ᠠᠵᠤ ᠦᠢᠯᠡᠳᠪᠦᠷᠢ ᠶᠢᠨ ᠬᠡᠯᠪᠡᠷᠢ ᠶᠢ ᠬᠤᠪᠢᠷᠠᠭᠤᠯᠤᠨ ᠳᠡᠰ ᠳᠡᠪᠰᠢᠭᠦᠯᠵᠦ ᠬᠥᠭᠵᠢᠯᠲᠡ ᠶᠢᠨ ᠰᠢᠨ᠎ᠡ ᠬᠥᠳᠡᠯᠭᠡᠬᠦ ᠡᠨᠧᠷᠭᠢ ᠶᠢ ᠪᠤᠶᠢᠵᠢᠭᠤᠯᠤᠨ᠎ᠠ
ᠨᠡᠶᠢᠲᠡᠯᠡᠭᠰᠡᠨ ᠴᠠᠭ᠄
2021/10/11
        ᠮᠠᠨ ᠤ ᠠᠶᠢᠮᠠᠭ ᠠᠵᠤ ᠦᠢᠯᠡᠳᠪᠦᠷᠢ ᠶᠢᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠦᠷᠭᠦᠯᠵᠢᠯᠡᠨ ᠠᠬᠢᠭᠤᠯᠵᠤ᠂ ᠰᠢᠨ᠎ᠡ ᠬᠥᠳᠡᠯᠭᠡᠬᠦ ᠡᠨᠧᠷᠭᠢ ᠶᠢ ᠲᠠᠰᠤᠷᠠᠯᠲᠠ ᠥᠬᠡᠶ ᠪᠤᠶᠢᠵᠢᠭᠤᠯᠤᠨ ᠬᠥᠭᠵᠢᠭᠦᠯᠵᠦ᠂ ᠰᠢᠨ᠎ᠡ ᠠᠵᠤ ᠦᠢᠯᠡᠰ ᠤᠨ ᠬᠥᠭᠵᠢᠯᠲᠡ ᠳᠤ ᠦᠷᠭᠦᠯᠵᠢᠯᠡᠨ ᠨᠡᠮᠡᠭᠳᠡᠵᠦ ᠰᠠᠶᠢᠵᠢᠷᠠᠬᠤ ᠬᠠᠨᠳᠤᠰᠢ ᠢᠯᠡᠷᠡᠪᠡ᠃
        ᠥᠪᠥᠷ ᠮᠣᠩᠭᠤᠯ ᠤᠨ ᠰᠢ ᠱᠠᠩ ᠰᠢ ᠰᠢᠨ᠎ᠡ ᠮᠠᠲ᠋ᠧᠷᠢᠶᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠲᠥᠷᠥᠯ ᠵᠦᠢᠯ ᠤᠨ ᠪᠠᠷᠢᠯᠭ᠎ᠠ ᠶᠢᠨ ᠲᠤᠬᠠᠶ ᠶᠢᠨ ᠲᠠᠯᠠᠪᠠᠢ ᠳᠤ᠂ ᠰᠤᠪᠤᠷᠭᠠᠨ ᠡᠯᠭᠦᠭᠦᠷ ᠰᠦᠨᠳᠡᠷᠯᠡᠨ᠎ᠡ᠃ ᠥᠪᠥᠷ ᠮᠣᠩᠭᠤᠯ ᠤᠨ ᠰᠢ ᠱᠠᠩ ᠰᠢ ᠰᠢᠨ᠎ᠡ ᠮᠠᠲ᠋ᠧᠷᠢᠶᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠵᠢᠯ ᠳᠤ 45000 ᠲᠣᠨ ᠲᠡᠮᠦᠷᠯᠢᠭ ᠺᠠᠯᠢ ᠵᠢᠴᠢ ᠲᠡᠮᠦᠷᠯᠢᠭ ᠠᠯᠺᠣᠣᠯ ᠳᠠᠪᠤᠰᠤᠨ ᠤ ᠰᠢᠷᠢᠰ ᠪᠦᠲᠦᠭᠡᠭᠳᠡᠬᠦᠨ ᠤ ᠲᠥᠷᠥᠯ ᠵᠦᠢᠯ ᠢ ᠡᠨᠡ ᠵᠢᠯ ᠤᠨ 4 ᠰᠠᠷ᠎ᠠ ᠠᠴᠠ ᠡᠬᠢᠯᠡᠨ ᠪᠥᠲᠥᠭᠡᠨ ᠪᠠᠶᠢᠭᠤᠯᠵᠤ᠂ 11 ᠰᠠᠷ᠎ᠠ ᠶᠢᠨ ᠰᠡᠭᠦᠯᠴᠢ ᠪᠠᠷ ᠪᠠᠷᠢᠯᠭ᠎ᠠ ᠶᠢ ᠲᠣᠨᠤᠭ ᠲᠥᠬᠦᠭᠡᠷᠦᠮᠵᠢ ᠤᠭᠰᠠᠷᠠᠬᠤ ᠱᠠᠲᠤᠨ ᠳᠤ ᠣᠷᠣᠭᠤᠯᠬᠤ ᠪᠠᠷ ᠲᠥᠯᠥᠪᠯᠡᠵᠦ ᠪᠣᠶ᠃
      ᠮᠠᠨ ᠤ ᠠᠶᠢᠮᠠᠭ ᠰᠢᠨ᠎ᠡ ᠶᠢ ᠡᠭᠦᠳᠦᠨ ᠬᠥᠭᠵᠢᠬᠦ᠂ ᠶᠠᠰᠤ ᠴᠢᠨᠠᠷ ᠦᠷ᠎ᠡ ᠠᠰᠢᠭ ᠢ ᠳᠡᠭᠡᠭᠰᠢᠯᠡᠭᠦᠯᠬᠦ᠂ ᠳᠤᠲᠠᠭᠤᠳᠠᠯ ᠢ ᠨᠥᠬᠦᠪᠥᠷᠢᠯᠡᠬᠦ ᠳᠤ ᠬᠦᠴᠦ ᠲᠠᠯᠪᠢᠵᠤ᠂ ᠰᠢᠨ᠎ᠡ ᠬᠠᠭᠤᠴᠢᠨ ᠬᠥᠳᠡᠯᠭᠡᠭᠴᠢ ᠡᠨᠧᠷᠭᠢ ᠶᠢᠨ ᠡᠮᠬᠢ ᠵᠢᠷᠤᠮ ᠲᠠᠢ ᠰᠣᠯᠢᠭᠳᠠᠬᠤ ᠶᠢ ᠳᠠᠭᠠᠯᠳᠤᠨ᠂ ᠠᠵᠤ ᠦᠢᠯᠡᠳᠪᠦᠷᠢ ᠶᠢᠨ ᠪᠦᠲᠦᠴᠡ ᠶᠢᠨ ᠲᠣᠬᠢᠷᠠᠭᠤᠯᠤᠯᠲᠠ ᠦᠷᠭᠦᠯᠵᠢᠯᠡᠨ ᠰᠢᠯᠢᠳᠡᠭᠵᠢᠵᠦ᠂ 1—8 ᠳ᠋ᠤᠭᠠᠷ ᠰᠠᠷ᠎ᠠ ᠳᠤ ᠪᠥᠬᠦ ᠠᠶᠢᠮᠠᠭ ᠤᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 8 . 4 % ᠪᠠᠷ ᠨᠡᠮᠡᠭᠳᠡᠵᠦ᠂ ᠭᠤᠤᠯ ᠠᠵᠢᠯ ᠲᠥᠷᠥᠯ ᠢᠶᠠᠷ ᠬᠤᠪᠢᠶᠠᠵᠤ ᠦᠵᠡᠪᠡᠯ᠂ ᠨᠡᠭᠦᠷᠡᠰᠦ ᠮᠠᠯᠲᠠᠬᠤ ᠪᠠ ᠤᠬᠢᠶᠠᠵᠤ ᠰᠢᠯᠢᠬᠦ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 30 . 5 % ᠪᠠᠷ ᠪᠠᠭᠤᠷᠠᠵᠤ᠂ ᠬᠢᠮᠢ ᠶᠢᠨ ᠲᠦᠭᠦᠬᠡᠶ ᠮᠠᠲ᠋ᠧᠷᠢᠶᠠᠯ ᠵᠢᠴᠢ ᠬᠢᠮᠢ ᠶᠢᠨ ᠦᠢᠯᠡᠳᠬᠦᠨ ᠦᠢᠯᠡᠳᠬᠦ ᠦᠢᠯᠡᠰ 22 . 4 % ᠪᠠᠷ ᠨᠡᠮᠡᠭᠳᠡᠵᠦ᠂ ᠴᠠᠬᠢᠯᠭᠠᠨ ᠬᠦᠴᠦᠨ᠂ ᠢᠯᠴᠢ ᠶᠢᠨ ᠬᠦᠴᠦᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ ᠠᠳᠠᠯᠢ ᠬᠤᠭᠤᠴᠠᠭᠠᠨ ᠤ ᠬᠢ ᠠᠴᠠ 5 . 5 % ᠪᠠᠷ ᠪᠠᠭᠤᠷᠠᠪᠠ᠃
       ᠠᠯᠠᠱᠠ ᠵᠡᠭᠦᠨ ᠬᠤᠰᠢᠭᠤᠨ ᠤ ᠵᠢᠶᠠ ᠯᠢ ᠨᠤᠤᠰᠤ ᠨᠤᠯᠤᠤᠷ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠦᠢᠯᠡᠳᠪᠦᠷᠢ ᠶᠢᠨ ᠲᠠᠰᠤᠭ ᠲᠤ ᠢᠮᠠᠭᠠᠨ ᠨᠤᠯᠤᠤᠷ ᠢ ᠢᠯᠭᠠᠨ ᠳᠠᠮᠵᠢᠭᠤᠯᠬᠤ ᠮᠠᠰᠢᠨ ᠬᠦᠷᠴᠢᠭᠢᠨᠡᠵᠦ᠂ ᠢᠮᠠᠭᠠᠨ ᠨᠤᠯᠤᠤᠷ ᠢ ᠮᠠᠰᠢᠨ ᠢᠶᠠᠷ ᠰᠣᠩᠭᠤᠵᠤ ᠨᠠᠩ ᠴᠠᠭᠠᠨ᠂ ᠨᠠᠩ ᠬᠥᠪᠰᠥᠭᠡᠷ ᠪᠣᠯᠭᠠᠵᠠᠶ᠃ ᠡᠨᠡ ᠵᠢᠯ ᠠᠯᠠᠱᠠ ᠵᠡᠭᠦᠨ ᠬᠤᠰᠢᠭᠤᠨ ᠤ ᠵᠢᠶᠠ ᠯᠢ ᠨᠤᠤᠰᠤ ᠨᠣᠯᠤᠤᠷ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ 380 ᠭᠠᠷᠤᠶ ᠲᠣᠨ ᠢᠮᠠᠭᠠᠨ ᠨᠣᠯᠤᠤᠷ ᠬᠤᠳᠠᠯᠳᠤᠨ ᠠᠪᠴᠤ᠂ ᠵᠢᠯ ᠤᠨ ᠭᠠᠷᠤᠯᠲᠠ ᠨᠢ 200 ᠲᠣᠨ ᠳᠤ ᠬᠦᠷᠴᠡᠶ᠃
        ᠪᠦᠬᠦ ᠠᠶᠢᠮᠠᠭ ᠤᠨ ᠳᠠᠪᠠᠭᠤᠯᠢᠭ ᠣᠨᠴᠠᠯᠢᠭᠲᠤ ᠠᠵᠤ ᠠᠬᠤᠶᠢᠯᠠᠯ ᠤᠨ ᠬᠥᠭᠵᠢᠯᠲᠡ ᠶᠢ ᠠᠬᠢᠭᠤᠯᠬᠤ ᠶᠢ ᠳᠠᠭᠠᠯᠳᠤᠨ᠂ ᠠᠵᠤ ᠠᠬᠤᠶᠢᠯᠠᠯ ᠤᠨ ᠦᠷ᠎ᠡ ᠠᠰᠢᠭ ᠢᠯᠡᠳᠲᠡ ᠰᠠᠶᠢᠵᠢᠷᠠᠪᠠ᠃ ᠪᠥᠬᠦ ᠠᠶᠢᠮᠠᠭ ᠤᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠡᠵᠡᠩᠨᠡᠯᠲᠡ ᠶᠢᠨ ᠣᠷᠣᠯᠭ᠎ᠠ ᠠᠳᠠᠯᠢ ᠬᠤᠭᠤᠴᠠᠭᠠᠨ ᠤ ᠬᠢ ᠠᠴᠠ 61 . 1 % ᠪᠠᠷ ᠨᠡᠮᠡᠭᠳᠡᠪᠡ︔ ᠠᠰᠢᠭ ᠣᠷᠣᠯᠭ᠎ᠠ ᠶᠢᠨ ᠶᠡᠷᠦᠩᠬᠡᠶ ᠲᠤᠭ᠎ᠠ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 3 . 3 ᠳᠠᠬᠢᠨ ᠨᠡᠮᠡᠭᠳᠡᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠵᠠᠭᠤᠨ ᠲᠥᠭᠦᠷᠢᠭ ᠪᠦᠷᠢ ᠶᠢᠨ ᠡᠵᠡᠩᠨᠡᠯᠲᠡ ᠶᠢᠨ ᠣᠷᠣᠯᠭ᠎ᠠ ᠳᠠᠬᠢ ᠥᠪᠡᠷ ᠤᠨ ᠥᠷᠲᠡᠭ ᠨᠢ ᠠᠳᠠᠯᠢ ᠬᠤᠭᠤᠴᠠᠭᠠᠨ ᠤ ᠬᠢ ᠠᠴᠠ 3 . 2 ᠲᠥᠭᠦᠷᠢᠭ ᠪᠠᠭᠠᠰᠪᠠ︔ ᠦᠢᠯᠡᠳᠪᠦᠷᠢᠯᠡᠯ ᠪᠣᠷᠣᠯᠠᠭᠤᠯᠭ᠎ᠠ ᠶᠢᠨ ᠨᠣᠷᠮ᠎ᠠ 99 . 6 % ᠳᠤ ᠬᠦᠷᠴᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ       2 . 7 ᠵᠠᠭᠤᠨ ᠤ ᠴᠡᠭ ᠳᠡᠭᠡᠭᠰᠢᠯᠡᠪᠡ᠃ ᠪᠥᠬᠦ ᠠᠶᠢᠮᠠᠭ ᠤᠨ ᠠᠵᠤ ᠦᠢᠯᠡᠳᠪᠦᠷᠢ ᠶᠢᠨ ᠦᠢᠯᠡᠳᠪᠦᠷᠢᠯᠡᠯ ᠤᠨ ᠠᠵᠢᠯᠯᠠᠭ᠎ᠠ ᠲᠠᠢ 16 ᠶᠡᠭᠡ ᠲᠥᠷᠥᠯ ᠤᠨ ᠠᠵᠢᠯ ᠲᠥᠷᠥᠯ ᠤᠨ ᠳᠣᠲᠣᠷ᠎ᠠ᠂ 10 ᠠᠵᠢᠯ ᠲᠥᠷᠥᠯ ᠤᠨ ᠨᠡᠮᠡᠭᠳᠡᠯ ᠥᠷᠲᠡᠭ ᠨᠢ ᠠᠳᠠᠯᠢ ᠬᠤᠭᠤᠴᠠᠭᠠᠨ ᠤ ᠬᠢ ᠠᠴᠠ ᠨᠡᠮᠡᠭᠳᠡᠵᠦ᠂ ᠨᠡᠮᠡᠭᠳᠡᠯ ᠤᠨ ᠬᠡᠪᠴᠢᠶ᠎ᠡ ᠨᠢ 62 . 5 % ᠳᠤ ᠬᠥᠷᠪᠡ᠃
 
ᠢᠷᠡᠯᠲᠡ᠄ ᠠᠯᠠᠱᠠ ᠶᠢᠨ ᠷᠠᠳᠢᠤ᠋ ᠲᠧᠯᠸᠢᠰ ᠬᠤᠷᠢᠶ᠎ᠠ ᠶᠢᠨ ᠬᠢᠳᠠᠳ ᠸᠢᠴᠠᠲ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号