10 ᠳ᠋ᠤᠭᠠᠷ ᠰᠠᠷ᠎ᠠ ᠶᠢᠨ 11 ᠤ ᠡᠳᠦᠷ᠂ ᠪᠥᠬᠦ ᠠᠶᠢᠮᠠᠭ ᠤᠨ ᠬᠦᠯᠦᠰᠦᠨ ᠠᠵᠢᠯᠴᠢᠨ ᠤ ᠴᠠᠯᠢᠩ ᠢ | ᠥᠷᠢᠲᠦᠬᠦ ᠶᠢ ᠦᠨᠳᠦᠰᠦᠨ ᠠᠴᠠ ᠨᠢ ᠵᠠᠰᠠᠬᠤ ᠠᠵᠢᠯ ᠢ ᠠᠬᠢᠭᠤᠯᠬᠤ ᠸᠢᠳᠢᠤ᠋ ᠬᠤᠷᠠᠯ ᠬᠤᠷᠠᠯᠳᠤᠵᠤ᠂ ᠮᠠᠨ ᠤ | ᠠᠶᠢᠮᠠᠭ ᠤᠨ ᠲᠦᠷᠦᠭᠦᠦ ᠭᠤᠷᠪᠠᠨ ᠤᠯᠠᠷᠢᠯ ᠤᠨ ᠬᠦᠯᠦᠰᠦᠨ ᠠᠵᠢᠯᠴᠢᠨ ᠤ ᠴᠠᠯᠢᠩ ᠢ ᠥᠭᠬᠦ ᠶᠢ ᠪᠠᠲᠤᠯᠠᠭᠰᠠᠨ | ᠪᠠᠶᠢᠳᠠᠯ ᠢ ᠵᠠᠷᠯᠠᠨ ᠮᠡᠳᠡᠭᠳᠡᠵᠦ᠂ ᠲᠠᠷᠠᠭᠠᠴᠢ ᠶᠢᠨ ᠱᠠᠲᠤᠨ ᠤ ᠭᠤᠤᠯᠳᠠᠯᠭ᠎ᠠ ᠲᠠᠢ ᠠᠵᠢᠯ ᠤᠨ ᠡᠭᠦᠷᠭᠡ ᠶᠢ | ᠳᠣᠭᠢᠷᠠᠭᠤᠯᠤᠨ ᠪᠠᠶᠢᠷᠢᠯᠠᠭᠤᠯᠪᠠ᠃ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠠᠶᠢᠮᠠᠭ ᠤᠨ ᠳᠡᠳ᠋ ᠳᠠᠷᠤᠭ᠎ᠠ᠂ | ᠬᠦᠯᠦᠰᠦᠨ ᠠᠵᠢᠯᠴᠢᠨ ᠤ ᠴᠠᠯᠢᠩ ᠢ ᠥᠷᠢᠲᠦᠵᠦ ᠪᠠᠶᠢᠭ᠎ᠠ ᠶᠢ ᠦᠨᠳᠦᠰᠦᠨ ᠠᠴᠠ ᠨᠢ ᠵᠠᠰᠠᠬᠤ ᠲᠤᠰᠬᠠᠶ ᠠᠵᠢᠯ ᠤᠨ | ᠳᠤᠭᠤᠶᠢᠯᠠᠩ ᠤᠨ ᠳᠠᠷᠤᠭ᠎ᠠ ᠶᠠᠩ ᠭᠦᠸᠧ ᠱᠦᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ | ᠬᠤᠷᠠᠯ ᠳᠤ᠂ ᠠᠯᠠᠱᠠ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠣᠷᠣᠨ᠂ | ᠬᠤᠶᠠᠷᠬᠤᠳᠳᠤᠭ ᠤᠨ ᠬᠦᠳᠡᠭᠡ ᠠᠮᠢ ᠠᠬᠤᠶ ᠨᠡᠭᠦᠳᠡᠯ ᠠᠷᠠᠳ ᠤᠨ ᠵᠢᠱᠢᠶ᠎ᠡ ᠦᠵᠡᠭᠦᠯᠬᠦ ᠣᠷᠣᠨ᠂ ᠠᠶᠢᠮᠠᠭ ᠤᠨ | ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠬᠠᠷᠢᠭᠤᠴᠠᠯᠭᠠᠲᠠᠨ | ᠨᠥᠬᠦᠳ ᠬᠦᠯᠦᠰᠦᠨ ᠠᠵᠢᠯᠴᠢᠨ ᠤ ᠴᠠᠯᠢᠩ ᠢ ᠥᠭᠬᠦ ᠶᠢ ᠪᠠᠲᠤᠯᠠᠬᠤ ᠪᠠ ᠪᠠᠷᠢᠯᠭ᠎ᠠ ᠶᠢᠨ ᠪᠥᠲᠥᠭᠡᠨ | ᠪᠠᠶᠢᠭᠤᠯᠤᠯᠲᠠ ᠶᠢᠨ ᠬᠦᠷᠢᠶᠡᠨ ᠳᠠᠬᠢ ᠴᠠᠯᠢᠩ ᠥᠷᠢᠲᠦᠬᠦ ᠠᠰᠠᠭᠤᠳᠠᠯ ᠢ ᠰᠢᠢᠳᠪᠦᠷᠢᠯᠡᠬᠦ ᠲᠤᠬᠠᠶ ᠲᠣᠰ ᠲᠣᠰ | ᠲᠤᠰᠬᠠᠶ ᠰᠡᠳᠦᠪᠲᠦ ᠶᠠᠷᠢᠶ᠎ᠠ ᠲᠠᠯᠪᠢᠪᠠ᠃ | ᠬᠤᠷᠠᠯ ᠠᠴᠠ᠂ ᠴᠠᠯᠢᠩ ᠥᠷᠢᠲᠦᠬᠦ ᠶᠢ ᠦᠨᠳᠦᠰᠦᠨ ᠠᠴᠠ ᠨᠢ ᠵᠠᠰᠠᠬᠤ ᠠᠵᠢᠯ ᠪᠣᠯ ᠨᠢᠭᠡᠨ ᠴᠢᠬᠤᠯᠠ ᠶᠡᠭᠡ | ᠠᠷᠠᠳ ᠤᠨ ᠠᠮᠢᠳᠤᠷᠠᠯ ᠤᠨ ᠠᠵᠢᠯ ᠮᠥᠨ᠂ ᠬᠦᠯᠦᠰᠦᠨ ᠠᠵᠢᠯᠴᠢᠨ ᠤ ᠬᠠᠤᠯᠢ ᠶᠣᠰᠣᠨ ᠤ ᠡᠷᠬᠡ ᠠᠰᠢᠭ ᠲᠠᠢ | ᠬᠤᠯᠪᠣᠭᠳᠠᠵᠤ᠂ ᠨᠡᠶᠢᠭᠡᠮ ᠤᠨ ᠲᠣᠭᠲᠠᠭᠤᠨ ᠤ ᠶᠡᠭᠡ ᠲᠠᠯ᠎ᠠ ᠲᠠᠢ ᠬᠤᠯᠪᠣᠭᠳᠠᠨ᠎ᠠ᠃ ᠡᠨᠡ ᠵᠢᠯ ᠠᠴᠠ ᠨᠠᠰᠢ᠂ ᠮᠠᠨ ᠤ | ᠠᠶᠢᠮᠠᠭ ᠤᠨ ᠡᠯ᠎ᠡ ᠬᠤᠰᠢᠭᠤ ᠨᠡᠭᠡᠭᠡᠯᠳᠡ ᠶᠢᠨ ᠣᠷᠣᠨ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠲᠥᠪ᠂ | ᠥᠪᠡᠷᠲᠡᠭᠡᠨ ᠵᠠᠰᠠᠬᠤ ᠣᠷᠣᠨ ᠤ ᠰᠢᠢᠳᠪᠦᠷᠢᠳᠦ ᠪᠣᠳᠣᠯᠭ᠎ᠠ ᠪᠠᠶᠢᠷᠢᠯᠠᠭᠤᠯᠤᠯᠲᠠ ᠶᠣᠰᠣᠭᠠᠷ᠂ ︽ᠬᠦᠯᠦᠰᠦᠨ | ᠠᠵᠢᠯᠴᠢᠨ ᠤ ᠴᠠᠯᠢᠩ ᠢ ᠥᠭᠬᠦ ᠶᠢ ᠪᠠᠲᠤᠯᠠᠬᠤ ᠲᠦᠷᠢᠮ︾ ᠢ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ | ᠠᠯᠢ ᠣᠯᠠᠨ ᠬᠠᠨᠳᠤᠯᠭᠠᠲᠤ ᠴᠢᠨᠠᠷᠲᠠᠶ ᠠᠷᠭ᠎ᠠ ᠬᠡᠮᠵᠢᠶ᠎ᠡ ᠠᠪᠴᠤ᠂ ᠪᠥᠬᠦ ᠠᠶᠢᠮᠠᠭ ᠤᠨ ᠴᠠᠯᠢᠩ ᠥᠷᠢᠲᠦᠬᠦ ᠶᠢ | ᠦᠨᠳᠦᠰᠦᠨ ᠠᠴᠠ ᠨᠢ ᠵᠠᠰᠠᠬᠤ ᠠᠵᠢᠯ ᠤᠨ ᠦᠷ᠎ᠡ ᠪᠦᠲᠦᠮᠵᠢ ᠤᠯᠬᠤ ᠶᠢ ᠠᠬᠢᠭᠤᠯᠪᠠ᠃ ᠭᠡᠪᠡᠴᠦ ᠠᠵᠢᠯ ᠤᠨ | ᠳᠤᠮᠳᠠ ᠣᠷᠣᠰᠢᠵᠤ ᠪᠠᠶᠢᠭ᠎ᠠ ᠠᠰᠠᠭᠤᠳᠠᠯ ᠢ ᠰᠡᠷᠭᠡᠭ ᠢᠶᠠᠷ ᠲᠠᠨᠢᠵᠤ᠂ ᠤᠯᠤᠰ ᠲᠥᠷᠥ ᠶᠢᠨ ᠵᠣᠭᠰᠣᠴᠠ ᠪᠠᠨ ᠤᠯᠠᠮ | ᠨᠢᠭᠡ ᠠᠯᠬᠤᠮ ᠳᠡᠭᠡᠭᠰᠢᠯᠡᠭᠦᠯᠦᠨ᠂ ᠬᠠᠷᠢᠭᠤᠴᠠᠯᠭᠠᠲᠤ ᠰᠡᠳᠬᠢᠯᠭᠡ ᠪᠣᠯᠤᠨ ᠡᠭᠦᠷᠭᠡᠲᠦ ᠰᠡᠳᠬᠢᠯᠭᠡ ᠪᠠᠨ ᠦᠨᠡᠨᠬᠦ | ᠨᠡᠮᠡᠭᠳᠡᠭᠦᠯᠵᠦ᠂ ᠬᠦᠯᠦᠰᠦᠨ ᠠᠵᠢᠯᠴᠢᠨ ᠳᠤ ᠬᠦᠴᠢᠷ ᠠᠰᠠᠭᠤᠳᠠᠯ ᠢ ᠨᠢ ᠰᠢᠢᠳᠪᠦᠷᠢᠯᠡᠨ ᠥᠭᠬᠦ ᠡᠷᠴᠢᠮ ᠢᠶᠠᠨ | ᠨᠡᠮᠡᠭᠳᠡᠭᠦᠯᠦᠨ᠂ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠬᠦᠯᠦᠰᠦᠨ ᠠᠵᠢᠯᠴᠢᠨ ᠤ ᠬᠠᠤᠯᠢ ᠶᠣᠰᠣᠨ ᠤ ᠡᠷᠬᠡ | ᠠᠰᠢᠭ ᠢ ᠰᠠᠶᠢᠲᠤᠷ ᠬᠠᠮᠠᠭᠠᠯᠠᠬᠤ ᠬᠡᠷᠡᠭᠲᠡᠶ ᠭᠡᠪᠡ᠃ | ᠡᠯ᠎ᠡ ᠬᠤᠰᠢᠭᠤ ᠨᠡᠭᠡᠭᠡᠯᠳᠡ ᠶᠢᠨ ᠣᠷᠣᠨ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠢᠨ | ᠬᠦᠯᠦᠰᠦᠨ ᠠᠵᠢᠯᠴᠢᠨ ᠤ ᠴᠠᠯᠢᠩ ᠢ ᠥᠷᠢᠲᠦᠬᠦ ᠶᠢ ᠦᠨᠳᠦᠰᠦᠨ ᠠᠴᠠ ᠨᠢ ᠵᠠᠰᠠᠬᠤ ᠠᠵᠢᠯ ᠤᠨ ᠶᠡᠷᠦᠩᠬᠡᠶ | ᠱᠠᠭᠠᠷᠳᠠᠯᠭ᠎ᠠ ᠶᠢᠨ ᠲᠣᠭᠤᠷᠢᠨ ᠳᠤ᠂ ᠬᠠᠷᠢᠭᠤᠴᠠᠯᠭ᠎ᠠ ᠶᠢ ᠦᠨᠡᠨ ᠬᠦ ᠪᠣᠳᠠᠲᠠᠶᠢᠵᠢᠭᠤᠯᠵᠤ᠂ ᠭᠤᠤᠯᠳᠠᠯᠭ᠎ᠠ ᠲᠠᠢ | ᠬᠦᠷᠢᠶᠡᠨ ᠳᠠᠬᠢ ᠲᠣᠪᠤᠶᠢᠮ᠎ᠠ ᠠᠰᠠᠭᠤᠳᠠᠯ ᠳᠤ ᠴᠢᠭᠯᠡᠭᠦᠯᠦᠨ᠂ ᠴᠡᠭᠴᠡᠯᠡᠨ ᠰᠠᠶᠢᠵᠢᠷᠠᠭᠤᠯᠬᠤ ᠡᠷᠴᠢᠮ ᠢᠶᠠᠨ | ᠴᠢᠩᠭᠠᠷᠠᠭᠤᠯᠵᠤ᠂ ᠴᠠᠯᠢᠩ ᠥᠷᠢᠲᠦᠬᠦ ᠶᠢ ᠦᠨᠳᠦᠰᠦᠨ ᠠᠴᠠ ᠨᠢ ᠵᠠᠰᠠᠬᠤ ᠲᠦᠷᠢᠮ ᠢ ᠨᠠᠶᠢᠳᠠᠪᠤᠷᠢᠵᠢᠭᠤᠯᠵᠤ | ᠨᠠᠷᠢᠯᠢᠭᠵᠢᠭᠤᠯᠤᠨ ᠪᠣᠳᠠᠲᠠᠶᠢᠵᠢᠭᠤᠯᠬᠤ ᠶᠢ ᠠᠬᠢᠭᠤᠯᠬᠤ ᠬᠡᠷᠡᠭᠲᠡᠶ᠃ ᠡᠬᠢ ᠡᠭᠦᠰᠦᠯ ᠠᠴᠠ ᠨᠢ ᠵᠠᠰᠠᠬᠤ ᠶᠢ | ᠴᠢᠬᠤᠯᠠᠴᠢᠯᠠᠵᠤ᠂ ᠡᠯ᠎ᠡ ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠬᠢᠨᠠᠨ ᠬᠠᠮᠢᠶᠠᠷᠬᠤ | ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠤᠨ᠂ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ ᠵᠠᠬ᠎ᠠ ᠳᠡᠯᠭᠡᠭᠦᠷ ᠤᠨ | ᠡᠮᠬᠢ ᠳᠢᠭᠯᠢᠮ ᠢ ᠳᠦᠷᠢᠮᠵᠢᠬᠦᠯᠵᠦ᠂ ᠠᠵᠢᠯᠴᠢᠨ ᠬᠡᠷᠡᠭᠯᠡᠬᠦ ᠬᠠᠮᠢᠶᠠᠷᠤᠯᠲᠠ ᠶᠢᠨ ᠳᠣᠬᠠᠢ ᠬᠢᠨᠠᠠ ᠪᠠᠶᠢᠴᠠᠭᠠᠯᠲᠠ ᠶᠢ | ᠴᠢᠩᠭᠠᠳᠬᠠᠬᠤ ᠬᠡᠷᠡᠭᠲᠡᠶ᠃ ᠬᠠᠤᠯᠢ ᠶᠣᠰᠣᠭᠠᠷ ᠵᠠᠰᠠᠬᠤ ᠶᠢ ᠪᠠᠷᠢᠮᠲᠠᠯᠠᠵᠤ᠂ ᠴᠢᠬᠤᠯᠠ ᠶᠡᠭᠡ ᠬᠡᠷᠡᠭ ᠢ | ᠢᠯᠭᠠᠷᠠᠭᠤᠯᠤᠨ ᠲᠦᠯᠦᠬᠦ ᠠᠵᠢᠯ ᠤᠨ ᠲᠥᠰᠦᠯ ᠢ ᠲᠣᠭᠲᠠᠭᠠᠵᠤ᠂ ᠬᠦᠴᠦᠲᠡᠢ ᠠᠷᠭ᠎ᠠ ᠬᠡᠮᠵᠢᠶ᠎ᠡ ᠶᠢ | ᠨᠠᠶᠢᠳᠠᠪᠤᠷᠢᠵᠢᠭᠤᠯᠤᠨ᠂ ᠬᠢᠨᠠᠯᠲᠠ ᠲᠠᠯᠪᠢᠬᠤ ᠡᠷᠴᠢᠮ ᠢᠶᠠᠨ ᠴᠢᠩᠭᠠᠷᠠᠭᠤᠯᠵᠤ᠂ ᠬᠡᠷᠡᠭ ᠤᠨ ᠰᠦᠪᠡᠭᠴᠢ ᠶᠢ | ᠢᠯᠭᠠᠷᠠᠭᠤᠯᠤᠨ ᠪᠠᠶᠢᠴᠠᠭᠠᠬᠤ᠂ ᠢᠯᠭᠠᠷᠠᠭᠤᠯᠤᠨ ᠲᠦᠯᠦᠬᠦ᠂ ᠪᠦᠬᠦᠨ ᠢ ᠰᠢᠢᠳᠪᠦᠷᠢᠯᠡᠬᠦ ᠶᠢ ᠦᠨᠡᠨ ᠬᠦ ᠪᠠᠲᠤᠯᠠᠬᠤ | ᠬᠡᠷᠡᠭᠲᠡᠢ᠃ ᠰᠡᠷᠡᠮᠵᠢᠯᠡᠭᠦᠯᠵᠦ ᠰᠡᠷᠭᠡᠶᠢᠯᠡᠬᠦ ᠶᠢ ᠴᠢᠩᠭᠠᠳᠬᠠᠵᠤ᠂ ᠴᠠᠯᠢᠩ ᠥᠷᠢᠲᠦᠭᠰᠡᠨ ᠰᠦᠪᠡᠭᠴᠢ ᠮᠡᠳᠡᠭᠡ | ᠵᠠᠩᠭᠢ ᠶᠢ ᠣᠯᠠᠨ ᠠᠷᠭ᠎ᠠ ᠵᠠᠮ ᠢᠶᠠᠷ ᠲᠥᠪᠯᠡᠷᠡᠭᠦᠯᠦᠨ ᠴᠤᠭᠯᠠᠭᠤᠯᠵᠤ᠂ ᠰᠠᠯᠠᠭ᠎ᠠ ᠮᠥᠴᠢᠷ ᠤᠨ ᠲᠤᠰᠢᠶᠠᠯ | ᠬᠠᠷᠢᠭᠤᠴᠠᠯᠭ᠎ᠠ ᠶᠣᠰᠣᠭᠠᠷ ᠴᠠᠭ ᠲᠤᠬᠠᠶ ᠳᠤᠨᠢ ᠰᠠᠯᠭᠠᠨ ᠰᠢᠢᠳᠪᠦᠷᠢᠯᠡᠵᠦ᠂ ᠬᠥᠳᠡᠯᠮᠦᠷᠢ ᠶᠢᠨ ᠪᠠᠲᠤᠯᠠᠭ᠎ᠠ ᠶᠢᠨ | ᠬᠢᠨᠠᠨ ᠪᠠᠶᠢᠴᠠᠭᠠᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠴᠢᠩᠭᠠᠳᠬᠠᠵᠤ᠂ | ︽ᠬᠠᠤᠯᠢ ᠪᠠᠷ ᠲᠤᠰᠠᠯᠠᠵᠤ ᠠᠷᠠᠳ ᠲᠤ ᠠᠰᠢᠭ ᠬᠦᠷᠲᠡᠭᠡᠬᠦ᠂ ᠬᠦᠯᠦᠰᠦᠨ ᠠᠵᠢᠯᠴᠢᠨ ᠳᠤ ᠬᠦᠴᠦᠨ ᠨᠡᠮᠡᠷᠢᠯᠡᠬᠦ︾ | ᠠᠵᠢᠯᠯᠠᠭ᠎ᠠ ᠶᠢ ᠭᠦᠨᠵᠡᠭᠡᠶ ᠠᠬᠢᠭᠤᠯᠵᠤ᠂ ᠬᠦᠯᠦᠰᠦᠨ ᠠᠵᠢᠯᠴᠢᠨ ᠤ ᠬᠠᠤᠯᠢ ᠶᠣᠰᠣᠨ ᠤ ᠡᠷᠬᠡ ᠠᠰᠢᠭ ᠢ ᠦᠨᠡᠨ ᠬᠦ | ᠰᠠᠶᠢᠲᠤᠷ ᠬᠠᠮᠠᠭᠠᠯᠠᠵᠤ᠂ ᠪᠥᠬᠦ ᠠᠶᠢᠮᠠᠭ ᠤᠨ ᠨᠡᠶᠢᠭᠡᠮ ᠤᠨ ᠡᠶ᠎ᠡ ᠵᠣᠬᠢᠴᠠᠯ ᠲᠣᠭᠲᠠᠭᠤᠨ ᠪᠠᠶᠢᠳᠠᠯ ᠢ ᠠᠬᠢᠭᠤᠯᠬᠤ ᠳᠤ | ᠦᠵᠡᠭᠦᠯᠪᠡᠰᠦ ᠵᠣᠬᠢᠬᠤ ᠬᠤᠪᠢ ᠨᠡᠮᠡᠷᠢ ᠪᠠᠨ ᠦᠵᠡᠬᠦᠯᠬᠦ ᠬᠡᠷᠡᠭᠳᠡᠢ ᠬᠡᠵᠦ ᠴᠢᠬᠤᠯᠠᠴᠢᠯᠠᠪᠠ᠃ |