ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠰᠠᠶᠢᠲᠤᠷ ᠰᠤᠷᠤᠯᠴᠠᠵᠤ ᠠᠮᠢᠳᠤᠷᠠᠯ ᠢᠶᠠᠨ ᠤᠯᠠᠮ ᠬᠡᠷᠡᠯ ᠭᠢᠯᠪᠠᠭ᠎ᠠ ᠲᠠᠢ ᠪᠣᠯᠭᠠᠶ᠎ᠠ
ᠨᠡᠶᠢᠲᠡᠯᠡᠭᠰᠡᠨ ᠴᠠᠭ᠄
2021/10/11
       ᠮᠠᠨ ᠤ ᠠᠶᠢᠮᠠᠭ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠬᠥᠮᠦᠵᠢᠯ ᠢ ᠭᠦᠨᠵᠡᠭᠡᠶ ᠥᠷᠨᠢᠭᠦᠯᠵᠦ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠢ ᠳᠡᠯᠭᠡᠷᠡᠭᠦᠯᠦᠨ ᠲᠦᠭᠡᠮᠡᠯᠵᠢᠭᠦᠯᠵᠦ᠂ ᠦᠨᠳᠦᠰᠦᠲᠡᠨ ᠨᠦᠭᠦᠳ ᠤᠨ ᠣᠯᠠᠨ ᠲᠦᠮᠡᠨ ᠳᠤ ᠨᠠᠩ ᠣᠯᠠᠨ ᠰᠢᠨᠵᠢᠯᠡᠬᠦ ᠤᠬᠠᠭᠠᠨ ᠤ ᠮᠡᠳᠡᠯᠭᠡ ᠪᠠ ᠠᠵᠢᠯ ᠤᠨ ᠤᠷ᠎ᠠ ᠴᠢᠳᠠᠪᠤᠷᠢ ᠣᠯᠭᠤᠵᠤ᠂ ᠬᠥᠮᠦᠨ ᠤ ᠠᠮᠢᠳᠤᠷᠠᠯ ᠤᠨ ᠦᠨ᠎ᠡ ᠥᠷᠲᠡᠭ ᠢ ᠨᠠᠩ ᠰᠠᠶᠢᠲᠤᠷ ᠢᠯᠡᠷᠡᠬᠦᠯᠵᠦ ᠪᠠᠶᠢᠨ᠎ᠠ᠃
        ᠬᠡᠦᠬᠡᠳ ᠪᠣᠯ ᠡᠬᠡ ᠤᠯᠤᠰ ᠤᠨ ᠴᠡᠴᠡᠭᠡᠰ᠂ ᠦᠨᠳᠦᠰᠦᠲᠡᠨ ᠤ ᠢᠷᠡᠭᠡᠳᠦᠢ ᠮᠥᠨ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠬᠡᠳᠦᠢ ᠡᠷᠲᠡ ᠰᠤᠷᠤᠯᠴᠠᠪᠠᠯ ᠲᠡᠳᠦᠢ ᠰᠠᠶᠢᠨ᠂ ᠬᠡᠦᠬᠡᠳ ᠤᠳ ᠢᠷᠡᠭᠡᠳᠦᠢ ᠳᠤ ᠨᠡᠩ ᠤᠯᠠᠨ ᠬᠥᠭᠵᠢᠯᠲᠡ ᠶᠢᠨ ᠠᠵᠠ ᠲᠣᠬᠢᠶᠠᠯ᠂ ᠨᠡᠩ ᠰᠠᠶᠢᠨ ᠬᠥᠭᠵᠢᠯᠲᠡ ᠶᠢᠨ ᠢᠷᠡᠭᠡᠳᠦᠢ ᠲᠠᠢ ᠪᠣᠯᠤᠨ᠎ᠠ᠃ ᠡᠨᠡ ᠵᠢᠯ 11 ᠨᠠᠰᠤᠲᠠᠢ ᠰᠦᠶ᠎ᠡ ᠪᠣᠯ ᠠᠯᠠᠱᠠ ᠵᠡᠭᠦᠨ ᠬᠤᠰᠢᠭᠤᠨ ᠤ ᠮᠣᠩᠭᠤᠯ ᠦᠨᠳᠦᠰᠦᠲᠡᠨ ᠤ ᠲᠤᠷᠰᠢᠯᠲᠠ ᠶᠢᠨ ᠪᠠᠭ᠎ᠠ ᠰᠤᠷᠭᠠᠭᠤᠯᠢ ᠶᠢᠨ ᠵᠢᠷᠭᠤᠳᠤᠭᠠᠷ ᠣᠨ ᠤ ᠰᠤᠷᠤᠭᠴᠢ ᠪᠣᠯᠤᠨ᠎ᠠ᠂ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠪᠣᠯᠤᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠰᠤᠷᠤᠯᠴᠠᠬᠤ ᠨᠢ ᠲᠡᠭᠦᠨ ᠳᠤ ᠵᠢᠭᠦᠷ ᠤᠷᠭᠤᠭᠤᠯᠤᠭᠰᠠᠨ ᠮᠡᠲᠦ ᠰᠠᠨᠠᠭᠳᠠᠨ᠎ᠠ᠃ ᠲᠡᠷᠡ ᠰᠤᠷᠪᠤᠯᠵᠢᠯᠠᠭᠴᠢ ᠳᠤ᠂ ᠪᠢ ᠪᠠᠭ᠎ᠠ ᠠᠴᠠ ᠪᠠᠨ ᠨᠣᠮ ᠤᠩᠰᠢᠬᠤ ᠳᠤᠷᠠᠲᠠᠢ᠂ ᠲᠠᠨᠢᠬᠤ ᠦᠭᠡᠢ ᠬᠦᠨᠳᠦ ᠦᠰᠦᠭ ᠲᠣᠬᠢᠶᠠᠯᠳᠤᠪᠠᠯ ᠲᠤᠯᠢ ᠡᠷᠢᠵᠦ᠂ ᠤᠷᠳᠤ ᠬᠤᠭᠤᠴᠠᠭ᠎ᠠ ᠪᠠᠷ ᠪᠠᠷᠢᠮᠲᠠᠯᠠᠵᠤ᠂ ᠰᠤᠷᠤᠯᠴᠠᠬᠤ ᠴᠢᠳᠠᠪᠤᠷᠢ ᠪᠠᠨ ᠲᠠᠰᠤᠷᠠᠯᠳᠠ ᠦᠭᠡᠢ ᠳᠡᠭᠡᠭᠰᠢᠯᠡᠭᠦᠯᠪᠡ ᠬᠡᠵᠡᠢ᠃
       ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠰᠤᠷᠤᠯᠴᠠᠬᠤ ᠨᠢ ᠥᠷᠭᠡᠨ ᠤᠯᠠᠨ ᠰᠤᠷᠤᠭᠴᠢᠳ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠬᠥᠮᠦᠵᠢᠭᠦᠯᠬᠦ ᠳᠤ ᠠᠰᠢᠭᠲᠠᠢ ᠶᠤᠮ᠃ ᠠᠯᠠᠱᠠ ᠵᠡᠭᠦᠨ ᠬᠤᠰᠢᠭᠤᠨ ᠤ ᠮᠣᠩᠭᠤᠯ ᠦᠨᠳᠦᠰᠦᠲᠡᠨ ᠤ ᠲᠤᠷᠰᠢᠯᠲᠠ ᠶᠢᠨ ᠪᠠᠭ᠎ᠠ ᠰᠤᠷᠭᠠᠭᠤᠯᠢ ᠳᠡᠯᠭᠡᠷᠡᠭᠦᠯᠦᠨ ᠲᠦᠭᠡᠮᠡᠯᠵᠢᠭᠦᠯᠬᠦ ᠰᠠᠭᠤᠷᠢᠨ ᠭᠠᠵᠠᠷ ᠤᠨ ᠦᠢᠯᠡᠳᠦᠯ ᠢᠶᠠᠨ ᠬᠦᠢᠴᠡᠳ ᠪᠠᠳᠠᠷᠠᠭᠤᠯᠵᠤ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠤᠨ ᠰᠤᠷᠭᠠᠨ ᠬᠥᠮᠦᠵᠢᠯ ᠢ ᠪᠥᠬᠦ ᠲᠠᠯ᠎ᠠ ᠪᠠᠷ ᠴᠢᠩᠭᠠᠳᠬᠠᠵᠤ᠂ ᠦᠭᠡ ᠬᠡᠯᠡ ᠥᠰᠥᠭ ᠪᠢᠴᠢᠭ ᠤᠨ ᠳᠦᠷᠢᠮᠵᠢᠭᠦᠯᠦᠯᠲᠡ ᠶᠢᠨ ᠱᠠᠭᠠᠷᠳᠠᠯᠭ᠎ᠠ ᠶᠢ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠡᠯ᠎ᠡ ᠭᠤᠭᠴᠤᠭ᠎ᠠ ᠳᠤ ᠣᠷᠣᠭᠤᠯᠵᠤ᠂ ᠭᠤᠤᠯᠯᠠᠬᠤ ᠬᠡᠪ ᠪᠣᠯᠪᠠᠰᠤᠷᠠᠯ ᠢ ᠬᠦᠴᠦᠯᠡᠨ ᠬᠥᠭᠵᠢᠭᠦᠯᠬᠦ᠂ ᠶᠡᠷᠦᠩᠬᠡᠶᠢᠯᠡᠭᠰᠡᠨ ᠬᠡᠪ ᠪᠣᠯᠪᠠᠰᠤᠷᠠᠯ ᠢ ᠳᠡᠭᠡᠭᠰᠢᠯᠡᠭᠦᠯᠬᠦ᠂ ᠨᠠᠰᠤᠨ ᠲᠤᠷᠰᠢᠳᠠ ᠶᠢᠨ ᠬᠥᠭᠵᠢᠯᠲᠡ ᠶᠢ ᠠᠬᠢᠭᠤᠯᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠬᠡᠦᠬᠡᠳ ᠤᠳ ᠢ ᠢᠷᠡᠭᠡᠳᠦᠶ ᠳᠤ ᠨᠠᠩ ᠥᠷᠭᠡᠨ ᠨᠠᠩ ᠥᠨᠳᠥᠷ ᠲᠠᠪᠴᠠᠩ ᠳᠡᠭᠡᠷ᠎ᠡ ᠥᠷᠢᠰᠥᠯᠳᠦᠭᠡᠨ ᠳᠤ ᠣᠷᠣᠯᠴᠠᠭᠤᠯᠬᠤ᠂ ᠴᠢᠨᠠᠷ ᠰᠠᠶᠢᠲᠠᠶ ᠠᠵᠢᠯ ᠣᠯᠭᠤᠯᠲᠠ ᠶᠢ ᠪᠡᠶᠡᠯᠡᠭᠦᠯᠬᠦ᠂ ᠨᠡᠶᠢᠭᠡᠮ ᠳᠤ ᠠᠭᠤᠰᠤᠯᠴᠠᠬᠤ ᠴᠢᠳᠠᠪᠤᠷᠢ ᠪᠠ ᠲᠦᠪᠰᠢᠨ ᠢ ᠬᠥᠮᠦᠵᠢᠭᠦᠯᠵᠦ᠂ ᠡᠴᠦᠰ ᠲᠡᠭᠡᠨ ᠦᠨᠳᠦᠰᠦᠲᠡᠨ ᠤ ᠰᠡᠷᠭᠦᠨ ᠮᠠᠨᠳᠤᠯᠲᠠ ᠶᠢᠨ ᠶᠡᠭᠡ ᠡᠭᠦᠷᠭᠡ ᠶᠢ ᠡᠭᠦᠷᠭᠡᠯᠡᠵᠦ ᠳᠡᠶᠢᠯᠬᠦ ᠴᠠᠭ ᠦᠶ᠎ᠡ ᠶᠢᠨ ᠰᠢᠨ᠎ᠡ ᠬᠥᠮᠦᠨ ᠪᠣᠯᠭᠠᠨ᠎ᠠ᠃
      ᠰᠣᠷᠭᠤᠭ ᠪᠣᠯ ᠠᠯᠠᠱᠠ ᠠᠶᠢᠮᠠᠭ ᠤᠨ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠲᠢᠩᠬᠢᠮ ᠤᠨ ᠮᠣᠩᠭᠤᠯ ᠬᠡᠯᠡᠨ ᠤ ᠦᠢᠯᠡᠴᠢᠯᠡᠬᠡᠨ ᠤ ᠴᠣᠩᠬᠤᠪᠴᠢ ᠶᠢᠨ ᠠᠵᠢᠯᠳᠠᠨ ᠪᠣᠯᠤᠨ᠎ᠠ᠃ ᠲᠡᠷᠡ ᠰᠤᠷᠪᠤᠯᠵᠢᠯᠠᠭᠴᠢ ᠳᠤ ᠬᠡᠯᠡᠬᠦ ᠳᠡᠭᠡᠨ᠂ ᠬᠡᠳᠦ᠋ᠢᠪᠡᠷ ᠪᠠᠭ᠎ᠠ ᠰᠤᠷᠭᠠᠭᠤᠯᠢ ᠠᠴᠠ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠬᠦᠷᠲᠡᠯ᠎ᠡ ᠴᠥᠮ ᠦᠨᠳᠦᠰᠦᠲᠡᠨ ᠤ ᠦᠭᠡ ᠬᠡᠯᠡ ᠪᠠᠷ ᠬᠢᠴᠢᠶᠡᠯᠯᠡᠬᠦ ᠰᠤᠷᠭᠠᠭᠤᠯᠢ ᠳᠤ ᠰᠣᠷᠣᠯᠴᠠᠭᠰᠠᠨ ᠪᠣᠯᠪᠠᠴᠤ ᠥᠪᠡᠷ ᠢᠶᠠᠨ ᠶᠡᠷᠦ ᠠᠴᠠ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠰᠤᠷᠤᠯᠴᠠᠯᠭ᠎ᠠ ᠶᠢ ᠮᠠᠰᠢ ᠴᠢᠬᠤᠯᠠᠴᠢᠯᠠᠳᠠᠭ᠂ ᠡᠨᠡ ᠨᠢ ᠥᠪᠡᠷ ᠤᠨ ᠬᠦᠰᠡᠯᠡᠩ ᠪᠠ ᠠᠮᠢᠳᠤᠷᠠᠬᠤᠶ ᠶᠢᠨ ᠦᠨ᠎ᠡ ᠥᠷᠲᠡᠭ ᠢᠶᠠᠨ ᠪᠡᠶᠡᠯᠡᠭᠦᠯᠬᠦ ᠳᠤ ᠠᠰᠢᠭᠲᠠᠶ ᠶᠤᠮ ᠭᠡᠵᠡᠶ᠃ ᠬᠤᠶᠠᠷ ᠵᠢᠯ ᠤᠨ ᠡᠮᠦᠨ᠎ᠡ᠂ ᠠᠵᠢᠯ ᠤᠨ ᠪᠠᠶᠢᠷᠢ ᠳᠤ ᠮᠣᠩᠭᠤᠯ ᠬᠢᠲᠠᠳ ᠬᠤᠣᠰ ᠬᠡᠯᠡᠨ ᠳᠤ ᠨᠡᠪᠲᠡᠷᠡᠭᠰᠡᠨ ᠴᠢᠳᠠᠪᠤᠷᠢᠲᠠᠨ ᠢ ᠬᠡᠷᠡᠭᠯᠡᠬᠦ ᠪᠣᠯᠣᠭᠰᠠᠨ ᠳᠤ ᠰᠣᠷᠭᠤᠭ  ᠡᠯᠰᠡᠭᠳᠡᠭᠰᠡᠨ ᠪᠠᠶᠢᠯ᠎ᠠ᠃
        ᠦᠭᠡ ᠬᠡᠯᠡ ᠦᠰᠦᠭ ᠪᠢᠴᠢᠭ ᠪᠣᠯ ᠰᠣᠶᠣᠯ ᠤᠨ ᠴᠢᠬᠤᠯᠠ ᠠᠴᠢᠶᠠᠯᠠᠪᠤᠷᠢ ᠮᠥᠨ᠂ ᠪᠠᠰᠠ ᠴᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠴᠢᠬᠤᠯᠠ ᠠᠷᠭ᠎ᠠ ᠵᠠᠮ ᠮᠥᠨ᠃ ᠮᠠᠨ ᠤ ᠠᠶᠢᠮᠠᠭ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠶᠡᠭᠡ ᠪᠠᠷ ᠳᠡᠯᠭᠡᠷᠡᠭᠦᠯᠦᠨ ᠲᠦᠭᠡᠮᠡᠯᠵᠢᠭᠦᠯᠵᠦ᠂ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠳᠡᠯᠭᠡᠷᠡᠭᠦᠯᠦᠨ ᠬᠡᠷᠡᠭᠯᠡᠵᠦ᠂ ᠪᠦᠬᠦ ᠠᠶᠢᠮᠠᠭ ᠤᠨ 7 ᠦᠨᠳᠦᠰᠦᠲᠡᠨ ᠤ ᠬᠡᠯᠡ ᠪᠠᠷ ᠬᠢᠴᠢᠶᠡᠯᠯᠡᠵᠦ ᠪᠠᠶᠢᠭ᠎ᠠ ᠰᠤᠷᠭᠠᠭᠤᠯᠢ ᠲᠤᠰ ᠲᠤᠰ 12 ᠡᠩ ᠤᠨ ᠰᠤᠷᠭᠠᠭᠤᠯᠢ ᠲᠠᠢ ᠬᠠᠷᠢᠴᠠᠭ᠎ᠠ ᠪᠠᠶᠢᠭᠤᠯᠤᠨ ᠬᠠᠪᠰᠤᠷᠤᠨ ᠲᠡᠳᠬᠦᠵᠦ ᠬᠠᠮᠲᠤ ᠪᠠᠷ ᠪᠠᠶᠢᠭᠤᠯᠵᠤ᠂ ᠬᠠᠮᠲᠤ ᠪᠠᠷ ᠬᠢᠴᠢᠶᠡᠯ ᠪᠡᠯᠡᠳᠬᠡᠬᠦ᠂ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ᠂ ᠵᠢᠭᠠᠨ ᠰᠤᠳᠤᠯᠬᠤ ᠠᠵᠢᠯᠯᠠᠭ᠎ᠠ ᠵᠡᠷᠭᠡ ᠡᠯ᠎ᠡ ᠲᠠᠯ᠎ᠠ ᠪᠠᠷ ᠡᠬᠢ ᠪᠠᠶᠠᠯᠢᠭ ᠢ ᠬᠠᠮᠲᠤ ᠪᠠᠷ ᠡᠳ᠋ᠯᠡᠬᠦ ᠶᠢ ᠪᠡᠶᠡᠯᠡᠭᠦᠯᠪᠡ᠃ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠤᠳ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨᠠᠬᠢ ᠶᠢ ᠤᠶᠠᠯᠳᠤᠭᠤᠯᠬᠤ ᠠᠷᠭ᠎ᠠ ᠮᠠᠶ᠋ᠢᠭ ᠢᠶᠠᠷ ᠪᠠᠭᠰᠢ᠂ ᠵᠢᠭᠠᠨ ᠰᠤᠳᠤᠯᠤᠭᠴᠢ ᠶᠢ ᠲᠥᠪᠯᠡᠷᠡᠭᠦᠯᠦᠨ ᠪᠣᠯᠪᠠᠰᠤᠷᠠᠭᠤᠯᠵᠤ᠂ ᠦᠨᠳᠦᠰᠦᠲᠡᠨ ᠤ ᠬᠡᠯᠡ ᠪᠠᠷ ᠬᠢᠴᠢᠶᠡᠯᠯᠡᠬᠦ ᠰᠤᠷᠭᠠᠭᠤᠯᠢ᠂ ᠬᠡᠦᠬᠡᠳ ᠤᠨ ᠴᠡᠴᠡᠷᠯᠢᠭ ᠤᠨ ᠪᠠᠭᠰᠢ ᠶᠢᠨ ᠨᠡᠶᠢᠲᠡᠯᠢᠭ ᠬᠡᠯᠡᠨ ᠤ ᠬᠢᠷᠢ ᠬᠡᠮᠵᠢᠶ᠎ᠡ ᠶᠢᠨ ᠪᠣᠯᠪᠠᠰᠤᠷᠠᠯ ᠤᠨ ᠠᠩᠭᠢ ᠶᠢ ᠡᠷᠬᠢᠯᠡᠵᠦ᠂ ᠪᠠᠭᠰᠢ ᠶᠢᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠰᠤᠷᠭᠠᠨ ᠬᠥᠮᠦᠵᠢᠯ ᠤᠨ ᠵᠢᠭᠠᠨ ᠰᠤᠷᠭᠠᠬᠤ ᠴᠢᠳᠠᠪᠤᠷᠢ ᠶᠢ ᠪᠦᠲᠦᠮᠵᠢᠲᠡᠶ ᠳᠡᠭᠡᠭᠰᠢᠯᠡᠬᠦᠯᠪᠡ᠃ ᠡᠭᠦᠨ ᠤ ᠬᠠᠮᠲᠤ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ︽ᠳᠤᠮᠳᠠᠳᠤ ᠶᠢᠨ ᠦᠨᠳᠦᠰᠦᠲᠡᠨ ᠨᠢᠭᠡ ᠬᠡᠷ ᠤᠨ ᠬᠥᠮᠦᠨ ᠮᠡᠲᠦ ᠳᠣᠲᠣᠨᠣ᠂ ᠰᠡᠳᠬᠢᠯ ᠨᠢᠭᠡᠳᠦᠨ ᠳᠤᠮᠳᠠᠳᠤ ᠶᠢᠨ ᠬᠦᠰᠡᠯᠡᠩ ᠢ ᠬᠠᠮᠲᠤ ᠪᠠᠷ ᠪᠡᠶᠡᠯᠡᠬᠦᠯᠬᠦ︾ ᠵᠡᠷᠭᠡ ᠭᠤᠤᠯ ᠰᠡᠳᠦᠪᠲᠦ ᠦᠢᠯᠡᠳᠦᠯᠬᠡ ᠶᠢᠨ ᠠᠵᠢᠯᠯᠠᠭ᠎ᠠ ᠥᠷᠨᠢᠭᠦᠯᠬᠦ ᠪᠠᠷ ᠳᠡᠮᠵᠢᠨ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠬᠠᠷᠢᠯᠴᠠᠨ ᠤᠯᠤᠯᠴᠠᠨ ᠰᠣᠯᠢᠯᠴᠠᠬᠤ ᠬᠤᠯᠪᠣᠭᠠᠰᠤ ᠶᠢ ᠪᠠᠶᠢᠭᠤᠯᠵᠤ᠂ ᠦᠨᠳᠦᠰᠦᠲᠡᠨ ᠤ ᠨᠥᠬᠦᠷᠯᠡᠯ ᠢ ᠵᠤᠵᠠᠭᠠᠳᠬᠠᠵᠤ᠂ ᠡᠶ᠎ᠡ ᠵᠣᠬᠢᠴᠠᠩᠭᠤᠶ ᠪᠦᠯᠬᠦᠮᠳᠡᠯ ᠲᠠᠢ ᠨᠡᠶᠢᠭᠡᠮ ᠤᠨ ᠠᠭᠤᠷ ᠠᠮᠢᠰᠬᠤᠯ ᠢ ᠪᠣᠶ ᠪᠣᠯᠭᠠᠪᠠ᠃
 
ᠢᠷᠡᠯᠲᠡ᠄ ᠠᠯᠠᠱᠠ ᠶᠢᠨ ᠷᠠᠳᠢᠤ᠋ ᠲᠧᠯᠸᠢᠰ ᠬᠤᠷᠢᠶ᠎ᠠ ᠶᠢᠨ ᠬᠢᠳᠠᠳ ᠸᠢᠴᠠᠲ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号