ᠠᠯᠠᠱᠠ ᠶᠢᠨ ᠴᠠᠭᠠᠨ ᠭᠤᠶᠣᠣ ᠶᠢᠨ ᠴᠢᠨᠠᠷ ᠰᠠᠶᠢᠲᠠᠶ ᠪᠠᠷᠢᠮᠵᠢᠶ᠎ᠠ ᠶᠢᠨ ᠣᠷᠣᠨ ᠨᠤᠲᠤᠭ ᠤᠨ ᠪᠠᠷᠢᠮᠵᠢᠶ᠎ᠠ ᠶᠢ ᠵᠥᠪᠰᠢᠶᠡᠷᠡᠯ ᠢᠶᠠᠷ ᠨᠡᠶᠢᠲᠡᠯᠡᠯ᠎ᠠ
ᠨᠡᠶᠢᠲᠡᠯᠡᠭᠰᠡᠨ ᠴᠠᠭ᠄
2021/10/11
      ᠠᠶᠢᠮᠠᠭ ᠤᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ ᠠᠯᠠᠱᠠ ᠶᠢᠨ ᠪᠠᠶᠢᠭᠠᠯᠢ ᠶᠢᠨ ᠴᠠᠭᠠᠨ ᠭᠤᠶᠣᠣ ᠶᠢᠨ ᠴᠢᠨᠠᠷ ᠰᠠᠶᠢᠲᠠᠶ ᠪᠠᠷᠢᠮᠵᠢᠶ᠎ᠠ ᠶᠢᠨ ᠰᠢᠰᠲ᠋ᠧᠮ ᠤᠨ ᠣᠷᠣᠨ ᠨᠤᠲᠤᠭ ᠤᠨ ᠪᠠᠷᠢᠮᠵᠢᠶ᠎ᠠ ᠶᠢ ᠵᠥᠪᠰᠢᠶᠡᠷᠡᠯ ᠢᠶᠠᠷ ᠨᠡᠶᠢᠲᠡᠯᠡᠵᠦ᠂ 2021 ᠣᠨ ᠤ 10 ᠰᠠᠷ᠎ᠠ ᠶᠢᠨ 8 ᠤ ᠡᠳᠦᠷ ᠠᠴᠠ ᠬᠡᠷᠡᠭᠵᠢᠭᠦᠯᠦᠭᠰᠡᠨ ᠪᠠᠶᠢᠨ᠎ᠠ᠃       ᠠᠯᠠᠱᠠ ᠶᠢᠨ ᠪᠠᠶᠢᠭᠠᠯᠢ ᠶᠢᠨ ᠴᠠᠭᠠᠨ ᠭᠤᠶᠣᠣ ᠶᠢᠨ ᠴᠢᠨᠠᠷ ᠰᠠᠶᠢᠲᠠᠶ ᠪᠠᠷᠢᠮᠵᠢᠶ᠎ᠠ ᠶᠢᠨ ᠰᠢᠰᠲ᠋ᠧᠮ ᠤᠨ ᠣᠷᠣᠨ ᠨᠤᠲᠤᠭ ᠤᠨ ᠪᠠᠷᠢᠮᠵᠢᠶ᠎ᠠ ᠳᠤ ᠨᠡᠶᠢᠲᠡ 7 ᠵᠦᠶᠯ ᠪᠣᠶ᠂ ᠲᠤᠬᠠᠶᠢᠯᠠᠪᠠᠯ ︽ᠠᠯᠠᠱᠠ ᠶᠢᠨ ᠪᠠᠶᠢᠭᠠᠯᠢ ᠶᠢᠨ ᠴᠠᠭᠠᠨ ᠭᠤᠶᠣᠣ ᠶᠢᠨ ᠭᠠᠷᠤᠯᠲᠠ ᠶᠢᠨ ᠣᠷᠣᠨ ᠤ ᠣᠷᠴᠢᠨ ᠲᠣᠭᠤᠷᠢᠨ︾ ︽ᠠᠯᠠᠱᠠ ᠶᠢᠨ ᠪᠠᠶᠢᠭᠠᠯᠢ ᠶᠢᠨ ᠴᠠᠭᠠᠨ ᠭᠤᠶᠣᠣ ᠶᠢᠨ ᠦᠷ᠎ᠡ ᠶᠢ ᠪᠤᠶᠢᠵᠢᠭᠤᠯᠬᠤ ᠲᠦᠷᠢᠮ ᠲᠣᠭᠲᠠᠭᠠᠯ︾ ︽ᠠᠯᠠᠱᠠ ᠶᠢᠨ ᠪᠠᠶᠢᠭᠠᠯᠢ ᠶᠢᠨ ᠴᠠᠭᠠᠨ ᠭᠤᠶᠣᠣ ᠶᠢᠨ ᠬᠤᠤᠷᠲᠤ ᠠᠮᠢᠳᠤ ᠪᠣᠳᠠᠰ ᠢ ᠰᠡᠷᠭᠡᠶᠢᠯᠡᠨ ᠡᠵᠡᠮᠳᠡᠬᠦ ᠮᠡᠷᠭᠡᠵᠢᠯ ᠤᠨ ᠲᠦᠷᠢᠮ ᠲᠤᠭᠳᠠᠭᠠᠯ︾         ︽ᠠᠯᠠᠱᠠ ᠶᠢᠨ ᠪᠠᠶᠢᠭᠠᠯᠢ ᠶᠢᠨ ᠴᠠᠭᠠᠨ ᠭᠤᠶᠣᠣ ᠶᠢ ᠣᠶᠢᠵᠢᠭᠤᠯᠵᠤ ᠬᠠᠮᠢᠶᠠᠷᠬᠤ ᠮᠡᠷᠭᠡᠵᠢᠯ ᠤᠨ ᠲᠦᠷᠢᠮ ᠲᠣᠭᠲᠠᠭᠠᠯ︾ ︽ᠠᠯᠠᠱᠠ ᠶᠢᠨ ᠪᠠᠶᠢᠭᠠᠯᠢ ᠶᠢᠨ ᠴᠠᠭᠠᠨ ᠭᠤᠶᠣᠣ ᠶᠢᠨ ᠭᠠᠷᠤᠯᠲᠠ ᠶᠢᠨ ᠣᠷᠣᠨ ᠤ ᠠᠩᠬ᠎ᠠ ᠡᠳ᠋ᠰᠢᠭᠦᠯᠬᠦ ᠮᠡᠷᠭᠡᠵᠢᠯ ᠤᠨ ᠲᠦᠷᠢᠮ ᠲᠣᠭᠲᠠᠭᠠᠯ︾ ︽ᠠᠯᠠᠱᠠ ᠶᠢᠨ ᠪᠠᠶᠢᠭᠠᠯᠢ ᠶᠢᠨ ᠴᠠᠭᠠᠨ ᠭᠤᠶᠣᠣ ᠶᠢᠨ ᠠᠮᠢ ᠠᠬᠤᠶ ᠶᠢᠨ ᠲᠠᠷᠢᠮᠠᠯ ᠤᠨ ᠮᠡᠷᠭᠡᠵᠢᠯ ᠤᠨ ᠲᠦᠷᠢᠮ︾ ᠵᠡᠷᠬᠡ ᠪᠤᠢ᠃ ᠡᠭᠦᠨ ᠳᠤ 4 ᠵᠦᠶᠯ ᠢ ᠨᠢ ᠠᠶᠢᠮᠠᠭ ᠤᠨ ᠣᠶ ᠰᠢᠭᠤᠶ ᠨᠤᠲᠤᠭ ᠪᠠ ᠪᠡᠯᠴᠢᠭᠡᠷ ᠤᠨ ᠲᠣᠪᠴᠢᠶ᠎ᠠ ᠠᠴᠠ ᠲᠣᠭᠲᠠᠭᠠᠵᠠᠢ᠃       ᠲᠣᠰ ᠲᠥᠷᠥᠯ ᠵᠦᠶᠯ ᠢ 2020 ᠣᠨ ᠤ 3 ᠰᠠᠷ᠎ᠠ ᠳᠤ ᠭᠤᠶᠤᠴᠢᠯᠠᠨ ᠮᠡᠳᠡᠭᠦᠯᠵᠦ᠂ 6 ᠰᠠᠷ᠎ᠠ ᠳᠤ ᠲᠥᠷᠥᠯ ᠵᠦᠢᠯ ᠢ ᠵᠥᠪᠰᠢᠶᠡᠷᠡᠪᠡ᠃ ᠲᠣᠰ ᠵᠢᠯ ᠤᠨ 6 ᠰᠠᠷ᠎ᠠ ᠳᠤ ᠥᠪᠡᠷᠲᠡᠭᠡᠨ ᠵᠠᠰᠠᠬᠤ ᠣᠷᠣᠨ ᠤ ᠪᠠᠷᠢᠮᠵᠢᠶᠠᠵᠢᠭᠰᠠᠨ ᠬᠦᠷᠢᠶᠡᠯᠡᠩ ᠲᠠᠢ ᠲᠥᠷᠥᠯ ᠵᠦᠶᠯ ᠤᠨ ᠭᠡᠷ᠎ᠡ ᠲᠣᠭᠲᠠᠭᠰᠠᠨ ᠤ ᠳᠠᠷᠠᠭ᠎ᠠ᠂ ᠠᠶᠢᠮᠠᠭ ᠤᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠠᠴᠠ ᠠᠶᠢᠮᠠᠭ ᠤᠨ ᠣᠶ ᠰᠢᠭᠤᠶ ᠶᠢᠨ ᠰᠤᠳᠤᠯᠭᠠᠨ ᠤ ᠭᠠᠵᠠᠷ᠂ ᠴᠢᠬᠢ ᠮᠣᠳᠣᠨ ᠤ ᠥᠷᠲᠡᠭᠡ ᠪᠠ ᠣᠶ ᠰᠢᠭᠤᠶ ᠶᠢᠨ ᠰᠡᠷᠭᠡᠶᠢᠯᠡᠯᠲᠡ ᠶᠢᠨ ᠥᠷᠲᠡᠭᠡ ᠶᠢ ᠵᠣᠬᠢᠶᠠᠨ ᠪᠠᠶᠢᠭᠤᠯᠵᠤ ᠠᠯᠠᠱᠠ ᠶᠢᠨ ᠪᠠᠶᠢᠭᠠᠯᠢ ᠶᠢᠨ ᠴᠠᠭᠠᠨ ᠭᠤᠶᠣᠣ ᠶᠢᠨ ᠴᠢᠨᠠᠷ ᠰᠠᠶᠢᠲᠠᠶ 4 ᠵᠦᠶᠯ ᠤᠨ ᠪᠠᠷᠢᠮᠵᠢᠶ᠎ᠠ ᠶᠢ ᠲᠤᠭᠤᠷᠪᠢᠬᠤ ᠠᠵᠢᠯ ᠢ ᠬᠢᠪᠠ᠃ ᠡᠯ᠎ᠡ  ᠨᠢᠭᠡᠴᠡ ᠶᠢᠨ ᠬᠢᠨ ᠥᠯᠢᠭᠡᠷ ᠡᠳ᠋ ᠴᠤᠭᠯᠠᠭᠤᠯᠬᠤ᠂ ᠲᠤᠷᠰᠢᠯᠲᠠ ᠬᠢᠬᠦ᠂ ᠲᠤᠭ᠎ᠠ ᠪᠠᠷᠢᠮᠲᠠ ᠶᠢ ᠵᠠᠳᠠᠯᠬᠤ᠂ ᠪᠠᠶᠢᠴᠠᠭᠠᠨ ᠦᠵᠡᠬᠦ᠂ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠡᠯ᠎ᠡ ᠵᠦᠢᠯ ᠤᠨ ᠪᠠᠷᠢᠮᠵᠢᠶ᠎ᠠ ᠶᠢ ᠨᠠᠶᠢᠷᠠᠭᠤᠯᠤᠨ ᠵᠣᠬᠢᠶᠠᠪᠠ᠃ ᠡᠨᠡ ᠵᠢᠯ ᠤᠨ 5 ᠰᠠᠷ᠎ᠠ ᠳᠤ᠂ ᠠᠯᠠᠱᠠ ᠶᠢᠨ ᠪᠠᠶᠢᠭᠠᠯᠢ ᠶᠢᠨ ᠴᠠᠭᠠᠨ ᠭᠤᠶᠣᠣ ᠶᠢᠨ ᠴᠢᠨᠠᠷ ᠰᠠᠶᠢᠲᠠᠢ ᠪᠠᠷᠢᠮᠵᠢᠶ᠎ᠠ ᠶᠢᠨ ᠰᠢᠰᠲ᠋ᠧᠮ ᠤᠨ ᠣᠷᠣᠨ ᠨᠤᠲᠤᠭ ᠤᠨ ᠪᠠᠷᠢᠮᠵᠢᠶ᠎ᠠ ᠶᠢ ᠴᠥᠮ ᠲᠤᠰᠬᠠᠢ ᠮᠡᠷᠭᠡᠵᠢᠯᠲᠡᠨ ᠤ ᠳᠤᠭᠤᠶᠢᠯᠠᠩ ᠤᠨ ᠨᠤᠲᠠᠯᠠᠯᠲᠠ ᠪᠤᠯᠤᠨ ᠬᠢᠨᠠᠨ ᠲᠣᠭᠲᠠᠭᠠᠯᠲᠠ ᠶᠢ ᠦᠡᠭᠬᠡᠷᠡᠬᠡᠭᠰᠡᠨ ᠪᠠᠶᠢᠨ᠎ᠠ᠃       ᠲᠤᠰ ᠤᠳᠠᠭ᠎ᠠ ᠠᠯᠠᠱᠠ ᠶᠢᠨ ᠪᠠᠶᠢᠭᠠᠯᠢ ᠶᠢᠨ ᠴᠠᠭᠠᠨ ᠭᠤᠶᠣᠣ ᠶᠢᠨ ᠴᠢᠨᠠᠷ ᠰᠠᠶᠢᠲᠠᠢ ᠪᠠᠷᠢᠮᠵᠢᠶ᠎ᠠ ᠶᠢᠨ ᠰᠢᠰᠲ᠋ᠧᠮ ᠤᠨ ᠣᠷᠣᠨ ᠨᠤᠲᠤᠭ ᠤᠨ ᠪᠠᠷᠢᠮᠵᠢᠶ᠎ᠠ ᠶᠢ ᠵᠥᠪᠰᠢᠶᠡᠷᠡᠯ ᠢᠶᠠᠷ ᠨᠡᠶᠢᠲᠡᠯᠡᠭᠰᠡᠨ ᠨᠢ ᠠᠯᠠᠱᠠ ᠶᠢᠨ ᠪᠠᠶᠢᠭᠠᠯᠢ ᠶᠢᠨ ᠴᠠᠭᠠᠨ ᠭᠤᠶᠣᠣ ᠶᠢᠨ ᠳᠦᠷᠢᠮᠵᠢᠭᠰᠡᠨ ᠬᠥᠭᠵᠢᠯᠲᠡ ᠳᠤ ᠰᠢᠨᠵᠢᠯᠡᠬᠦ ᠤᠬᠠᠭᠠᠨᠴᠢ ᠦᠨᠳᠦᠰᠦᠯᠡᠯ ᠬᠠᠩᠭᠠᠵᠤ᠂ ᠨᠡᠯᠢᠶᠡᠳ ᠴᠢᠩᠭ᠎ᠠ ᠬᠡᠷᠡᠭᠯᠡᠭᠡᠨ ᠤ ᠴᠢᠨᠠᠷ᠂ ᠨᠡᠶᠢᠳᠡᠮ ᠬᠡᠷᠡᠭᠯᠡᠭᠡᠨ ᠤ ᠴᠢᠨᠠᠷ ᠪᠠ ᠬᠡᠷᠡᠭᠵᠢᠭᠦᠯᠵᠦ ᠪᠣᠯᠬᠤᠶᠢᠴᠠ ᠴᠢᠨᠠᠷ ᠲᠠᠢ ᠪᠠᠶᠢᠵᠤ᠂ ᠠᠯᠠᠱᠠ ᠶᠢᠨ ᠪᠠᠶᠢᠭᠠᠯᠢ ᠶᠢᠨ ᠴᠠᠭᠠᠨ ᠭᠤᠶᠣᠣ ᠶᠢᠨ ᠳᠡᠭᠡᠳᠦ ᠲᠡᠰ ᠤᠨ ᠲᠦᠷᠦᠯ ᠲᠡᠮᠳᠡᠭ ᠢ ᠡᠬᠦᠳᠬᠦ ᠳᠤ ᠵᠢᠯᠣᠭᠤᠳᠬᠤ ᠦᠢᠯᠡᠳᠦᠯ ᠲᠠᠢ ᠮᠦᠷᠳᠡᠬᠡᠨ ᠮᠠᠨ ᠤ ᠠᠶᠢᠮᠠᠭ ᠤᠨ ᠪᠠᠶᠢᠭᠠᠯᠢ ᠶᠢᠨ ᠴᠠᠭᠠᠨ ᠭᠤᠶᠣᠣ ᠶᠢᠨ ᠠᠵᠤ ᠦᠶᠯᠡᠰ ᠤᠨ ᠴᠢᠨᠠᠷ ᠰᠠᠶᠢᠲᠠᠶ ᠬᠥᠭᠵᠢᠯᠲᠡ ᠵᠢᠴᠢ ︽ᠥᠪᠥᠷ ᠮᠣᠩᠭᠤᠯ ᠲᠡᠮᠳᠡᠭᠲᠦ︾ ᠭᠡᠷᠡᠴᠢᠯᠡᠭᠡ ᠶᠢᠨ ᠠᠵᠢᠯ ᠳᠤ ᠪᠠᠳᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号