ᠲᠦᠷᠦᠭᠦᠦ ᠭᠤᠷᠪᠠᠨ ᠤᠯᠠᠷᠢᠯ ᠳᠤ ᠥᠯᠵᠡᠶ ᠪᠣᠭᠤᠮᠲᠠ ᠶᠢᠨ ᠭᠤᠤᠯᠳᠠᠯᠭᠠᠲᠦ ᠲᠥᠷᠥᠯ ᠵᠦ‍‌ᠵᠯ ᠲᠣᠭᠲᠠᠭᠤᠨ ᠢᠶᠠᠷ ᠶᠠᠪᠤᠭᠳᠠᠵᠠᠢ
ᠨᠡᠶᠢᠲᠡᠯᠡᠭᠰᠡᠨ ᠴᠠᠭ᠄
2021/10/13
      9 ᠰᠠᠷ᠎ᠠ ᠶᠢᠨ ᠰᠡᠭᠦᠯᠴᠢ ᠪᠣᠯᠲᠠᠯᠡᠬᠢ ᠪᠦᠷᠢᠳᠬᠡᠯ ᠢ ᠦᠨᠳᠦᠰᠦᠯᠠᠪᠠᠯ᠂ ᠮᠠᠨ ᠤ ᠠᠶᠢᠮᠠᠭ ᠤᠨ 2021 ᠤᠨ ᠤ ᠦᠯᠵᠠᠢ ᠪᠤᠭᠤᠮᠳᠠ ᠶᠢᠨ ᠪᠦᠲᠦᠬᠡᠨ ᠪᠠᠶᠢᠭᠤᠯᠤᠯᠳᠠ ᠳᠤ ᠲᠥᠯᠥᠪᠯᠡᠭᠰᠡᠨ 9 ᠭᠤᠤᠯᠳᠠᠯᠭᠠᠲᠦ ᠲᠥᠷᠥᠯ ᠵᠦᠢᠯ ᠤᠨ 7 ᠲᠦᠷᠦᠯ ᠵᠦᠢᠯ ᠠᠵᠢᠯ ᠢᠶᠠᠨ ᠡᠬᠢᠯᠡᠬᠦᠯᠦᠭᠰᠡᠨ ᠪᠤᠶᠤ ᠰᠡᠷᠬᠦᠬᠡᠵᠠᠢ᠂ ᠡᠭᠦᠨ ᠳᠤ 4 ᠲᠥᠷᠥᠯ ᠵᠦ‍‌ᠵᠯ ᠨᠢᠭᠡᠨᠲᠡ ᠠᠵᠢᠯ ᠳᠠᠭᠤᠰᠴᠦ᠂ 1.9 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠤᠨ᠂ ᠣᠨ ᠤ ᠲᠥᠯᠥᠪᠯᠡᠭᠡ ᠶᠢᠨ 61% ᠶᠢ ᠪᠡᠶᠡᠯᠡᠭᠦᠯᠦᠭᠰᠡᠨ ᠪᠠᠶᠢᠨ᠎ᠠ᠃       ᠡᠨᠡ ᠵᠢᠯ ᠥᠯᠵᠡᠶ ᠪᠣᠭᠤᠮᠲᠠ ᠶᠢᠨ ᠬᠡᠷᠡᠭᠵᠢᠭᠦᠯᠦᠭᠰᠡᠨ 9 ᠭᠤᠤᠯᠳᠠᠯᠭᠠᠲᠦ ᠲᠥᠷᠥᠯ ᠵᠦ‍‌ᠵᠯ ᠳᠤ᠂ ᠪᠣᠭᠤᠮᠲᠠ ᠶᠢᠨ ᠬᠠᠮᠲᠤᠷᠠᠨ ᠪᠠᠶᠢᠴᠠᠭᠠᠬᠤ ᠠᠰᠠᠷ ᠤᠨ ᠲᠥᠷᠥᠯ ᠵᠦ‍‌ᠵᠯ ᠪᠤᠯᠤᠨ ᠬᠢᠯᠢ ᠶᠢᠨ ᠪᠠᠶᠢᠴᠠᠭᠠᠯᠲᠠ ᠶᠢᠨ ᠬᠤᠸᠠᠷᠠᠨ ᠤ ᠢᠨᠵᠧᠨᠧᠷᠢᠩ ᠪᠠ ᠠᠮᠤᠷ ᠲᠦᠪᠰᠢᠨ ᠤᠰᠤ ᠤᠮᠳᠠ ᠶᠢᠨ ᠢᠨᠵᠧᠨᠧᠷᠢᠩ ᠨᠢᠭᠡᠨᠲᠡ ᠡᠭᠦᠷᠭᠡ ᠪᠠᠨ ᠪᠡᠶᠡᠯᠡᠭᠦᠯᠵᠠᠢ︔ ᠪᠣᠭᠤᠮᠲᠠ ᠪᠠᠷ ᠥᠩᠭᠡᠷᠡᠬᠦ ᠦ‍‌ᠵᠯᠡᠴᠢᠯᠡᠭᠡ ᠶᠢ ᠨᠢᠭᠡ ᠴᠣᠭᠴᠠᠵᠢᠭᠤᠯᠬᠤ ᠢᠨᠵᠧᠨᠧᠷᠢᠩ ᠤᠨ ᠲᠥᠷᠥᠯ ᠵᠦ‍‌ᠵᠯ ᠳᠠᠬᠢ ᠠᠮᠢᠳᠤᠷᠠᠯ ᠳᠤ ᠬᠡᠷᠡᠭᠯᠡᠬᠦ ᠬᠡᠷ ᠪᠠᠶᠢᠰᠢᠩ ᠢ ᠨᠢᠭᠡᠨᠲᠡ ᠪᠠᠷᠢᠵᠤ ᠳᠠᠭᠤᠰᠬᠠᠭᠰᠠᠨ ᠪᠥᠭᠡᠳ ᠠᠰᠢᠭᠯᠠᠯᠲᠠ ᠳᠤ ᠣᠷᠣᠭᠤᠯᠵᠤ᠂ ᠦᠢᠯᠡᠴᠢᠯᠡᠬᠡᠨ ᠤ ᠲᠥᠪ᠂ ᠪᠡᠶ᠎ᠡ ᠴᠢᠭᠢᠷᠠᠭᠵᠢᠭᠤᠯᠬᠤ ᠲᠥᠪ᠂ ᠣᠯᠠᠨ ᠲᠦᠮᠡᠨ ᠤ ᠰᠣᠶᠣᠯ ᠤᠨ ᠠᠭᠤᠳᠠᠮ ᠲᠠᠯᠠᠪᠠᠶ ᠶᠢᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠪᠥᠬᠦ ᠡᠭᠦᠷᠭᠡ ᠶᠢ ᠨᠢᠭᠡᠨᠲᠡ ᠪᠡᠶᠡᠯᠡᠭᠦᠯᠵᠠᠢ︔ ᠪᠣᠭᠤᠮᠲᠠ ᠶᠢᠨ ᠬᠢᠨᠠᠯᠲᠠ ᠬᠠᠮᠢᠶᠠᠷᠤᠯᠲᠠ ᠶᠢᠨ ᠲᠣᠭᠤᠷᠢᠭ ᠵᠢᠴᠢ ᠪᠠᠷᠠᠭᠠᠨ ᠤ ᠭᠦ‍‌ᠵᠯᠭᠡᠭᠡᠨ ᠤ ᠦ‍‌ᠵᠯᠡᠴᠢᠯᠡᠭᠡᠨ ᠤ ᠢᠵᠢ ᠪᠥᠷᠢᠳᠦᠭᠦᠯᠬᠦ ᠲᠥᠷᠥᠯ ᠵᠦᠢᠯ ᠳᠠᠬᠢ 1 ᠪᠤᠯᠤᠨ 3 ᠨᠣᠮᠧᠷᠲᠤ ᠪᠢᠲᠡᠭᠦᠮᠵᠢᠯᠡᠭᠰᠡᠨ ᠬᠥᠮᠥᠷᠭᠡᠨ ᠤ ᠬᠡᠷᠡᠮ ᠵᠢᠴᠢ ᠲᠤᠯᠭᠠᠭᠤᠷᠢ ᠶᠢᠨ ᠠᠵᠢᠯ ᠢ ᠪᠡᠶᠡᠯᠡᠭᠦᠯᠵᠦ᠂ 3 ᠨᠣᠮᠧᠷᠲᠤ ᠬᠥᠮᠥᠷᠭᠡ ᠶᠢᠨ ᠬᠡᠰᠡᠭ ᠵᠢᠶᠠᠰᠠ ᠶᠢ ᠤᠭᠰᠠᠷᠠᠬᠤ ᠪᠠ ᠠᠯᠪᠠᠨ ᠠᠰᠠᠷ᠂ ᠵᠢᠯᠣᠭᠤᠴᠢ ᠶᠢᠨ ᠬᠡᠷ ᠵᠢᠴᠢ ᠪᠠᠶᠢᠴᠠᠭᠠᠨ ᠰᠢᠯᠭᠠᠬᠤ ᠲᠣᠭᠤᠷᠢᠭ ᠤᠨ ᠰᠠᠭᠤᠷᠢ ᠪᠠᠷᠢᠯᠭ᠎ᠠ ᠶᠢ ᠪᠡᠶᠡᠯᠡᠭᠦᠯᠵᠠᠢ︔ ᠤᠶᠤᠨᠲᠤ ᠪᠣᠭᠤᠮᠲᠠ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦ‍‌ᠵᠯ ᠤᠨ ᠪᠣᠭᠤᠮᠲᠠ ᠥᠩᠭᠡᠷᠡᠬᠦ ᠬᠡᠰᠡᠭ ᠨᠢ ᠨᠢᠭᠡᠨᠲᠡ ᠰᠢᠯᠭᠠᠨ ᠬᠤᠷᠢᠶᠠᠬᠤ ᠶᠢ ᠪᠡᠶᠡᠯᠡᠭᠦᠯᠵᠦ᠂ ᠪᠣᠭᠤᠮᠲᠠ ᠪᠠᠷ ᠥᠩᠭᠡᠷᠡᠬᠦ ᠴᠢᠳᠠᠪᠤᠷᠢ ᠲᠠᠢ ᠪᠤᠯᠵᠠᠢ︔ ᠠᠮᠢᠳᠤᠷᠠᠯ ᠤᠨ ᠬᠤᠭ ᠨᠣᠪᠰᠢ ᠶᠢ ᠬᠤᠷᠢᠶᠠᠨ ᠴᠤᠭᠯᠠᠭᠤᠯᠬᠤ ᠵᠢᠴᠢ ᠪᠤᠬᠢᠷᠳᠤᠯ ᠦᠬᠡᠢ ᠰᠢᠢᠳᠪᠦᠷᠢᠯᠡᠬᠦ ᠲᠥᠷᠥᠯ ᠵᠦᠶᠯ ᠤᠨ ᠪᠦᠬᠦ ᠪᠠᠷᠢᠯᠭ᠎ᠠ ᠶᠢᠨ 80% ᠶᠢ ᠨᠢᠭᠡᠨᠲᠡ ᠪᠡᠶᠡᠯᠡᠭᠦᠯᠵᠦ᠂ ᠵᠢᠯ ᠤᠨ ᠳᠣᠲᠣᠷ᠎ᠠ ᠪᠥᠲᠥᠭᠡᠨ ᠪᠠᠶᠢᠭᠤᠯᠬᠤ ᠪᠥᠬᠦ ᠡᠭᠦᠷᠭᠡ ᠶᠢ ᠪᠡᠶᠡᠯᠡᠭᠦᠯᠬᠦ ᠪᠠᠷ ᠪᠣᠶ᠃ ᠡᠭᠦᠨ ᠠᠴᠠ ᠭᠠᠳᠠᠨ᠎ᠠ᠂ ᠪᠠᠷᠠᠭ᠎ᠠ ᠶᠢ ᠪᠠᠶᠢᠴᠠᠭᠠᠨ ᠰᠢᠯᠭᠠᠬᠤ ᠰᠠᠭᠤᠷᠢ ᠪᠦᠲᠦᠬᠡᠨ ᠪᠠᠶᠢᠭᠤᠯᠤᠯᠳᠠ᠂ ᠬᠢᠨᠠᠯᠲᠠ ᠬᠠᠮᠢᠶᠠᠷᠤᠯᠲᠠ ᠶᠢᠨ ᠣᠷᠣᠨ ᠤ ᠬᠤᠲᠠ ᠶᠢᠨ ᠶᠠᠪᠤᠳᠠᠯ ᠤᠨ ᠵᠠᠮ ᠱᠤᠭᠤᠮ ᠤᠨ ᠪᠠᠷᠢᠯᠭ᠎ᠠ ᠶᠢᠨ ᠵᠢᠷᠤᠭ ᠲᠥᠯᠥᠪᠯᠡᠭᠡ ᠶᠢ ᠳᠠᠭᠤᠰᠬᠠᠵᠤ᠂ ᠳᠠᠭᠠᠭᠠᠴᠢᠯᠠᠯᠲᠠ ᠵᠠᠷᠯᠠᠵᠦ ᠳᠠᠭᠠᠭᠠᠴᠢᠯᠠᠯᠲᠠ ᠬᠦᠯᠢᠶᠡᠬᠦ ᠱᠠᠲᠤᠨ ᠳᠤ ᠣᠷᠣᠪᠠ᠃       ᠡᠭᠦᠨ ᠠᠴᠠ ᠭᠠᠳᠠᠨ᠎ᠠ᠂ ᠮᠠᠨ ᠤ ᠠᠶᠢᠮᠠᠭ ᠪᠣᠭᠤᠮᠲᠠ ᠶᠢᠨ ᠬᠠᠮᠢᠶᠠᠷᠤᠯᠲᠠ ᠶᠢᠨ ᠬᠡᠷᠡᠭᠴᠡᠭᠡ ᠱᠠᠭᠠᠷᠳᠠᠯᠭ᠎ᠠ ᠶᠢ ᠦᠨᠳᠦᠰᠦᠯᠡᠨ᠂ ᠨᠢᠭᠡᠨᠲᠡ 5000 ᠲᠦᠮᠡᠨ ᠲᠥᠭᠦᠷᠢᠭ ᠤᠨ ᠪᠠᠯᠠ ᠣᠷᠣᠭᠤᠯᠵᠤ᠂ ᠬᠢᠨᠠᠯᠲᠠ ᠬᠠᠮᠢᠶᠠᠷᠤᠯᠲᠠ ᠶᠢᠨ ᠬᠢᠵᠠᠭᠠᠷᠯᠠᠭᠰᠠᠨ ᠣᠷᠣᠨ ᠪᠠ ᠭᠠᠳᠠᠭᠠᠳᠤ ᠳᠤ ᠭᠠᠷᠭᠠᠬᠤ ᠶᠢ ᠬᠢᠨᠠᠨ ᠬᠠᠮᠢᠶᠠᠷᠬᠤ ᠪᠠᠷᠠᠭᠠᠨ ᠤ ᠲᠠᠯᠠᠪᠠᠶ᠂ ᠪᠣᠭᠤᠮᠲᠠ ᠶᠢᠨ ᠬᠢᠨᠠᠨ ᠡᠵᠡᠮᠳᠡᠬᠦ ᠰᠢᠰᠲ᠋ᠧᠮ᠂ ᠵᠢᠯᠣᠭᠤᠳᠬᠤ ᠲᠥᠪ ᠵᠡᠷᠭᠡ ᠭᠠᠵᠡᠷ ᠢ ᠲᠦᠷ ᠴᠠᠭ ᠴᠢᠯᠥᠭᠡᠲᠡᠶ ᠨᠡᠭᠡᠭᠡᠬᠦ ᠶᠢ ᠪᠡᠶᠡᠯᠡᠭᠦᠯᠪᠡ᠃ ᠳᠤᠮᠳᠠᠳᠤ ᠮᠣᠩᠭᠤᠯ ᠬᠤᠶᠠᠷ ᠲᠠᠯ᠎ᠠ ᠪᠠᠷ ᠢᠶᠠᠨ ︽ᠲᠤᠰᠠᠯᠠᠨ ᠪᠠᠶᠢᠭᠤᠯᠬᠤ ᠲᠥᠷᠥᠯ ᠵᠦ‍‌ᠵᠯ ᠤᠨ ᠬᠡᠷᠡᠭᠵᠢᠭᠦᠯᠦᠯᠲᠡ᠂ ᠬᠢᠨᠠᠯᠲᠠ ᠲᠠᠯᠪᠢᠬᠤ ᠪᠠ ᠵᠣᠬᠢᠶᠠᠨ ᠪᠠᠶᠢᠭᠤᠯᠬᠤ ᠵᠥᠪᠯᠡᠯᠴᠡᠭᠡᠷ︾ ᠲᠤ ᠭᠠᠷ ᠤᠨ ᠥᠰᠥᠭ ᠵᠢᠷᠤᠬᠤ ᠶᠢ ᠠᠬᠢᠭᠤᠯᠵᠤ᠂ ᠮᠣᠩᠭᠤᠯ ᠤᠯᠤᠰ ᠶᠠᠭ ᠲᠤᠰᠠᠯᠠᠨ ᠪᠠᠶᠢᠭᠤᠯᠬᠤ ᠲᠥᠷᠥᠯ ᠵᠦᠶᠯ ᠤᠨ ᠡᠮᠦᠨᠡᠬᠢ ᠬᠤᠭᠤᠴᠠᠭᠠᠨ ᠤ ᠭᠠᠷᠳᠠᠮ ᠢ ᠭᠦ‍‌ᠵᠴᠡᠳᠬᠡᠵᠦ ᠪᠣᠶ᠃ ᠳᠤᠮᠳᠠᠳᠤ ᠮᠣᠩᠭᠤᠯ ᠬᠤᠶᠠᠷ ᠤᠯᠤᠰ ᠤᠨ ᠵᠠᠰᠠᠭ ᠤᠨ ᠣᠷᠳᠣᠨ ᠬᠢᠯᠢ ᠶᠢᠨ ᠪᠣᠭᠤᠮᠲᠠ ᠶᠢᠨ ᠪᠠᠷᠠᠭ᠎ᠠ ᠥᠩᠭᠡᠷᠡᠭᠦᠯᠬᠦ ᠬᠠᠮᠢᠶ᠎ᠠ ᠪᠥᠬᠦᠶ ᠵᠦᠶᠯᠡᠰ ᠢ ᠨᠢᠭᠡᠨᠲᠡ ᠵᠥᠪᠰᠢᠶᠡᠷᠡᠵᠦ᠂ ᠬᠤᠶᠠᠷ ᠲᠠᠯ᠎ᠠ ᠪᠠᠷ ᠢᠶᠠᠨ ᠶᠠᠭ ᠲᠦᠷ ᠴᠠᠭ ᠤᠨ ᠨᠡᠭᠡᠭᠡᠯᠲᠡ ᠬᠢᠬᠦ ᠡᠯ᠎ᠡ ᠵᠦᠢᠯ ᠤᠨ ᠠᠵᠢᠯ ᠢ ᠲᠦᠷᠭᠡᠳᠬᠡᠨ ᠠᠬᠢᠭᠤᠯᠵᠤ ᠪᠤᠢ᠃ ᠬᠢᠯᠢ ᠶᠢᠨ ᠪᠣᠭᠤᠮᠲᠠ ᠶᠢᠨ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠤᠨ ᠲᠥᠰᠦᠯ ᠢ ᠨᠠᠶᠢᠷᠠᠭᠤᠯᠤᠨ ᠵᠣᠬᠢᠶᠠᠵᠤ᠂ ᠣᠳᠣᠬᠠᠨ ᠬᠢᠨᠠᠨ ᠵᠥᠪᠰᠢᠶᠡᠷᠡᠬᠦ ᠱᠠᠳᠤᠨ ᠳᠤ ᠤᠷᠤᠭᠰᠠᠨ ᠪᠠᠶᠢᠨ᠎ᠠ᠃       ᠲᠠᠷᠠᠭᠠᠴᠢ ᠶᠢᠨ ᠠᠯᠬᠤᠮ ᠳᠤ᠂ ᠮᠠᠨ ᠤ ᠠᠶᠢᠮᠠᠭ ᠦᠯᠵᠡᠢ ᠪᠤᠭᠤᠮᠳᠠ ᠶᠢᠨ ᠭᠤᠤᠯᠳᠠᠯᠭᠠᠲᠦ ᠲᠥᠷᠥᠯ ᠵᠦ‍‌ᠵᠯ ᠢ ᠠᠬᠢᠭᠤᠯᠬᠤ ᠡᠷᠴᠢᠮ ᠢᠶᠠᠨ ᠦᠷᠭᠦᠯᠵᠢᠯᠡᠨ ᠴᠢᠩᠭᠠᠳᠬᠠᠵᠦ᠂ 10 ᠰᠠᠷ᠎ᠠ ᠶᠢᠨ ᠰᠡᠭᠦᠯᠴᠢ ᠠᠴᠠ ᠡᠮᠦᠨ᠎ᠡ ᠭᠤᠤᠯᠳᠠᠯᠭᠠᠲᠦ ᠲᠥᠷᠥᠯ ᠵᠦᠶᠯ ᠤᠨ ᠠᠵᠢᠯ ᠢᠶᠠᠨ ᠡᠬᠢᠯᠡᠭᠦᠯᠬᠦ ᠪᠤᠶᠤ ᠰᠡᠷᠬᠦᠬᠡᠬᠦ ᠨᠣᠷᠮ᠎ᠠ ᠶᠢ 100% ᠳᠤ ᠬᠦᠷᠬᠡᠵᠦ᠂ 11 ᠰᠠᠷ᠎ᠠ ᠶᠢᠨ ᠰᠡᠭᠦᠯᠴᠢ ᠠᠴᠠ ᠡᠮᠦᠨ᠎ᠡ ᠪᠠᠯᠠ ᠣᠷᠣᠭᠤᠯᠤᠯᠲᠠ ᠶᠢᠨ ᠡᠬᠦᠷᠬᠡ ᠶᠢ 90% ᠠᠴᠠ ᠳᠡᠭᠡᠭᠰᠢ ᠬᠦᠷᠬᠡᠵᠦ᠂ ᠦᠯᠵᠡᠢ ᠪᠤᠭᠤᠮᠳᠠ ᠶᠢᠨ ᠪᠦᠬᠦ ᠲᠠᠯ᠎ᠠ ᠪᠠᠷ ᠠᠰᠢᠭᠯᠠᠯᠳᠠ ᠳᠤ ᠤᠷᠤᠬᠤ ᠶᠢ ᠠᠬᠢᠭᠤᠯᠬᠤ ᠪᠠᠷ ᠪᠤᠢ᠃
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号