ᠠᠯᠠᠱᠠ ᠵᠡᠭᠦᠨ ᠬᠤᠰᠢᠭᠤᠨ ᠤ ᠠᠩᠬᠠᠳᠠᠭᠴᠢ ︽ᠠᠰᠠᠷ ᠤᠨ ᠬᠠᠮᠢᠶᠠᠷᠤᠭᠴᠢ︾ ᠲᠤᠰᠢᠶᠠᠯ ᠢᠶᠠᠨ ᠡᠭᠦᠷᠭᠡᠯᠡᠪᠡ
ᠨᠡᠶᠢᠲᠡᠯᠡᠭᠰᠡᠨ ᠴᠠᠭ᠄
2021/10/11
    ᠤᠢᠢᠷ᠎ᠠ ᠳᠤ᠂ ︽ᠰᠡᠷᠭᠡᠶᠢᠯᠡᠯᠲᠡ ᠶᠢ ᠠᠳᠬᠤᠨ᠂ ᠬᠡᠷᠡᠭ ᠡᠭᠦᠰᠬᠦ ᠶᠢ ᠬᠢᠵᠠᠭᠠᠷᠯᠠᠨ᠂ ᠠᠮᠤᠷ ᠲᠦᠪᠰᠢᠨ ᠢ ᠪᠠᠲᠤᠯᠠᠬᠤ︾ ᠵᠠᠭᠤᠨ ᠡᠳᠦᠷ ᠤᠨ ᠪᠣᠭᠤᠮᠲᠠ ᠰᠢᠪᠲᠤᠯᠬᠤ ᠠᠵᠢᠯᠯᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ᠬᠠᠷᠢᠶᠠᠲᠤ ᠣᠷᠣᠨ ᠤ ᠤᠯᠠᠨ ᠢᠶᠠᠷ ᠢᠶᠠᠨ ᠰᠡᠷᠭᠡᠶᠢᠯᠡᠨ ᠵᠠᠰᠠᠬᠤ ᠡᠩᠨᠡᠭᠡ ᠶᠢᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠬᠤ ᠶᠢᠨ ᠲᠥᠯᠥᠭᠡ᠂ ᠠᠯᠠᠱᠠ ᠵᠡᠭᠦᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠦᠭᠡᠯᠡᠳ ᠵᠠᠮ ᠤᠨ ᠲᠣᠮᠢᠯᠠᠭᠰᠠᠨ ᠰᠠᠯᠪᠤᠷᠢ ᠨᠢ ᠬᠤᠯᠪᠤᠭᠠᠯᠠᠨ ᠰᠡᠷᠭᠡᠶᠢᠯᠡᠬᠦ ᠠᠵᠢᠯ ᠤᠨ ᠵᠠᠭᠪᠤᠷ ᠢ ᠡᠬᠢᠯᠡᠭᠦᠯᠵᠦ᠂ ᠲᠣᠮᠢᠯᠠᠭᠰᠠᠨ ᠰᠠᠯᠪᠤᠷᠢ ᠶᠢᠨ ᠠᠷᠠᠳ ᠤᠨ ᠴᠠᠭᠳᠠᠭ᠎ᠠ ᠰᠠᠭᠤᠭ᠎ᠠ ᠠᠰᠠᠷ ᠤᠨ ︽ᠠᠰᠠᠷ ᠤᠨ ᠬᠠᠮᠢᠶᠠᠷᠤᠭᠴᠢ︾ ᠶᠢᠨ ᠲᠤᠰᠢᠶᠠᠯ ᠡᠭᠦᠷᠭᠡᠯᠡᠵᠦ᠂ ᠨᠡᠶᠢᠭᠡᠮ ᠲᠣᠭᠤᠷᠢᠭ ᠤᠨ ᠵᠠᠰᠠᠯᠲᠠ ᠳᠤ ᠲᠤᠯᠭᠠᠭᠤᠷᠢ ᠬᠦᠴᠦᠨ ᠨᠡᠮᠡᠷᠢᠯᠡᠭᠰᠡᠨ ᠪᠠᠶᠢᠨ᠎ᠠ᠃     ᠪᠠᠶᠠᠨᠬᠤᠲᠠ ᠶᠢᠨ ᠤᠥ ᠯᠢᠨ ᠴᠡᠴᠡᠷᠯᠢᠭ ᠰᠠᠭᠤᠭᠠᠯᠢ ᠬᠤᠷᠢᠶᠠᠯᠠᠯ ᠤᠨ 21 ᠳ᠋ᠦ᠋ᠭᠡᠷ ᠠᠰᠠᠷ ᠤᠨ ᠰᠠᠭᠤᠭᠠᠯᠢ ᠠᠷᠠᠳ ᠦ᠋ ᠬᠦᠢ ᠴᠢᠩ ᠤᠨ ᠭᠡᠷ ᠲᠤ᠂ ᠠᠯᠠᠱᠠ ᠵᠡᠭᠦᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠦᠭᠡᠯᠡᠳ ᠵᠠᠮ ᠤᠨ ᠲᠣᠮᠢᠯᠠᠭᠰᠠᠨ ᠰᠠᠯᠪᠤᠷᠢ ᠶᠢᠨ ᠳᠠᠷᠤᠭ᠎ᠠ ᠴᠧᠨ ᠭᠠᠩ ᠶᠠᠭ ᠲᠡᠳᠡᠨ ᠤ ᠭᠡᠷ ᠪᠦᠯᠢ ᠶᠢᠨ ᠪᠠᠶᠢᠳᠠᠯ ᠢ ᠦᠢᠯᠠᠭᠠᠬᠤ ᠶᠢᠨ ᠬᠠᠮᠲᠤ ᠲᠡᠭᠦᠨ ᠳᠤ ᠴᠠᠬᠢᠯᠭᠠᠨ ᠬᠤᠯᠪᠤᠭᠠᠨ ᠤ ᠮᠡᠬᠡᠯᠡᠯ ᠢ ᠰᠡᠷᠭᠡᠶᠢᠯᠡᠬᠦ ᠲᠠᠯ᠎ᠠ ᠶᠢᠨ ᠮᠡᠳᠡᠯᠭᠡ ᠶᠢ ᠤᠬᠠᠭᠤᠯᠵᠤ ᠪᠠᠶᠢᠯ᠎ᠠ᠃ ᠦ᠋ ᠬᠦᠢ ᠴᠢᠩ ᠤᠨ ᠬᠡᠯᠡᠬᠦ ᠪᠠᠷ᠂ ᠴᠠᠬᠢᠯᠭᠠᠨ ᠬᠤᠯᠪᠤᠭᠠᠨ ᠤ ᠮᠡᠬᠡᠯᠡᠯ ᠤᠨ ᠶᠡᠷᠦ ᠶᠢᠨ ᠮᠡᠳᠡᠯᠭᠡ ᠶᠢ ᠪᠢᠳᠠᠨ ᠳᠤ ᠮᠡᠳᠡᠭᠦᠯᠵᠦ ᠮᠡᠬᠡᠯᠡᠭᠳᠡᠬᠦ ᠠᠴᠠ ᠰᠡᠷᠭᠡᠶᠢᠯᠡᠭᠰᠡᠨ ᠪᠠᠶᠢᠨ᠎ᠠ᠂ ᠡᠳᠡᠭᠡᠷ ᠤᠴᠢᠷ ᠨᠢ ᠬᠡᠳᠦ᠋ᠢᠪᠡᠷ ᠪᠠᠭ᠎ᠠ ᠪᠤᠯᠪᠠᠴᠤ ᠠᠷᠠᠳ ᠤᠨ ᠠᠮᠢᠳᠤᠷᠠᠯ ᠲᠠᠢ ᠨᠢᠭᠲᠠ ᠬᠤᠯᠪᠤᠭᠳᠠᠵᠤ ᠪᠠᠶᠢᠳᠠᠭ ᠭᠡᠵᠦ ᠪᠠᠶᠢᠪᠡ᠃     ᠴᠧᠨ ᠭᠠᠩ ᠪᠣᠯ ᠤᠥ ᠯᠢᠨ ᠴᠡᠴᠡᠷᠯᠢᠭ ᠰᠠᠭᠤᠭᠠᠯᠢ ᠬᠤᠷᠢᠶᠠᠯᠠᠯ ᠤᠨ 21 ᠳ᠋ᠦ᠋ᠭᠡᠷ ᠠᠰᠠᠷ ᠤᠨ ︽ᠠᠰᠠᠷ ᠤᠨ ᠬᠠᠮᠢᠶᠠᠷᠤᠭᠴᠢ︾ ᠪᠣᠯᠤᠨ᠎ᠠ᠂ ᠲᠡᠷᠡ ᠡᠨᠡᠬᠦ 88 ᠡᠷᠦᠬᠡ ᠰᠠᠭᠤᠭᠠᠯᠢ ᠠᠷᠠᠳ ᠤᠨ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠬᠠᠷᠢᠭᠤᠴᠠᠳᠠᠭ᠃ ᠡᠨᠡ ᠲᠤᠰᠢᠶᠠᠯ ᠢ ᠡᠭᠦᠷᠭᠡᠯᠡᠭᠰᠡᠨ ᠴᠧᠨ ᠭᠠᠩ ᠠᠵᠢᠯ ᠠᠴᠠ ᠪᠠᠨ ᠪᠠᠭᠤᠭᠰᠠᠨ ᠤ ᠳᠠᠷᠠᠭ᠎ᠠ ᠦᠷᠭᠦᠯᠵᠢ ᠠᠮᠠᠷᠠᠬᠤ ᠴᠢᠯᠥᠭᠡ ᠪᠠᠷ ᠢᠶᠠᠨ ᠠᠶᠢᠯ ᠡᠷᠦᠬᠡ ᠳᠤ ᠤᠷᠤᠵᠤ ᠭᠡᠷ ᠪᠦᠯᠢ ᠶᠢᠨ ᠪᠠᠶᠢᠳᠠᠯ ᠢ ᠣᠶᠢᠯᠠᠭᠠᠨ᠂ ᠰᠠᠨᠠᠯ ᠰᠠᠨᠠᠭᠤᠯᠭ᠎ᠠ ᠪᠠᠨ ᠰᠣᠯᠢᠯᠴᠠᠵᠤ᠂ ᠴᠠᠬᠢᠯᠭᠠᠨ ᠬᠤᠯᠪᠤᠭᠠᠨ ᠤ ᠮᠡᠬᠡᠯᠡᠯ ᠢ ᠰᠡᠷᠭᠡᠶᠢᠯᠡᠬᠦ ᠤᠬᠠᠭᠤᠯᠭ᠎ᠠ ᠪᠠ ︽ᠮᠡᠬᠡᠯᠡᠯ ᠢ ᠡᠰᠡᠷᠭᠦᠴᠡᠬᠦ ᠲᠥᠪ︾ APP ᠳᠡᠯᠭᠡᠷᠡᠭᠦᠯᠬᠦ ᠠᠵᠢᠯ ᠢ ᠦᠷᠨᠢᠭᠦᠯᠳᠡᠭ᠃ ᠡᠭᠦᠨ ᠤ ᠬᠠᠮᠲᠤ ᠠᠰᠠᠷ ᠲᠠᠬᠢ ᠭᠠᠯ ᠤᠨᠲᠠᠷᠠᠭᠠᠬᠤ ᠲᠦᠬᠦᠭᠡᠷᠤᠮᠵᠢ ᠳᠤ ᠪᠠᠶᠢᠴᠠᠭᠠᠯᠲᠠ ᠬᠢᠵᠦ᠂ ᠤᠷᠤᠰᠢᠵᠤ ᠪᠠᠶᠢᠬᠤ ᠠᠮᠤᠷ ᠲᠦᠪᠰᠢᠨ ᠤ ᠳᠠᠯᠳᠠ ᠬᠡᠮ ᠤᠨ ᠠᠰᠠᠭᠤᠳᠠᠯ ᠢ ᠠᠳᠠᠯ ᠦᠢᠯᠡᠰ ᠤᠨ ᠺᠤᠮᠫᠠᠨᠢ ᠳᠤ ᠮᠡᠳᠡᠭᠳᠡᠵᠦ᠂ ᠬᠤᠭᠤᠴᠠᠭ᠎ᠠ ᠲᠤᠭᠲᠠᠭᠠᠨ ᠦᠭᠡᠷᠡᠴᠢᠯᠠᠨ ᠰᠠᠶᠢᠵᠢᠷᠠᠭᠤᠯᠬᠤ ᠶᠢ ᠱᠠᠭᠠᠷᠳᠠᠳᠠᠭ ᠪᠠᠶᠢᠨ᠎ᠠ᠃     ᠣᠳᠣᠬᠠᠨ ᠳᠤ᠂ ᠠᠯᠠᠱᠠ ᠵᠡᠭᠦᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠦᠭᠡᠯᠡᠳ ᠵᠠᠮ ᠤᠨ ᠲᠣᠮᠢᠯᠠᠭᠰᠠᠨ ᠰᠠᠯᠪᠤᠷᠢ ᠶᠢᠨ 70 ᠨᠡᠷᠡᠰ ᠠᠷᠠᠳ ᠤᠨ ᠴᠠᠭᠳᠠᠭ᠎ᠠ ᠵᠢᠴᠢ ᠲᠤᠰᠠᠯᠠᠭᠴᠢ ᠴᠠᠭᠳᠠᠭ᠎ᠠ ᠨᠢᠭᠡᠨᠲᠡ ᠬᠠᠷᠢᠶᠠᠲᠤ ᠣᠷᠣᠨ ᠤ 27 ᠰᠠᠭᠤᠭᠠᠯᠢ ᠲᠣᠭᠤᠷᠢᠭ ᠤᠨ ︽ᠠᠰᠠᠷ ᠤᠨ ᠬᠠᠮᠢᠶᠠᠷᠤᠭᠴᠢ︾ ᠶᠢᠨ ᠲᠤᠰᠢᠶᠠᠯ ᠢ ᠡᠭᠦᠷᠭᠡᠯᠡᠵᠦ᠂ ᠬᠠᠷᠢᠶ᠎ᠠ ᠲᠣᠭᠤᠷᠢᠭ ᠤᠨ ᠠᠰᠠᠷ ᠤᠨ ᠵᠥᠷᠢᠴᠡᠯ ᠵᠢᠭᠤᠷᠠᠯᠳᠤᠭᠠᠨ ᠢ ᠨᠠᠮᠳᠠᠭᠤᠯᠤᠨ ᠠᠮᠤᠷ ᠲᠦᠪᠰᠢᠨ ᠤ ᠳᠠᠯᠳᠠ ᠭᠡᠮ ᠢ ᠰᠡᠷᠭᠡᠶᠢᠯᠡᠨ ᠬᠠᠮᠢᠶᠠᠷᠴᠤ᠂ ᠨᠡᠶᠢᠭᠡᠮ ᠤᠨ ᠠᠮᠤᠷ ᠲᠦᠪᠰᠢᠨ ᠢ ᠬᠠᠮᠠᠭᠠᠯᠠᠨ ᠪᠠᠲᠤᠯᠠᠬᠤ ᠡᠶ᠎ᠡ ᠵᠤᠬᠢᠴᠠᠩᠭᠤᠢ ᠠᠭᠤᠷ ᠠᠮᠢᠰᠬᠤᠯ ᠢ ᠪᠣᠶ ᠪᠤᠯᠭᠠᠭᠰᠠᠨ ᠪᠠᠶᠢᠨ᠎ᠠ᠃     ᠲᠣᠮᠢᠯᠠᠭᠰᠠᠨ ᠰᠠᠯᠪᠤᠷᠢ ᠶᠢᠨ ᠠᠷᠠᠳ ᠤᠨ ᠴᠠᠭᠳᠠᠭ᠎ᠠ ︽ᠠᠰᠠᠷ ᠤᠨ ᠬᠠᠮᠢᠶᠠᠷᠤᠭᠴᠢ︾ ᠶᠢᠨ ᠲᠤᠰᠢᠶᠠᠯ ᠢ ᠡᠭᠦᠷᠭᠡᠯᠡᠨ᠂ ᠣᠯᠠᠨ ᠢᠶᠠᠷ ᠢᠶᠠᠨ ᠰᠡᠷᠭᠡᠶᠢᠯᠡᠨ ᠵᠠᠰᠠᠬᠤ ᠠᠵᠢᠯ ᠢ ᠤᠯᠠᠮ ᠨᠢᠭᠡ ᠠᠯᠬᠤᠮ ᠠᠬᠢᠭᠤᠯᠵᠤ᠂ ᠳᠠᠷᠠᠭ᠎ᠠ ᠠᠯᠬᠤᠮ ᠤᠨ ᠬᠠᠷᠢᠶᠠᠲᠤ ᠣᠷᠣᠨ ᠤ ᠰᠠᠭᠤᠭᠠᠯᠢ ᠲᠣᠭᠤᠷᠢᠭ ᠤᠨ ᠪᠤᠢ ᠪᠦᠬᠦᠢ ︽ᠠᠰᠠᠷ ᠤᠨ ᠬᠠᠮᠢᠶᠠᠷᠤᠭᠴᠢ︾ ᠶᠢᠨ ᠲᠤᠰᠢᠶᠠᠯ ᠡᠭᠦᠷᠭᠡᠯᠡᠬᠦ ᠳᠤ ᠳᠠᠭᠠᠭᠤᠯᠬᠤ ᠦᠢᠯᠡᠳᠦᠯ ᠦᠵᠡᠭᠦᠯᠵᠦ ᠰᠠᠭᠤᠷᠢ ᠲᠠᠯᠪᠢᠬᠤ ᠶᠢᠨ ᠬᠠᠮᠲᠤ ᠲᠣᠮᠢᠯᠠᠭᠰᠠᠨ ᠰᠠᠯᠪᠤᠷᠢ ᠶᠢᠨ ᠠᠷᠠᠳ ᠤᠨ ᠴᠠᠭᠳᠠᠭ᠎ᠠ ᠶᠢᠨ ᠲᠤᠰᠬᠠᠶ ᠮᠡᠷᠭᠡᠵᠢᠯ ᠤᠨ ᠴᠢᠳᠠᠪᠤᠷᠢ ᠶᠢ ᠭᠦᠢᠴᠡᠳ ᠪᠠᠳᠠᠷᠠᠭᠤᠯᠵᠤ᠂ ᠰᠠᠭᠤᠭᠠᠯᠢ ᠠᠷᠠᠳ ᠲᠠᠢ ᠬᠠᠮᠲᠤ ᠪᠠᠷ ᠠᠮᠤᠷ ᠠᠮᠤᠭᠤᠯᠠᠩ ᠰᠠᠭᠤᠭᠠᠯᠢ ᠲᠣᠭᠤᠷᠢᠭ ᠢ ᠪᠠᠶᠢᠭᠤᠯᠬᠤ ᠳᠤ ᠬᠦᠴᠦᠨ ᠢᠶᠠᠨ ᠡᠷᠬᠦᠵᠦ ᠪᠠᠶᠢᠨ᠎ᠠ᠃
 
ᠢᠷᠡᠯᠲᠡ᠄ ᠠᠯᠠᠱᠠ ᠶᠢᠨ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号