ᠮᠣᠩᠭᠤᠯ ᠤᠯᠤᠰ ᠤᠨ ᠡᠳᠦᠷ ᠲᠤ ᠰᠢᠨ᠎ᠡ ᠪᠠᠷ ᠨᠡᠮᠡᠭᠳᠡᠭᠰᠡᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢᠶᠠᠷ ᠨᠠᠰᠤ ᠪᠠᠷᠠᠭᠰᠠᠨ ᠡᠪᠡᠳᠴᠢᠲᠡᠨ ᠤ ᠲᠤᠭ᠎ᠠ ᠰᠢᠨ᠎ᠡ  ᠲᠡᠮᠳᠡᠭᠯᠡᠯ ᠢ ᠡᠭᠦᠳᠪᠡ
ᠨᠡᠶᠢᠲᠡᠯᠡᠭᠰᠡᠨ ᠴᠠᠭ᠄
2021/10/13
    ᠮᠣᠩᠭᠤᠯ ᠤᠯᠤᠰ ᠤᠨ ᠡᠷᠡᠭᠦᠯ ᠬᠠᠮᠠᠭᠠᠯᠠᠯ ᠤᠨ ᠶᠠᠮᠤᠨ ᠤ 25 ᠤ ᠡᠳᠦᠷ ᠨᠡᠶᠢᠲᠡᠯᠡᠭᠰᠡᠨ ᠲᠤᠭ᠎ᠠ  ᠪᠠᠷᠢᠮᠲᠠ ᠶᠢ ᠦᠨᠳᠦᠰᠦᠯᠡᠪᠡᠯ᠂ ᠲᠣᠰ ᠤᠯᠤᠰ ᠲᠤ ᠰᠢᠨ᠎ᠡ ᠲᠢᠲᠢᠮᠯᠢᠭ ᠠᠭᠤᠰᠬᠢᠨ  ᠦᠷᠪᠢᠰᠦᠯ ᠢᠶᠠᠷ ᠣᠨᠣᠰᠢᠯᠠᠭᠳᠠᠭᠰᠠᠨ ᠡᠪᠡᠳᠴᠢᠲᠡᠨ ᠰᠢᠨ᠎ᠡ ᠪᠠᠷ 2662 ᠨᠡᠮᠡᠭᠳᠡᠵᠦ᠂ ᠣᠨᠣᠰᠢᠯᠠᠭᠳᠠᠭᠰᠠᠨ ᠡᠪᠡᠳᠴᠢᠲᠡᠨ ᠨᠡᠶᠢᠲᠡ 292591 ᠳᠤ ᠬᠦᠷᠦᠭᠰᠡᠨ ᠪᠠᠶᠢᠨ᠎ᠠ︔ ᠨᠠᠰᠤ ᠪᠠᠷᠠᠭᠰᠠᠨ ᠡᠪᠡᠳᠴᠢᠲᠡᠨ 18 ᠰᠢᠨ᠎ᠡ ᠪᠠᠷ ᠨᠡᠮᠡᠭᠳᠡᠵᠦ᠂ ᠲᠣᠰ ᠤᠯᠤᠰ ᠲᠤ  ᠬᠢᠵᠢᠭ ᠤᠨ  ᠪᠠᠶᠢᠳᠠᠯ  ᠭᠠᠷᠤᠭᠰᠠᠨ ᠠᠴᠠ ᠨᠠᠰᠢᠬᠢ ᠭᠠᠭᠴᠠ ᠡᠳᠦᠷ ᠤᠨ ᠬᠠᠮᠤᠭ ᠤᠨ ᠥᠨᠳᠥᠷ ᠲᠡᠮᠳᠡᠭᠯᠡᠯ ᠢ ᠡᠭᠦᠳᠴᠡᠢ᠂ ᠢᠩᠭᠢᠭᠡᠳ ᠣᠳᠣ ᠪᠣᠯᠲᠠᠯ᠎ᠠ ᠨᠡᠶᠢᠲᠡ 1116 ᠬᠥᠮᠦᠨ ᠨᠠᠰᠤ ᠪᠠᠷᠠᠪᠠ᠃     ᠲᠤᠭ᠎ᠠ ᠪᠠᠷᠢᠮᠲᠠ ᠳᠤ ᠢᠯᠡᠷᠡᠭᠦᠯᠦᠭᠰᠡᠨ ᠢᠶᠠᠷ᠂ ᠮᠣᠩᠭᠤᠯ ᠤᠯᠤᠰ 8 ᠰᠠᠷ᠎ᠠ ᠶᠢᠨ  ᠳᠤᠮᠳᠠᠴᠢ ᠡᠴᠠ‌ᠨᠠᠰᠢ  ᠡᠳᠦᠷ ᠲᠤ ᠰᠢᠨ᠎ᠡ ᠪᠠᠷ ᠨᠡᠮᠡᠭᠳᠡᠭᠰᠡᠨ ᠣᠨᠣᠰᠢᠯᠠᠭᠳᠠᠭᠰᠠᠨ ᠡᠪᠡᠳᠴᠢᠲᠡᠨ ᠤ ᠲᠤᠭ᠎ᠠ ᠶᠡᠭᠡ ᠪᠠᠷ ᠨᠡᠮᠡᠭᠳᠡᠵᠦ᠂ ᠬᠢᠵᠢᠭ ᠤᠨ ᠪᠠᠶᠢᠳᠠᠯ ᠨᠡᠶᠢᠰᠯᠡᠯ ᠤᠯᠠᠭᠠᠨᠪᠠᠭᠠᠲᠤᠷ ᠪᠣᠯᠤᠨ ᠡᠯ᠎ᠡ ᠮᠤᠵᠢ ᠳᠤ ᠦᠳᠲᠡᠷ ᠲᠦᠷᠭᠡᠨ ᠦᠷᠪᠢᠰᠦᠨ  ᠳᠡᠯᠭᠡᠷᠡᠪᠡ᠃  ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠲᠣᠭᠲᠠᠭᠰᠠᠨ ᠡᠮᠨᠡᠯᠭᠡ ᠶᠢᠨ ᠬᠤᠷᠢᠶ᠎ᠠ ᠬᠡᠳᠦ᠋ᠢᠪᠡᠷ ᠡᠪᠡᠳᠴᠢᠲᠡᠨ ᠢ ᠪᠥᠬᠦ ᠬᠦᠴᠦᠨ ᠢᠶᠠᠷ ᠢᠶᠠᠨ ᠭᠥᠯᠢᠶᠡᠨ ᠠᠪᠴᠤ ᠡᠮᠨᠡᠵᠦ ᠪᠠᠶᠢᠭ᠎ᠠ ᠪᠣᠯᠪᠠᠴᠤ ᠡᠪᠡᠳᠴᠢᠲᠡᠨ ᠤ ᠣᠷᠣ ᠳᠤᠲᠠᠭᠳᠠᠭᠰᠠᠨ ᠵᠡᠷᠭᠡ ᠰᠢᠯᠲᠠᠭᠠᠨ ᠠᠴᠠ  ᠪᠣᠯᠵᠣ᠂  ᠣᠳᠣᠬᠠᠨ ᠳᠤ ᠪᠠᠷᠤᠭ 2.2 ᠲᠦᠮᠡᠨ ᠡᠪᠡᠳᠴᠢᠲᠡᠨ ᠡᠮᠨᠡᠯᠭᠡ ᠳᠤ ᠰᠠᠭᠤᠵᠤ ᠡᠮᠨᠡᠭᠦᠯᠵᠦ᠂ ᠪᠠᠷᠤᠭ 6.8 ᠲᠦᠮᠡᠨ ᠬᠥᠩᠭᠡᠨ ᠡᠪᠡᠳᠴᠢᠲᠡᠨ ᠢ ᠨᠡᠶᠢᠭᠡᠮ ᠲᠣᠭᠤᠷᠢᠭ ᠤᠨ ᠡᠮᠴᠢᠯᠡᠭᠡᠨ ᠤ ᠪᠠᠶᠢᠭᠤᠯᠤᠮᠵᠢ ᠶᠢᠨ  ᠵᠢᠯᠣᠭᠤᠳᠣᠯᠭ᠎ᠠ  ᠳᠤᠤᠷ᠎ᠠ  ᠬᠡᠷ ᠲᠤᠨᠢ  ᠲᠤᠰᠠᠭᠠᠷᠯᠠᠨ  ᠡᠮᠨᠡᠭᠦᠯᠵᠦ ᠪᠠᠶᠢᠨ᠎ᠠ᠃     ᠮᠣᠩᠭᠤᠯ ᠤᠯᠤᠰ ᠤᠨ ᠡᠷᠡᠭᠦᠯ  ᠬᠠᠮᠠᠭᠠᠯᠠᠯ ᠤᠨ  ᠶᠠᠮᠤᠨ  ᠬᠡᠯᠡᠬᠦ ᠳᠡᠭᠡᠨ᠂  ᠣᠳᠣᠬᠠᠨ ᠳᠤ  ᠪᠥᠬᠦ  ᠤᠯᠤᠰ ᠤᠨ ᠬᠡᠪᠴᠢᠶᠡᠨ ᠳᠤ ᠡᠮᠴᠢ ᠰᠤᠪᠢᠯᠠᠭᠴᠢ ᠬᠦᠨᠳᠦ ᠨᠣᠴᠢᠲᠠᠶ ᠳᠤᠲᠠᠭᠳᠠᠵᠤ  ᠪᠠᠶᠢᠬᠤ  ᠪᠥᠭᠡᠳ  ᠲᠠᠳᠠ ᠣᠷᠳᠣ ᠬᠤᠭᠤᠴᠠᠭ᠎ᠠ ᠪᠠᠷ ᠳᠠᠭᠠᠭᠠᠴᠠ ᠠᠴᠠ ᠪᠠᠨ ᠬᠡᠲᠦᠷᠡᠲᠡᠯ᠎ᠡ ᠠᠵᠢᠯᠯᠠᠵᠤ ᠪᠠᠶᠢᠨ᠎ᠠ᠃ ᠰᠢᠨ᠎ᠡ  ᠲᠢᠲᠢᠮᠯᠢᠭ ᠠᠭᠤᠰᠬᠢᠨ ᠦᠷᠪᠢᠰᠦᠯ ᠤᠨ ᠲᠣᠭᠲᠠᠭᠰᠠᠨ ᠡᠮᠨᠡᠯᠭᠡ ᠶᠢᠨ ᠬᠤᠷᠢᠶᠠᠨ ᠤ  ᠡᠪᠡᠳᠴᠢᠲᠡᠨ ᠤ  ᠣᠷᠣ ᠶᠢ  ᠨᠡᠮᠡᠭᠳᠡᠭᠦᠯᠦᠭᠰᠡᠨ  ᠴᠦ  ᠬᠦᠷᠦᠯᠴᠡᠬᠦ᠋ᠢᠴᠡ  ᠲᠣᠭᠠᠨ ᠤ  ᠡᠮᠴᠢ ᠰᠤᠪᠢᠯᠠᠭᠴᠢ ᠶᠢ ᠡᠯᠰᠡᠵᠦ ᠳᠡᠶᠢᠯᠬᠦ ᠥᠬᠡᠶ ᠶᠤᠮ ᠭᠡᠵᠡᠢ᠃     ᠣᠳᠣᠬᠠᠨ ᠪᠣᠯᠲᠠᠯ᠎ᠠ᠂ ᠮᠣᠩᠭᠤᠯ ᠤᠯᠤᠰ ᠤᠨ ᠪᠠᠷᠤᠭ 340 ᠲᠦᠮᠡᠨ ᠬᠥᠮᠦᠨ ᠠᠮᠠ ᠶᠢᠨ ᠳᠣᠲᠣᠷᠠᠬᠢ 69.2 % ᠨᠢ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠸᠠᠺᠼᠢᠨ ᠢ ᠨᠠᠭᠠᠳᠤ ᠵᠠᠬ᠎ᠠ ᠳᠠᠭᠠᠨ ᠨᠢᠭᠡ ᠤᠳᠠᠭ᠎ᠠ ᠳᠠᠷᠢᠭᠤᠯᠵᠤ᠂ 65.4 % ᠨᠢ ᠬᠤᠶᠠᠷ ᠤᠳᠠᠭ᠎ᠠ ᠳᠠᠷᠢᠭᠤᠯᠤᠭᠰᠠᠨ ᠪᠠᠶᠢᠨ᠎ᠠ᠃ ᠪᠥᠬᠦ ᠤᠯᠤᠰ ᠤᠨ ᠡᠯ᠎ᠡ ᠭᠠᠵᠠᠷ ᠤᠨ  ᠰᠢᠨ᠎ᠡ  ᠲᠢᠲᠢᠮᠯᠢᠭ  ᠠᠭᠤᠰᠬᠢᠨ ᠦᠷᠪᠢᠰᠦᠯ ᠤᠨ ᠸᠠᠺᠼᠢᠨ ᠤ ᠭᠤᠷᠪᠠᠳᠤᠭᠠᠷ ᠤᠳᠠᠭ᠎ᠠ ᠶᠢᠨ ᠲᠠᠷᠢᠯᠭ᠎ᠠ ᠬᠢᠬᠦ ᠠᠵᠢᠯ ᠶᠠᠭ ᠡᠮᠬᠢ ᠵᠢᠷᠤᠮ ᠲᠠᠢ ᠶᠠᠪᠤᠭᠳᠠᠵᠤ ᠪᠣᠶ᠃
 
ᠢᠷᠡᠯᠲᠡ᠄ ᠠᠷᠠᠳ ᠤᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号