ᠪᠣᠳᠠᠲᠠᠶ ᠲᠠᠢ ᠤᠶᠠᠯᠳᠤᠭᠤᠯᠤᠨ᠂ ᠬᠡᠷᠡᠭᠵᠢᠭᠦᠯᠬᠦ ᠲᠥᠰᠦᠯ ᠢ ᠨᠠᠶᠢᠷᠠᠭᠤᠯᠪᠠ᠃      ᠬᠤᠶᠠᠷ᠂ ︽ᠬᠡᠷᠡᠭᠵᠢᠭᠦᠯᠬᠦ ᠲᠥᠰᠦᠯ︾ ᠤᠨ ᠠᠵᠢᠯ ᠤᠨ ᠬᠠᠷᠠᠯᠲᠠ      ᠣᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠪᠠ ᠠᠷᠠᠳ ᠲᠤ ᠲᠥᠬᠦᠮ ᠦᠵᠡᠭᠦᠯᠵᠦ ᠠᠵᠤ ᠠᠬᠤᠶᠢᠯᠠᠯ ᠳᠤ ᠠᠰᠢᠭ ᠬᠦᠷᠲᠡᠭᠡᠬᠦ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠡᠯ᠎ᠡ ᠲᠥᠷᠥᠯ ᠤᠨ ᠣᠯᠠᠨ ᠨᠡᠶᠢᠲᠡ ᠶᠢᠨ ᠦᠢᠯᠡᠴᠢᠯᠡᠬᠡᠨ ᠤ ᠤᠲᠠᠰᠤ ᠶᠢᠨ ︽ᠨᠣᠮᠧᠷ ᠢ ᠨᠢ ᠴᠡᠬᠡᠵᠢᠯᠡᠬᠦ ᠳᠤ ᠬᠦᠴᠢᠷ᠂ ᠨᠡᠪᠲᠡᠷᠡᠯᠴᠡᠬᠦ ᠳᠤ ᠬᠦᠴᠢᠷ᠂ ᠭᠤᠮᠣᠳᠠᠯ  ᠳᠣᠭᠠᠴᠢᠭ᠎ᠠ ᠪᠠᠨ ᠳᠡᠪᠰᠢᠬᠦᠯᠬᠦ ᠳᠤ ᠬᠦᠴᠢᠷ᠂ ᠤᠴᠢᠷ ᠶᠠᠪᠤᠳᠠᠯ ᠢ ᠰᠢᠢᠳᠪᠦᠷᠢᠯᠡᠬᠦ ᠳᠤ ᠬᠦᠴᠢᠷ︾ ᠪᠠᠶᠢᠬᠤ ᠠᠰᠠᠭᠤᠳᠠᠯ ᠢ ᠰᠢᠢᠳᠪᠦᠷᠢᠯᠡᠨ᠎ᠡ᠃ ᠮᠠᠨ ᠤ ᠠᠶᠢᠮᠠᠭ ᠤᠨ ᠵᠠᠰᠠᠭ ᠪᠠ ᠠᠷᠠᠳ ᠬᠠᠷᠢᠯᠴᠠᠬᠤ ᠠᠷᠭ᠎ᠠ ᠵᠠᠮ ᠢ ᠴᠢᠨᠠᠷ ᠰᠠᠶᠢᠲᠠᠶ ᠪᠦᠲᠦᠭᠡᠨ ᠪᠠᠶᠢᠭᠤᠯᠵᠤ᠂ ᠯᠠᠪᠯᠠᠨ ᠠᠰᠠᠭᠤᠬᠤ᠂ ᠦᠢᠯᠡᠴᠢᠯᠡᠬᠦ᠂ ᠠᠪᠤᠷᠠᠨ ᠲᠤᠰᠠᠯᠠᠬᠤ᠂ ᠮᠡᠳᠡᠭᠡ ᠵᠠᠩᠭᠢ ᠶᠢ ᠴᠤᠭᠯᠠᠭᠤᠯᠤᠨ ᠵᠠᠳᠠᠯᠬᠤ᠂ ᠵᠣᠬᠢᠴᠠᠭᠤᠯᠵᠦ ᠰᠢᠮᠳᠠᠭᠤᠯᠣᠨ ᠬᠦᠢᠴᠡᠳᠬᠡᠬᠦᠯᠬᠦ ᠶᠢ ᠨᠢᠭᠡ ᠴᠤᠭᠴᠠᠵᠢᠭᠤᠯᠤᠭᠰᠠᠨ ᠵᠠᠰᠠᠭ ᠤᠨ ᠣᠷᠳᠣᠨ ᠤ ᠦᠢᠯᠡᠴᠢᠯᠡᠭᠡᠨ ᠤ ᠣᠳᠠᠰᠣ 12345 ᠶᠢᠨ ᠲᠠᠪᠴᠠᠩ ᠢ ᠪᠠᠶᠢᠭᠤᠯᠵᠤ᠂ ︽ᠣᠳᠠᠰᠣ ᠶᠢ ᠨᠡᠪᠳᠡᠷᠡᠬᠦᠯᠬᠦ᠂ ᠭᠤᠮᠣᠳᠠᠯ ᠳᠣᠭᠠᠴᠢᠭ᠎ᠠ ᠶᠢ ᠬᠤᠷᠢᠶᠠᠩᠭᠤᠶᠢᠯᠠᠬᠤ᠂ ᠲᠥᠷᠥᠯ ᠬᠤᠪᠢᠶᠠᠨ ᠰᠢᠢᠳᠪᠦᠷᠢᠯᠡᠬᠦ᠂ ᠨᠢᠭᠡᠳᠦᠯᠲᠡᠶ ᠵᠣᠬᠢᠴᠠᠭᠤᠯᠬᠤ᠂ ᠡᠯ᠎ᠡ ᠲᠠᠯ᠎ᠠ ᠶᠢᠨ ᠬᠢᠨ ᠬᠤᠯᠪᠣᠭᠠᠯᠠᠨ ᠬᠥᠳᠡᠯᠦᠯᠴᠡᠬᠦ᠂ ᠬᠤᠭᠤᠴᠠᠭ᠎ᠠ ᠬᠢᠵᠠᠭᠠᠷᠯᠠᠨ ᠰᠢᠢᠳᠪᠦᠷᠢᠯᠡᠬᠦ︾ ᠠᠵᠢᠯ ᠤᠨ ᠲᠣᠭᠲᠠᠴᠠ ᠶᠢ ᠪᠤᠶ ᠪᠣᠯᠭᠠᠵᠤ᠂ ᠵᠠᠰᠠᠭ ᠤᠨ ᠣᠷᠳᠣᠨ ᠤ ᠤᠲᠠᠰᠤ ᠶᠢᠨ ᠪᠠᠶᠢᠭᠤᠯᠤᠯᠲᠠ ᠶᠢ ᠡᠷᠴᠢᠮᠵᠢᠭᠦᠯᠬᠦ᠂ ᠬᠠᠮᠢᠶᠠᠷᠤᠯᠲᠠ ᠶᠢ ᠵᠦᠭᠰᠢᠷᠡᠬᠦᠯᠬᠦ᠂ ᠦᠢᠯᠡᠴᠢᠯᠡᠭᠡ ᠶᠢ ᠪᠡᠷᠢᠮᠵᠢᠶᠡᠵᠢᠭᠤᠯᠬᠤ᠂ ᠲᠤᠬᠢᠷᠠᠭᠤᠯᠭ᠎ᠠ ᠶᠢ ᠰᠦᠯᠵᠢᠶᠡᠨ ᠳᠤ ᠣᠷᠣᠭᠤᠯᠬᠤ᠂  ᠰᠢᠮᠳᠠᠭᠤᠯᠣᠨ ᠬᠦᠢᠴᠡᠳᠬᠡᠬᠦᠯᠬᠦ ᠶᠢ ᠡᠷᠬᠡ ᠲᠠᠢ ᠪᠣᠯᠭᠠᠬᠤ ᠶᠢ ᠪᠡᠶᠡᠯᠡᠭᠦᠯᠵᠦ᠂ ︽ᠶᠠᠪᠤᠳᠠᠯ ᠪᠦᠬᠦᠨ ᠳᠤ ᠬᠠᠷᠢᠭᠤᠯᠳᠠ ᠥᠭᠴᠦ᠂ ᠣᠴᠢᠷ ᠪᠣᠯᠭᠠᠨ ᠳᠤ ᠬᠠᠷᠢᠭᠤᠯᠲᠠ ᠥᠭᠬᠦ︾ ᠶᠢ ᠪᠡᠶᠡᠯᠡᠭᠦᠯᠵᠦ᠂ ᠲᠡᠭᠦᠨ ᠢ ᠨᠠᠮ ᠪᠠ ᠵᠠᠰᠠᠭ ᠤᠨ ᠣᠷᠳᠣᠨ ᠤ ᠣᠯᠠᠨ ᠲᠦᠮᠡᠨ ᠲᠠᠢ ᠨᠢᠭᠲᠠ ᠬᠠᠷᠢᠯᠴᠠᠬᠤ ᠬᠤᠯᠪᠣᠭᠠᠰᠤ ᠪᠣᠯᠭᠠᠵᠤ᠂ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠥᠷᠭᠡᠨ ᠢᠶᠠᠷ ᠴᠤᠭᠯᠠᠭᠤᠯᠬᠤ ᠬᠤᠯᠪᠣᠭᠠᠰᠣ ᠪᠣᠯᠭᠠᠵᠤ᠂ ᠵᠠᠰᠠᠭ ᠤᠨ ᠣᠷᠳᠣᠨ ᠤ ᠠᠵᠢᠯ ᠤᠨ ᠪᠠᠭᠤᠷᠠᠶ ᠭᠤᠭᠴᠤᠭ᠎ᠠ ᠶᠢ ᠡᠮᠬᠢᠯᠡᠬᠦ ᠬᠠᠪᠰᠤᠷᠤᠭᠴᠢ᠂ ᠤᠳᠤᠷᠢᠳᠤᠯᠭ᠎ᠠ ᠶᠢᠨ  ᠰᠢᠢᠳᠪᠦᠷᠢᠳᠦ ᠪᠣᠳᠣᠯᠭ᠎ᠠ ᠲᠣᠭᠲᠠᠭᠠᠬᠤ ᠳᠤ ᠦᠢᠯᠡᠴᠢᠯᠡᠬᠦ ᠵᠥᠪᠯᠡᠭᠴᠢ ᠪᠣᠯᠭᠠᠵᠤ᠂ ᠵᠠᠰᠠᠭ ᠤᠨ ᠣᠷᠳᠣᠨ ᠤ ᠠᠵᠢᠯ ᠤᠨ ᠦᠷ᠎ᠡ ᠪᠦᠲᠦᠮᠵᠢ ᠶᠢ ᠰᠢᠯᠭᠠᠬᠤ ᠬᠡᠮᠵᠢᠭᠦᠷ ᠪᠣᠯᠭᠠᠵᠦ᠂  ᠡᠵᠡᠩᠨᠡᠨ ᠠᠷᠠᠯᠵᠢᠶᠠᠯᠠᠬᠤ ᠣᠷᠴᠢᠨ ᠨᠥᠬᠦᠴᠡᠯ ᠢ ᠰᠢᠯᠢᠳᠡᠭᠵᠢᠬᠦᠯᠦᠭᠰᠡᠨ ᠦᠯᠢᠭᠡᠷ ᠵᠢᠱᠢᠶ᠎ᠡ ᠪᠣᠯᠭᠠᠵᠦ᠂ ᠵᠠᠰᠠᠭ ᠤᠨ ᠣᠷᠳᠣᠨ ᠤ ᠤᠯᠠᠨ ᠨᠡᠶᠢᠲᠡ ᠶᠢ ᠢᠲᠡᠭᠡᠭᠦᠯᠬᠦ ᠬᠦᠴᠦᠨ ᠪᠠ  ᠬᠡᠷᠡᠭᠵᠢᠬᠦᠯᠬᠦ ᠬᠦᠴᠦᠨ ᠢ ᠦᠨᠡᠨᠬᠦ ᠴᠢᠩᠭᠠᠷᠠᠭᠤᠯᠵᠤ᠂ ᠵᠠᠰᠠᠭ ᠤᠨ ᠣᠷᠳᠣᠨ ᠤ ᠵᠠᠰᠠᠯᠲᠠ ᠶᠢᠨ ᠰᠢᠰᠲ᠋ᠧᠮᠵᠢ ᠪᠠ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠤᠨ᠎ᠠ᠃      ᠭᠤᠷᠪᠠ᠂ ︽ᠬᠡᠷᠡᠭᠵᠢᠭᠦᠯᠬᠦ ᠲᠥᠰᠦᠯ︾ ᠤᠨ ᠭᠤᠤᠯᠳᠠᠯᠭ᠎ᠠ ᠲᠠᠢ ᠡᠭᠦᠷᠭᠡ      ᠠᠷᠠᠳ ᠲᠤ ᠲᠥᠬᠦᠮ ᠦᠵᠡᠭᠦᠯᠵᠦ ᠠᠵᠤ ᠠᠬᠤᠶᠢᠯᠠᠯ ᠳᠤ ᠠᠰᠢᠭ ᠬᠦᠷᠲᠡᠭᠡᠬᠦ ᠶᠢ ᠪᠠᠷᠢᠮᠲᠠᠯᠠᠬᠤ᠂ ᠠᠷᠠᠳ ᠲᠤ ᠲᠥᠬᠦᠮ ᠦᠵᠡᠭᠦᠯᠬᠦ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠬᠤ᠂ ᠰᠢᠰᠲ᠋ᠧᠮ ᠲᠠᠢ ᠪᠠᠷ ᠠᠬᠢᠭᠤᠯᠬᠤ ᠶᠢ ᠪᠠᠷᠢᠮᠲᠠᠯᠠᠬᠤ᠂ ᠥᠨᠳᠥᠷ ᠪᠠᠶᠢᠷᠢᠨ ᠳᠤ ᠠᠵᠢᠯᠯᠠᠭᠤᠯᠬᠤ ᠶᠢ ᠪᠠᠷᠢᠮᠲᠠᠯᠠᠬᠤ ᠦᠨᠳᠦᠰᠦᠨ ᠵᠠᠷᠴᠢᠮ ᠶᠣᠰᠣᠭᠠᠷ᠂ ︽ᠠᠯᠠᠱᠠ  ᠠᠶᠢᠮᠠᠭ ᠤᠨ ᠵᠠᠰᠠᠭ ᠤᠨ ᠣᠷᠳᠣᠨ ᠤ ᠦᠢᠯᠡᠴᠢᠯᠡᠬᠡᠨ ᠤ ᠤᠲᠠᠰᠤ 12345 ᠶᠢᠨ ᠪᠠᠶᠢᠭᠤᠯᠤᠯᠲᠠ ᠶᠢᠨ ᠬᠡᠷᠡᠭᠵᠢᠭᠦᠯᠬᠦ ᠲᠥᠰᠦᠯ︾ ᠳᠤ ᠳᠤᠷᠠᠳᠤᠭᠰᠠᠨ 5 ᠳᠦᠷᠦᠯ ᠤᠨ ᠭᠤᠤᠯᠳᠠᠯᠭ᠎ᠠ ᠲᠠᠢ ᠡᠭᠦᠷᠭᠡ ᠶᠢ 18 ᠳᠦᠷᠦᠯ ᠪᠣᠯᠭᠠᠨ ᠨᠠᠷᠢᠯᠢᠬᠵᠢᠭᠤᠯᠪᠠ᠃ ᠡᠭᠦᠨ ᠳᠤ ᠪᠦᠷᠢᠯᠳᠦᠬᠦᠯᠦᠨ ᠪᠠᠶᠢᠭᠤᠯᠬᠤ ᠪᠠᠶᠢᠭᠤᠯᠤᠮᠵᠢ ᠳᠤ᠄ ᠵᠠᠰᠠᠭ ᠤᠨ ᠣᠷᠳᠣᠨ ᠤ ᠬᠡᠷᠡᠭ ᠵᠥᠪᠯᠡᠬᠦ ᠪᠠᠶᠢᠭᠤᠯᠤᠮᠵᠢ ᠶᠢ ᠪᠦᠷᠢᠯᠳᠦᠬᠦᠯᠦᠨ ᠪᠠᠶᠢᠭᠤᠯᠬᠤ᠂ ᠠᠶᠢᠮᠠᠭ ᠤᠨ ᠱᠠᠳᠣᠨ ᠤ ᠲᠤᠰᠬᠠᠶ ᠤᠲᠠᠰᠤᠨ ᠤ ᠬᠠᠮᠢᠶᠠᠷᠬᠤ ᠪᠠᠶᠢᠭᠤᠯᠣᠮᠵᠢ ᠶᠢ ᠪᠦᠷᠢᠯᠳᠦᠬᠦᠯᠦᠨ ᠪᠠᠶᠢᠭᠤᠯᠬᠤ᠂ ᠠᠶᠢᠮᠠᠭ ᠤᠨ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠠᠴᠠ ᠲᠤᠰᠬᠠᠶ ᠬᠥᠮᠦᠨ ᠢ ᠲᠣᠭᠲᠠᠭᠠᠵᠤ ᠣᠳᠠᠰᠣ ᠪᠠᠷ ᠳᠡᠪᠰᠢᠬᠦᠯᠦᠭᠰᠡᠨ ᠲᠤᠰᠢᠶᠠᠨ ᠬᠦᠢᠴᠡᠳᠭᠡᠬᠦᠯᠬᠦ ᠵᠦᠢᠯᠡᠰ ᠢ ᠳᠠᠭᠠᠭᠠᠨ ᠬᠦᠢᠴᠡᠳᠬᠡᠬᠦ ᠶᠢ ᠬᠠᠷᠢᠭᠤᠴᠠᠭᠤᠯᠬᠤ᠂ ᠡᠯ᠎ᠡ ᠬᠤᠰᠢᠭᠤ ᠨᠡᠭᠡᠭᠡᠯᠳᠡ ᠶᠢᠨ ᠣᠷᠣᠨ ᠤ ᠬᠢᠨ ᠣᠳᠠᠰᠣ ᠪᠠᠷ ᠳᠡᠪᠰᠢᠬᠦᠯᠦᠭᠰᠡᠨ ᠳᠠᠭᠠᠭᠠᠨ ᠬᠦᠢᠴᠡᠳᠬᠡᠬᠦ ᠪᠠᠶᠢᠭᠤᠯᠤᠮᠵᠢ ᠶᠢ ᠲᠣᠭᠲᠠᠭᠠᠬᠤ᠂ ᠡᠯ᠎ᠡ ᠰᠣᠮᠣ ᠰᠢᠶᠠᠩ ᠪᠠᠯᠭᠠᠰᠤ᠂ ᠵᠡᠭᠡᠯᠢ ᠭᠤᠳᠦᠮᠵᠢ ᠶᠢᠨ ᠭᠡᠷᠡᠭ ᠡᠷᠬᠢᠯᠡᠬᠦ ᠭᠠᠵᠡᠷ ᠲᠤ ᠰᠢᠭᠤᠳ ᠬᠦᠷᠬᠡᠬᠦ ᠶᠢ ᠪᠡᠶᠡᠯᠡᠭᠦᠯᠬᠦ᠂ ᠨᠠᠮ ᠪᠠ ᠣᠯᠠᠨ ᠲᠦᠮᠡᠨ ᠤ  ᠦᠢᠯᠡᠴᠢᠯᠡᠭᠡᠨ ᠤ ᠲᠥᠪ ᠤᠨ ᠠᠷᠠᠳ ᠲᠤ ᠲᠥᠬᠦᠮ ᠦᠵᠡᠭᠦᠯᠬᠦ ᠦᠢᠯᠡᠴᠢᠯᠡᠬᠡᠨ ᠤ ᠴᠣᠩᠬᠤᠪᠴᠢ ᠳᠤ ᠲᠦᠰᠢᠭᠯᠡᠬᠦ ᠵᠡᠷᠭᠡ ᠪᠠᠭᠲᠠᠨ᠎ᠠ᠃ ᠲᠤᠰᠬᠠᠶ ᠬᠥᠮᠦᠨ ᠢ ᠲᠣᠭᠲᠠᠭᠠᠵᠤ ᠰᠢᠯᠵᠢᠭᠦᠯᠦᠨ ᠰᠢᠢᠳᠪᠦᠷᠢᠯᠡᠬᠦᠯᠬᠦ 5 ᠲᠠᠯ᠎ᠠ ᠶᠢ ᠬᠠᠷᠢᠭᠤᠴᠠᠭᠤᠯᠤᠨ᠎ᠠ︔ ᠲᠣᠭᠲᠠᠴᠠ ᠶᠢ ᠪᠠᠶᠢᠭᠤᠯᠬᠤ ᠳᠠᠯ᠎ᠠ ᠳᠤ᠄ ᠠᠵᠢᠯᠯᠠᠭᠠᠨ ᠤ ᠲᠣᠭᠲᠠᠴᠠ᠂ ᠬᠠᠮᠢᠶᠠᠷᠤᠯᠲᠠ ᠶᠢᠨ ᠲᠣᠭᠲᠠᠴᠠ᠂ ︽ᠭᠤᠮᠣᠳᠠᠯ ᠳᠣᠭᠠᠴᠢᠭ᠎ᠠ ᠶᠢ ᠭᠥᠯᠢᠶᠡᠨ ᠠᠪᠤᠪᠠᠯ ᠳᠡᠷᠡ ᠳᠠᠷᠤᠶ ᠳᠤᠨᠢ ᠰᠢᠢᠳᠪᠦᠷᠢᠯᠡᠬᠦ︾ ᠲᠣᠭᠲᠠᠴᠠ᠂ ︽ᠭᠤᠮᠣᠳᠠᠯ ᠳᠣᠭᠠᠴᠢᠭ᠎ᠠ ᠶᠢ ᠬᠦᠯᠢᠶᠡᠨ ᠠᠪᠣᠭᠠᠳᠣᠢ ᠪᠠᠶᠢᠳᠠᠯ᠎ᠠ ᠣᠷᠢᠳᠠᠪᠡᠷ ᠰᠢᠢᠳᠪᠦᠷᠢᠯᠡᠬᠦ︾ ᠲᠣᠭᠲᠠᠴᠠ᠂ ᠲᠣᠭᠲᠠᠮᠠᠯ ᠬᠤᠭᠤᠴᠠᠭ᠎ᠠ ᠲᠠᠢ ᠪᠠᠷ ᠦᠨᠡᠯᠡᠬᠦ ᠲᠣᠭᠲᠠᠴᠠ᠂ ᠰᠢᠯᠭᠠᠨ ᠦᠨᠡᠯᠡᠵᠦ ᠵᠠᠷᠯᠠᠨ ᠮᠡᠳᠡᠭᠳᠡᠬᠦ ᠲᠣᠭᠲᠠᠴᠠ ᠵᠡᠷᠭᠡ 6 ᠲᠠᠯ᠎ᠠ ᠪᠠᠭᠲᠠᠨ᠎ᠠ︔ ᠲᠠᠪᠴᠠᠩ ᠢ ᠪᠠᠶᠢᠭᠤᠯᠬᠤ ᠳᠤ᠄ ᠠᠵᠢᠯᠯᠠᠭᠠᠨ ᠪᠠ ᠦᠢᠯᠡᠴᠢᠯᠡᠬᠡᠨ ᠤ ᠲᠠᠪᠴᠠᠩ ᠢ ᠪᠠᠶᠢᠭᠤᠯᠬᠤ᠂ ᠰᠦᠯᠵᠢᠶᠡᠨ ᠤ ᠲᠠᠪᠴᠠᠩ ᠢ ᠲᠠᠰ ᠳᠡᠪᠰᠢᠭᠦᠯᠬᠦ᠂ ᠮᠡᠳᠡᠯᠭᠡ ᠶᠢᠨ ᠬᠥᠮᠥᠷᠭᠡ ᠶᠢ ᠪᠠᠶᠢᠭᠤᠯᠬᠤ ᠵᠡᠷᠭᠡ 3 ᠲᠠᠯ᠎ᠠ ᠶᠢ ᠪᠠᠭᠲᠠᠭᠠᠨ᠎ᠠ︔ ᠣᠳᠠᠰᠣᠨ ᠤ ᠭᠥᠯᠢᠶᠡᠨ ᠠᠪᠴᠤ ᠰᠢᠢᠳᠪᠦᠷᠢᠯᠡᠬᠦ ᠬᠡᠪᠴᠢᠶ᠎ᠡ ᠳᠤ᠄ ᠣᠯᠠᠨ ᠲᠦᠮᠡᠨ ᠪᠠ ᠠᠵᠤ ᠠᠬᠤᠶᠢᠯᠠᠯ ᠤᠨ ᠳᠤᠷᠠᠳᠤᠭᠰᠠᠨ ᠵᠠᠰᠠᠭ ᠤᠨ ᠣᠷᠳᠣᠨ ᠤ ᠣᠯᠠᠨ ᠨᠡᠶᠢᠲᠡ ᠶᠢᠨ ᠬᠠᠮᠢᠶᠠᠷᠤᠯᠲᠠ᠂ ᠣᠯᠠᠨ ᠨᠡᠶᠢᠲᠡ ᠶᠢᠨ ᠦᠢᠯᠡᠴᠢᠯᠡᠭᠡ ᠪᠠ ᠠᠵᠤ ᠠᠬᠤᠶ ᠨᠡᠶᠢᠭᠡᠮ ᠤᠨ ᠬᠥᠭᠵᠢᠯᠲᠡ ᠵᠡᠷᠭᠡ ᠲᠠᠯ᠎ᠠ ᠳᠤ ᠬᠤᠯᠪᠣᠭᠳᠠᠬᠤ ᠡᠯ᠎ᠡ ᠲᠥᠷᠥᠯ ᠤᠨ ᠠᠰᠠᠭᠤᠨ ᠯᠠᠪᠯᠠᠯᠭ᠎ᠠ᠂ ᠲᠤᠰᠠᠯᠠᠮᠵᠢ ᠭᠤᠶᠤᠴᠢᠯᠠᠬᠤ᠂ ᠵᠠᠭᠠᠯᠳᠤᠬᠤ᠂ ᠢᠯᠡᠴᠢᠯᠡᠨ ᠮᠡᠳᠡᠭᠦᠯᠬᠦ᠂ ᠰᠠᠨᠠᠯ ᠪᠠ ᠰᠠᠨᠠᠭᠤᠯᠭ᠎ᠠ ᠪᠠᠭᠲᠠᠨ᠎ᠠ᠃ ᠡᠮᠬᠢᠯᠡᠨ ᠨᠡᠶᠢᠯᠡᠭᠦᠯᠬᠦ ᠬᠡᠪᠴᠢᠶ᠎ᠡ ᠳᠤ᠄ ᠡᠮᠬᠢᠯᠡᠨ ᠨᠡᠶᠢᠯᠡᠬᠦᠯᠦᠭᠰᠡᠨ ᠤᠲᠠᠰᠤ᠂ ᠨᠢᠭᠡᠳᠬᠡᠨ ᠠᠵᠢᠯᠯᠠᠭᠤᠯᠬᠤ ᠤᠲᠠᠰᠤ᠂ ᠬᠠᠷᠢᠯᠴᠠᠨ ᠨᠡᠪᠲᠡᠷᠡᠯᠴᠡᠬᠦ ᠤᠲᠠᠰᠤ ᠵᠡᠷᠭᠡ 3 ᠲᠠᠯ᠎ᠠ ᠶᠢ ᠪᠠᠭᠲᠠᠭᠠᠨ᠎ᠠ᠃      ᠲᠠᠶᠢᠯᠤᠮᠵᠢ ᠬᠢᠭᠰᠡᠨ ᠨᠢ᠄ ᠠᠯᠠᠱᠠ ᠠᠶᠢᠮᠠᠭ ᠤᠨ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠲᠣᠪᠴᠢᠶ᠎ᠠ ᠶᠢᠨ ᠨᠠᠮ ᠤᠨ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠸᠠᠩ ᠾᠦᠢ      ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠤᠨ ᠬᠤᠯᠪᠣᠭᠠᠰᠣ
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号