︽ᠨᠢᠭᠤᠨ ᠳᠠᠯᠳᠠᠯᠠᠬᠤ︾ ︽ᠥᠮᠥᠭᠯᠡᠬᠦ︾ ᠳᠤ ᠬᠡᠷᠬᠢᠨ ᠶᠠᠯ᠎ᠠ ᠲᠣᠭᠲᠠᠭᠠᠬᠤ ᠲᠤᠬᠠᠢ ᠠᠷᠠᠳ ᠤᠨ ᠳᠡᠭᠡᠳᠦ ᠰᠢᠭᠦᠬᠦ ᠬᠤᠷᠢᠶ᠎ᠡ ᠠᠷᠠᠳ ᠤᠨ ᠲᠡᠭᠡᠳᠤ ᠪᠠᠶᠢᠴᠠᠭᠠᠬᠤ ᠬᠤᠷᠢᠶ᠎ᠠ ᠬᠠᠤᠯᠢ ᠴᠠᠭᠠᠵᠠ ᠶᠢᠨ ᠲᠠᠶᠢᠯᠪᠤᠷᠢᠯᠠᠯᠲᠠ ᠬᠢᠵᠦ ᠨᠠᠷᠢᠯᠢᠬᠵᠢᠭᠤᠯᠤᠭᠰᠠᠨ ᠲᠣᠭᠲᠠᠭᠠᠯ ᠭᠠᠷᠭᠠᠪᠠ
ᠨᠡᠶᠢᠲᠡᠯᠡᠭᠰᠡᠨ ᠴᠠᠭ᠄
2021/10/13
      ᠠᠷᠠᠳ ᠤᠨ ᠳᠡᠭᠡᠳᠦ ᠰᠢᠭᠦᠬᠦ ᠬᠤᠷᠢᠶ᠎ᠠ᠂ ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ ᠨᠢᠭᠤᠨ ᠳᠠᠯᠳᠠᠯᠠᠬᠤ ᠂ ᠦᠮᠦᠭᠯᠡᠬᠦ ᠡᠷᠡᠭᠦᠦ ᠶᠢᠨ ᠬᠡᠷᠡᠭ ᠢ ᠰᠢᠢᠳᠪᠦᠷᠢᠯᠡᠬᠦ ᠳᠤ ᠲᠤᠬᠢᠷᠠᠬᠤ ᠬᠠᠤᠯᠢ ᠴᠠᠭᠠᠵᠠ ᠶᠢᠨ ᠠᠰᠠᠭᠤᠳᠠᠯ ᠤᠳ ᠤᠨ ᠲᠤᠬᠠᠶ ᠲᠠᠶᠢᠯᠪᠤᠷᠢᠯᠠᠯᠲᠠ ᠨᠡᠶᠢᠲᠡᠯᠡᠵᠦ᠂ ᠨᠢᠭᠤᠭᠰᠠᠨ ᠶᠠᠯ᠎ᠠ ᠪᠠ ᠥᠮᠥᠭᠯᠡᠭᠰᠡᠨ ᠶᠠᠯ᠎ᠠ ᠶᠢᠨ ᠪᠦᠷᠢᠯᠳᠦᠯ ᠤᠨ ᠴᠢᠬᠤᠯᠠ ᠨᠥᠬᠦᠴᠡᠯ ᠤᠨ ᠲᠤᠬᠠᠶ ᠨᠠᠷᠢᠯᠢᠭ ᠲᠣᠭᠲᠠᠭᠠᠯ ᠭᠠᠷᠭᠠᠵᠤ᠂ ︽ᠦᠢᠯᠡ ᠪᠠᠶᠢᠳᠠᠯ ᠨᠢ ᠬᠦᠨᠳᠦ ᠨᠣᠴᠢᠲᠠᠶ︾ ᠪᠠᠶᠢᠬᠤ ᠪᠠᠶᠢᠳᠠᠯ ᠵᠡᠷᠭᠡ ᠶᠢ ᠲᠣᠳᠣᠷᠬᠠᠶᠢᠯᠠᠪᠠ᠃ ᠲᠤᠰ ᠬᠠᠤᠯᠢ ᠴᠠᠭᠠᠵᠠ ᠶᠢᠨ ᠲᠠᠶᠢᠯᠪᠤᠷᠢᠯᠠᠯᠲᠠ ᠶᠢ 8 ᠰᠠᠷ᠎ᠠ ᠶᠢᠨ 11 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃       ᠡᠨᠡ ᠬᠦ ᠬᠠᠤᠯᠢ ᠴᠠᠭᠠᠵᠠ ᠶᠢᠨ ᠲᠠᠶᠢᠯᠪᠤᠷᠢᠯᠠᠯᠲᠠ ᠶᠢ ᠦᠨᠳᠦᠰᠦᠯᠡᠪᠡᠯ᠂ ᠶᠠᠯ᠎ᠠ ᠬᠢᠭᠰᠡᠨ ᠬᠥᠮᠦᠨ ᠪᠣᠯᠬᠤ ᠶᠢ ᠲᠣᠳᠣᠷᠬᠠᠢ ᠮᠡᠳᠡᠵᠦ ᠪᠠᠶᠢᠭᠠᠳ ᠲᠡᠭᠦᠨ ᠢ ᠬᠠᠪᠰᠤᠷᠤᠨ ᠤᠷᠭᠤᠨ ᠳᠤᠲᠠᠭᠠᠯᠭᠠᠵᠤ᠂ ᠶᠠᠯ᠎ᠠ ᠬᠢᠭᠰᠡᠨ ᠬᠥᠮᠦᠨ ᠳᠤ ᠭᠡᠷ ᠪᠠᠶᠢᠰᠢᠩ ᠪᠤᠶᠤ ᠨᠢᠭᠤᠨ ᠳᠠᠯᠳᠠᠯᠠᠬᠤ ᠳᠤ ᠬᠡᠷᠡᠭᠯᠡᠵᠦ ᠪᠣᠯᠬᠤ ᠪᠤᠰᠤᠳ ᠭᠠᠵᠠᠷ᠂ ᠲᠡᠷᠭᠡ ᠬᠥᠰᠬᠡ᠂ ᠣᠩᠭᠤᠴᠠ ᠰᠠᠯ ᠂ ᠠᠭᠠᠷ ᠤᠨ ᠨᠢᠰᠦᠭᠦᠷ ᠵᠡᠷᠭᠡ ᠵᠠᠮ ᠬᠠᠷᠢᠯᠴᠠᠭᠠᠨ ᠤ ᠪᠠᠭᠠᠵᠢ᠂ ᠭᠠᠷ ᠤᠲᠠᠰᠤ ᠵᠡᠷᠭᠡ ᠴᠢᠮᠡᠭᠡ ᠬᠤᠯᠪᠣᠭᠠᠨ ᠤ ᠪᠠᠭᠠᠵᠢ᠂ ᠵᠣᠭᠤᠰ ᠮᠥᠩᠭᠦ ᠵᠡᠷᠭᠡ ᠶᠢ ᠬᠠᠩᠭᠠᠬᠰᠡᠨ ᠪᠠᠶᠢᠪᠡᠯ ᠨᠢᠭᠤᠨ ᠳᠠᠯᠳᠠᠯᠠᠭᠰᠠᠨ ᠶᠠᠯ᠎ᠠ ᠪᠠᠷ ᠶᠠᠯ᠎ᠠ ᠲᠣᠭᠲᠠᠭᠠᠵᠤ ᠰᠢᠢᠳᠬᠡᠨ᠎ᠡ᠃       ᠬᠠᠤᠯᠢ ᠴᠠᠭᠠᠵᠠ ᠶᠢᠨ ᠲᠠᠶᠢᠯᠪᠤᠷᠢᠯᠠᠯᠲᠠ ᠳᠤ ᠪᠠᠰᠠ᠂ ᠪᠠᠲᠤᠯᠠᠭᠴᠢ ᠨᠢ ᠶᠠᠯ᠎ᠠ ᠬᠢᠭᠰᠡᠨ ᠬᠥᠮᠦᠨ ᠤ ᠪᠠᠲᠤᠯᠠᠭ᠎ᠠ ᠠᠪᠴᠤ ᠰᠢᠭᠦᠬᠦ ᠶᠢ ᠬᠦᠯᠢᠶᠡᠯᠭᠡᠬᠦ ᠬᠤᠭᠤᠴᠠᠭᠠᠨ ᠳᠤ ᠲᠡᠭᠦᠨ ᠢ ᠬᠠᠮᠵᠢᠨ ᠤᠷᠭᠤᠨ ᠳᠤᠲᠠᠭᠠᠯᠭᠠᠭᠰᠠᠨ ᠪᠤᠶᠤ ᠶᠠᠯ᠎ᠠ ᠬᠢᠭᠰᠡᠨ ᠬᠥᠮᠦᠨ ᠤ ᠨᠢᠭᠤᠨ ᠳᠠᠯᠳᠠᠯᠠᠭᠰᠠᠨ ᠭᠠᠵᠠᠷ᠂ ᠬᠠᠷᠢᠯᠴᠠᠬᠤ ᠠᠷᠭ᠎ᠠ ᠮᠠᠶ᠋ᠢᠭ ᠢ ᠲᠣᠳᠣᠷᠬᠠᠢ ᠮᠡᠳᠡᠵᠦ ᠪᠠᠶᠢᠭᠠᠳ ᠬᠠᠤᠯᠢ ᠴᠠᠭᠠᠵᠠ ᠶᠢᠨ ᠪᠠᠶᠢᠭᠤᠯᠭ᠎ᠠ ᠳᠤ ᠬᠠᠩᠭᠠᠬᠤ ᠶᠢ ᠲᠡᠪᠴᠢᠭᠰᠡᠨ ᠪᠠᠶᠢᠪᠠᠯ᠂ ᠡᠷᠡᠭᠦᠦ ᠶᠢᠨ ᠬᠠᠤᠯᠢ ᠶᠢᠨ ᠲᠣᠭᠲᠠᠭᠠᠯ ᠶᠣᠰᠣᠭᠠᠷ ᠪᠠᠲᠤᠯᠠᠭᠴᠢ ᠶᠢ ᠨᠢᠭᠤᠨ ᠳᠠᠯᠳᠠᠯᠠᠭᠰᠠᠨ ᠶᠠᠯ᠎ᠠ ᠪᠠᠷ ᠶᠠᠯ᠎ᠠ ᠲᠣᠭᠲᠠᠭᠠᠵᠤ ᠰᠢᠢᠳᠬᠡᠪᠡᠯ ᠵᠤᠬᠢᠨ᠎ᠡ᠃ ᠬᠡᠳᠦ᠋ᠢᠪᠡᠷ ᠶᠠᠯ᠎ᠠ ᠬᠢᠭᠰᠡᠨ ᠬᠥᠮᠦᠨ ᠳᠤ ᠨᠢᠭᠤᠨ ᠳᠠᠯᠳᠠᠯᠠᠬᠤ ᠭᠠᠵᠠᠷ᠂ ᠵᠣᠭᠤᠰ ᠮᠥᠩᠭᠦ ᠡᠳ᠋ ᠪᠣᠳᠠᠰ ᠬᠠᠩᠭᠠᠭᠰᠠᠨ ᠪᠣᠯᠪᠠᠴᠤ ᠶᠠᠯ᠎ᠠ ᠬᠢᠭᠰᠡᠨ ᠬᠥᠮᠦᠨ ᠢ ᠬᠠᠪᠰᠤᠷᠴᠤ ᠪᠠᠶᠢᠭᠠᠳ ᠣᠷᠭᠤᠨ ᠳᠤᠲᠠᠭᠠᠯᠭᠠᠬᠤ ᠵᠣᠷᠢᠯᠭ᠎ᠠ ᠠᠴᠠ ᠪᠢᠰᠢ ᠪᠠᠶᠢᠪᠠᠯ ᠨᠢᠭᠤᠨ ᠳᠠᠯᠳᠠᠯᠠᠭᠰᠠᠨ ᠶᠠᠯ᠎ᠠ ᠪᠠᠷ ᠶᠠᠯ᠎ᠠ ᠲᠣᠭᠲᠠᠭᠠᠵᠤ ᠰᠢᠢᠳᠬᠡᠬᠦ ᠦᠭᠡᠢ︔ ᠬᠠᠤᠯᠢ ᠪᠠᠷ ᠲᠣᠭᠲᠠᠭᠠᠭᠰᠠᠨ ᠮᠡᠳᠡᠭᠦᠯᠬᠦ ᠡᠭᠦᠷᠭᠡ ᠪᠠᠨ ᠦᠯᠦ ᠭᠦᠢᠴᠡᠳᠬᠡᠭᠰᠡᠨ ᠦᠢᠯᠡ ᠠᠵᠢᠯᠯᠠᠭᠠᠳᠠᠨ ᠢ ᠬᠠᠤᠯᠢ ᠶᠣᠰᠣᠭᠠᠷ ᠬᠤᠯᠪᠣᠭᠳᠠᠯ ᠪᠦᠬᠦᠢ ᠡᠷᠬᠢᠯᠡᠨ ᠬᠠᠮᠢᠶᠠᠷᠬᠤ ᠪᠠᠶᠢᠭᠤᠯᠭ᠎ᠠ ᠳᠤ ᠰᠢᠯᠵᠢᠭᠦᠯᠦᠨ ᠬᠦᠷᠭᠡᠵᠦ ᠵᠠᠰᠠᠭ ᠵᠠᠬᠢᠷᠭᠠᠨ ᠤ ᠰᠢᠢᠳᠬᠡᠯ ᠥᠭᠭᠦᠨ᠎ᠡ ᠭᠡᠵᠦ ᠲᠤᠭᠳᠠᠭᠠᠪᠠ᠃       ᠬᠠᠤᠯᠢ ᠴᠠᠭᠠᠵᠠ ᠶᠢᠨ ᠲᠠᠶᠢᠯᠪᠤᠷᠢᠯᠠᠯᠲᠠ ᠶᠢ ᠦᠨᠳᠦᠰᠦᠯᠡᠪᠡᠯ᠂ ᠶᠠᠯ᠎ᠠ ᠬᠢᠭᠰᠡᠨ ᠬᠥᠮᠦᠨ ᠪᠣᠯᠬᠤ ᠶᠢ ᠲᠣᠳᠣᠷᠬᠠᠢ ᠮᠡᠳᠡᠵᠤ ᠪᠠᠶᠢᠭᠠᠳ᠂ ᠲᠡᠭᠦᠨ ᠢ ᠬᠠᠪᠰᠤᠷᠤᠨ ᠡᠷᠡᠭᠦᠦ ᠶᠢᠨ ᠬᠡᠷᠡᠭ ᠤᠨ ᠨᠡᠬᠡᠮᠵᠢᠯᠡᠯ ᠠᠴᠠ ᠵᠠᠶᠢᠯᠠᠭᠤᠯᠬᠤ ᠶᠢᠨ ᠲᠥᠯᠥᠭᠡ᠂ ᠡᠰᠡᠬᠦᠯ᠎ᠡ ᠲᠡᠭᠦᠨ ᠢ ᠬᠠᠪᠰᠤᠷᠤᠨ ᠠᠭᠤᠴᠢᠯᠠᠨ ᠰᠢᠢᠳᠬᠡᠭᠳᠡᠭᠦᠯᠬᠦ ᠶᠢᠨ ᠲᠥᠯᠥᠭᠡ᠂ ᠵᠣᠷᠢᠭᠤᠳᠠ ᠶᠠᠯ᠎ᠠ ᠬᠢᠭᠰᠡᠨ ᠬᠥᠮᠦᠨ ᠢ ᠣᠷᠣᠯᠠᠨ ᠬᠠᠤᠯᠢ ᠴᠠᠭᠠᠵᠠ ᠶᠢᠨ ᠪᠠᠶᠢᠭᠤᠯᠭ᠎ᠠ ᠶᠢ ᠮᠡᠬᠡᠯᠡᠵᠦ᠂ ᠬᠠᠤᠯᠢ ᠴᠠᠭᠠᠵᠠ ᠶᠢᠨ ᠪᠠᠶᠢᠭᠤᠯᠭ᠎ᠠ ᠳᠤ ᠵᠣᠷᠢᠭᠤᠳᠠ ᠬᠤᠳᠠᠯ ᠬᠠᠭᠤᠷᠮᠠᠭ ᠲᠤᠭᠠᠴᠢᠯᠲᠠ ᠬᠢᠭᠰᠡᠨ ᠪᠤᠶᠤ ᠬᠤᠳᠠᠯ ᠬᠠᠭᠤᠷᠮᠠᠭ ᠭᠡᠷᠡᠴᠢ ᠬᠠᠩᠭᠠᠭᠰᠠᠨ ᠵᠡᠷᠭᠡ ᠶᠢ ᠥᠮᠥᠭᠯᠡᠭᠰᠡᠨ ᠶᠠᠯ᠎ᠠ ᠪᠠᠷ ᠶᠠᠯ᠎ᠠ ᠲᠣᠭᠲᠠᠭᠠᠵᠤ ᠰᠢᠢᠳᠬᠡᠨ᠎ᠡ᠃       ᠬᠠᠤᠯᠢ ᠴᠠᠭᠠᠵᠠ ᠶᠢᠨ ᠲᠠᠶᠢᠯᠪᠤᠷᠢᠯᠠᠯᠲᠠ ᠳᠤ ᠪᠠᠰᠠ᠂ ᠪᠤᠰᠤᠳ ᠬᠥᠮᠦᠨ ᠲᠠᠩᠨᠠᠭᠤᠯ ᠤᠨ ᠶᠠᠯᠠᠲᠤ ᠠᠵᠢᠯᠯᠠᠭ᠎ᠠ ᠪᠤᠶᠤ ᠰᠦᠷᠳᠡᠭᠦᠯᠬᠦ ᠦᠵᠡᠯ᠂ ᠬᠡᠲᠦᠷᠡᠮᠡᠬᠡᠢ ᠦᠵᠡᠯ ᠤᠨ ᠶᠠᠯᠠᠲᠤ ᠠᠵᠢᠯᠯᠠᠭ᠎ᠠ ᠲᠠᠢ ᠪᠠᠶᠢᠬᠤ ᠶᠢ ᠲᠣᠳᠣᠷᠬᠠᠢ ᠮᠡᠳᠡᠵᠦ ᠪᠠᠶᠢᠭᠠᠳ᠂ ᠬᠠᠤᠯᠢ ᠴᠠᠭᠠᠵᠠ ᠶᠢᠨ ᠪᠠᠶᠢᠭᠤᠯᠭ᠎ᠠ ᠲᠡᠭᠦᠨ ᠠᠴᠠ ᠬᠤᠯᠪᠣᠭᠳᠠᠯ ᠪᠦᠬᠦᠢ ᠪᠠᠶᠢᠳᠠᠯ ᠢ ᠪᠠᠶᠢᠴᠠᠭᠠᠵᠤ᠂ ᠬᠤᠯᠪᠣᠭᠳᠠᠯ ᠪᠦᠬᠦᠢ ᠭᠡᠷᠡᠴᠢ ᠪᠠᠷᠢᠮᠲᠠ ᠶᠢ ᠴᠤᠭᠯᠠᠭᠤᠯᠬᠤ ᠦᠶ᠎ᠡ ᠳᠤ᠂ ᠬᠠᠩᠭᠠᠬᠤ ᠶᠢ ᠲᠡᠪᠴᠢᠵᠦ᠂ ᠦᠢᠯᠡ ᠪᠠᠶᠢᠳᠠᠯ ᠨᠢ ᠬᠦᠨᠳᠦ ᠨᠣᠴᠢᠲᠠᠢ ᠪᠠᠶᠢᠪᠠᠯ᠂ ᠡᠷᠡᠭᠦᠦ ᠶᠢᠨ ᠬᠠᠤᠯᠢ ᠶᠢᠨ ᠭᠤᠷᠪᠠᠨ ᠵᠠᠭᠤ ᠠᠷᠪᠠᠨ ᠨᠢᠭᠡᠳᠦᠭᠡᠷ ᠵᠦᠢᠯ ᠤᠨ ᠲᠣᠭᠲᠠᠭᠠᠯ ᠶᠣᠰᠣᠭᠠᠷ ᠲᠠᠩᠨᠠᠭᠤᠯ ᠤᠨ ᠶᠠᠯᠠᠲᠤ ᠠᠵᠢᠯᠯᠠᠭ᠎ᠠ᠂ ᠰᠦᠷᠳᠡᠭᠦᠯᠬᠦ ᠦᠵᠡᠯ ᠤᠨ ᠶᠠᠯᠠᠲᠤ ᠠᠵᠢᠯᠯᠠᠭ᠎ᠠ᠂ ᠬᠡᠲᠦᠷᠡᠮᠡᠬᠡᠢ ᠦᠵᠡᠯ ᠤᠨ ᠶᠠᠯᠠᠲᠤ ᠠᠵᠢᠯᠯᠠᠭ᠎ᠠ ᠶᠢᠨ ᠭᠡᠷᠡᠴᠢ ᠪᠠᠷᠢᠮᠲᠠ ᠬᠠᠩᠭᠠᠬᠤ ᠶᠢ ᠲᠡᠪᠴᠢᠭᠰᠡᠨ ᠶᠠᠯ᠎ᠠ ᠪᠠᠷ ᠶᠠᠯ᠎ᠠ ᠲᠣᠭᠲᠠᠭᠠᠵᠤ ᠰᠢᠢᠳᠬᠡᠨ᠎ᠡ︔ ᠬᠠᠭᠤᠷᠮᠠᠭ ᠭᠡᠷᠡᠴᠢ ᠪᠠᠷᠢᠮᠲᠠ ᠵᠣᠬᠢᠶᠠᠵᠤ ᠥᠮᠥᠭᠯᠡᠭᠰᠡᠨ ᠪᠠᠶᠢᠪᠠᠯ᠂ ᠡᠷᠡᠭᠦᠦ ᠶᠢᠨ ᠬᠠᠤᠯᠢ ᠶᠢᠨ ᠭᠤᠷᠪᠠᠨ ᠵᠠᠭᠤ ᠠᠷᠪᠠᠳᠤᠭᠠᠷ ᠵᠦᠢᠯ ᠤᠨ ᠲᠣᠭᠲᠠᠭᠠᠯ ᠶᠣᠰᠣᠭᠠᠷ ᠥᠮᠥᠭᠯᠡᠭᠰᠡᠨ ᠶᠠᠯ᠎ᠠ ᠪᠠᠷ ᠬᠦᠨᠳᠦ ᠪᠠᠷ ᠰᠢᠢᠳᠬᠡᠨ᠎ᠡ ᠭᠡᠵᠤ ᠲᠤᠳᠤᠷᠬᠠᠢ ᠲᠤᠬᠳᠠᠭᠠᠪᠠ᠃       ᠶᠠᠯᠠᠲᠤ ᠠᠵᠢᠯᠯᠠᠭ᠎ᠠ ᠶᠢ ᠨᠢᠭᠤᠨ ᠳᠠᠯᠳᠠᠯᠠᠵᠤ᠂ ᠥᠮᠥᠭᠯᠡᠭᠰᠡᠨ ︽ᠦᠢᠯᠡ ᠪᠠᠶᠢᠳᠠᠯ ᠨᠢ ᠬᠦᠨᠳᠦ ᠨᠣᠴᠢᠲᠠᠢ︾ ᠪᠠᠶᠢᠬᠤ ᠲᠤᠬᠠᠢ ᠬᠠᠤᠯᠢ ᠴᠠᠭᠠᠵᠠ ᠶᠢᠨ ᠲᠠᠶᠢᠯᠪᠤᠷᠢᠯᠠᠯᠲᠠ ᠳᠤ ᠨᠢᠭᠤᠨ ᠳᠠᠯᠳᠠᠯᠠᠵᠤ᠂ ᠥᠮᠥᠭᠯᠡᠭᠰᠡᠨ ᠬᠥᠮᠦᠨ ᠢ ᠪᠠᠭᠲᠠᠭᠠᠭᠰᠠᠨ ᠵᠢᠷᠭᠤᠭᠠᠨ ᠵᠦᠢᠯ ᠤᠨ ᠪᠠᠶᠢᠳᠠᠯ ᠢ ᠲᠣᠭᠲᠠᠭᠠᠵᠠᠢ᠂ ᠡᠭᠦᠨ ᠳᠤ ᠨᠢᠭᠤᠨ ᠳᠠᠯᠳᠠᠯᠠᠵᠤ᠂ ᠥᠮᠥᠭᠯᠡᠭᠰᠡᠨ ᠬᠥᠮᠦᠨ ᠢ ᠬᠤᠭᠤᠴᠠᠭ᠎ᠠ ᠦᠭᠡᠢ ᠬᠤᠷᠢᠬᠤ ᠡᠷᠡᠭᠦᠦ ᠠᠴᠠ ᠳᠡᠭᠡᠭᠰᠢ ᠡᠷᠡᠭᠦᠦ ᠰᠢᠢᠳᠬᠡᠯ ᠢᠶᠠᠷ ᠰᠢᠢᠳᠬᠡᠵᠦ ᠮᠡᠳᠡᠬᠦ︔ ᠨᠢᠭᠤᠨ ᠳᠠᠯᠳᠠᠯᠠᠬᠳᠠᠵᠤ᠂ ᠥᠮᠥᠭᠯᠡᠭᠳᠡᠭᠰᠡᠨ ᠬᠥᠮᠦᠨ ᠤᠯᠤᠰ ᠣᠷᠣᠨ ᠤ ᠠᠮᠤᠷ ᠲᠦᠪᠰᠢᠨ ᠳᠤ ᠬᠤᠣᠷ ᠬᠥᠨᠥᠭᠡᠯ ᠤᠴᠠᠷᠠᠭᠤᠯᠤᠭᠰᠠᠨ ᠶᠠᠯ᠎ᠠ᠂ ᠰᠦᠷᠳᠡᠭᠦᠯᠬᠦ ᠦᠵᠡᠯ ᠪᠤᠶᠤ ᠬᠡᠲᠦᠷᠡᠮᠡᠬᠡᠢ ᠦᠵᠡᠯ ᠤᠨ ᠶᠠᠯ᠎ᠠ ᠬᠢᠭᠰᠡᠨ᠂ ᠡᠰᠡᠬᠦᠯ᠎ᠡ ᠬᠠᠷ᠎ᠠ ᠪᠦᠯᠦᠭ ᠤᠨ ᠰᠢᠨᠵᠢ ᠴᠢᠨᠠᠷᠲᠠᠢ ᠵᠣᠬᠢᠶᠠᠨ ᠪᠠᠶᠢᠭᠤᠯᠤᠯᠲᠠ ᠶᠢᠨ ᠶᠠᠯ᠎ᠠ ᠬᠢᠭᠰᠡᠨ ᠵᠣᠬᠢᠶᠠᠨ ᠪᠠᠶᠢᠭᠤᠯᠤᠭᠴᠢ᠂ ᠤᠳᠤᠷᠢᠳᠤᠭᠴᠢ ᠪᠣᠯᠬᠤ ᠮᠥᠷᠲᠡᠭᠡᠨ ᠠᠷᠪᠠᠨ ᠵᠢᠯ ᠠᠴᠠ ᠳᠡᠭᠡᠭᠰᠢ ᠬᠤᠭᠤᠴᠠᠭ᠎ᠠ ᠲᠠᠢ ᠬᠤᠷᠢᠬᠤ ᠡᠷᠡᠭᠦᠦ ᠰᠢᠢᠳᠬᠡᠯ ᠢᠶᠠᠷ ᠰᠢᠢᠳᠬᠡᠭᠳᠡᠵᠦ ᠮᠡᠳᠡᠬᠦ︔ ᠨᠢᠭᠤᠨ ᠳᠠᠯᠳᠠᠯᠠᠬᠳᠠᠵᠤ᠂ ᠥᠮᠥᠭᠯᠡᠭᠳᠡᠭᠰᠡᠨ ᠬᠥᠮᠦᠨ ᠨᠢ ᠶᠠᠯᠠᠲᠤ ᠪᠦᠯᠦᠭ ᠤᠨ ᠲᠦᠷᠦᠬᠦᠦ ᠪᠣᠯᠬᠤ ᠮᠥᠷᠲᠡᠭᠡᠨ ᠠᠷᠪᠠᠨ ᠵᠢᠯ ᠬᠤᠭᠤᠴᠠᠭ᠎ᠠ ᠲᠠᠢ ᠬᠤᠷᠢᠬᠤ ᠠᠴᠠ ᠳᠡᠭᠡᠭᠰᠢ ᠡᠷᠡᠭᠦᠦ ᠰᠢᠢᠳᠬᠡᠯ ᠢᠶᠠᠷ ᠰᠢᠳᠬᠡᠭᠳᠡᠵᠦ ᠮᠡᠳᠡᠬᠦ︔ ᠨᠢᠭᠤᠨ ᠳᠠᠯᠳᠠᠯᠠᠭᠳᠠᠵᠤ᠂ ᠥᠮᠥᠭᠯᠡᠭᠳᠡᠭᠰᠡᠨ ᠬᠥᠮᠦᠨ ᠨᠢᠭᠤᠨ ᠳᠠᠯᠳᠠᠯᠠᠭᠳᠠᠵᠤ᠂ ᠥᠮᠥᠭᠯᠡᠭᠳᠡᠭᠰᠡᠨ ᠬᠤᠭᠤᠴᠠᠭᠠᠨ ᠳᠤ ᠳᠠᠬᠢᠨᠲᠠ ᠵᠣᠷᠢᠭᠤᠳᠠ ᠶᠠᠯ᠎ᠠ ᠬᠢᠭᠰᠡᠨ ᠪᠥᠭᠡᠳ ᠰᠢᠨ᠎ᠡ ᠶᠠᠯ᠎ᠠ ᠨᠢ ᠲᠠᠪᠤᠨ ᠵᠢᠯ ᠬᠤᠭᠤᠴᠠᠭ᠎ᠠ ᠲᠠᠢ ᠬᠤᠷᠢᠬᠤ ᠠᠴᠠ ᠳᠡᠭᠡᠭᠰᠢ ᠡᠷᠡᠭᠦᠦ ᠰᠢᠢᠳᠬᠡᠯ ᠢᠶᠠᠷ ᠰᠢᠢᠳᠬᠡᠭᠳᠡᠵᠦ ᠮᠡᠳᠡᠬᠦ ᠵᠡᠷᠭᠡ ᠶᠢ ᠪᠠᠭᠳᠠᠭᠠᠨ᠎ᠡ᠃       ᠬᠠᠤᠯᠢ ᠴᠠᠭᠠᠵᠠ ᠶᠢᠨ ᠲᠠᠶᠢᠯᠪᠤᠷᠢᠯᠠᠯᠲᠠ ᠳᠤ ᠪᠠᠰᠠ ᠨᠢᠭᠤᠨ ᠳᠠᠯᠳᠠᠯᠠᠵᠤ᠂ ᠥᠮᠥᠭᠯᠡᠭᠰᠡᠨ ᠶᠠᠯ᠎ᠠ ᠶᠢ ᠮᠠᠭᠠᠳᠯᠠᠨ ᠲᠣᠭᠲᠠᠭᠠᠬᠤ ᠳᠠᠭᠠᠨ ᠨᠢᠭᠤᠨ ᠳᠠᠯᠳᠠᠯᠠᠵᠤ᠂ ᠥᠮᠥᠭᠯᠡᠭᠰᠡᠨ ᠬᠥᠮᠦᠨ ᠤ ᠦᠢᠯᠡ ᠠᠵᠢᠯᠯᠠᠭ᠎ᠠ ᠨᠢ ᠶᠠᠯ᠎ᠠ ᠪᠤᠯᠵᠤ ᠪᠦᠷᠢᠯᠳᠦᠬᠦ ᠪᠠᠷ ᠤᠷᠢᠲᠠᠯ ᠪᠣᠯᠭᠠᠨ᠎ᠠ᠃ ᠨᠢᠭᠤᠨ ᠳᠠᠯᠳᠠᠯᠠᠬᠳᠠᠵᠤ᠂ ᠥᠮᠥᠭᠯᠡᠭᠳᠡᠭᠰᠡᠨ ᠬᠥᠮᠦᠨ ᠪᠠᠷᠢᠪᠴᠢᠯᠠᠭᠳᠠᠭᠰᠠᠨ ᠤ ᠲᠠᠷᠠᠭ᠎ᠠ ᠶᠠᠯ᠎ᠠ ᠦᠭᠡᠢ ᠪᠠᠷ ᠵᠠᠷᠯᠠᠭᠳᠠᠭᠰᠠᠨ ᠪᠠᠶᠢᠪᠠᠯ᠂ ᠬᠠᠤᠯᠢ ᠳᠤ ᠲᠣᠭᠲᠠᠭᠠᠭᠰᠠᠨ ᠵᠢᠷᠤᠮ ᠶᠣᠰᠣᠭᠠᠷ ᠨᠢᠭᠤᠨ ᠳᠠᠯᠳᠠᠯᠠᠵᠤ᠂ ᠥᠮᠥᠭᠯᠡᠭᠰᠡᠨ ᠦᠢᠯᠡ ᠠᠵᠢᠯᠯᠠᠭᠠᠳᠠᠨ ᠢ ᠶᠠᠯ᠎ᠠ ᠦᠭᠡᠢ ᠪᠠᠷ ᠵᠠᠷᠯᠠᠪᠡᠯ ᠵᠤᠬᠢᠨ᠎ᠡ ᠭᠡᠵᠤ ᠲᠤᠬᠳᠠᠭᠠᠪᠠ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号