ᠠᠯᠠᠱᠠ ᠠᠶᠢᠮᠠᠭ ᠤᠨ ᠬᠡᠷᠡᠭᠯᠡᠭᠴᠢᠳ ᠤᠨ ᠨᠡᠶᠢᠭᠡᠮᠯᠢᠭ ︽ᠤᠷᠢᠳᠴᠢᠯᠠᠨ ᠦᠭᠭᠦ ᠬᠡᠯᠪᠡᠷᠢ︾ ᠶᠢᠨ ᠬᠡᠷᠡᠭᠯᠡᠭᠡᠨ ᠤ ᠰᠡᠷᠡᠮᠵᠢᠯᠡᠭᠦᠯᠦᠯ ᠢ ᠨᠡᠶᠢᠲᠡᠯᠡᠪᠡ
ᠨᠡᠶᠢᠲᠡᠯᠡᠭᠰᠡᠨ ᠴᠠᠭ᠄
2021/10/13
       ᠰᠦᠯᠵᠢᠶᠡᠨ ᠤ ᠠᠵᠤ ᠠᠬᠤᠶ ᠶᠢᠨ ᠬᠥᠭᠵᠢᠯᠲᠡ ᠶᠢ ᠳᠠᠭᠠᠯᠳᠤᠨ᠂ ᠤᠷᠢᠳᠴᠢᠯᠠᠨ ᠥᠭᠬᠦ ᠮᠠᠶ᠋ᠢᠭ ᠤᠨ ᠬᠡᠷᠡᠭᠯᠡᠭᠡ ᠨᠢ ᠬᠥᠮᠦᠰ ᠲᠤ ᠳᠥᠭᠦᠮ ᠳᠥᠲᠡ ᠠᠰᠢᠭ ᠲᠤᠰᠠ ᠣᠯᠭᠤᠬᠤ ᠶᠢᠨ ᠵᠡᠷᠭᠡ ᠳᠤ ᠪᠠᠰᠠ ︽ᠤᠷᠢᠳᠴᠢᠯᠠᠨ ᠥᠭᠬᠦ ᠺᠠᠷᠲ︾ ᠢ ᠦᠨᠡᠮᠯᠡᠯ ᠦᠭᠡᠶ ᠪᠠᠷ ᠪᠣᠷᠣᠯᠠᠭᠤᠯᠬᠤ᠂ ᠡᠭᠦᠳᠡ ᠪᠠᠨ ᠬᠠᠭᠠᠵᠤ ᠠᠵᠢᠯ ᠢᠶᠠᠨ ᠵᠣᠭᠰᠣᠬᠤ᠂ ᠡᠵᠡᠨ ᠢᠶᠠᠨ ᠰᠣᠯᠢᠬᠤ᠂ ᠡᠵᠡᠩᠨᠡᠯᠲᠡ ᠶᠢᠨ ᠬᠠᠶ᠋ᠢᠭ ᠢᠶᠠᠨ ᠬᠤᠪᠢᠷᠠᠭᠤᠯᠬᠤ ᠵᠡᠷᠭᠡ ᠪᠠᠷ ᠰᠢᠯᠲᠠᠭ ᠪᠣᠯᠭᠠᠵᠤ ᠬᠠᠤᠯᠢ ᠳᠤ ᠲᠣᠭᠲᠠᠭᠠᠭᠰᠠᠨ ᠡᠭᠦᠷᠭᠡ ᠪᠠᠨ ᠭᠦᠢᠴᠡᠳᠬᠡᠬᠦ ᠦᠭᠡᠶ ᠪᠠᠶᠢᠬᠤ ᠵᠡᠷᠭᠡ ᠬᠡᠷᠡᠭᠯᠡᠭᠴᠢᠳ ᠤᠨ ᠡᠷᠬᠡ ᠠᠰᠢᠭ ᠲᠤ ᠬᠠᠯᠳᠠᠭᠰᠠᠨ ᠵᠠᠭᠠᠯᠳᠤᠯᠭ᠎ᠠ ᠶᠢᠨ ᠵᠢᠭᠤᠷᠠᠯᠳᠤᠭᠠᠨ ᠭᠠᠷᠴᠠᠶ᠃ ᠣᠳᠣᠬᠠᠨ ᠤ ᠤᠷᠢᠳᠴᠢᠯᠠᠨ ᠥᠭᠬᠦ ᠮᠠᠶ᠋ᠢᠭ ᠤᠨ ᠬᠡᠷᠡᠭᠯᠡᠭᠡ ᠶᠢᠨ ᠲᠣᠪᠤᠶᠢᠮ᠎ᠠ ᠠᠰᠠᠭᠤᠳᠠᠯ ᠢ ᠰᠡᠷᠭᠡᠶᠢᠯᠡᠵᠦ᠂ ᠤᠷᠢᠳᠴᠢᠯᠠᠨ ᠥᠭᠬᠦ ᠺᠠᠷᠲ ᠤᠨ ᠪᠡᠯᠡᠨ ᠵᠣᠭᠤᠰ ᠰᠣᠯᠢᠵᠤ ᠥᠭᠬᠦ ᠲᠦᠭᠰᠢᠭᠦᠷᠢ ᠶᠢ ᠰᠡᠷᠭᠡᠶᠢᠯᠡᠬᠦ ᠶᠢᠨ ᠲᠥᠯᠥᠭᠡ᠂ ᠠᠯᠠᠱᠠ ᠠᠶᠢᠮᠠᠭ ᠤᠨ ᠬᠡᠷᠡᠭᠯᠡᠭᠴᠢᠳ ᠤᠨ ᠨᠡᠶᠢᠭᠡᠮᠯᠢᠭ ᠠᠴᠠ ᠬᠡᠷᠡᠭᠯᠡᠭᠴᠢᠳ ᠲᠤ ᠤᠷᠢᠳᠴᠢᠯᠠᠨ ᠥᠭᠬᠦ ᠺᠠᠷᠲ ᠬᠢᠯᠭᠡᠬᠦ ᠪᠠᠷ ᠰᠠᠨᠠᠭᠤᠯᠬᠤ ᠳᠠᠭᠠᠨ ᠳᠤᠤᠷᠠᠬᠢ ᠬᠡᠳᠦᠨ ᠲᠠᠯ᠎ᠠ ᠶᠢ ᠬᠦᠢᠴᠡᠳᠬᠡᠵᠦ᠂ ᠲᠦᠭᠰᠢᠭᠦᠷᠢ ᠶᠢ ᠰᠡᠷᠭᠡᠶᠢᠯᠡᠬᠦ ᠬᠡᠷᠡᠭᠲᠡᠶ ᠭᠡᠵᠦ ᠰᠠᠨᠠᠭᠤᠯᠪᠠ᠃       ᠨᠢᠭᠡ᠂ ᠤᠷᠢᠳᠴᠢᠯᠠᠨ ᠥᠭᠬᠦ ᠮᠠᠶ᠋ᠢᠭ ᠤᠨ ᠬᠡᠷᠡᠭᠯᠡᠭᠡ ᠶᠢ ᠢᠯᠭᠠᠨ ᠲᠠᠨᠢᠬᠤ ᠤᠨᠠᠭᠤᠯᠢ᠃ ᠤᠷᠢᠳᠴᠢᠯᠠᠨ ᠥᠭᠬᠦ ᠮᠠᠶ᠋ᠢᠭ ᠤᠨ ᠬᠡᠷᠡᠭᠯᠡᠭᠡ ᠶᠢᠨ ᠵᠢᠭᠤᠷᠠᠯᠳᠣᠭᠠᠨ ᠳᠤ ᠭᠤᠣᠯᠳᠠᠭᠤ ᠬᠤᠳᠠᠯᠳᠤᠭᠠᠴᠢᠨ ᠠᠴᠠ ᠭᠡᠷ᠎ᠡ ᠶᠢᠨ ᠠᠭᠤᠯᠭ᠎ᠠ ᠳᠤ ︽ᠡᠵᠡᠷᠬᠡᠭ ᠵᠦᠢᠯ ᠵᠤᠷᠪᠤᠰ︾ ᠭᠠᠷᠭᠠᠵᠤ ᠥᠭᠬᠦ ᠶᠢ ᠪᠠᠭᠲᠠᠭᠠᠨ᠎ᠠ︔ ᠭᠡᠷ᠎ᠡ ᠶᠢᠨ ᠬᠡᠯᠪᠡᠷᠢᠵᠢᠭᠰᠡᠨ ᠵᠦᠢᠯ ᠵᠤᠷᠪᠤᠰ ᠢ ᠠᠰᠢᠭᠯᠠᠨ ᠡᠵᠡᠩᠨᠡᠭᠴᠢᠳ ᠤᠨ ᠬᠠᠷᠢᠭᠤᠴᠠᠯᠭ᠎ᠠ ᠶᠢ ᠬᠡᠯᠲᠦᠷᠢᠭᠦᠯᠵᠦ᠂ ᠬᠡᠷᠡᠭᠯᠡᠭᠴᠢᠳ ᠤᠨ ᠬᠠᠷᠢᠭᠤᠴᠠᠯᠭ᠎ᠠ ᠶᠢ ᠬᠦᠨᠳᠦᠷᠡᠭᠦᠯᠦᠨ᠂ ᠬᠡᠷᠡᠭᠯᠡᠭᠴᠢᠳ ᠤᠨ ᠡᠷᠬᠡ ᠶᠢ ᠭᠠᠳᠠᠭᠤᠷᠴᠢᠯᠠᠨ᠎ᠠ︔ ︽ᠤᠷᠢᠳᠴᠢᠯᠠᠨ ᠥᠭᠬᠦ ᠺᠠᠷᠲ︾ ᠢ ᠪᠣᠷᠣᠯᠠᠭᠤᠯᠬᠤ ᠳᠠᠭᠠᠨ ᠬᠡᠷᠡᠭᠯᠡᠭᠴᠢᠳ ᠲᠠᠢ ᠭᠡᠷ᠎ᠡ ᠪᠤᠶᠤ ᠪᠢᠴᠢᠭ ᠤᠨ ᠬᠡᠯᠡᠯᠴᠡᠭᠡᠷ ᠲᠣᠭᠲᠠᠭᠠᠭᠰᠠᠨ ᠦᠭᠡᠶ︔ ᠤᠷᠢᠳᠴᠢᠯᠠᠨ ᠲᠣᠭᠲᠠᠭᠰᠠᠨ ᠪᠣᠯᠵᠤᠭ᠎ᠠ  ᠪᠤᠶᠤ ᠠᠮᠠᠯᠠᠯᠲᠠ ᠶᠣᠰᠣᠭᠠᠷ ᠵᠣᠬᠢᠴᠠᠩᠭᠤᠶ ᠡᠭᠦᠷᠭᠡ ᠪᠠᠨ ᠬᠦᠢᠴᠡᠳᠭᠡᠭᠰᠡᠨ ᠦᠭᠡᠢ︔ ᠡᠭᠦᠳᠡ  ᠪᠠᠨ ᠬᠠᠭᠠᠵᠤ ᠠᠵᠢᠯ ᠵᠣᠭᠰᠣᠬᠤ᠂ ᠡᠵᠡᠨ  ᠢᠶᠠᠨ ᠰᠣᠯᠢᠬᠤ᠂ ᠡᠵᠡᠩᠨᠡᠯᠲᠡ   ᠶᠢᠨ ᠬᠠᠶ᠋ᠢᠭ   ᠢᠶᠠᠨ ᠬᠤᠪᠢᠷᠠᠭᠤᠯᠬᠤ ᠵᠡᠷᠭᠡ  ᠪᠠᠷ ᠰᠢᠯᠲᠠᠭ ᠪᠣᠯᠭᠠᠵᠤ ᠬᠠᠤᠯᠢ  ᠳᠤ ᠲᠣᠭᠲᠠᠭᠠᠭᠰᠠᠨ ᠡᠭᠦᠷᠭᠡ  ᠪᠠᠨ ᠬᠦᠢᠴᠡᠳᠭᠡᠬᠦ ᠥᠬᠡᠶ︔ ᠬᠤᠳᠠᠯ ᠬᠠᠭᠤᠷᠮᠠᠭ ᠤᠬᠠᠭᠤᠯᠭ᠎ᠠ᠂ ᠭᠤᠤᠯᠴᠢ ᠪᠤᠰᠤ ᠥᠷᠢᠰᠥᠯᠳᠦᠭᠡᠨ᠂ ᠬᠡᠷᠡᠭᠯᠡᠭᠴᠢᠳ  ᠢ ᠮᠡᠬᠡᠯᠡᠨ ᠬᠢᠬᠠᠬᠤ ᠵᠡᠷᠭᠡ᠃      ᠬᠤᠶᠠᠷ᠂  ᠭᠡᠷ᠎ᠡ ᠲᠣᠭᠲᠠᠬᠤ ᠳᠠᠭᠠᠨ ᠪᠣᠯᠭᠤᠮᠵᠢᠲᠠᠢ ᠪᠠᠶᠢᠬᠤ ᠬᠡᠷᠡᠭᠲᠡᠢ᠃ ᠬᠤᠳᠠᠯᠳᠤᠭᠠᠴᠢᠨ ᠤ ᠠᠮᠠᠯᠠᠯᠲᠠ ᠶᠢ ᠠᠮᠠᠷᠬᠠᠨ ᠢᠲᠡᠭᠡᠵᠦ ᠪᠣᠯᠬᠤ ᠦᠭᠡᠢ᠂ ᠪᠢᠴᠢᠭ ᠤᠨ ᠭᠡᠷ᠎ᠡ ᠲᠣᠭᠲᠠᠭᠠᠬᠤ ᠪᠠᠷ ᠱᠠᠭᠠᠷᠳᠠᠬᠤ ᠬᠡᠷᠡᠭᠲᠡᠶ᠃ ᠭᠡᠷ᠎ᠡ ᠲᠣᠭᠲᠠᠬᠤ ᠠᠴᠠ ᠡᠮᠦᠨ᠎ᠡ᠂ ᠦᠨ᠎ᠡ ᠬᠠᠩᠰᠢ᠂ ᠦᠢᠯᠡᠴᠢᠯᠡᠭᠡᠨ ᠤ ᠪᠠᠷᠢᠮᠵᠢᠶ᠎ᠠ᠂ ᠬᠠᠷᠠᠭᠠᠯᠵᠠᠯ ᠤᠨ ᠨᠥᠬᠦᠴᠡᠯ᠂ ᠬᠦᠴᠦᠨ ᠲᠠᠢ ᠤᠳᠠᠭ᠎ᠠ᠂ ᠬᠡᠷᠡᠭᠯᠡᠬᠦ ᠡᠷᠬᠡ ᠮᠡᠳᠡᠯ᠂ ᠬᠡᠷᠡᠭᠯᠡᠬᠦ ᠭᠠᠵᠠᠷ ᠵᠡᠷᠭᠡ ᠭᠡᠷ᠎ᠡ ᠶᠢᠨ ᠵᠦᠢᠯ ᠵᠤᠷᠪᠤᠰ ᠤᠨ ᠠᠭᠤᠯᠭ᠎ᠠ ᠶᠢ ᠲᠣᠳᠣᠷᠬᠠᠶ ᠦᠵᠡᠬᠦ ᠬᠡᠷᠡᠭᠲᠡᠶ᠂ ᠪᠠᠰᠠ ᠬᠡᠷᠡᠭᠯᠡᠭᠡᠨ ᠤ ᠲᠦᠭᠰᠢᠭᠦᠷᠢ ᠶᠢ ᠬᠢᠨᠠᠮᠠᠭᠠᠶ ᠦᠨᠡᠯᠡᠨ ᠵᠢᠱᠢᠵᠦ᠂ ᠦᠷᠭᠦᠯᠵᠢᠯᠡᠨ ᠰᠦᠢᠳᠬᠡᠯ ᠲᠤᠰᠢᠶᠠᠵᠤ ᠳᠡᠰ ᠳᠡᠪᠰᠢᠬᠦ᠂ ᠭᠡᠭᠡᠭᠰᠡᠨ ᠢ ᠨᠥᠬᠦᠵᠦ ᠭᠦᠢᠴᠡᠳᠬᠡᠬᠦ᠂ ᠰᠦᠢᠳᠬᠡᠯ ᠪᠤᠴᠠᠭᠠᠵᠤ ᠰᠢᠯᠵᠢᠭᠦᠯᠦᠨ ᠥᠭᠬᠦ᠂ ᠭᠡᠷ᠎ᠡ ᠠᠴᠠ ᠵᠥᠷᠢᠴᠡᠭᠰᠡᠨ ᠤ ᠬᠠᠷᠢᠭᠤᠴᠠᠯᠭ᠎ᠠ ᠵᠡᠷᠭᠡ ᠵᠦᠢᠯ ᠵᠤᠷᠪᠤᠰ ᠪᠣᠯᠤᠨ ᠵᠦᠢᠯ ᠤᠳ ᠢ ᠨᠠᠷᠢᠨ ᠪᠠᠶᠢᠴᠠᠭᠠᠨ ᠦᠵᠡᠵᠦ᠂ ᠪᠣᠯᠵᠣᠨ ᠲᠣᠭᠲᠠᠭᠰᠠᠨ ᠨᠢ ᠪᠠᠯᠠᠷᠬᠠᠶ ᠪᠤᠶᠤ ᠭᠤᠣᠯᠴᠢ ᠪᠤᠰᠤ᠂ ᠵᠦᠢ ᠵᠣᠬᠢᠰ ᠦᠭᠡᠶ ᠵᠦᠢᠯ ᠵᠤᠷᠪᠤᠰ ᠢ ᠴᠠᠭ ᠲᠤᠬᠠᠶ ᠳᠤᠨᠢ ᠬᠤᠳᠠᠯᠳᠤᠭᠠᠴᠢᠨ ᠠᠴᠠ ᠠᠰᠠᠭᠤᠨ ᠯᠠᠪᠯᠠᠵᠤ ᠵᠥᠪᠳᠡᠯᠴᠡᠨ ᠵᠠᠰᠠᠪᠤᠷᠢ ᠣᠷᠣᠭᠤᠯᠬᠤ ᠬᠡᠷᠡᠭᠲᠡᠶ᠂ ᠬᠥᠩᠭᠡᠨ ᠬᠠᠭᠤᠳᠠᠮ ᠢᠶᠠᠷ ᠭᠠᠷ ᠤᠨ ᠦᠰᠦᠭ ᠵᠢᠷᠤᠵᠤ ᠪᠣᠯᠬᠤ ᠦᠭᠡᠶ᠃      ᠭᠤᠷᠪᠠ᠂ ᠬᠤᠳᠠᠯᠳᠤᠭᠠᠴᠢᠳ ᠢ ᠪᠣᠯᠭᠤᠮᠵᠢᠲᠠᠢ ᠰᠣᠩᠭᠤᠬᠤ ᠬᠡᠷᠡᠭᠲᠡᠢ᠃ ᠤᠷᠢᠳᠴᠢᠯᠠᠨ ᠥᠭᠬᠦ ᠮᠠᠶ᠋ᠢᠭ ᠤᠨ ᠬᠡᠷᠡᠭᠯᠡᠭᠡ ᠨᠢ ᠨᠢᠭᠡᠨᠲᠡ ᠡᠯ᠎ᠡ ᠠᠵᠢᠯ ᠲᠥᠷᠥᠯ᠂ ᠵᠢᠱᠢᠶᠡᠯᠡᠪᠡᠯ ᠬᠤᠳᠠᠯᠳᠤᠭᠠᠨ ᠤ ᠴᠢᠯᠦᠭᠡᠳᠦ ᠳᠡᠯᠭᠡᠭᠦᠷ᠂ ᠪᠣᠭᠤᠷᠰᠤᠭ ᠤᠨ ᠥᠷᠥᠭᠡ᠂ ᠪᠡᠶ᠎ᠡ ᠴᠢᠭᠢᠷᠠᠭᠵᠢᠭᠤᠯᠬᠤ ᠥᠷᠥᠭᠡ᠂ ᠵᠢᠰᠦ ᠭᠤᠶᠣᠯᠠᠵᠤ ᠦᠰᠦ ᠵᠠᠰᠠᠬᠤ᠂ ᠬᠡᠦᠬᠡᠳ ᠤᠨ ᠵᠤᠭ᠎ᠠ ᠴᠡᠩᠭᠡᠯ ᠤᠨ ᠭᠠᠵᠠᠷ᠂ ᠹᠢᠽᠢᠺ ᠵᠠᠰᠠᠯ ᠪᠡᠶ᠎ᠡ ᠰᠤᠪᠢᠯᠠᠯᠲᠠ᠂ ᠰᠤᠷᠭᠠᠨ ᠬᠥᠮᠦᠵᠢᠯ ᠪᠣᠯᠪᠠᠰᠤᠷᠠᠯ ᠵᠡᠷᠭᠡ ᠠᠵᠢᠯ ᠲᠥᠷᠥᠯ ᠳᠤ ᠬᠤᠯᠪᠣᠭᠳᠠᠵᠤ᠂ ᠬᠡᠷᠡᠭᠯᠡᠭᠴᠢᠳ ᠤᠷᠢᠳᠴᠢᠯᠠᠨ ᠥᠭᠬᠦ ᠮᠠᠶ᠋ᠢᠭ ᠤᠨ ᠬᠡᠷᠡᠭᠯᠡᠭᠡ ᠬᠢᠬᠦ ᠳᠡᠭᠡᠨ ᠭᠡᠷᠡᠴᠢ ᠦᠨᠡᠮᠯᠡᠯ ᠪᠦᠷᠢᠨ ᠬᠦᠢᠴᠡᠳ᠂ ᠮᠠᠭᠲᠠᠭᠠᠯ ᠰᠠᠶᠢᠰᠢᠶᠠᠯ ᠦᠯᠡᠨᠵᠢ᠂ ᠦᠨᠡᠨᠴᠢ ᠢᠲᠡᠭᠡᠮᠵᠢᠲᠡᠶ ᠡᠵᠡᠩᠨᠡᠯᠲᠡ ᠰᠠᠶᠢᠨ᠂ ᠬᠤᠳᠠᠯᠳᠤᠭᠰᠠᠨ ᠤ ᠳᠠᠷᠠᠭᠠᠬᠢ ᠦᠢᠯᠡᠴᠢᠯᠡᠭᠡ ᠰᠠᠶᠢᠨ ᠬᠤᠳᠠᠯᠳᠤᠭᠠᠴᠢᠨ ᠢ ᠰᠣᠩᠭᠤᠵᠤ᠂ ︽ᠤᠷᠢᠳᠴᠢᠯᠠᠨ ᠥᠭᠬᠦ ᠺᠠᠷᠲ︾ ᠬᠤᠳᠠᠯᠳᠤᠨ ᠠᠪᠬᠤ ᠳᠠᠭᠠᠨ ᠡᠷᠬᠡᠪᠰᠢ ᠣᠶᠤᠨᠴᠢ ᠪᠣᠯᠭᠤᠮᠵᠢᠲᠠᠶ ᠪᠠᠶᠢᠵᠤ᠂ ᠬᠤᠳᠠᠯᠳᠤᠭᠠᠴᠢᠨ ᠤ ᠵᠠᠷ ᠮᠡᠳᠡᠭᠡᠨ ᠤ ᠤᠬᠠᠭᠤᠯᠭ᠎ᠠ ᠶᠢ ᠨᠠᠷᠢᠨ ᠬᠢᠨᠠᠮᠠᠭᠠᠶ ᠤᠩᠰᠢᠵᠤ᠂ ᠲᠠᠷᠠᠭᠠᠴᠢ ᠶᠢᠨ ᠪᠣᠳᠠᠲᠠᠶ ᠦᠢᠯᠡᠴᠢᠯᠡᠬᠡᠨ ᠤ ᠠᠯᠬᠤᠮ ᠳᠠᠷᠠᠭ᠎ᠠ ᠶᠢ ᠯᠠᠪᠯᠠᠨ ᠠᠰᠠᠭᠤᠵᠤ᠂ ᠴᠢᠬᠤᠯᠠᠲᠠᠶ ᠦᠶ᠎ᠡ ᠳᠤ ᠭᠡᠷ᠎ᠡ ᠲᠣᠭᠲᠠᠵᠤ᠂ ᠭᠡᠷ᠎ᠡ ᠠᠴᠠ ᠵᠥᠷᠢᠴᠡᠬᠦ ᠲᠦᠭᠰᠢᠭᠦᠷᠢ ᠶᠢ ᠪᠠᠭᠠᠰᠬᠠᠬᠤ ᠬᠡᠷᠡᠭᠲᠡᠶ᠃      ᠳᠥᠷᠪᠡ᠂ ᠣᠶᠤᠨᠴᠢ ᠬᠡᠷᠡᠭᠯᠡᠭᠡ᠃ ᠥᠪᠡᠷ ᠤᠨ ᠪᠣᠳᠠᠲᠤ ᠬᠡᠷᠡᠭᠴᠡᠭᠡ ᠪᠠᠨ ᠦᠨᠳᠦᠰᠦᠯᠡᠨ ᠤᠷᠢᠳᠴᠢᠯᠠᠨ ᠥᠭᠬᠦ ᠺᠠᠷᠲ ᠬᠤᠳᠠᠯᠳᠤᠨ ᠠᠪᠴᠤ᠂ ᠬᠤᠳᠠᠯᠳᠤᠭᠠᠴᠢᠨ ᠤ ᠪᠣᠷᠣᠯᠠᠭᠤᠯᠭ᠎ᠠ ᠳᠤ ᠠᠰᠢᠭ ᠣᠯᠭᠤᠬᠤ᠂ ᠦᠨ᠎ᠡ ᠪᠠᠭᠤᠷᠠᠭᠤᠯᠬᠤ ᠵᠡᠷᠭᠡ ᠠᠮᠠᠨ ᠤᠬᠠᠭᠤᠯᠭ᠎ᠠ ᠳᠤ ᠲᠠᠲᠠᠭᠳᠠᠵᠤ ᠪᠣᠯᠬᠤ ᠦᠭᠡᠢ᠃ ᠡᠭᠦᠨ ᠤ ᠬᠠᠮᠲᠤ᠂ ᠨᠢᠭᠡ ᠯᠡ ᠤᠳᠠᠭ᠎ᠠ ᠳᠡᠭᠡᠷ᠎ᠡ ᠤᠷᠢᠳᠴᠢᠯᠠᠨ ᠬᠠᠳᠠᠭᠠᠯᠠᠬᠤ ᠵᠣᠭᠤᠰ ᠤᠨ ᠲᠤᠭ᠎ᠠ ᠶᠢ ᠬᠡᠲᠦᠷᠬᠡᠢ ᠶᠡᠭᠡ ᠪᠠᠶᠢᠯᠭᠠᠵᠤ ᠪᠣᠯᠬᠤ ᠦᠭᠡᠢ᠂ ᠵᠣᠭᠤᠰ ᠤᠨ ᠲᠤᠭ᠎ᠠ ᠨᠢ ᠨᠡᠯᠢᠶᠡᠳ ᠪᠠᠭ᠎ᠠ᠂ ᠬᠤᠭᠤᠴᠠᠭ᠎ᠠ ᠨᠢ ᠨᠡᠯᠢᠶᠡᠳ ᠣᠬᠤᠷ ᠤᠷᠢᠳᠴᠢᠯᠠᠨ ᠥᠭᠬᠦ ᠺᠠᠷᠲ ᠢ ᠰᠣᠩᠭᠤᠵᠤ ᠬᠡᠷᠡᠭᠯᠡᠬᠦ ᠬᠡᠷᠡᠭᠲᠡᠢ ᠪᠥᠭᠡᠳ ᠪᠣᠯᠵᠣᠨ ᠲᠣᠭᠲᠠᠭᠰᠠᠨ ᠬᠤᠭᠤᠴᠠᠭᠠᠨ ᠳᠤ ᠠᠯᠢ ᠲᠦᠷᠭᠡᠨ ᠢᠶᠠᠷ ᠬᠡᠷᠡᠭᠯᠡᠬᠦ ᠬᠡᠷᠡᠭᠲᠡᠢ︔ ᠤᠷᠢᠳᠴᠢᠯᠠᠨ ᠥᠭᠬᠦ ᠲᠤᠭ᠎ᠠ ᠬᠡᠮᠵᠢᠶ᠎ᠡ ᠨᠢ ᠥᠨᠳᠥᠷ᠂ ᠦᠢᠯᠡᠴᠢᠯᠡᠬᠡᠨ ᠤ ᠦᠶᠡᠯᠡᠯ ᠤᠨ ᠬᠤᠭᠤᠴᠠᠭ᠎ᠠ ᠨᠢ ᠣᠷᠳᠣ ᠤᠷᠢᠳᠴᠢᠯᠠᠨ ᠥᠭᠬᠦ ᠺᠠᠷᠲ ᠢ ᠰᠣᠩᠭᠤᠬᠤ ᠠᠴᠠ ᠪᠣᠯᠭᠤᠮᠵᠢᠯᠠᠵᠤ᠂ ᠦᠨᠡᠨᠬᠦ ᠬᠦᠢᠴᠡᠳᠭᠡᠭᠦ ᠴᠢᠬᠤᠯᠠᠲᠠᠶ ᠦᠶ᠎ᠡ ᠳᠤ᠂ ᠤᠳᠠᠭ᠎ᠠ ᠪᠦᠷᠢ ᠶᠢᠨ ᠬᠡᠷᠡᠭᠯᠡᠭᠰᠡᠨ ᠤ ᠳᠠᠷᠠᠭᠠᠬᠢ ᠦᠯᠡᠳᠡᠪᠦᠷᠢ ᠶᠢ ᠬᠠᠷᠭᠤᠭᠤᠯᠵᠤ᠂ ᠺᠠᠷᠲ ᠳᠣᠲᠣᠷᠠᠬᠢ ᠦᠯᠡᠳᠡᠪᠦᠷᠢ ᠳᠤᠲᠠᠭᠳᠠᠬᠤ ᠠᠴᠠ ᠰᠡᠷᠭᠡᠶᠢᠯᠡᠬᠦ ᠬᠡᠷᠡᠭᠲᠡᠶ᠃      ᠲᠠᠪᠤ᠂ ᠬᠠᠤᠯᠢ ᠶᠣᠰᠣᠭᠠᠷ ᠡᠷᠬᠡ ᠪᠠᠨ ᠬᠠᠮᠠᠭᠠᠯᠠᠬᠤ᠃ ᠬᠡᠷᠡᠭᠯᠡᠭᠡᠨ ᠤ ᠵᠢᠭᠤᠷᠠᠯᠳᠤᠭᠠᠨ ᠭᠠᠷᠪᠠᠯ᠂ ᠴᠠᠭ ᠲᠤᠬᠠᠶ ᠳᠤᠨᠢ ᠬᠤᠳᠠᠯᠳᠤᠭᠠᠴᠢᠨ ᠲᠠᠢ ᠵᠥᠪᠳᠡᠯᠴᠡᠨ  ᠰᠢᠢᠳᠪᠦᠷᠢᠯᠡᠬᠦ ᠬᠡᠷᠡᠭᠲᠡᠶ᠂ 12345 ᠳᠤ ᠤᠲᠠᠰᠤᠳᠠᠬᠤ ᠪᠤᠶᠤ ᠬᠡᠷᠡᠭᠯᠡᠭᠴᠢᠳ ᠤᠨ ᠨᠡᠶᠢᠭᠡᠮᠯᠢᠭ ᠠᠴᠠ ᠠᠰᠠᠭᠤᠨ ᠯᠠᠪᠯᠠᠵᠤ᠂ ᠵᠠᠭᠠᠯᠳᠤᠵᠤ ᠴᠤ ᠪᠣᠯᠤᠨ᠎ᠠ᠃ ᠬᠤᠳᠠᠯᠳᠤᠭᠠᠴᠢᠨ ᠤᠷᠢᠳᠴᠢᠯᠠᠨ ᠥᠭᠬᠦ ᠵᠣᠭᠤᠰ ᠢ ᠮᠡᠬᠡᠯᠡᠨ ᠠᠪᠤᠭᠰᠠᠨ᠂ ᠮᠠᠭᠤ ᠰᠠᠨᠠᠭ᠎ᠠ ᠲᠠᠢ ᠪᠠᠷ ᠵᠣᠭᠤᠰ ᠴᠤᠭᠯᠠᠭᠤᠯᠤᠨ        ︽ᠳᠤᠲᠠᠭᠠᠭᠰᠠᠨ︾ ᠵᠡᠷᠭᠡ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠪᠠᠶᠢᠬᠤ ᠶᠢ ᠣᠯᠵᠤ ᠮᠡᠳᠡᠪᠡᠯ᠂ ᠲᠡᠷᠡ ᠳᠠᠷᠤᠶ ᠳᠤᠨᠢ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠭ᠎ᠠ ᠳᠤ ᠮᠡᠳᠡᠭᠦᠯᠵᠦ᠂ ᠲᠤᠰ ᠪᠡᠶ᠎ᠡ ᠶᠢᠨ ᠬᠠᠤᠯᠢ ᠶᠣᠰᠣᠨ ᠤ ᠡᠷᠬᠡ ᠠᠰᠢᠭ ᠢᠶᠠᠨ ᠬᠠᠤᠯᠢ ᠶᠣᠰᠣᠭᠠᠷ ᠬᠠᠮᠠᠭᠠᠯᠠᠬᠤ ᠬᠡᠷᠡᠭᠲᠡᠶ᠃
 
ᠢᠷᠡᠯᠲᠡ᠄ ᠠᠯᠠᠱᠠ ᠶᠢᠨ ᠷᠠᠳᠢᠤ᠋ ᠲᠧᠯᠸᠢᠰ ᠬᠤᠷᠢᠶ᠎ᠠ ᠶᠢᠨ ᠬᠢᠳᠠᠳ ᠸᠢᠴᠠᠲ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号