︽ᠳᠤᠮᠳᠠᠳᠤ ᠤᠯᠤᠰ ᠤᠨ ᠪᠠᠭᠰᠢ ᠶᠢᠨ ᠬᠥᠭᠵᠢᠯᠲᠡ ᠶᠢᠨ ᠮᠡᠳᠡᠭᠦᠯᠦᠯᠲᠡ 2019︾ ᠳᠤ ᠨᠡᠶᠢᠳᠡᠯᠡᠭᠰᠡᠨ  ᠢᠶᠠᠷ ᠪᠠᠭᠰᠢ ᠶᠢᠨ ᠰᠠᠷ᠎ᠠ ᠶᠢᠨ ᠳᠤᠮᠳᠠᠴᠢ ᠴᠠᠯᠢᠩ ᠨᠢ 4324 . 61 ᠲᠥᠭᠦᠷᠢᠭ ᠪᠤᠯᠵᠠᠢ
ᠨᠡᠶᠢᠲᠡᠯᠡᠭᠰᠡᠨ ᠴᠠᠭ᠄
2021/1/8
     ᠲᠣᠮᠳᠠᠳᠣ ᠣᠯᠣᠰ ᠤᠨ ᠵᠠᠯᠠᠭᠤᠴᠣᠳ ᠰᠤᠨᠢᠨ ᠤ ᠮᠡᠳᠡᠭᠡ ︵ᠳᠤᠮᠳᠠᠳᠤ ᠤᠯᠤᠰ ᠤᠨ ᠵᠠᠯᠠᠭᠤᠴᠤᠳ ᠰᠣᠨᠢᠨ· ᠳᠤᠮᠳᠠᠳᠤ ᠤᠯᠤᠰ ᠤᠨ ᠵᠠᠯᠠᠭᠤᠴᠤᠳ ᠤᠨ ᠰᠦᠯᠵᠢᠶᠡᠨ ᠤ ᠰᠤᠷᠪᠤᠯᠵᠢᠯᠠᠭᠴᠢ ᠸᠠᠩ ᠫᠸᠢ ᠯᠢᠶᠠᠨ︶ ᠲᠦᠷᠦᠭᠦᠬᠡᠨ ︽ᠳᠤᠮᠳᠠᠳᠤ ᠤᠯᠤᠰ ᠤᠨ ᠪᠠᠭᠰᠢ ᠶᠢᠨ ᠬᠥᠭᠵᠢᠯᠲᠡ ᠶᠢᠨ ᠮᠡᠳᠡᠭᠦᠯᠦᠯᠲᠡ 2019᠄ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢᠨ ᠡᠩᠨᠡᠭᠡ ᠶᠢᠨ ᠪᠠᠶᠢᠭᠤᠯᠤᠯᠲᠠ ᠶᠢᠨ ᠠᠮᠵᠢᠯᠲᠠ ᠪᠦᠳᠦᠮᠵᠢ᠂ ᠥᠷᠢᠰᠥᠯᠳᠦᠭᠡᠨ ᠪᠠ ᠠᠷᠭ᠎ᠠ ᠬᠡᠮᠵᠢᠶ᠎ᠡ︾ ︵ᠳᠣᠷᠣᠭᠰᠢ ︽ᠮᠡᠳᠡᠭᠦᠯᠦᠯᠲᠡ︾ ᠭᠡᠵᠦ ᠲᠣᠪᠴᠢᠯᠠᠨ᠎ᠠ︶ ᠶᠢ ᠵᠡᠭᠦᠨ ᠬᠤᠶᠢᠲᠤ ᠶᠢᠨ ᠪᠠᠭᠰᠢ ᠶᠢᠨ ᠶᠡᠭᠡ ᠰᠤᠷᠭᠠᠭᠤᠯᠢ ᠶᠢᠨ ᠬᠢᠨ ᠨᠡᠶᠢᠲᠡᠯᠡᠪᠡ᠃      ︽ᠮᠡᠳᠡᠭᠦᠯᠦᠯᠲᠡ︾ ᠳᠤ᠂ ᠪᠠᠭᠰᠢ ᠶᠢᠨ ᠶᠣᠰᠣ ᠮᠣᠷᠠᠯ ᠤᠨ ᠲᠠᠯ᠎ᠠ ᠪᠠᠷ᠂ ᠠᠷᠪᠠᠨ ᠤ ᠵᠢᠷᠭᠤᠭᠠᠨ ᠬᠤᠪᠢ ᠶᠢᠨ ᠪᠠᠭᠰᠢ ᠨᠢ ᠪᠠᠭᠰᠢ ᠶᠢᠨ ᠠᠵᠢᠯ ᠮᠡᠷᠭᠡᠵᠢᠯ ᠳᠡᠭᠡᠨ ᠬᠠᠶᠢᠷᠠᠲᠠᠶ ᠪᠠᠶᠢᠵᠤ᠂ ᠠᠵᠢᠯ ᠮᠡᠷᠭᠡᠵᠢᠯ ᠤᠨ ᠠᠴᠢ ᠬᠤᠯᠪᠣᠭᠳᠠᠯ ᠨᠢ ᠰᠤᠷᠤᠭᠴᠢᠳ ᠲᠠᠢ ᠬᠠᠮᠲᠤ ᠪᠠᠷ ᠦᠰᠦᠨ ᠪᠤᠶᠢᠵᠢᠬᠤ ᠳᠤ ᠪᠤᠢ ᠬᠡᠵᠦ ᠵᠢᠷᠭᠤᠭᠠᠨ ᠬᠤᠪᠢ ᠠᠴᠠ ᠳᠡᠭᠡᠭᠰᠢᠬᠢ ᠪᠠᠭᠰᠢ ᠨᠠᠷ ᠦᠵᠡᠵᠦ ᠪᠠᠶᠢᠨ᠎ᠠ︔ ᠠᠮᠢ ᠨᠠᠰᠤᠨ ᠤ ᠰᠦᠷᠳᠡᠭᠦᠯᠦᠯ ᠳᠤ ᠲᠤᠯᠭᠠᠷᠠᠪᠠᠯ᠂ ᠥᠪᠡᠷ ᠢ ᠪᠠᠨ ᠦᠷᠡᠭᠳᠡᠭᠦᠯᠵᠦ ᠪᠠᠶᠢᠭᠠᠳ ᠰᠤᠷᠤᠭᠴᠢᠳ ᠢ ᠬᠠᠮᠠᠭᠠᠯᠠᠨ᠎ᠠ ᠭᠡᠵᠦ 62 . 53 % ᠶᠢᠨ ᠪᠠᠭᠰᠢ ᠨᠠᠷ ᠦᠵᠡᠵᠦ ᠪᠠᠶᠢᠨ᠎ᠠ᠃      ᠵᠢᠭᠠᠨ ᠰᠤᠷᠭᠠᠬᠤ ᠴᠢᠳᠠᠪᠤᠷᠢ ᠶᠢᠨ ᠲᠠᠯ᠎ᠠ ᠪᠠᠷ᠂ ᠪᠠᠶᠢᠴᠠᠭᠠᠯᠲᠠ ᠶᠢᠨ ᠦᠷ᠎ᠡ ᠳ᠋ᠦᠩ ᠳᠤ ᠢᠯᠡᠷᠡᠭᠦᠯᠦᠭᠰᠡᠨ ᠢᠶᠠᠷ᠂ ᠪᠠᠭᠰᠢ ᠶᠢᠨ ᠵᠢᠭᠠᠨ ᠰᠤᠷᠭᠠᠬᠤ ᠴᠢᠳᠠᠪᠤᠷᠢ ᠶᠢᠨ ᠳᠤᠮᠳᠠᠴᠢ ᠬᠡᠮᠵᠢᠭᠳᠡᠯ ᠨᠢ ᠨᠡᠯᠢᠶᠡᠳ ᠥᠨᠳᠥᠷ ᠪᠠᠶᠢᠨ᠎ᠠ᠂ ᠡᠭᠦᠨ ᠳᠤ ᠵᠢᠭᠠᠨ ᠰᠤᠷᠭᠠᠯᠳᠡ ᠶᠢ ᠵᠢᠷᠤᠵᠤ ᠲᠥᠯᠥᠪᠯᠡᠬᠦ ᠴᠢᠳᠠᠪᠤᠷᠢ ᠪᠠᠷ ᠬᠠᠮᠤᠭ ᠤᠨ ᠲᠤᠪᠤᠶᠢᠮ᠎ᠠ ᠪᠠᠶᠢᠪᠠᠴᠤ᠂ ᠵᠢᠭᠠᠨ ᠰᠤᠷᠭᠠᠯᠳᠡ ᠶᠢ ᠰᠤᠳᠤᠯᠬᠤ ᠴᠢᠳᠠᠪᠤᠷᠢ ᠪᠠᠨ ᠪᠠᠰᠠ ᠳᠡᠭᠡᠭᠰᠢᠯᠡᠭᠦᠯᠬᠦ ᠴᠢᠬᠤᠯᠠᠲᠠᠢ ᠪᠠᠶᠢᠨ᠎ᠡ᠂ ᠳᠤᠮᠳᠠ ᠬᠡᠰᠡᠭ ᠤᠨ ᠭᠠᠵᠠᠷ ᠣᠷᠣᠨ ᠬᠢᠭᠡᠳ ᠬᠤᠳᠠ ᠶᠢᠨ ᠪᠠᠭᠰᠢ ᠨᠠᠷ ᠤᠨ ᠴᠢᠳᠠᠪᠤᠷᠢ ᠶᠢᠨ ᠲᠦᠪᠰᠢᠨ ᠨᠡᠯᠢᠶᠡᠳ ᠥᠨᠳᠥᠷ ᠪᠠᠶᠢᠨ᠎ᠠ᠃      ᠠᠵᠢᠯ ᠤᠨ ᠡᠷᠴᠢᠮ ᠤᠨ ᠲᠠᠯ᠎ᠠ ᠪᠠᠷ᠂ ︽ᠮᠡᠳᠡᠭᠦᠯᠦᠯᠲᠡ︾ ᠳᠤ᠂ ᠬᠠᠭᠠᠰ ᠲᠣᠭᠠᠨ ᠠᠴᠠ ᠳᠡᠭᠡᠭᠰᠢᠬᠢ ᠪᠠᠭᠰᠢ ᠨᠠᠷ ᠤᠨ ᠡᠳᠦᠷ ᠪᠦᠷᠢ ᠶᠢᠨ ᠠᠵᠢᠯᠯᠠᠬᠤ ᠴᠠᠭ ᠨᠢ 8 ᠴᠠᠭ ᠠᠴᠠ ᠬᠡᠲᠦᠷᠡᠵᠦ ᠪᠠᠶᠢᠨ᠎ᠠ᠃ ᠣᠯᠠᠩᠬᠢ ᠪᠠᠭᠰᠢ ᠨᠠᠷ ᠠᠮᠠᠷᠠᠯᠲᠠ ᠶᠢᠨ ᠴᠠᠭ ᠢᠶᠠᠨ ᠠᠰᠢᠬᠯᠠᠨ ᠠᠵᠢᠯᠯᠠᠵᠤ  ᠪᠠᠶᠢᠳᠠᠭ᠂ ᠡᠪᠦᠯ ᠵᠤᠨ ᠤ ᠠᠮᠠᠷᠠᠯᠲᠠ ᠳᠤ ᠴᠠᠭ ᠨᠡᠮᠡᠵᠦ ᠠᠵᠢᠯᠯᠠᠬᠤ ᠦᠭᠡᠢ ᠪᠠᠭᠰᠢ ᠲᠠᠪᠤᠨ ᠤ ᠨᠢᠭᠡ ᠬᠤᠪᠢ ᠳᠤ ᠬᠦᠷᠬᠦ ᠦᠭᠡᠢ ᠪᠠᠶᠢᠨ᠎ᠠ ᠬᠡᠵᠡᠢ᠃      ᠬᠥᠯᠥᠰᠥ ᠣᠯᠭᠤᠮᠵᠢ ᠶᠢᠨ ᠲᠠᠯ᠎ᠠ ᠪᠠᠷ᠂ ︽ᠮᠡᠳᠡᠭᠦᠯᠦᠯᠲᠡ︾ ᠳᠤ᠂ ᠪᠠᠶᠢᠴᠠᠭᠠᠯᠲᠠ ᠳᠤ ᠣᠷᠣᠯᠴᠠᠭᠰᠠᠨ ᠪᠠᠭᠰᠢ ᠶᠢᠨ ᠰᠠᠷ᠎ᠠ ᠶᠢᠨ ᠳᠤᠮᠳᠠᠴᠢ ᠴᠠᠯᠢᠩ ᠨᠢ 4324 . 61 ᠲᠥᠭᠦᠷᠢᠭ ᠪᠤᠯᠵᠠᠢ᠂ ᠡᠭᠦᠨ ᠳᠤ ᠭᠤᠷᠪᠠᠨ ᠬᠤᠪᠢ ᠠᠴᠠ ᠳᠡᠭᠡᠭᠰᠢᠬᠢ ᠪᠠᠭᠰᠢ ᠨᠠᠷ ᠤᠨ ᠰᠠᠷ᠎ᠠ ᠶᠢᠨ ᠴᠠᠯᠢᠩ ᠨᠢ 5000 ᠲᠥᠭᠦᠷᠢᠭ ᠠᠴᠠ ᠳᠡᠭᠡᠭᠰᠢ ᠪᠠᠶᠢᠨ᠎ᠠ᠃ ᠵᠡᠭᠦᠨ ᠬᠡᠰᠡᠭ ᠤᠨ ᠭᠠᠵᠠᠷ ᠣᠷᠣᠨ ᠤ ᠪᠠᠭᠰᠢ ᠶᠢᠨ ᠰᠠᠷ᠎ᠠ ᠶᠢᠨ ᠳᠤᠮᠳᠠᠴᠢ ᠴᠠᠯᠢᠩ ᠨᠢ 5133 . 17 ᠲᠥᠭᠦᠷᠢᠭ ᠪᠠᠶᠢᠵᠤ᠂ ᠳᠤᠮᠳᠠ ᠬᠡᠰᠡᠭ ᠤᠨ ᠭᠠᠵᠠᠷ ᠣᠷᠣᠨ ᠤ ᠬᠢ ᠠᠴᠠ 1000 ᠭᠠᠷᠤᠶ ᠲᠥᠭᠦᠷᠢᠭ ᠢᠯᠡᠬᠦᠦ ᠪᠠᠶᠢᠵᠤ᠂ ᠪᠠᠷᠠᠭᠤᠨ ᠬᠡᠰᠡᠭ ᠤᠨ ᠭᠠᠵᠠᠷ ᠣᠷᠣᠨ ᠤ ᠬᠢ ᠠᠴᠠ 1500 ᠲᠥᠭᠦᠷᠢᠭ ᠣᠷᠴᠢᠮ ᠢᠯᠡᠬᠦᠦ ᠪᠠᠶᠢᠨ᠎ᠠ ᠬᠡᠪᠡ᠃      ᠠᠵᠢᠯ ᠮᠡᠷᠭᠡᠵᠢᠯ ᠤᠨ ᠨᠡᠶᠢᠭᠡᠮ ᠤᠨ ᠨᠡᠷ᠎ᠡ ᠨᠦᠯᠦᠭᠡᠨ ᠤ ᠲᠠᠯ᠎ᠠ ᠪᠠᠷ᠂ ︽ᠮᠡᠳᠡᠭᠦᠯᠦᠯᠲᠡ︾ ᠳᠤ᠂ ᠨᠡᠶᠢᠭᠡᠮ ᠤᠨ ᠬᠥᠮᠦᠰ ᠤᠨ ᠪᠠᠭᠰᠢ ᠶᠢᠨ ᠨᠡᠶᠢᠭᠡᠮ ᠤᠨ ᠨᠡᠷ᠎ᠡ  ᠨᠦᠯᠦᠬᠡ ᠶᠢᠨ ᠲᠤᠬᠠᠶ ᠦᠨᠡᠯᠡᠯᠲᠡ ︵ᠳᠤᠮᠳᠠᠴᠢ ᠬᠡᠮᠵᠢᠭᠳᠡᠯ ᠨᠢ 3 . 22︶ ᠨᠢ ᠪᠠᠭᠰᠢ ᠶᠢᠨ ᠥᠪᠡᠷ ᠤᠨ ᠦᠨᠡᠯᠡᠯᠲᠡ ︵ᠳᠤᠮᠳᠠᠴᠢ ᠬᠡᠮᠵᠢᠭᠳᠡᠯ ᠨᠢ 2. 47︶ ᠠᠴᠠ ᠥᠨᠳᠥᠷ ᠪᠠᠶᠢᠵᠤ᠂ ᠪᠠᠭᠰᠢ ᠨᠠᠷ ᠤᠨ ᠪᠦᠬᠦᠯᠢ ᠴᠣᠭᠴᠠ ᠳᠤ ᠨᠡᠯᠢᠶᠡᠳ ᠥᠨᠳᠥᠷ ᠠᠵᠢᠯ ᠮᠡᠷᠭᠡᠵᠢᠯ ᠤᠨ ᠲᠠᠨᠢᠨ ᠮᠡᠳᠡᠷᠡᠬᠦᠶ ᠢᠯᠡᠷᠡᠵᠦ ᠪᠠᠶᠢᠬᠤ ᠪᠦᠭᠡᠳ ᠪᠠᠭᠰᠢ ᠶᠢᠨ ᠠᠵᠢᠯ ᠨᠢ ᠥᠪᠡᠷ ᠤᠨ ᠪᠡᠶ᠎ᠡ ᠳᠤᠨᠢ ᠨᠡᠯᠢᠶᠡᠳ ᠥᠨᠳᠥᠷ ᠣᠮᠣᠭᠰᠢᠯᠲᠤ ᠰᠡᠳᠬᠢᠯᠭᠡ ᠠᠪᠴᠢᠷᠠᠭᠰᠠᠨ ᠬᠡᠵᠦ 67 . 18 % ᠶᠢᠨ ᠪᠠᠭᠰᠢ ᠨᠠᠷ ᠦᠵᠡᠵᠦ ᠪᠠᠶᠢᠨ᠎ᠠ ᠭᠡᠪᠡ᠃      ᠡᠭᠦᠨ ᠤ ᠬᠠᠮᠲᠤ᠂ ︽ᠢᠯᠡᠳᠬᠡᠯ︾ ᠳᠤ ᠪᠠᠰᠠ ᠮᠠᠨ ᠤ ᠤᠯᠤᠰ ᠤᠨ ᠪᠠᠭᠰᠢ ᠶᠢᠨ ᠡᠩᠨᠡᠭᠡ ᠶᠢᠨ ᠪᠠᠶᠢᠭᠤᠯᠤᠯᠲᠠ ᠳᠤ ᠣᠷᠣᠰᠢᠵᠤ ᠪᠠᠶᠢᠭ᠎ᠠ ᠬᠦᠴᠢᠷᠳᠡᠯ᠂ ᠵᠢᠱᠢᠶᠡᠯᠡᠪᠡᠯ᠂ ᠣᠳᠣᠬᠠᠨ ᠳᠤ ᠮᠥᠨ ᠯᠡ ᠵᠣᠬᠢᠬᠤ ᠲᠣᠭᠠᠨ ᠤ ᠣᠷᠣᠯᠠᠨ ᠬᠢᠴᠢᠶᠡᠯᠯᠡᠬᠦ ᠪᠠᠭᠰᠢ ᠪᠠᠶᠢᠬᠤ ᠪᠥᠭᠡᠳ ᠪᠠᠭᠰᠢ ᠨᠠᠷ ᠤᠨ ᠬᠦᠢᠰᠦ ᠶᠢᠨ ᠢᠯᠭᠠᠯ ᠲᠡᠩᠴᠡᠭᠦᠷᠢ ᠪᠠᠨ ᠠᠯᠳᠠᠵᠤ ᠪᠠᠶᠢᠬᠤ᠂ ᠨᠠᠰᠤ ᠠᠬᠢᠬᠰᠠᠨ ᠪᠠᠭᠰᠢ ᠶᠢᠨ ᠡᠵᠡᠯᠡᠬᠦ ᠬᠠᠷᠢᠴᠠᠯ ᠶᠡᠭᠡ ᠪᠠᠶᠢᠬᠤ᠂ ᠳᠡᠬᠡᠳᠦ ᠪᠣᠯᠪᠠᠰᠣᠷᠠᠯ ᠲᠠᠢ ᠪᠠᠭᠰᠢ ᠨᠠᠷ ᠤᠨ ᠬᠠᠷᠢᠴᠠᠯ ᠢ ᠳᠡᠭᠡᠭᠰᠢᠯᠡᠭᠦᠯᠬᠦ ᠴᠢᠬᠤᠯᠠᠲᠠᠶ ᠪᠠᠶᠢᠬᠤ ᠵᠡᠷᠭᠡ ᠪᠦᠲᠦᠴᠡ ᠶᠢᠨ ᠴᠢᠨᠠᠷᠲᠠᠶ ᠠᠰᠠᠭᠤᠳᠠᠯ ᠤᠳ ᠣᠷᠣᠰᠢᠵᠤ ᠪᠤᠢ᠂ ᠵᠢᠭᠠᠨ ᠰᠤᠷᠭᠠᠬᠤ ᠴᠢᠳᠠᠪᠤᠷᠢ ᠶᠢᠨ ᠲᠠᠯ᠎ᠠ ᠪᠠᠷ ᠭᠠᠵᠠᠷ ᠣᠷᠣᠨ ᠤ ᠬᠥᠭᠵᠢᠯᠲᠡ ᠲᠡᠩᠴᠡᠭᠦᠷᠢ ᠥᠬᠡᠶ᠂ ᠪᠠᠭᠰᠢ ᠶᠢᠨ ᠠᠵᠢᠯ ᠤᠨ ᠡᠭᠦᠷᠭᠡ ᠬᠡᠲᠦ ᠬᠦᠨᠳᠦ᠂ ᠠᠵᠢᠯ ᠤᠨ ᠳᠠᠷᠤᠯᠲᠠ ᠨᠡᠯᠢᠶᠡᠳ ᠶᠡᠭᠡ ᠪᠠᠶᠢᠬᠤ ᠵᠡᠷᠭᠡ ᠠᠰᠠᠭᠤᠳᠠᠯ ᠣᠷᠣᠰᠢᠵᠤ ᠪᠠᠶᠢᠨ᠎ᠠ ᠭᠡᠪᠡ᠃      ︽ᠮᠡᠳᠡᠭᠦᠯᠦᠯᠲᠡ︾ ᠶᠢ ᠵᠡᠭᠦᠨ ᠬᠤᠶᠢᠲᠤ ᠶᠢᠨ ᠪᠠᠭᠰᠢ ᠶᠢᠨ ᠶᠡᠭᠡ ᠰᠤᠷᠭᠠᠭᠤᠯᠢ ᠶᠢᠨ ᠫᠷᠤᠹᠧᠰᠰᠤᠷ ᠯᠢ ᠭᠤᠧᠠᠩ᠂ ᠯᠢᠦ ᠬᠠᠢ ᠮᠢᠨ ᠨᠡᠷ ᠪᠢᠴᠢᠵᠦ᠂ ᠰᠢᠨᠵᠢᠯᠡᠬᠦ ᠤᠬᠠᠭᠠᠨ ᠤ ᠬᠡᠪᠯᠡᠯ ᠤᠨ ᠬᠤᠷᠢᠶ᠎ᠠ ᠠᠴᠠ ᠬᠡᠪᠯᠡᠭᠦᠯᠪᠡ᠃    ︽ᠮᠡᠳᠡᠭᠦᠯᠦᠯᠳᠡ︾ ᠶᠢᠨ ᠪᠠᠶᠢᠴᠠᠭᠠᠯᠳᠠ ᠶᠢᠨ ᠲᠤᠭ᠎ᠠ ᠪᠠᠷᠢᠮᠳᠠ ᠳᠤ ᠤᠯᠤᠰ ᠤᠨ ᠳᠣᠲᠣᠭᠠᠳᠤ ᠶᠢᠨ 21 ᠮᠤᠵᠢ ᠣᠷᠣᠨ ᠢ ᠬᠠᠮᠤᠷᠴᠤ᠂ 8 ᠮᠤᠵᠢ ᠣᠷᠣᠨ ᠤ 11 ᠬᠤᠳᠠ ᠶᠢᠨ 54 ᠰᠤᠷᠭᠠᠭᠤᠯᠢ ᠳᠤ ᠬᠦᠷᠴᠦ 12348 ᠪᠠᠭᠰᠢ ᠶᠢ ᠰᠤᠷᠪᠤᠯᠵᠢᠯᠠᠨ ᠭᠦᠨᠵᠡᠭᠡᠢ ᠪᠠᠶᠢᠴᠠᠭᠠᠨ ᠰᠣᠳᠣᠯᠵᠦ᠂ 323 ᠪᠠᠭᠰᠢ ᠲᠠᠢ ᠠᠭᠤᠯᠵᠠᠨ ᠶᠠᠷᠢᠯᠴᠠᠬᠰᠠᠨ ᠪᠠᠶᠢᠨ᠎ᠠ᠃      ᠠᠭᠤᠯᠭ᠎ᠠ ᠶᠢᠨ ᠢᠷᠡᠯᠳᠡ᠄ http://mongol.people.com.cn/15832155.html
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号