ᠪᠦᠬᠦ ᠠᠶᠢᠮᠠᠭ ᠤᠨ ᠡᠵᠡᠩᠨᠡᠨ ᠠᠷᠠᠯᠵᠢᠶᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ ᠲᠧᠯᠸᠢᠰ ᠤᠲᠠᠰᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2021/10/13
      10 ᠳ᠋ᠤᠭᠠᠷ ᠰᠠᠷ᠎ᠠ ᠶᠢᠨ 12 ᠤᠨ ᠡᠳᠦᠷ᠂ ᠪᠥᠬᠦ ᠠᠶᠢᠮᠠᠭ ᠤᠨ ᠡᠵᠡᠩᠨᠡᠨ ᠠᠷᠠᠯᠵᠢᠶᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ ᠲᠧᠯᠸᠢᠰ ᠣᠳᠠᠰᠣ ᠬᠤᠷᠠᠯ ᠬᠤᠷᠠᠯᠳᠤᠵᠤ᠂ ᠪᠥᠬᠦ ᠠᠶᠢᠮᠠᠭ ᠤᠨ ᠡᠵᠡᠩᠨᠡᠨ ᠠᠷᠠᠯᠵᠢᠶᠠᠯᠠᠬᠤ ᠣᠷᠴᠢᠨ ᠨᠥᠬᠦᠴᠡᠯ ᠢ ᠦᠨᠡᠯᠡᠨ ᠵᠢᠱᠢᠵᠦ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠵᠠᠷᠯᠠᠨ ᠮᠡᠳᠡᠭᠳᠡᠵᠦ᠂ ᠮᠠᠨ ᠤ ᠠᠶᠢᠮᠠᠭ ᠤᠨ ᠣᠳᠣᠬᠠᠨ ᠤ ᠠᠵᠢᠯ ᠤᠨ ᠪᠠᠶᠢᠳᠠᠯ ᠢ ᠵᠠᠳᠠᠯᠤᠨ ᠰᠤᠳᠤᠯᠤᠨ ᠮᠠᠭᠠᠳᠯᠠᠵᠤ᠂ ᠭᠤᠤᠯᠳᠠᠯᠭ᠎ᠠ ᠲᠠᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠠᠶᠢᠮᠠᠭ ᠤᠨ ᠳᠡᠳ᠋ ᠳᠠᠷᠤᠭ᠎ᠠ ᠴᠢᠨ ᠶᠠᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃
      ᠬᠤᠷᠠᠯ ᠠᠴᠠ᠂ ᠡᠵᠡᠩᠨᠡᠨ ᠠᠷᠠᠯᠵᠢᠶᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ᠂ ᠤᠯᠤᠰ ᠲᠦᠷᠦ ᠶᠢᠨ ᠣᠷᠴᠢᠨ ᠳᠣᠭᠤᠷᠢᠨ ᠤ ᠪᠦᠬᠦᠯᠢ ᠴᠣᠭᠴᠠ ᠶᠢᠨ ᠰᠢᠪᠳᠣᠯᠣᠯᠳᠠ ᠶᠢ ᠰᠠᠶᠢᠲᠤᠷ ᠬᠢᠬᠦ ᠪᠣᠯ ᠥᠪᠡᠷᠲᠡᠭᠡᠨ ᠵᠠᠰᠠᠬᠤ ᠣᠷᠣᠨ ᠤ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠳᠣᠣᠱᠯᠠᠭᠤᠯᠣᠨ ᠨᠠᠶᠢᠳᠠᠪᠤᠷᠢᠵᠢᠭᠤᠯᠬᠤ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠪᠣᠯᠤᠨ᠎ᠠ᠃ ᠡᠯ᠎ᠡ ᠬᠤᠰᠢᠭᠤ ᠨᠡᠭᠡᠭᠡᠯᠳᠡ ᠶᠢᠨ ᠣᠷᠣᠨ᠂ ᠡᠯ᠎ᠡ ᠰᠠᠯᠠᠭ᠎ᠠ ᠮᠥᠴᠢᠷ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠡᠵᠡᠩᠨᠡᠨ ᠠᠷᠠᠯᠵᠢᠶᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ ᠨᠢ ᠠᠵᠤ ᠠᠬᠤᠶ ᠶᠢᠨ ᠬᠥᠭᠵᠢᠯᠲᠡ ᠶᠢ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠭᠡᠳᠡᠭ ᠢ ᠬᠦᠢᠴᠡᠳ ᠲᠠᠨᠢᠵᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠪᠠᠷ ᠭᠠᠷᠳᠠᠴᠠ ᠪᠣᠯᠭᠠᠨ᠂ ᠴᠠᠭ ᠤᠨ ᠬᠦᠰᠦᠨᠦᠭᠲᠦ᠂ ᠳᠦᠯᠦᠪᠯᠡᠭᠡ ᠶᠢ ᠲᠣᠩᠭᠤᠷᠠᠭᠤᠯᠤᠨ ᠵᠢᠭᠰᠠᠭᠠᠵᠤ᠂ ᠡᠯ᠎ᠡ ᠲᠥᠷᠥᠯ ᠤᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠴᠡᠭᠴᠡᠯᠡᠨ ᠵᠠᠰᠠᠬᠤ ᠶᠢ ᠲᠦᠷᠭᠡᠳᠬᠡᠨ ᠠᠬᠢᠭᠤᠯᠵᠤ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠤᠨ ᠳᠤᠲᠠᠭᠤᠳᠠᠯ ᠢ ᠲᠦᠷᠬᠡᠨ ᠨᠥᠬᠦᠪᠥᠷᠢᠯᠡᠵᠦ᠂ ᠮᠠᠲ᠋ᠧᠷᠢᠶᠠᠯ ᠴᠥᠭᠡᠨ᠂ ᠲᠠᠰ ᠳᠠᠷᠠᠭᠠᠯᠠᠯ ᠳᠥᠭᠦᠮ᠂ ᠬᠤᠷᠳᠤᠴᠠ ᠲᠦᠷᠭᠡᠨ᠂ ᠦᠷ᠎ᠡ ᠪᠦᠲᠦᠮᠵᠢ ᠥᠨᠳᠥᠷ ᠪᠠᠶᠢᠬᠤ ᠶᠢ ᠦᠨᠡᠨ ᠬᠦ ᠪᠡᠶᠡᠯᠡᠭᠦᠯᠬᠦ ᠬᠡᠷᠡᠭᠲᠡᠶ᠃ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠶ ᠰᠠᠯᠠᠭ᠎ᠠ ᠮᠥᠴᠢᠷ ᠯᠦᠭᠡ ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ᠂ ᠬᠡᠰᠡᠭ ᠰᠢᠰᠲ᠋ᠧᠮ ᠬᠤᠪᠢᠶᠠᠭᠰᠠᠨ ᠵᠠᠰᠠᠭ ᠤᠨ ᠶᠠᠪᠤᠳᠠᠯ ᠤᠨ ᠲᠤᠭ᠎ᠠ ᠪᠠᠷᠢᠮᠲᠠ ᠶᠢᠨ ᠡᠬᠢ ᠪᠠᠶᠠᠯᠢᠭ ᠢ ᠪᠥᠬᠦ ᠲᠠᠯ᠎ᠠ ᠪᠠᠷ ᠡᠮᠬᠢᠯᠡᠨ ᠨᠡᠶᠢᠯᠡᠭᠦᠯᠵᠦ᠂ ᠲᠣᠭᠠᠴᠢᠯᠠᠭᠰᠠᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠡᠷᠴᠢᠮ ᠢ ᠴᠢᠩᠭᠠᠷᠠᠭᠤᠯᠤᠨ᠂ ᠲᠤᠭ᠎ᠠ ᠪᠠᠷᠢᠮᠲᠠ ᠶᠢᠨ ᠠᠭᠤᠰᠤᠯᠴᠠᠯ ᠢᠶᠠᠷ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠲᠦᠷᠭᠡᠳᠬᠡᠵᠦ᠂ ᠦᠢᠯᠡᠴᠢᠯᠡᠭᠡ ᠶᠢ ᠳᠡᠭᠡᠭᠰᠢᠯᠡᠭᠦᠯᠬᠦ ᠪᠠᠷ ᠬᠥᠳᠡᠯᠭᠡᠭᠦᠷ ᠪᠣᠯᠭᠠᠨ᠂ ᠣᠷᠴᠢᠨ ᠲᠣᠭᠤᠷᠢᠨ ᠢ ᠰᠢᠯᠢᠳᠡᠭᠵᠢᠭᠦᠯᠬᠦ ᠶᠢ ᠳᠠᠶᠢᠴᠢᠯᠠᠬᠤ ᠬᠡᠷᠡᠭᠲᠡᠶ᠃ ᠰᠢᠰᠲ᠋ᠧᠮ ᠲᠠᠢ ᠲᠥᠯᠥᠪᠵᠢᠭᠦᠯᠬᠦ᠂ ᠬᠤᠯᠠ ᠤᠢᠢᠷ᠎ᠠ ᠶᠢ ᠤᠶᠠᠯᠳᠤᠭᠤᠯᠬᠤ ᠶᠢ ᠪᠠᠷᠢᠮᠲᠠᠯᠠᠵᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠪᠠ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠠᠶᠢᠭᠤᠯᠬᠤ ᠡᠯ᠎ᠡ ᠵᠦᠢᠯ ᠤᠨ ᠡᠭᠦᠷᠭᠡ ᠶᠢ ᠨᠢᠭᠡᠳᠦᠯᠲᠡᠢ ᠲᠥᠯᠥᠪᠵᠢᠭᠦᠯᠵᠦ᠂ ᠡᠬᠢ ᠡᠭᠦᠰᠦᠯ ᠠᠴᠠ ᠨᠢ ᠠᠳᠬᠤᠬᠤ᠂ ᠦᠨᠳᠦᠰᠦ ᠠᠴᠠ ᠨᠢ ᠵᠠᠰᠠᠬᠤ᠂ ᠠᠯᠤᠰ ᠬᠡᠳᠤ  ᠶᠢ ᠬᠠᠮᠢᠶᠠᠷᠬᠤ ᠲᠦᠷᠢᠮ  ᠤᠨ ᠳᠣᠭᠳᠠᠯᠴᠠᠭ᠎ᠠ  ᠪᠣᠯᠤᠨ ᠠᠵᠢᠯ  ᠤᠨ ᠲᠣᠭᠲᠠᠴᠠ  ᠶᠢ ᠲᠡᠭᠦᠯᠳᠡᠷᠵᠢᠭᠦᠯᠵᠦ᠂ ᠠᠰᠠᠭᠤᠳᠠᠯ  ᠢ ᠰᠢᠢᠳᠪᠦᠷᠢᠯᠡᠬᠦ  ᠶᠢ ᠪᠠᠶᠢᠩᠭᠤ ᠪᠦᠲᠦᠮᠵᠢᠲᠡᠢ ᠠᠬᠢᠭᠤᠯᠵᠤ᠂ ᠲᠠᠬᠢᠨ ᠢᠯᠡᠷᠡᠬᠦ  ᠶᠢ ᠡᠷᠡᠰ ᠰᠡᠷᠭᠡᠶᠢᠯᠡᠬᠦ ᠬᠡᠷᠡᠭᠲᠡᠢ ᠭᠡᠪᠡ᠃       ᠬᠤᠷᠠᠯ ᠠᠴᠠ᠂ ᠭᠤᠣᠯᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠪᠦᠬᠦᠯᠢ ᠴᠣᠭᠴᠠ ᠶᠢᠨ ᠰᠢᠯᠢᠳᠡᠭᠵᠢᠭᠦᠯᠦᠯᠲᠡ ᠶᠢ ᠠᠬᠢᠭᠤᠯᠬᠤ ᠬᠡᠷᠡᠭᠲᠡᠢ᠃ ᠡᠯ᠎ᠡ ᠬᠤᠰᠢᠭᠤ  ᠨᠡᠭᠡᠭᠡᠯᠳᠡ ᠶᠢᠨ ᠣᠷᠣᠨ᠂ ᠡᠯ᠎ᠡ ᠰᠠᠯᠠᠭ᠎ᠠ ᠮᠥᠴᠢᠷ ᠦᠵᠡᠯ ᠰᠠᠨᠠᠭ᠎ᠠ ᠪᠠᠨ ᠴᠢᠯᠥᠭᠡᠯᠡᠬᠦ ᠪᠠ ᠦᠵᠡᠯᠲᠡ ᠲᠠᠨᠢᠯᠲᠠ ᠪᠠᠨ ᠰᠢᠨᠡᠴᠢᠯᠡᠬᠦ ᠶᠢ ᠡᠵᠡᠩᠨᠡᠨ ᠠᠷᠠᠯᠵᠢᠶᠠᠯᠠᠬᠤ ᠣᠷᠴᠢᠨ ᠢ ᠪᠦᠲᠦᠭᠡᠨ ᠪᠠᠶᠢᠭᠤᠯᠬᠤ ᠪᠦᠬᠦ ᠶᠠᠪᠤᠴᠠ ᠳᠤ ᠳᠣᠣᠱᠯᠠᠭᠤᠯᠵᠦ᠂ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠰᠥᠰᠥ ᠵᠣᠷᠢᠭ ᠢᠶᠠᠷ ︽ᠪᠣᠭᠤᠭᠳᠠᠮᠠᠯ ᠵᠦᠢᠯ︾ ᠢ ᠵᠣᠷᠢᠭᠲᠠᠢ ᠡᠪᠳᠡᠵᠦ᠂ ᠬᠢᠨᠠᠨ ᠵᠥᠪᠰᠢᠶᠡᠷᠡᠬᠦ ᠴᠢᠬᠤᠯᠠᠲᠠᠢ ᠵᠦᠢᠯ ᠢ ᠬᠦᠴᠦᠨ ᠦᠭᠡᠢ ᠪᠣᠯᠭᠠᠵᠤ᠂ ᠳᠣᠷᠣᠭᠰᠢ ᠪᠠᠭᠤᠯᠭᠠᠬᠤ ᠴᠢᠬᠤᠯᠠᠲᠠᠢ ᠶᠢ ᠨᠢ ᠳᠣᠷᠣᠭᠰᠢ ᠪᠠᠭᠤᠯᠭᠠᠵᠤ᠂ ᠳᠥᠭᠦᠮᠴᠢᠯᠡᠬᠦ ᠴᠢᠬᠤᠯᠠᠲᠠᠢ ᠶᠢ ᠨᠢ ᠳᠥᠭᠦᠮᠴᠢᠯᠡᠵᠦ᠂ ︽ᠳᠠᠭᠤᠳᠠᠪᠠᠯ ᠵᠠᠪᠠᠯ ᠭᠠᠷᠳᠠᠨ ᠬᠦᠢᠴᠡᠳᠬᠡᠵᠦ᠂ ᠤᠴᠢᠷ ᠦᠭᠡᠢ ᠪᠣᠯ ᠬᠠᠷᠰᠢᠯᠠᠬᠤ ᠦᠭᠡᠢ︾ ︽ᠰᠠᠶᠢᠨ ᠦᠢᠯᠡᠴᠢᠯᠡᠭᠴᠢ︾ ᠶᠢᠨ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ᠬᠠᠮᠢᠶᠠᠷᠤᠭᠴᠢ ᠠᠴᠠ ᠦᠢᠯᠡᠴᠢᠯᠡᠭᠴᠢ ᠶᠢᠨ ᠬᠢᠷᠢ ᠬᠡᠮ ᠲᠡᠰᠢ ᠬᠤᠪᠢᠷᠠᠭᠤᠯᠬᠤ ᠶᠢ ᠦᠨᠡᠨ ᠬᠦ ᠪᠡᠶᠡᠯᠡᠭᠦᠯᠬᠦ ᠬᠡᠷᠡᠭᠲᠡᠢ᠃ ᠲᠤᠰ ᠨᠢᠭᠡᠴᠡ ᠶᠢᠨ ᠪᠣᠳᠠᠲᠤ ᠪᠠᠶᠢᠳᠠᠯ ᠪᠣᠯᠤᠨ ᠤᠯᠤᠰ ᠤᠨ ᠳᠣᠲᠣᠭᠠᠳᠤ ᠶᠢᠨ ᠬᠡᠪ ᠳᠠᠭᠤᠷᠢᠶᠠᠯ ᠪᠣᠯᠬᠤᠶᠢᠴᠠ ᠬᠤᠳᠠ ᠶᠢᠨ ᠲᠡᠷᠢᠭᠦᠨ ᠤ ᠠᠷᠭ᠎ᠠ ᠬᠢᠳᠡᠯ ᠲᠠᠢ ᠤᠶᠠᠯᠳᠤᠭᠤᠯᠤᠨ ᠲᠤᠰ ᠬᠦᠷᠢᠶᠡᠨ ᠤ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠭᠤᠭᠴᠤᠭ᠎ᠠ ᠶᠢ ᠢᠳᠡᠪᠬᠢᠲᠡᠢ ᠠᠬᠢᠭᠤᠯᠵᠤ᠂ ᠴᠠᠭ ᠤᠨ ᠬᠢᠵᠠᠭᠠᠷ ᠢ ᠤᠯᠠᠮ ᠴᠢᠨᠠᠭᠰᠢᠳᠠ ᠪᠣᠭᠤᠨᠢᠰᠬᠠᠵᠤ᠂ ᠲᠡᠷᠢᠭᠦᠨ ᠤ ᠡᠵᠡᠩᠨᠡᠨ ᠠᠷᠠᠯᠵᠢᠶᠠᠯᠠᠬᠤ ᠣᠷᠴᠢᠨ ᠨᠥᠬᠦᠴᠡᠯ ᠤᠨ ᠲᠤᠷᠰᠢᠯᠭ᠎ᠠ ᠠᠷᠭ᠎ᠠ ᠬᠢᠳᠡᠯ ᠲᠠᠢ ᠬᠠᠷᠭᠤᠭᠤᠯᠵᠤ᠂ ᠬᠥᠭᠵᠢᠭᠰᠡᠨ ᠭᠠᠵᠠᠷ ᠣᠷᠣᠨ ᠤ ᠵᠣᠭᠰᠣᠯᠲᠠ ᠦᠵᠡᠯᠲᠡ ᠰᠡᠳᠬᠢᠬᠦᠢ ᠶᠢ ᠭᠦᠨᠵᠡᠭᠡᠢ ᠰᠤᠳᠤᠯᠵᠤ᠂ ᠵᠦᠢᠯ ᠳᠠᠷᠠᠭᠠᠯᠠᠨ ᠪᠠᠷᠢᠮᠵᠢᠶᠠᠯᠠᠨ ᠬᠠᠷᠭᠤᠭᠤᠯᠵᠤ᠂ ᠭᠤᠭᠴᠤᠭ᠎ᠠ ᠳᠠᠷᠠᠭᠠᠯᠠᠨ ᠡᠮᠬᠢᠯᠡᠵᠦ᠂ ᠪᠠᠭᠤᠷᠠᠢ ᠲᠠᠯ᠎ᠠ ᠬᠠᠮᠢᠭ᠎ᠠ ᠪᠠᠶᠢᠬᠤ᠂ ᠠᠨᠠᠢ ᠲᠠᠯ᠎ᠠ ᠶᠢ ᠨᠢ ᠦᠨᠡᠨ ᠬᠦ ᠲᠣᠳᠣᠷᠬᠠᠢ ᠣᠶᠢᠯᠠᠭᠠᠵᠤ᠂ ᠪᠠᠷᠢᠮᠵᠢᠶᠠᠯᠠᠨ ᠳᠤᠲᠠᠭᠤᠳᠠᠯ ᠢᠶᠠᠨ ᠨᠥᠬᠦᠪᠥᠷᠢᠯᠡᠵᠦ᠂ ᠰᠣᠷᠣᠯᠴᠠᠵᠦ ᠳᠡᠭᠡᠭᠰᠢᠯᠡᠭᠦᠯᠬᠦ ᠬᠡᠷᠡᠭᠲᠡᠢ᠃ ᠠᠵᠢᠯ ᠤᠨ ᠠᠷᠭ᠎ᠠ ᠬᠡᠮᠵᠢᠶ᠎ᠡ ᠪᠠᠨ ᠰᠢᠨᠡᠴᠢᠯᠡᠵᠦ᠂ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠬᠡᠷᠡᠭᠯᠡᠭᠡᠨ ᠤ ᠴᠢᠨᠠᠷ ᠢᠶᠠᠷ ᠴᠢᠩᠭ᠎ᠠ᠂ ᠠᠵᠤ ᠠᠬᠤᠶᠢᠯᠠᠯ ᠤᠨ ᠬᠦᠷᠲᠡᠮᠵᠢ ᠶᠢᠨ ᠲᠦᠷᠦᠭᠳᠡᠯ ᠢ ᠦᠨᠡᠨ ᠬᠦ ᠨᠡᠮᠡᠭᠳᠡᠭᠦᠯᠬᠦ ᠠᠷᠭ᠎ᠠ ᠬᠡᠮᠵᠢᠶ᠎ᠡ ᠠᠪᠴᠤ᠂ ᠠᠵᠤ ᠠᠬᠤᠶᠢᠯᠠᠯ᠂ ᠤᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠶᠢ ᠲᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ᠃ ᠵᠠᠰᠠᠭ ᠠᠵᠤ ᠠᠬᠤᠶᠢᠯᠠᠯ ᠤᠨ ᠨᠡᠪᠲᠡᠷᠡᠯᠴᠡᠭᠡ ᠶᠢᠨ ᠲᠠᠪᠴᠠᠩ ᠢ ᠰᠠᠶᠢᠲᠤᠷ ᠬᠡᠷᠡᠭᠯᠡᠵᠦ ᠠᠮᠢᠳᠤᠯᠢᠭ ᠬᠡᠷᠡᠭᠯᠡᠨ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠰᠠᠨᠠᠯ ᠰᠠᠨᠠᠭᠤᠯᠭ᠎ᠠ ᠶᠢ ᠥᠷᠭᠡᠨ ᠢᠶᠠᠷ ᠬᠤᠷᠢᠶᠠᠵᠤ᠂ ᠠᠷᠭ᠎ᠠ ᠬᠡᠮᠵᠢᠶ᠎ᠡ ᠪᠠᠨ ᠲᠠᠰᠤᠷᠠᠯᠲᠠ ᠥᠬᠡᠶ ᠰᠠᠶᠢᠵᠢᠷᠠᠭᠤᠯᠤᠨ᠂ ︽ᠨᠢᠭᠡ ᠰᠦᠯᠵᠢᠶ᠎ᠡ ᠪᠠᠷ ᠬᠦᠢᠴᠡᠳᠬᠡᠬᠦ᠂ ᠭᠠᠷ ᠣᠳᠠᠰᠣ ᠪᠠᠷ ᠬᠦᠢᠴᠡᠳᠬᠡᠬᠦ᠂ ᠨᠢᠭᠡ ᠤᠳᠠᠭ᠎ᠠ ᠳᠤ  ᠬᠦᠢᠴᠡᠳᠬᠡᠬᠦ᠂ ᠲᠠᠨ ᠳᠤ ᠬᠠᠪᠰᠤᠷᠤᠨ ᠬᠦᠢᠴᠡᠳᠬᠡᠬᠦ︾ ᠶᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ︽ᠥᠪᠥᠷ ᠮᠣᠩᠭᠤᠯ ᠤᠨ ᠠᠵᠤ ᠠᠬᠤᠶᠢᠯᠠᠯ ᠳᠤ ᠨᠡᠪᠲᠡᠷᠡᠬᠦ︾ ᠲᠠᠪᠴᠠᠩ ᠤᠨ ᠠᠵᠤ ᠠᠬᠤᠶᠢᠯᠠᠯ ᠢ ᠳᠠᠩᠰᠠᠯᠠᠬᠤ ᠶᠢ ᠳᠡᠭᠡᠭᠰᠢᠯᠡᠭᠦᠯᠦᠨ᠂ ᠲᠤᠭ᠎ᠠ ᠪᠠᠷᠢᠮᠲᠠ ᠶᠢ ᠢᠯᠡᠭᠦᠬᠡᠨ ᠠᠵᠢᠯᠯᠠᠭᠤᠯᠵᠦ᠂ ᠣᠯᠠᠨ ᠲᠦᠮᠡᠨ ᠢ ᠳᠤᠲᠠᠭᠤ ᠭᠦᠶᠦᠯᠭᠡᠬᠦ ᠶᠢ ᠦᠨᠡᠨ ᠬᠦ ᠰᠠᠶᠢᠲᠤᠷ ᠠᠳᠬᠤᠵᠤ᠂ ᠡᠵᠡᠩᠨᠡᠨ ᠠᠷᠠᠯᠵᠢᠶᠠᠯᠠᠬᠤ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠬᠦ ᠶᠢ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃      ᠬᠤᠷᠠᠯ ᠠᠴᠠ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠴᠢᠩᠭ᠎ᠠ ᠪᠣᠳᠠᠲᠠᠢ ᠠᠬᠢᠭᠤᠯᠬᠤ ᠬᠡᠷᠡᠭᠲᠡᠢ᠃ ᠡᠯ᠎ᠡ ᠬᠤᠰᠢᠭᠤ ᠨᠡᠭᠡᠭᠡᠯᠳᠡ ᠶᠢᠨ ᠣᠷᠣᠨ᠂ ᠡᠯ᠎ᠡ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠨᠥᠬᠦᠳ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠨᠢᠭᠡᠳᠦᠭᠡᠷ ᠬᠠᠷᠢᠭᠤᠴᠠᠯᠭᠠᠲᠠᠨ ᠤ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠴᠠᠭ ᠬᠤᠭᠤᠴᠠᠭ᠎ᠠ ᠶᠢ ᠴᠢᠩᠭ᠎ᠠ ᠡᠵᠡᠮᠳᠡᠨ᠂ ᠴᠠᠭ ᠢᠮᠠᠭᠲᠠ ᠠᠬᠢᠴᠠ ᠶᠢ ᠲᠣᠬᠢᠷᠠᠭᠤᠯᠵᠤ᠂ ᠠᠰᠠᠭᠤᠳᠠᠯ ᠢ ᠲᠣᠭᠲᠠᠭᠰᠠᠨ ᠬᠤᠭᠤᠴᠠᠭᠠᠨ ᠳᠤ ᠴᠡᠭᠴᠡᠯᠡᠨ ᠰᠠᠶᠢᠵᠢᠷᠠᠭᠤᠯᠵᠤ ᠪᠣᠳᠠᠲᠠᠶᠢᠵᠢᠭᠤᠯᠬᠤ ᠶᠢ ᠪᠠᠲᠤᠯᠠᠬᠤ ᠬᠡᠷᠡᠭᠲᠡᠶ᠃ ᠠᠵᠢᠯ ᠤᠨ ᠰᠤᠷᠲᠠᠯ ᠢᠶᠠᠨ ᠬᠤᠪᠢᠷᠠᠭᠤᠯᠵᠤ᠂ ᠬᠢᠨᠠᠨ ᠵᠢᠯᠣᠭᠤᠳᠴᠤ ᠪᠠᠶᠢᠴᠠᠭᠠᠬᠤ ᠠᠵᠢᠯ ᠢ ᠰᠠᠶᠢᠲᠤᠷ ᠠᠳᠬᠤᠵᠤ᠂ ᠤᠳᠠᠭᠠᠨ ᠬᠢᠬᠦ᠂ ᠠᠵᠢᠯ ᠦᠯᠦ ᠬᠢᠬᠦ᠂ ᠬᠠᠭᠤᠷᠮᠠᠭᠯᠠᠨ ᠬᠢᠬᠦ᠂ ᠳᠤᠷ᠎ᠠ ᠪᠠᠷ ᠢᠶᠠᠨ ᠬᠢᠬᠦ ᠪᠠ ᠢᠳᠡᠬᠦ ᠠᠪᠬᠤ ᠭᠠᠴᠢᠬᠤ ᠨᠡᠬᠡᠬᠦ ᠶᠢ ᠣᠭᠳᠣᠬᠠᠨ ᠴᠤ ᠢᠯᠳᠡᠷ ᠬᠠᠶᠠᠬᠤ ᠦᠭᠡᠢ ᠪᠠᠶᠢᠵᠦ᠂ ᠤᠯᠤᠰ ᠲᠦᠷᠦ ᠶᠢᠨ ᠣᠷᠴᠢᠨ ᠳᠣᠭᠤᠷᠢᠨ ᠢ ᠦᠷᠭᠦᠯᠵᠢᠯᠡᠨ ᠴᠡᠪᠡᠷᠰᠢᠭᠦᠯᠬᠦ ᠪᠠᠷ ᠳᠠᠮᠵᠢᠭᠤᠯᠤᠨ ᠡᠵᠡᠩᠨᠡᠨ ᠠᠷᠠᠯᠵᠢᠶᠠᠯᠠᠬᠤ ᠣᠷᠴᠢᠨ ᠨᠥᠬᠦᠴᠡᠯ ᠢ ᠲᠣᠭᠲᠠᠭᠤᠨ ᠢᠶᠠᠷ ᠰᠠᠶᠢᠵᠢᠷᠠᠭᠤᠯᠬᠤ ᠶᠢ ᠪᠠᠲᠤᠯᠠᠬᠤ ᠬᠡᠷᠡᠭᠲᠡᠢ᠃ ᠡᠵᠡᠩᠨᠡᠨ ᠠᠷᠠᠯᠵᠢᠶᠠᠯᠠᠬᠤ ᠣᠷᠴᠢᠨ ᠨᠥᠬᠦᠴᠡᠯ ᠤᠨ ᠠᠵᠢᠯ ᠤᠨ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠵᠠᠭᠤᠴᠢᠯᠠᠭᠤᠷ ᠤᠨ ᠬᠢᠨᠠᠯᠲᠠ ᠲᠠᠯᠪᠢᠬᠤ ᠦᠶ᠋ᠯᠡᠳᠦᠯ ᠢ ᠪᠠᠳᠠᠷᠠᠭᠤᠯᠤᠨ᠂ ᠡᠵᠡᠩᠨᠡᠨ ᠠᠷᠠᠯᠵᠢᠶᠠᠯᠠᠬᠤ ᠣᠷᠴᠢᠨ ᠨᠥᠬᠦᠴᠡᠯ ᠤᠨ ᠬᠦᠷᠢᠶᠡᠨ ᠳᠠᠬᠢ ᠵᠥᠪ ᠲᠠᠯ᠎ᠠ ᠶᠢᠨ ᠨᠡᠶᠢᠲᠡᠯᠢᠭ ᠵᠢᠱᠢᠶ᠎ᠡ ᠶᠢ ᠪᠥᠬᠦ ᠲᠠᠯ᠎ᠠ ᠪᠠᠷ᠂ ᠣᠯᠠᠨ ᠲᠠᠯ᠎ᠠ ᠠᠴᠠ ᠤᠬᠠᠭᠤᠯᠵᠤ᠂ ᠡᠵᠡᠩᠨᠡᠨ ᠠᠷᠠᠯᠵᠢᠶᠠᠯᠠᠬᠤ ᠣᠷᠴᠢᠨ ᠨᠥᠬᠦᠴᠡᠯ ᠢ ᠡᠪᠳᠡᠭᠰᠡᠨ ᠡᠰᠡᠷᠭᠦ ᠲᠠᠯ᠎ᠠ ᠶᠢᠨ ᠨᠢᠭᠡ ᠪᠦᠯᠦᠭ ᠬᠡᠷᠡᠭ ᠤᠨ ᠵᠢᠱᠢᠶ᠎ᠡ ᠶᠢ ᠲᠣᠭᠲᠠᠮᠠᠯ ᠬᠤᠭᠤᠴᠠᠭ᠎ᠠ ᠲᠠᠢ ᠢᠯᠡᠴᠢᠯᠡᠨ᠂ ᠪᠥᠬᠦ ᠠᠶᠢᠮᠠᠭ ᠤᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠨᠠᠩ ᠰᠢᠯᠢᠳᠡᠭ ᠨᠠᠩ ᠰᠠᠶᠢᠨ ︽ᠵᠥᠭᠡᠯᠡᠨ ᠣᠷᠴᠢᠨ ᠨᠥᠬᠦᠴᠡᠯ︾ ᠢ ᠪᠣᠶ ᠪᠣᠯᠭᠠᠬᠤ ᠬᠡᠷᠡᠭᠲᠡᠶ ᠭᠡᠵᠦ ᠱᠠᠭᠠᠷᠳᠠᠪᠠ᠃
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号