ᠮᠠᠨ ᠤ ᠠᠶᠢᠮᠠᠭ ᠤᠨ ᠨᠠᠰᠤᠵᠢᠯ ᠤᠨ ᠳᠠᠭᠠᠳᠬᠠᠯ ᠤᠨ ᠦᠨᠳᠦᠰᠦᠨ ᠵᠦᠢᠯ ᠢ ᠪᠠᠲᠤᠯᠠᠬᠤ ᠠᠵᠢᠯ ᠱᠠᠲᠤ ᠦᠶ᠎ᠡ ᠶᠢᠨ ᠴᠢᠨᠠᠷᠲᠠᠶ ᠦᠷ᠎ᠡ ᠪᠦᠲᠦᠭᠡᠯ ᠣᠯᠵᠤ 3148 ᠬᠥᠮᠦᠨ ᠳᠤ 94 ᠲᠦᠮᠡ ᠭᠠᠷᠤᠶ ᠲᠥᠭᠦᠷᠢᠭ ᠤᠨ ᠨᠠᠰᠤᠵᠢᠯ ᠤᠨ ᠳᠠᠭᠠᠳᠬᠠᠯ ᠤᠨ ᠰᠦᠢᠳᠬᠡᠯ ᠢ ᠣᠷᠣᠯᠠᠨ ᠲᠤᠰᠢᠶᠠᠵᠤ ᠥᠭᠪᠡ
ᠨᠡᠶᠢᠲᠡᠯᠡᠭᠰᠡᠨ ᠴᠠᠭ᠄
2021/10/12
       ᠠᠶᠢᠮᠠᠭ ᠤᠨ ᠨᠡᠶᠢᠭᠡᠮ ᠤᠨ ᠪᠠᠲᠤᠯᠠᠭ᠎ᠠ ᠶᠢᠨ ᠲᠥᠪ ᠠᠴᠠ ᠣᠶᠢᠯᠠᠭᠠᠭᠰᠠᠨ ᠢᠶᠠᠷ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠦᠭᠰᠡᠨ ᠠᠴᠠ ᠨᠠᠰᠢ᠂ ᠮᠠᠨ ᠤ ᠠᠶᠢᠮᠠᠭ ᠤᠨ ᠡᠯ᠎ᠡ ᠱᠠᠲᠤᠨ ᠤ ᠨᠡᠶᠢᠭᠡᠮ ᠤᠨ ᠳᠠᠭᠠᠳᠬᠠᠯ ᠤᠨ ᠭᠠᠷᠲᠠᠨ ᠬᠦᠢᠴᠡᠳᠭᠡᠬᠦ ᠪᠠᠶᠢᠭᠤᠯᠤᠮᠵᠢ ᠠᠷᠠᠳ ᠲᠤ ᠪᠣᠳᠠᠲᠤ ᠶᠠᠪᠤᠳᠠᠯ ᠬᠢᠵᠦ ᠥᠭᠬᠦ ᠶᠢ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠲᠤᠰᠤᠯᠲᠠ ᠪᠣᠯᠭᠠᠵᠤ᠂ ᠣᠯᠠᠨ ᠠᠷᠭ᠎ᠠ ᠬᠡᠮᠵᠢᠶ᠎ᠡ ᠪᠠᠷ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠦᠨᠳᠦᠰᠦᠨ ᠵᠦᠢᠯ ᠢ ᠪᠠᠲᠤᠯᠠᠬᠤ ᠠᠵᠢᠯ ᠢ ᠰᠠᠶᠢᠲᠤᠷ ᠬᠢᠵᠦ᠂ ᠶᠠᠳᠠᠭᠤ ᠬᠦᠴᠢᠷᠳᠡᠯᠲᠡᠶ ᠬᠥᠮᠦᠰ ᠤᠨ ᠠᠮᠢᠳᠤᠷᠠᠯ ᠢ ᠰᠠᠶᠢᠵᠢᠷᠠᠭᠤᠯᠤᠨ᠂ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠢ ᠤᠯᠠᠮ ᠨᠢᠭᠡ ᠠᠯᠬᠤᠮ ᠪᠠᠬᠢᠵᠢᠭᠦᠯᠦᠨ ᠥᠷᠭᠡᠳᠬᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠪᠡ᠃        ᠮᠠᠨ ᠤ ᠠᠶᠢᠮᠠᠭ ᠤᠨ ᠡᠯ᠎ᠡ ᠱᠠᠲᠤᠨ ᠤ ᠨᠡᠶᠢᠭᠡᠮ ᠤᠨ ᠳᠠᠭᠠᠳᠬᠠᠯ ᠤᠨ ᠭᠠᠷᠳᠠᠨ ᠬᠢᠬᠦ ᠪᠠᠶᠢᠭᠤᠯᠤᠮᠵᠢ ᠨᠢ ᠪᠦᠬᠦ ᠠᠶᠢᠮᠠᠭ ᠤᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠳᠠᠭᠠᠳᠬᠠᠯ ᠳᠤ ᠣᠷᠣᠯᠴᠠᠭᠰᠠᠨ ᠶᠠᠳᠠᠭᠤ ᠬᠦᠴᠢᠷᠳᠡᠯᠲᠡᠶ ᠡᠷᠦᠬᠡ ᠶᠢᠨ ᠮᠡᠳᠡᠭᠡ ᠵᠠᠩᠭᠢ ᠶᠢ ᠬᠠᠷᠢᠴᠠᠭᠤᠯᠬᠤ᠂ ᠬᠢᠨᠠᠨ ᠬᠠᠷᠭᠤᠭᠤᠯᠬᠤ ᠪᠠᠷ ᠳᠠᠮᠵᠢᠨ᠂ ᠴᠠᠭ ᠲᠤᠬᠠᠶ ᠳᠤᠨᠢ ᠡᠬᠡ ᠳᠠᠩᠰᠠ ᠪᠠᠶᠢᠭᠤᠯᠪᠠ᠃ ᠪᠦᠷᠢᠳᠬᠡᠯ ᠢ ᠦᠨᠳᠦᠰᠦᠯᠡᠪᠡᠯ᠂ ᠪᠥᠬᠦ ᠠᠶᠢᠮᠠᠭ ᠲᠤ ᠣᠲᠣ ᠪᠠᠶᠢᠭ᠎ᠠ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠳᠠᠭᠠᠳᠬᠠᠯ ᠳᠤ ᠣᠷᠣᠯᠴᠠᠭᠰᠠᠨ ᠪᠥᠭᠡᠳ ᠳᠠᠭᠠᠳᠬᠠᠯ ᠤᠨ ᠰᠦᠢᠳᠬᠡᠯ ᠢ ᠣᠷᠣᠯᠠᠨ ᠲᠤᠰᠢᠶᠠᠬᠤ ᠨᠥᠬᠦᠪᠥᠷᠢ ᠶᠢᠨ ᠲᠥᠷᠥ ᠶᠢᠨ ᠪᠣᠳᠣᠯᠭ᠎ᠠ ᠶᠢ ᠭᠥᠷᠳᠡᠬᠦ ᠨᠥᠬᠦᠴᠡᠯ ᠳᠤ ᠨᠡᠶᠢᠴᠡᠬᠦ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠡᠷᠦᠬᠡ᠂ ᠬᠦᠨᠳᠦ ᠵᠡᠮᠳᠡᠭ ᠬᠥᠮᠦᠨ᠂ ᠲᠥᠯᠥᠪᠯᠡᠭᠡᠲᠦ ᠦᠷᠡᠵᠢᠯ ᠤᠨ ᠶᠠᠳᠠᠭᠤ ᠬᠦᠴᠢᠷᠳᠡᠯᠲᠡᠶ ᠬᠡᠷ ᠪᠦᠯᠢ᠂ ᠲᠠᠩᠰᠠ ᠪᠠ ᠺᠠᠷᠲ ᠲᠠᠢ ᠶᠠᠳᠠᠭᠤ ᠬᠦᠴᠢᠷᠳᠡᠯᠲᠡᠶ ᠬᠥᠮᠦᠨ ᠵᠡᠷᠭᠡ ᠳᠥᠷᠪᠡᠨ ᠲᠥᠷᠥᠯ ᠤᠨ ᠬᠥᠮᠦᠨ ᠨᠡᠶᠢᠲᠡ 3210 ᠪᠣᠶ᠃ ᠡᠭᠦᠨ ᠤ ᠬᠠᠮᠲᠤ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠳᠠᠭᠠᠳᠬᠠᠯ ᠤᠨ ᠰᠦᠢᠳᠬᠡᠯ ᠢ ᠣᠷᠣᠯᠠᠨ ᠲᠤᠰᠢᠶᠠᠬᠤ ᠨᠥᠬᠦᠪᠥᠷᠢ ᠶᠢᠨ ᠲᠥᠷᠥ ᠶᠢᠨ ᠪᠣᠳᠣᠯᠭ᠎ᠠ ᠶᠢ ᠢᠳᠡᠪᠬᠢᠲᠡᠶ ᠨᠠᠶᠢᠳᠠᠪᠤᠷᠢᠵᠢᠭᠤᠯᠵᠤ᠂ ᠲᠥᠷᠥ ᠶᠢᠨ ᠪᠣᠳᠣᠯᠭ᠎ᠠ ᠶᠢ ᠭᠥᠷᠳᠡᠭᠰᠡᠳ ᠲᠤ ᠣᠲᠣ ᠶᠢᠨ ᠬᠡᠷᠡᠭᠵᠢᠭᠦᠯᠵᠦ ᠪᠠᠶᠢᠭ᠎ᠠ ᠬᠥᠮᠦᠨ ᠪᠦᠷᠢ ᠵᠢᠯ ᠳᠤ 300 ᠲᠥᠭᠦᠷᠢᠭ ᠤᠨ ᠪᠠᠷᠢᠮᠵᠢᠶ᠎ᠠ ᠪᠠᠷ ᠨᠠᠰᠤᠵᠢᠯ ᠤᠨ ᠳᠠᠭᠠᠳᠬᠠᠯ ᠤᠨ  ᠰᠦᠢᠳᠬᠡᠯ ᠢ ᠣᠷᠣᠯᠠᠨ ᠲᠤᠰᠢᠶᠠᠵᠤ᠂ ᠣᠳᠣᠬᠠᠨ ᠳᠤ 3148 ᠬᠥᠮᠦᠨ ᠳᠤ ᠣᠷᠣᠯᠠᠨ ᠲᠤᠰᠢᠶᠠᠬᠤ ᠵᠣᠭᠤᠰ ᠤᠨ ᠲᠤᠭ᠎ᠠ ᠶᠢ 94 . 44 ᠲᠦᠮᠡᠨ ᠲᠥᠭᠦᠷᠢᠭ ᠪᠡᠶᠡᠯᠡᠭᠦᠯᠵᠦ᠂ ᠵᠢᠱᠢᠯᠲᠡ ᠪᠠᠷ 10 ᠰᠠᠷ᠎ᠠ ᠶᠢᠨ ᠰᠡᠭᠦᠯᠴᠢ ᠪᠠᠷ ᠪᠤᠰᠤᠳ ᠬᠥᠮᠦᠰ ᠤᠨ ᠣᠷᠣᠯᠠᠨ ᠲᠤᠰᠢᠶᠠᠬᠤ ᠠᠵᠢᠯ ᠢ ᠪᠡᠶᠡᠯᠡᠭᠦᠯᠦᠨ᠎ᠡ᠃       ᠲᠠᠨᠢᠯᠴᠠᠭᠤᠯᠤᠭᠰᠠᠨ ᠢᠶᠠᠷ᠂ ᠮᠠᠨ ᠤ ᠠᠶᠢᠮᠠᠭ ᠲᠠᠩᠰᠠ ᠪᠠ ᠺᠠᠷᠲ ᠲᠠᠢ ᠶᠠᠳᠠᠭᠤ ᠬᠦᠴᠢᠷᠳᠡᠯᠲᠡᠶ ᠡᠷᠦᠬᠡ ᠶᠢᠨ ᠬᠥᠮᠦᠨ ᠠᠮᠠ ᠶᠢᠨ ᠲᠤᠭ᠎ᠠ ᠪᠠᠷᠢᠮᠲᠠ ᠪᠠᠷ ᠰᠠᠭᠤᠷᠢ ᠪᠣᠯᠭᠠᠵᠤ᠂ ︽ᠣᠨᠣᠪᠴᠢᠲᠠᠶ᠂ ᠲᠣᠳᠣᠷᠬᠠᠶ᠂ ᠬᠥᠳᠡᠯᠦᠩᠭᠦᠶ︾ ᠪᠠᠶᠢᠬᠤ ᠱᠠᠭᠠᠷᠳᠠᠯᠭ᠎ᠠ ᠶᠣᠰᠣᠭᠠᠷ᠂ ᠲᠠᠩᠰᠠ ᠪᠠ ᠺᠠᠷᠲ ᠲᠠᠢ ᠶᠠᠳᠠᠭᠤ ᠬᠦᠴᠢᠷᠳᠡᠯᠲᠡᠶ ᠬᠥᠮᠦᠨ ᠠᠮᠠ ᠶᠢᠨ ᠳᠠᠭᠠᠳᠬᠠᠯ ᠳᠤ ᠣᠷᠣᠯᠴᠠᠭᠰᠠᠨ ᠵᠢᠴᠢ ᠬᠠᠷᠠᠭᠠᠯᠵᠠᠯ ᠢ ᠭᠥᠷᠳᠡᠭᠰᠡᠨ ᠪᠠᠶᠢᠳᠠᠯ ᠢ ᠴᠠᠭ ᠲᠤᠬᠠᠶ ᠳᠤᠨᠢ ᠡᠵᠡᠮᠰᠢᠵᠦ᠂ ᠨᠡᠶᠢᠭᠡᠮ ᠤᠨ ᠪᠠᠲᠤᠯᠠᠭ᠎ᠠ ᠪᠠᠷ ᠶᠠᠳᠠᠭᠤ ᠶᠢ ᠲᠡᠳᠬᠦᠬᠦ ᠡᠲᠡᠭᠡᠳ ᠤᠨ ︽ᠨᠠᠷᠢᠯᠢᠭ ᠣᠨᠣᠪᠴᠢᠳᠠᠢ ᠪᠠᠷ ᠢᠯᠭᠠᠨ ᠲᠠᠨᠢᠬᠤ᠂ ᠨᠠᠷᠢᠯᠢᠭ ᠣᠨᠣᠪᠴᠢᠳᠠᠢ ᠪᠠᠷ ᠬᠠᠪᠰᠤᠷᠤᠨ ᠲᠡᠳᠬᠦᠬᠦ᠂ ᠨᠠᠷᠢᠯᠢᠭ ᠣᠨᠣᠪᠴᠢᠳᠠᠢ ᠪᠠᠷ ᠬᠠᠮᠢᠶᠠᠷᠬᠤ︾ ᠪᠠ ᠦᠨᠳᠦᠰᠦᠨ ᠵᠦᠢᠯ ᠢ ᠪᠠᠲᠤᠯᠠᠨ ᠶᠠᠳᠠᠭᠤ ᠶᠢ ᠲᠡᠳᠬᠦᠬᠦ ᠶᠢ ᠪᠡᠶᠡᠯᠡᠭᠦᠯᠵᠦ᠂ ᠣᠯᠠᠨ ᠲᠦᠮᠡᠨ ᠨᠢᠭᠡᠪᠦᠷᠢ ᠳᠤ ᠥᠭᠡᠷᠡᠴᠢᠯᠡᠯᠲᠡ ᠬᠥᠭᠵᠢᠯᠲᠡ ᠶᠢᠨ ᠠᠰᠢᠭ ᠢ ᠬᠦᠷᠳᠡᠭᠡᠬᠦ ᠶᠢ ᠦᠨᠡᠨ ᠬᠦ ᠪᠠᠲᠤᠯᠠᠪᠠ᠃
 
ᠢᠷᠡᠯᠲᠡ᠄ ᠠᠯᠠᠱᠠ ᠶᠢᠨ ᠰᠣᠨᠢᠨ ᠮᠡᠳᠡᠭᠡᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号