ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠲᠢᠩᠬᠢᠮ ᠠᠷᠠᠳ ᠲᠤ ᠲᠥᠬᠦᠮ ᠦᠵᠡᠭᠦᠯᠬᠦ ᠬᠠᠯᠠᠭᠤᠮᠰᠤᠭ ᠦᠢᠯᠡᠴᠢᠯᠡᠭᠡ ᠬᠠᠩᠭᠠᠵᠦ ᠪᠠᠶᠢᠨ᠎ᠠ
ᠨᠡᠶᠢᠲᠡᠯᠡᠭᠰᠡᠨ ᠴᠠᠭ᠄
2021/10/12
      ᠠᠯᠠᠱᠠ ᠵᠡᠭᠦᠨ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠲᠣᠪᠴᠢᠶ᠎ᠠ ᠨᠠᠮ ᠤᠨ ᠪᠠᠶᠢᠭᠤᠯᠤᠯᠲᠠ ᠪᠣᠯᠤᠨ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ  ᠬᠦᠢᠴᠡᠳ ᠠᠭᠤᠰᠤᠯᠴᠠᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠲᠢᠩᠬᠢᠮ ᠳᠤ ᠨᠠᠮ ᠤᠨ ᠪᠠᠶᠢᠭᠤᠯᠤᠯᠲᠠ ᠶᠢᠨ ᠠᠷᠠᠳ ᠲᠤ ᠲᠥᠬᠦᠮ ᠦᠵᠡᠭᠦᠯᠬᠦ ᠰᠠᠭᠤᠷᠢᠨ ᠭᠠᠵᠠᠷ ᠢ ᠪᠠᠶᠢᠭᠤᠯᠵᠤ᠂ ᠠᠵᠤ ᠠᠬᠤᠶᠢᠯᠠᠯ ᠣᠯᠠᠨ ᠲᠦᠮᠡᠨ ᠳᠤ ᠲᠥᠬᠦᠮ ᠦᠵᠡᠭᠦᠯᠬᠦ ᠦᠢᠯᠡᠴᠢᠯᠡᠭᠡ ᠬᠠᠩᠭᠠᠪᠠ᠃
      ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠲᠢᠩᠬᠢᠮ ᠤᠨ ᠮᠥᠩᠭᠦᠨ ᠬᠦᠢᠯᠭᠡᠭᠡᠨ ᠤ ᠦᠢᠯᠡᠴᠢᠯᠡᠬᠡᠨ ᠤ ᠲᠣᠭᠤᠷᠢᠭ ᠲᠤ᠂ ᠰᠠᠭᠤᠭᠠᠯᠢ ᠠᠷᠠᠳ ᠪᠠᠶᠠᠨ᠎ᠠ ᠶᠠᠭ ᠲᠤᠬᠠᠶᠢᠯᠠᠭᠰᠠᠨ ᠠᠵᠢᠯ ᠢᠶᠠᠨ ᠬᠦᠢᠴᠡᠳᠬᠡᠵᠦ ᠪᠠᠶᠢᠪᠠ᠃ ᠲᠡᠷᠡ ᠰᠤᠷᠪᠤᠯᠵᠢᠯᠠᠭᠴᠢ ᠳᠤ ᠬᠡᠯᠡᠬᠦ ᠳᠡᠭᠡᠨ᠂ ᠠᠷᠠᠳ ᠲᠤ ᠲᠥᠬᠦᠮ ᠦᠵᠡᠭᠦᠯᠬᠦ ᠦᠢᠯᠡᠴᠢᠯᠡᠬᠡᠨ ᠤ ᠲᠣᠭᠤᠷᠢᠭ ᠲᠠᠢ ᠪᠣᠯᠤᠭᠰᠠᠨ ᠠᠴᠠ ᠠᠪᠤᠭᠠᠳ᠂ ᠲᠡᠷᠡ ᠠᠵᠢᠯ ᠶᠠᠪᠤᠳᠠᠯ ᠬᠦᠢᠴᠡᠳᠬᠡᠬᠦ ᠪᠠᠷ ᠬᠦᠯᠢᠶᠡᠬᠦ ᠶᠠᠪᠤᠴᠠ ᠳᠤ ᠴᠤ ᠴᠠᠭ ᠣᠷᠳᠣ ᠭᠡᠵᠦ ᠪᠤᠳᠤᠬᠤ ᠥᠬᠡᠶ ᠪᠣᠯᠵᠠᠶ᠂ ᠡᠶᠢᠮᠦᠷᠬᠦ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡ ᠳᠤ ᠲᠡᠷᠡ ᠮᠠᠰᠢ ᠬᠠᠨᠤᠮᠵᠢᠲᠠᠶ ᠪᠠᠶᠢᠨ᠎ᠠ ᠭᠡᠵᠡᠶ᠃
       ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠲᠢᠩᠬᠢᠮ ᠤᠨ ᠦᠢᠯᠡᠴᠢᠯᠡᠬᠡᠨ ᠤ ᠲᠣᠭᠤᠷᠢᠭ ᠲᠤ ᠣᠯᠠᠨ ᠲᠦᠮᠡᠨ ᠤ ᠠᠮᠠᠷᠠᠵᠦ ᠬᠦᠯᠢᠶᠡᠬᠦ ᠲᠣᠭᠤᠷᠢᠭ᠂ ᠨᠣᠮ ᠤᠩᠰᠢᠬᠤ ᠲᠣᠭᠤᠷᠢᠭ᠂ ᠠᠷᠠᠳ ᠲᠤ ᠲᠥᠬᠦᠮ ᠦᠵᠡᠭᠦᠯᠬᠦ ᠦᠢᠯᠡᠴᠢᠯᠡᠬᠡᠨ ᠤ ᠲᠣᠭᠤᠷᠢᠭ᠂ ᠵᠠᠰᠠᠭ ᠤᠨ ᠶᠠᠪᠤᠳᠠᠯ ᠢ ᠢᠯᠡ ᠪᠠᠶᠢᠯᠭᠠᠬᠤ ᠲᠣᠭᠤᠷᠢᠭ᠂ ᠪᠠᠩᠬᠢ ᠶᠢᠨ ᠥᠪᠡᠰᠦᠪᠡᠨ  ᠦᠢᠯᠡᠴᠢᠯᠡᠬᠦ ᠲᠣᠭᠤᠷᠢᠭ ᠵᠡᠷᠭᠡ ᠲᠤᠰᠬᠠᠶ ᠲᠣᠭᠤᠷᠢᠭ ᠢ ᠪᠠᠶᠢᠭᠤᠯᠵᠤ᠂ ᠲᠥᠷᠥ ᠶᠢᠨ ᠪᠣᠳᠣᠯᠭ᠎ᠠ ᠶᠢ ᠪᠠᠶᠢᠴᠠᠭᠠᠨ ᠯᠠᠪᠯᠠᠬᠤ᠂ ᠬᠠᠤᠯᠢ ᠴᠠᠭᠠᠵᠠ ᠶᠢᠨ ᠯᠠᠪᠯᠠᠯᠭ᠎ᠠ ᠠᠪᠬᠤ᠂  ᠠᠮᠠᠷᠠᠵᠦ ᠬᠦᠯᠢᠶᠡᠬᠦ᠂ ᠦᠨ᠎ᠡ ᠳᠦᠯᠦᠪᠦᠷᠢ ᠥᠬᠡᠶ ᠪᠠᠷ ᠴᠠᠶ ᠤᠰᠤ ᠬᠠᠩᠭᠠᠬᠤ᠂ ᠨᠣᠮ ᠤᠩᠰᠢᠬᠤ᠂ ᠡᠯᠧᠺᠲᠷᠣᠨ ᠨᠣᠮ ᠪᠢᠴᠢᠭ ᠪᠠᠭᠤᠯᠭᠠᠬᠤ᠂ ᠭᠠᠷ ᠤᠲᠠᠰᠤ ᠪᠠᠷ ᠴᠠᠬᠢᠯᠭᠠᠨ ᠴᠡᠨᠡᠭᠯᠡᠬᠦ᠂ ᠪᠠᠴᠢᠮ ᠠᠪᠤᠷᠠᠯᠳᠠ ᠶᠢᠨ ᠡᠮ ᠤᠨ ᠵᠦᠢᠯ᠂ ᠵᠡᠮᠳᠡᠭᠴᠦᠳ ᠢ ᠲᠤᠰᠠᠯᠠᠬᠤ ᠦᠢᠯᠡᠴᠢᠯᠡᠭᠡ᠂ ᠨᠠᠰᠤᠲᠠᠶᠢᠴᠤᠳ ᠤᠨ ᠦᠢᠯᠡᠴᠢᠯᠡᠭᠡ᠂ ᠵᠠᠭᠠᠯᠳᠤᠯᠭ᠎ᠠ ᠶᠢ ᠭᠥᠯᠢᠶᠡᠨ ᠠᠪᠬᠤ᠂ ᠵᠥᠷᠢᠴᠡᠯ ᠢ ᠡᠶᠡᠳᠡᠭᠦᠯᠬᠦ ᠵᠡᠷᠭᠡ ᠠᠷᠠᠳ ᠲᠤ ᠲᠥᠬᠦᠮ ᠦᠵᠡᠭᠦᠯᠬᠦ 15 ᠵᠦᠢᠯ ᠤᠨ ᠦᠢᠯᠡᠴᠢᠯᠡᠭᠡ ᠬᠠᠩᠭᠠᠪᠠ᠃
 
ᠢᠷᠡᠯᠲᠡ᠄ ᠠᠯᠠᠱᠠ ᠶᠢᠨ ᠷᠠᠳᠢᠤ᠋ ᠲᠧᠯᠸᠢᠰ ᠬᠤᠷᠢᠶ᠎ᠠ ᠶᠢᠨ ᠬᠢᠳᠠᠳ ᠸᠢᠴᠠᠲ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号