ᠠᠯᠠᠱᠠ ᠠᠶᠢᠮᠠᠭ ᠤᠨ 2021 ᠣᠨ ᠤ ᠤᠯᠤᠰ ᠤᠨ ᠰᠦᠯᠵᠢᠶᠡᠨ ᠤ ᠠᠮᠤᠷ ᠲᠦᠪᠰᠢᠨ ᠤ ᠤᠬᠠᠭᠤᠯᠭ᠎ᠠ ᠶᠢᠨ ᠭᠠᠷᠠᠭ ᠤᠨ ᠠᠵᠢᠯᠯᠠᠭ᠎ᠠ ᠡᠬᠢᠯᠡᠪᠡ
ᠨᠡᠶᠢᠲᠡᠯᠡᠭᠰᠡᠨ ᠴᠠᠭ᠄
2021/10/12
       ᠪᠦᠬᠦ ᠠᠷᠠᠳ ᠤᠨ ᠰᠦᠯᠵᠢᠶᠡᠨ ᠤ ᠠᠮᠤᠷ ᠲᠦᠪᠰᠢᠨ ᠤ ᠤᠬᠠᠮᠰᠠᠷ ᠢ ᠳᠡᠭᠡᠭᠰᠢᠯᠡᠭᠦᠯᠵᠦ᠂               ︽ᠰᠦᠯᠵᠢᠶᠡᠨ ᠤ ᠠᠮᠤᠷ ᠲᠦᠪᠰᠢᠨ ᠤ ᠬᠠᠤᠯᠢ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢ ᠭᠦᠨᠵᠡᠭᠡᠢ ᠤᠬᠠᠭᠤᠯᠤᠨ ᠲᠤᠤᠱᠯᠠᠭᠤᠯᠬᠤ ᠶᠢᠨ ᠲᠥᠯᠥᠭᠡ᠂ 10 ᠰᠠᠷ᠎ᠠ ᠶᠢᠨ 11 ᠤ ᠡᠳᠦᠷ᠂ ᠠᠯᠠᠱᠠ ᠠᠶᠢᠮᠠᠭ ᠤᠨ 2021 ᠣᠨ ᠤ ᠤᠯᠤᠰ ᠤᠨ ᠰᠦᠯᠵᠢᠶᠡᠨ ᠤ ᠠᠮᠤᠷ ᠲᠦᠪᠰᠢᠨ ᠤ ᠤᠬᠠᠭᠤᠯᠭ᠎ᠠ ᠶᠢᠨ ᠭᠠᠷᠠᠭ ᠤᠨ ᠠᠵᠢᠯᠯᠠᠭ᠎ᠠ ᠡᠬᠢᠯᠡᠪᠡ᠃ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ᠂ ᠠᠶᠢᠮᠠᠭ ᠤᠨ ᠨᠠᠮ ᠤᠨ ᠬᠤᠷᠢᠶᠠᠨ ᠤ ᠰᠦᠯᠵᠢᠶᠡᠨ ᠤ ᠠᠮᠤᠷ ᠲᠦᠪᠰᠢᠨ ᠪᠠ ᠮᠡᠳᠡᠭᠡ ᠵᠠᠩᠬᠢᠴᠢᠯᠠᠯᠳᠠ ᠶᠢᠨ ᠬᠤᠷᠢᠶᠠᠨ ᠤ ᠭᠡᠰᠢᠭᠦᠨ ᠵᠠᠩ ᠪᠦᠦ ᠴᠧᠩ ᠪᠠᠶᠠᠨᠬᠤᠲᠠ ᠶᠢᠨ  ᠬᠤᠷᠠᠯ ᠤᠨ ᠭᠤᠤᠯ ᠲᠠᠯᠠᠪᠠᠶ ᠳᠤ ᠣᠷᠣᠯᠴᠠᠭᠰᠠᠨ ᠪᠥᠭᠡᠳ ᠠᠵᠢᠯᠯᠠᠭ᠎ᠠ ᠡᠬᠢᠯᠡᠭᠰᠡᠨ ᠢ ᠵᠠᠷᠯᠠᠪᠠ᠃
      ᠬᠤᠷᠠᠯ ᠤᠨ ᠭᠤᠤᠯ ᠲᠠᠯᠠᠪᠠᠶ ᠳᠤ᠂ ᠡᠯ᠎ᠡ ᠭᠤᠤᠯᠯᠠᠨ ᠡᠷᠭᠢᠯᠡᠭᠰᠡᠨ ᠨᠢᠭᠡᠴᠡ ᠰᠦᠯᠵᠢᠶᠡᠨ ᠤ ᠠᠮᠤᠷ ᠲᠦᠪᠰᠢᠨ ᠤ ᠮᠡᠳᠡᠯᠭᠡ ᠶᠢᠨ ᠤᠬᠠᠭᠤᠯᠭ᠎ᠠ ᠶᠢᠨ ᠦᠵᠡᠭᠦᠯᠦᠯᠭᠡ ᠡᠷᠭᠢᠯᠡᠵᠦ᠂ ︽ᠰᠦᠯᠵᠢᠶᠡᠨ ᠤ ᠠᠮᠤᠷ ᠲᠦᠪᠰᠢᠨ ᠤ ᠬᠠᠤᠯᠢ︾᠂ ︽ᠳ᠋ᠠᠶᠢᠲ᠋ᠠ ᠶᠢᠨ ᠠᠮᠤᠷ ᠲᠦᠪᠰᠢᠨ ᠤ ᠬᠠᠤᠯᠢ︾᠂ ︽ᠬᠤᠪᠢ ᠬᠥᠮᠦᠨ ᠤ ᠮᠡᠳᠡᠭᠡ ᠵᠠᠩᠭᠢ ᠶᠢ ᠬᠠᠮᠠᠭᠠᠯᠠᠬᠤ ᠬᠠᠤᠯᠢ︾᠂ ︽ᠵᠠᠩᠭᠢᠯᠠᠭ᠎ᠠ ᠶᠢᠨ ᠮᠡᠳᠡᠭᠡ ᠵᠠᠩᠭᠢ ᠶᠢᠨ ᠰᠠᠭᠤᠷᠢ ᠲᠥᠬᠦᠭᠡᠷᠦᠮᠵᠢ ᠶᠢᠨ ᠠᠮᠤᠷ ᠲᠦᠪᠰᠢᠨ ᠢ ᠬᠠᠮᠠᠭᠠᠯᠠᠬᠤ ᠲᠦᠷᠢᠮ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠭᠤᠯᠤᠭᠰᠠᠨ ᠪᠥᠭᠡᠳ ᠰᠦᠯᠵᠢᠶᠡᠨ ᠤ ᠠᠮᠤᠷ ᠲᠦᠪᠰᠢᠨ ᠤ ᠬᠠᠤᠯᠢᠵᠢᠯ ᠤᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠳᠡᠯᠭᠡᠨ ᠦᠵᠡᠭᠦᠯᠵᠦ᠂ ᠰᠦᠯᠵᠢᠶ᠎ᠡ᠂ ᠴᠠᠬᠢᠯᠭᠠᠨ ᠬᠤᠯᠪᠣᠭᠠᠨ ᠤ ᠮᠡᠬᠡᠯᠡᠯ ᠢ ᠰᠡᠷᠭᠡᠶᠢᠯᠡᠬᠦ ᠬᠠᠮᠢᠶ᠎ᠠ ᠪᠥᠬᠦᠶ ᠠᠮᠤᠷ ᠲᠦᠪᠰᠢᠨ ᠤ ᠮᠡᠳᠡᠯᠭᠡ ᠶᠢ ᠣᠬᠠᠭᠤᠯᠵᠦ᠂ ᠪᠥᠬᠦ ᠠᠷᠠᠳ ᠤᠨ ᠬᠤᠪᠢ ᠬᠥᠮᠦᠨ ᠤ ᠮᠡᠳᠡᠭᠡ ᠵᠠᠩᠭᠢ ᠶᠢ ᠬᠠᠮᠠᠭᠠᠯᠠᠬᠤ ᠤᠬᠠᠮᠰᠠᠷ ᠪᠠ ᠤᠷ᠎ᠠ ᠴᠢᠳᠠᠪᠤᠷᠢ ᠶᠢ ᠳᠡᠭᠡᠭᠰᠢᠯᠡᠭᠦᠯᠬᠦ ᠵᠢᠴᠢ ᠰᠦᠯᠵᠢᠶᠡᠨ ᠤ ᠮᠥᠩᠭᠦᠨ ᠬᠦᠢᠯᠭᠡᠭᠡᠨ ᠤ ᠮᠡᠬᠡᠯᠡᠯ ᠢ ᠰᠡᠷᠭᠡᠶᠢᠯᠡᠬᠦ ᠶᠡᠷᠦ ᠶᠢᠨ ᠮᠡᠳᠡᠯᠭᠡ ᠵᠡᠷᠭᠡ ᠶᠢ ᠢᠯᠡᠷᠡᠭᠦᠯᠵᠦ᠂ ᠲᠤᠬᠠᠶ ᠶᠢᠨ ᠲᠠᠯᠠᠪᠠᠶ ᠶᠢᠨ ᠰᠠᠭᠤᠭᠠᠯᠢ ᠠᠷᠠᠳ ᠲᠤ ᠡᠯ᠎ᠡ ᠲᠥᠷᠥᠯ ᠤᠨ ᠰᠦᠯᠵᠢᠶᠡᠨ ᠤ ᠠᠮᠤᠷ ᠲᠦᠪᠰᠢᠨ ᠤ ᠬᠠᠤᠯᠢ ᠴᠠᠭᠠᠵᠠ ᠬᠠᠤᠯᠢ ᠲᠣᠭᠲᠠᠭᠠᠯ ᠤᠨ ᠮᠡᠳᠡᠯᠭᠡ ᠶᠢ ᠲᠦᠭᠡᠮᠡᠯᠵᠢᠭᠦᠯᠵᠦ ᠥᠭᠪᠡ᠃ ᠡᠯ᠎ᠡ ᠬᠤᠰᠢᠭᠤ ᠨᠡᠭᠡᠭᠡᠯᠳᠡ ᠶᠢᠨ ᠣᠷᠣᠨ ᠴᠤ ᠰᠦᠯᠵᠢᠶᠡᠨ ᠤ ᠠᠮᠤᠷ ᠲᠦᠪᠰᠢᠨ ᠤ ᠤᠬᠠᠭᠤᠯᠭ᠎ᠠ ᠶᠢᠨ ᠭᠠᠷᠠᠭ ᠤᠨ ᠰᠢᠷᠢᠰ ᠠᠵᠢᠯᠯᠠᠭ᠎ᠠ ᠶᠢ ᠵᠡᠷᠭᠡᠪᠡᠷ ᠡᠷᠭᠢᠯᠡᠵᠦ᠂ ᠤᠬᠠᠭᠤᠯᠭ᠎ᠠ ᠶᠢᠨ ᠵᠠᠷᠯᠠᠯ ᠨᠠᠭᠠᠬᠤ᠂ ᠰᠠᠭᠤᠭᠠᠯᠢ ᠠᠷᠠᠳ ᠲᠤ ᠰᠦᠯᠵᠢᠶᠡᠨ ᠤ ᠠᠮᠤᠷ ᠲᠦᠪᠰᠢᠨ ᠤ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠰᠠᠭᠤᠭᠠᠯᠢ ᠠᠷᠠᠳ ᠲᠤ ᠠᠩᠬᠠᠷᠪᠠᠰᠤ ᠵᠣᠬᠢᠬᠤ ᠰᠦᠯᠵᠢᠶᠡᠨ ᠤ ᠠᠮᠤᠷ ᠲᠦᠪᠰᠢᠨ ᠤ ᠤᠨᠠᠭᠤᠯᠢ ᠶᠢ ᠰᠠᠨᠠᠭᠤᠯᠵᠤ᠂ ᠰᠦᠯᠵᠢᠶᠡᠨ ᠤ ᠠᠮᠤᠷ ᠲᠦᠪᠰᠢᠨ ᠤ ᠤᠬᠠᠮᠰᠠᠷ ᠢ ᠴᠢᠩᠭᠠᠳᠬᠠᠨ᠂ ᠠᠮᠤᠷ ᠲᠦᠪᠰᠢᠨ ᠡᠷᠡᠭᠦᠯ ᠪᠣᠯᠪᠠᠰᠤᠨ ᠰᠦᠯᠵᠢᠶᠡᠨ ᠤ ᠣᠷᠴᠢᠨ ᠲᠣᠭᠤᠷᠢᠨ ᠢ ᠪᠣᠶ ᠪᠣᠯᠭᠠᠪᠠ᠃
       ᠡᠨᠡ ᠵᠢᠯ ᠤᠨ ᠰᠦᠯᠵᠢᠶᠡᠨ ᠤ ᠠᠮᠤᠷ ᠲᠦᠪᠰᠢᠨ ᠤ ᠤᠬᠠᠭᠤᠯᠭ᠎ᠠ ᠶᠢᠨ ᠭᠠᠷᠠᠭ ᠤᠨ ᠭᠤᠣᠯ ᠰᠡᠳᠦᠪ ᠪᠣᠯ ︽ᠰᠦᠯᠵᠢᠶᠡᠨ ᠤ ᠠᠮᠤᠷ ᠲᠦᠪᠰᠢᠨ ᠠᠷᠠᠳ ᠲᠦᠮᠡᠨ ᠤ ᠲᠥᠯᠥᠭᠡ᠂ ᠰᠦᠯᠵᠢᠶᠡᠨ ᠤ ᠠᠮᠤᠷ ᠲᠦᠪᠰᠢᠨ ᠠᠷᠠᠳ ᠲᠦᠮᠡᠨ ᠳᠤ ᠲᠦᠰᠢᠭᠯᠡᠨ᠎ᠡ︾ ᠪᠣᠯᠤᠨ᠎ᠠ᠃ ᠰᠤᠷᠪᠤᠯᠵᠢᠯᠠᠭᠴᠢ ᠶᠢᠨ ᠣᠶᠢᠯᠠᠭᠠᠭᠰᠠᠨ ᠢᠶᠠᠷ᠂ ᠡᠨᠡ ᠬᠤᠭᠤᠴᠠᠭᠠᠨ ᠳᠤ ᠮᠠᠨ ᠤ ᠠᠶᠢᠮᠠᠭ ᠪᠥᠬᠦ ᠠᠶᠢᠮᠠᠭ ᠤᠨ ᠰᠦᠯᠵᠢᠶᠡᠨ ᠤ ᠠᠮᠤᠷ ᠲᠦᠪᠰᠢᠨ ᠤ ᠪᠣᠯᠪᠠᠰᠤᠷᠠᠯ᠂ ᠰᠦᠯᠵᠢᠶᠡᠨ ᠤ ᠠᠮᠤᠷ ᠲᠦᠪᠰᠢᠨ ᠤ ᠮᠡᠳᠡᠯᠭᠡ ᠶᠢᠨ ᠠᠰᠠᠭᠤᠯᠲᠠ ᠬᠠᠷᠢᠭᠤᠯᠲᠠ ᠵᠡᠷᠭᠡ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠦᠨ᠎ᠡ᠃ ᠡᠭᠦᠨ ᠤ ᠬᠠᠮᠲᠤ᠂ ᠡᠯ᠎ᠡ ᠳᠠᠭᠠᠭᠠᠴᠢᠯᠠᠨ ᠡᠷᠭᠢᠯᠡᠬᠦ ᠰᠠᠯᠠᠭ᠎ᠠ ᠮᠥᠴᠢᠷ ᠰᠤᠷᠭᠠᠨ ᠬᠥᠮᠦᠵᠢᠯ ᠤᠨ ᠡᠳᠦᠷ᠂ ᠴᠠᠬᠢᠯᠭᠠᠨ ᠬᠤᠯᠪᠣᠭᠠᠨ ᠤ ᠡᠳᠦᠷ᠂ ᠬᠠᠤᠯᠢ ᠪᠠᠷ ᠵᠠᠰᠠᠬᠤ ᠡᠳᠦᠷ᠂ ᠮᠥᠩᠭᠦᠨ ᠬᠦᠢᠯᠭᠡᠭᠡᠨ ᠤ ᠡᠳᠦᠷ ᠪᠠ ᠬᠤᠪᠢ ᠬᠥᠮᠦᠨ ᠤ ᠮᠡᠳᠡᠭᠡ ᠵᠠᠩᠭᠢ ᠶᠢ ᠬᠠᠮᠠᠭᠠᠯᠠᠬᠤ ᠡᠳᠦᠷ ᠵᠡᠷᠭᠡ ᠭᠤᠤᠯ ᠰᠡᠳᠦᠪᠲᠦ ᠡᠳᠦᠷ ᠤᠨ ᠠᠵᠢᠯᠯᠠᠭ᠎ᠠ ᠶᠢ ᠵᠠᠯᠭᠠᠭ᠎ᠠ ᠪᠠᠷ ᠵᠣᠬᠢᠶᠠᠨ ᠪᠠᠶᠢᠭᠤᠯᠤᠨ ᠥᠷᠨᠢᠭᠦᠯᠵᠦ᠂ ᠰᠦᠯᠵᠢᠶᠡᠨ ᠤ ᠠᠮᠤᠷ ᠲᠦᠪᠰᠢᠨ ᠤ ᠮᠡᠳᠡᠯᠭᠡ ᠶᠢ ᠶᠡᠭᠡ ᠪᠠᠷ ᠤᠬᠠᠭᠤᠯᠤᠨ ᠲᠦᠭᠡᠮᠡᠯᠵᠢᠭᠦᠯᠵᠦ᠂ ᠬᠠᠮᠤᠷᠬᠤ ᠬᠡᠪᠴᠢᠶ᠎ᠡ ᠶᠢ ᠥᠷᠭᠡᠳᠬᠡᠨ᠂ ᠨᠥᠯᠥᠭᠡᠯᠡᠬᠦ ᠬᠦᠴᠦᠨ ᠢ ᠳᠡᠭᠡᠭᠰᠢᠯᠡᠭᠦᠯᠵᠦ᠂ ᠰᠦᠯᠵᠢᠶᠡᠨ ᠤ ᠠᠮᠤᠷ ᠲᠦᠪᠰᠢᠨ ᠤ ᠤᠬᠠᠮᠰᠠᠷ ᠢ ᠬᠥᠮᠦᠰ ᠤᠨ ᠰᠡᠳᠬᠢᠯ ᠳᠤ ᠭᠦᠨ ᠬᠤᠨᠣᠭᠰᠢᠭᠤᠯᠣᠨ᠎ᠠ᠃ ᠠᠶᠢᠮᠠᠭ ᠤᠨ ᠨᠠᠮ ᠤᠨ ᠬᠤᠷᠢᠶᠠᠨ ᠤ ᠰᠦᠯᠵᠢᠶᠡᠨ ᠤ ᠠᠮᠣᠷ ᠳᠦᠪᠰᠢᠨ ᠪᠠ ᠮᠡᠳᠡᠭᠡ ᠵᠠᠩᠬᠢᠴᠢᠯᠠᠯᠳᠠ ᠶᠢᠨ  ᠬᠤᠷᠢᠶᠠᠨ ᠤ ᠠᠯᠪᠠᠨ ᠬᠡᠷ ᠤᠨ ᠳᠡᠳ᠋ ᠡᠷᠬᠢᠯᠡᠭᠴᠢ ᠴᠧᠨ ᠵᠣᠣ ᠭᠦᠸᠧ᠄ ︽ᠤᠬᠠᠭᠤᠯᠭ᠎ᠠ ᠶᠢᠨ ᠭᠠᠷᠠᠭ ᠤᠨ ᠬᠤᠭᠤᠴᠠᠭᠠᠨ ᠳᠤ᠂ ᠪᠢᠳᠡ ᠰᠦᠯᠵᠢᠶᠡᠨ ᠤ ᠠᠮᠤᠷ ᠲᠦᠪᠰᠢᠨ ᠤ ᠬᠠᠤᠯᠢ ᠴᠠᠭᠠᠵᠠ ᠬᠠᠤᠯᠢ ᠲᠣᠭᠲᠠᠭᠠᠯ ᠢ ᠭᠦᠨᠵᠡᠭᠡᠶ ᠤᠬᠠᠭᠤᠯᠤᠨ ᠳᠣᠣᠱᠯᠠᠭᠤᠯᠣᠨ ᠨᠠᠶᠢᠳᠠᠪᠤᠷᠢᠵᠢᠭᠤᠯᠵᠤ᠂ ᠡᠯ᠎ᠡ ᠰᠠᠯᠠᠭ᠎ᠠ ᠮᠥᠴᠢᠷ ᠨᠢᠭᠡᠴᠡ ᠵᠢᠴᠢ ᠥᠷᠭᠡᠨ ᠣᠯᠠᠨ ᠰᠦᠯᠵᠢᠶ᠎ᠡ ᠠᠰᠢᠭᠯᠠᠭᠴᠢᠳ ᠤᠨ ᠰᠦᠯᠵᠢᠶᠡᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠤᠬᠠᠮᠰᠠᠷ᠂ ᠰᠦᠯᠵᠢᠶᠡᠨ ᠤ ᠠᠮᠤᠷ ᠲᠦᠪᠰᠢᠨ ᠤ ᠪᠠᠲᠤᠯᠠᠭ᠎ᠠ ᠶᠢᠨ ᠲᠦᠪᠰᠢᠨ ᠢ ᠳᠡᠭᠡᠭᠰᠢᠯᠡᠭᠦᠯᠵᠦ᠂ ᠨᠡᠶᠢᠭᠡᠮ ᠳᠠᠶᠠᠭᠠᠷ ᠲᠤ ᠰᠦᠯᠵᠢᠶᠡᠨ ᠤ ᠠᠮᠤᠷ ᠲᠦᠪᠰᠢᠨ ᠳᠤ ᠬᠥᠮᠦᠨ ᠪᠦᠬᠦᠨ ᠬᠠᠷᠢᠭᠤᠴᠠᠯᠭ᠎ᠠ ᠲᠠᠢ᠂ ᠬᠥᠮᠦᠨ ᠪᠦᠬᠦᠨ ᠣᠷᠣᠯᠴᠠᠭᠰᠠᠨ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠨ᠎ᠠ︾ ᠭᠡᠪᠡ᠃       ᠣᠶᠢᠷ᠎ᠠ ᠶᠢᠨ ᠵᠢᠯ ᠠᠴᠠ ᠨᠠᠰᠢ᠂ ᠮᠠᠨ ᠤ ᠠᠶᠢᠮᠠᠭ ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠪᠠᠶᠢᠭᠤᠯᠣᠯ ᠲᠣᠭᠲᠠᠴᠠ ᠶᠢᠨ ᠪᠠᠶᠢᠭᠤᠯᠤᠯᠲᠠ᠂ ᠰᠦᠯᠵᠢᠶᠡᠨ ᠣᠷᠴᠢᠨ ᠤ ᠵᠠᠰᠠᠯᠲᠠ᠂ ᠰᠦᠯᠵᠢᠶᠡᠨ ᠤ ᠠᠶᠤᠯ ᠲᠦᠭᠰᠢᠭᠦᠷᠢ ᠶᠢ ᠪᠠᠴᠢᠮ ᠠᠷᠭᠠᠴᠠᠭᠠᠬᠤ ᠵᠡᠷᠭᠡ ᠭᠤᠤᠯᠳᠠᠯᠭ᠎ᠠ ᠲᠠᠢ ᠠᠵᠢᠯ ᠢ ᠶᠡᠭᠡ ᠪᠠᠷ ᠠᠬᠢᠭᠤᠯᠵᠤ᠂ ᠰᠦᠯᠵᠢᠶᠡᠨ ᠤ ᠠᠮᠤᠷ ᠲᠦᠪᠰᠢᠨ ᠤ ᠠᠵᠢᠯ ᠤᠨ ᠬᠠᠷᠢᠭᠤᠴᠠᠯᠭᠠᠲᠤ ᠤᠬᠠᠮᠰᠠᠷ ᠲᠠᠰᠤᠷᠠᠯᠲᠠ ᠥᠬᠡᠶ ᠴᠢᠩᠭᠠᠷᠠᠵᠤ᠂ ᠰᠦᠯᠵᠢᠶᠡᠨ ᠤ ᠠᠮᠤᠷ ᠲᠦᠪᠰᠢᠨ ᠢ ᠰᠡᠷᠭᠡᠶᠢᠯᠡᠨ ᠬᠠᠮᠠᠭᠠᠯᠠᠬᠤ ᠴᠢᠳᠠᠪᠤᠷᠢ ᠪᠦᠲᠦᠮᠵᠢᠲᠡᠶ ᠳᠡᠭᠡᠭᠰᠢᠯᠡᠵᠦ᠂ ᠪᠥᠬᠦ ᠠᠶᠢᠮᠠᠭ ᠤᠨ ᠰᠦᠯᠵᠢᠶᠡᠨ ᠤ ᠠᠮᠤᠷ ᠲᠦᠪᠰᠢᠨ ᠤ ᠠᠵᠢᠯ ᠳᠤ ᠲᠣᠭᠲᠠᠭᠤᠨ᠂ ᠡᠷᠡᠭᠦᠯ᠂ ᠢᠳᠡᠪᠬᠢᠲᠡᠶ ᠥᠭᠡᠳᠡᠯᠡᠨ ᠳᠠᠪᠰᠢᠬᠤ ᠰᠠᠶᠢᠨ ᠰᠠᠶᠢᠬᠠᠨ ᠪᠠᠶᠢᠳᠠᠯ ᠢᠯᠡᠷᠡᠪᠡ᠃
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号