ᠥᠪᠡᠷᠲᠡᠭᠡᠨ ᠵᠠᠰᠠᠬᠤ ᠣᠷᠣᠨ ᠤ ᠵᠢᠷᠭᠤᠳᠤᠭᠠᠷ ᠬᠢᠨᠠᠨ ᠪᠠᠶᠢᠴᠠᠭᠠᠬᠤ ᠳᠤᠭᠤᠶᠢᠯᠠᠩ ᠮᠠᠨ ᠤ ᠠᠶᠢᠮᠠᠭ ᠲᠤ ᠢᠷᠡᠵᠦ ᠨᠠᠮ ᠵᠠᠰᠠᠭ ᠤᠨ ᠭᠤᠣᠯ ᠬᠠᠷᠢᠭᠤᠴᠠᠯᠭᠠᠲᠠᠨ ᠤ ᠬᠠᠤᠯᠢᠵᠢᠯ ᠤᠨ ᠪᠠᠶᠢᠭᠤᠯᠤᠯᠲᠠ ᠶᠢ ᠠᠬᠢᠭᠤᠯᠬᠤ ᠨᠢᠭᠡᠳᠦᠭᠡᠷ ᠬᠠᠷᠢᠭᠤᠴᠠᠯᠭᠠᠲᠠᠨ ᠤ ᠲᠤᠰᠢᠶᠠᠯ ᠬᠠᠷᠢᠭᠤᠴᠠᠯᠭ᠎ᠠ ᠪᠠᠨ ᠬᠦᠢᠴᠡᠳᠭᠡᠭᠰᠡᠨ ᠪᠠᠶᠢᠳᠠᠯ ᠵᠢᠴᠢ ᠬᠠᠤᠯᠢᠵᠢᠯ ᠤᠨ ᠪᠠᠶᠢᠭᠤᠯᠤᠯᠲᠠ ᠶᠢᠨ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠠᠵᠢᠯ ᠢ ᠬᠢᠨᠠᠨ ᠪᠠᠶᠢᠴᠠᠭᠠᠬᠤ ᠶᠢᠨ ᠬᠠᠮᠲᠤ ᠲᠤᠰᠬᠠᠢ ᠰᠡᠳᠦᠪᠲᠦ ᠬᠠᠷᠢᠭᠤ ᠮᠡᠳᠡᠭᠦᠯᠦᠯᠲᠡ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/10/15
       10 ᠳ᠋ᠤᠭᠠᠷ ᠰᠠᠷ᠎ᠠ ᠶᠢᠨ 14 ᠤ ᠡᠳᠦᠷ ᠤᠨ ᠦᠳᠡ ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠬᠠᠤᠯᠢ ᠶᠣᠰᠣᠭᠠᠷ ᠣᠷᠣᠨ ᠢᠶᠠᠨ ᠵᠠᠰᠠᠬᠤ ᠠᠯᠪᠠᠨ ᠬᠡᠷ ᠤᠨ ᠵᠢᠷᠭᠤᠳᠤᠭᠠᠷ ᠬᠢᠨᠠᠨ ᠪᠠᠶᠢᠴᠠᠭᠠᠬᠤ ᠳᠤᠭᠤᠶᠢᠯᠠᠩ ᠮᠠᠨ ᠤ ᠠᠶᠢᠮᠠᠭ ᠲᠤ ᠬᠦᠷᠴᠦ ᠨᠠᠮ ᠵᠠᠰᠠᠭ ᠤᠨ ᠭᠤᠤᠯ ᠬᠠᠷᠢᠭᠤᠴᠠᠯᠭᠠᠲᠠᠨ ᠤ ᠬᠠᠤᠯᠢ ᠪᠠᠷ ᠵᠠᠰᠠᠬᠤ ᠪᠠᠶᠢᠭᠤᠯᠤᠯᠲᠠ ᠶᠢ ᠠᠬᠢᠭᠤᠯᠬᠤ ᠨᠢᠭᠡᠳᠦᠭᠡᠷ ᠬᠠᠷᠢᠭᠤᠴᠠᠯᠭᠠᠲᠠᠨ ᠤ ᠡᠭᠦᠷᠭᠡ ᠬᠠᠷᠢᠭᠤᠴᠠᠯᠭ᠎ᠠ ᠪᠠᠨ ᠬᠦᠢᠴᠡᠳᠬᠡᠬᠦ ᠵᠢᠴᠢ ᠬᠠᠤᠯᠢ ᠪᠠᠷ ᠵᠠᠰᠠᠬᠤ ᠪᠠᠶᠢᠭᠤᠯᠤᠯᠲᠠ ᠶᠢᠨ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠠᠵᠢᠯ ᠢ ᠲᠤᠬᠠᠶ ᠶᠢᠨ ᠭᠠᠵᠠᠷ ᠲᠤᠨᠢ ᠬᠢᠨᠠᠨ ᠪᠠᠶᠢᠴᠠᠭᠠᠬᠤ ᠶᠢᠨ ᠬᠠᠮᠲᠤ ᠲᠤᠰᠬᠠᠶ ᠰᠡᠳᠦᠪᠲᠦ ᠬᠠᠷᠢᠭᠤ ᠮᠡᠳᠡᠭᠦᠯᠦᠯᠲᠡ ᠶᠢᠨ ᠬᠤᠷᠠᠯ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ ᠤ ᠵᠢᠷᠭᠤᠳᠤᠭᠠᠷ ᠬᠢᠨᠠᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠨᠡᠶᠢᠭᠡᠮ ᠤᠨ ᠪᠠᠶᠢᠭᠤᠯᠤᠯᠲᠠ ᠶᠢᠨ ᠵᠥᠪᠯᠡᠯ ᠤᠨ ᠳᠡᠳ᠋ ᠡᠷᠬᠢᠯᠡᠭᠴᠢ ᠭᠡᠰᠢᠭᠦᠨ ᠯᠦᠸᠧ ᠬᠤ᠋ ᠽᠠᠢ ᠬᠠᠷᠢᠭᠤ ᠮᠡᠳᠡᠭᠦᠯᠦᠯᠲᠡ ᠶᠢᠨ ᠬᠤᠷᠠᠯ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠵᠠᠢ᠃ ᠠᠶᠢᠮᠠᠭ ᠤᠨ ᠨᠠᠮ ᠤᠨ ᠬᠤᠷᠢᠶᠠᠨ ᠤ ᠱᠦᠵᠢ ᠳᠠᠶᠢᠴᠢᠨ ᠬᠠᠷᠢᠭᠤ ᠮᠡᠳᠡᠭᠦᠯᠦᠯᠲᠡ ᠬᠢᠵᠦ᠂ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠯᠢ ᠵᠥᠩ ᠽᠧᠩ ᠬᠤᠷᠠᠯ ᠢ ᠡᠷᠭᠢᠯᠡᠵᠦ᠂ ᠠᠶᠢᠮᠠᠭ ᠤᠨ ᠤᠳᠤᠷᠢᠳᠤᠯᠭ᠎ᠠ ᠸᠠᠩ ᠸᠧᠶ ᠳ᠋ᠦᠩ᠂ ᠯᠢᠦ ᠬᠠᠶ ᠲᠤᠤ᠂ ᠯᠢᠦ ᠰᠢᠶᠤᠤ ᠳ᠋ᠦᠩ᠂ ᠯᠢᠦ ᠭᠦᠸᠧ ᠮᠢᠩ ᠵᠢᠴᠢ ᠠᠶᠢᠮᠠᠭ ᠤᠨ ᠠᠷᠠᠳ ᠤᠨ ᠳᠣᠮᠳᠠᠳᠣ ᠵᠡᠷᠭᠡ ᠶᠢᠨ ᠰᠢᠭᠦᠬᠦ ᠬᠤᠷᠢᠶ᠎ᠠ᠂ ᠠᠶᠢᠮᠠᠭ ᠤᠨ ᠪᠠᠶᠢᠴᠠᠭᠠᠬᠤ ᠬᠤᠪᠢᠶᠠᠷᠢ ᠬᠤᠷᠢᠶᠠᠨ ᠤ ᠭᠤᠤᠯ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠪᠠ᠃
       ᠯᠦᠸᠧ ᠬᠤ᠋ ᠽᠠᠢ ᠠᠴᠠ᠂ ᠥᠪᠡᠷᠲᠡᠭᠡᠨ ᠵᠠᠰᠠᠬᠤ ᠣᠷᠣᠨ ᠤ ᠬᠠᠤᠯᠢ ᠪᠠᠷ ᠣᠷᠣᠨ ᠢᠶᠠᠨ ᠵᠠᠰᠠᠬᠤ ᠠᠯᠪᠠᠨ ᠭᠡᠷ ᠤᠨ ᠪᠠᠶᠢᠷᠢᠯᠠᠭᠤᠯᠤᠯᠲᠠ ᠡᠨᠡ ᠤᠳᠠᠭ᠎ᠠ ᠶᠢᠨ ᠬᠢᠨᠠᠨ ᠪᠠᠶᠢᠴᠠᠭᠠᠯᠲᠠ ᠶᠢ ᠥᠷᠨᠢᠭᠦᠯᠦᠭᠰᠡᠨ ᠨᠢ ᠳᠠᠷᠤᠢ ᠡᠯ᠎ᠡ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠶᠢ ᠨᠠᠷᠢᠨ ᠬᠢᠨᠠᠮᠠᠭᠠᠢ ᠳᠣᠣᠱᠯᠠᠭᠤᠯᠬᠤ ᠶᠢ ᠠᠬᠢᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ᠲᠥᠪ ᠤᠨ ᠪᠦᠬᠦ ᠲᠠᠯ᠎ᠠ ᠪᠠᠷ ᠬᠠᠤᠯᠢ ᠪᠠᠷ ᠤᠯᠤᠰ ᠢᠶᠠᠨ ᠵᠠᠰᠠᠬᠤ ᠠᠵᠢᠯ ᠤᠨ ᠬᠤᠷᠠᠯ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠦᠬᠦ ᠲᠠᠯ᠎ᠠ ᠪᠠᠷ ᠬᠠᠤᠯᠢ ᠪᠠᠷ ᠣᠷᠣᠨ ᠢᠶᠠᠨ ᠵᠠᠰᠠᠬᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠳᠣᠣᠱᠯᠠᠭᠤᠯᠣᠨ ᠨᠠᠶᠢᠳᠠᠪᠤᠷᠢᠵᠢᠭᠤᠯᠵᠤ᠂ ᠨᠠᠮ ᠵᠠᠰᠠᠭ ᠤᠨ ᠭᠤᠣᠯ ᠬᠠᠷᠢᠭᠤᠴᠠᠯᠭᠠᠲᠠᠨ ᠤ ᠬᠠᠤᠯᠢᠵᠢᠯ ᠤᠨ ᠪᠠᠶᠢᠭᠤᠯᠤᠯᠲᠠ ᠶᠢ ᠠᠬᠢᠭᠤᠯᠬᠤ ᠨᠢᠭᠡᠳᠦᠭᠡᠷ ᠬᠠᠷᠢᠭᠤᠴᠠᠯᠭᠠᠲᠠᠨ ᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠢ ᠴᠢᠩᠭᠠᠳᠬᠠᠵᠤ᠂ ᠬᠠᠤᠯᠢᠵᠢᠯ ᠤᠨ ᠪᠠᠶᠢᠭᠤᠯᠤᠯᠲᠠ ᠶᠢ ᠦᠨᠡᠨ ᠬᠦ ᠠᠵᠤ ᠠᠬᠤᠢ ᠨᠡᠶᠢᠭᠡᠮ ᠤᠨ ᠬᠥᠭᠵᠢᠯᠲᠡ ᠲᠠᠢ ᠨᠢᠭᠡᠳᠦᠯᠲᠡᠢ ᠲᠥᠯᠥᠪᠵᠢᠭᠦᠯᠵᠦ᠂ ᠵᠣᠬᠢᠴᠠᠭᠤᠯᠤᠨ ᠠᠬᠢᠭᠤᠯᠵᠤ᠂ ᠨᠢᠭᠡ ᠴᠤᠬᠴᠠᠵᠢᠭᠤᠯᠤᠨ ᠪᠠᠶᠢᠭᠤᠯᠵᠤ᠂ ᠴᠠᠭ ᠦᠶ᠎ᠡ ᠲᠠᠢ ᠵᠡᠷᠭᠡ ᠪᠠᠷ ᠤᠷᠤᠭᠰᠢᠯᠠᠨ ︽ᠲᠦᠷᠪᠡᠨ ᠪᠦᠬᠦ ᠲᠠᠯ᠎ᠠ︾ ᠶᠢᠨ ᠪᠠᠶᠢᠯᠳᠤᠬᠤ ᠪᠤᠳᠤᠯᠭ᠎ᠠ ᠶᠢᠨ ᠪᠠᠶᠢᠷᠢᠰᠢᠭᠤᠯᠤᠯᠲᠠ ᠶᠢ ᠠᠬᠢᠭᠤᠯᠬᠤ ᠶᠠᠪᠤᠳᠠᠯ ᠪᠣᠯᠤᠨ᠎ᠠ᠃ ᠲᠣᠰ ᠤᠳᠠᠭᠠᠨ ᠤ ᠬᠢᠨᠠᠨ ᠪᠠᠶᠢᠴᠠᠭᠠᠯᠲᠠ ᠳᠤ ᠭᠤᠤᠯᠳᠠᠭᠤ ᠵᠠᠩᠭᠢᠯᠠᠭ᠎ᠠ ᠶᠢᠨ ᠴᠥᠭᠡᠨ  ᠳᠣᠭᠠᠳᠠᠨ ᠤ ᠬᠠᠤᠯᠢᠵᠢᠯ ᠤᠨ ᠪᠠᠶᠢᠭᠤᠯᠤᠯᠲᠠ ᠶᠢᠨ ᠡᠭᠦᠷᠭᠡ ᠬᠠᠷᠢᠭᠤᠴᠠᠯᠭ᠎ᠠ ᠪᠠᠨ ᠬᠦᠢᠴᠡᠳᠬᠡᠭᠰᠡᠨ ᠪᠠᠶᠢᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠬᠠᠷᠢᠭᠤ ᠮᠡᠳᠡᠭᠦᠯᠦᠯᠲᠡ ᠶᠢ ᠰᠣᠨᠣᠰᠬᠤ᠂ ᠲᠤᠰᠬᠠᠶ ᠶᠠᠷᠢᠯᠴᠠᠬᠤ᠂ ᠲᠤᠬᠠᠶ ᠶᠢᠨ ᠭᠠᠵᠠᠷ ᠲᠤᠨᠢ ᠪᠠᠶᠢᠴᠠᠭᠠᠬᠤ᠂ ᠲᠠᠰᠢᠷᠠᠮ ᠢᠶᠠᠷ ᠰᠤᠭᠤᠴᠢᠨ ᠪᠠᠶᠢᠴᠠᠭᠠᠬᠤ᠂ ᠦᠨᠳᠦᠰᠦᠨ ᠱᠠᠲᠤᠨ ᠳᠤ ᠭᠦᠨᠵᠡᠭᠡᠶᠢᠷᠡᠬᠦ᠂ ᠬᠡᠷᠡᠭ ᠤᠨ ᠡᠪᠬᠡᠮᠡᠯ ᠢ ᠪᠠᠶᠢᠴᠠᠭᠠᠨ ᠦᠵᠡᠬᠦ ᠵᠡᠷᠭᠡ ᠶᠢ ᠪᠠᠭᠲᠠᠭᠠᠭᠰᠠᠨ ᠢᠯᠡ ᠪᠠᠷ ᠪᠠᠶᠢᠴᠠᠭᠠᠵᠤ ᠳᠠᠯᠳᠠᠭᠤᠷ ᠰᠤᠷᠪᠤᠯᠵᠢᠯᠠᠬᠤ ᠠᠷᠭ᠎ᠠ ᠬᠡᠯᠪᠡᠷᠢ ᠪᠠᠷ ᠲᠤᠬᠠᠶ ᠶᠢᠨ ᠭᠠᠵᠠᠷ ᠲᠤᠨᠢ ᠬᠢᠨᠠᠨ ᠪᠠᠶᠢᠴᠠᠭᠠᠨ᠎ᠠ᠃ ᠠᠯᠠᠱᠠ ᠠᠶᠢᠮᠠᠭ ᠤᠨ ᠬᠢᠨ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠲᠠᠢ ᠦᠨᠡᠨ ᠬᠦ ᠨᠢᠭᠡᠳᠬᠡᠵᠦ᠂ ᠲᠣᠰ ᠤᠳᠠᠭ᠎ᠠ ᠶᠢᠨ ᠲᠤᠰᠬᠠᠶ ᠬᠢᠨᠠᠨ ᠪᠠᠶᠢᠴᠠᠭᠠᠯᠲᠠ ᠪᠠᠨ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠪᠦᠲᠦᠮᠵᠢ ᠶᠢ ᠰᠢᠯᠭᠠᠬᠤ᠂ ᠠᠯᠳᠠᠭ᠎ᠠ ᠪᠤᠷᠤᠭᠤ ᠶᠢ ᠶᠡᠭᠡ ᠪᠠᠷ ᠵᠠᠯᠠᠷᠠᠭᠤᠯᠬᠤ ᠴᠢᠬᠤᠯᠠ ᠠᠷᠭ᠎ᠠ ᠬᠡᠮᠵᠢᠶ᠎ᠡ ᠪᠣᠯᠭᠠᠵᠤ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠢ ᠬᠢᠨᠠᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠭᠤᠤᠯᠳᠠᠯᠭ᠎ᠠ ᠲᠠᠢ ᠬᠦᠷᠢᠶ᠎ᠡ ᠪᠠ ᠪᠠᠭᠤᠷᠠᠶ ᠭᠤᠭᠴᠤᠭ᠎ᠠ ᠶᠢ ᠴᠢᠩᠭ᠎ᠠ ᠠᠩᠬᠠᠷᠴᠤ᠂ ᠨᠢᠭᠡᠳ ᠨᠢᠭᠡ ᠪᠠᠷ ᠬᠠᠷᠭᠤᠭᠤᠯᠵᠤ᠂ ᠨᠢᠭᠡᠳ ᠨᠢᠭᠡ ᠪᠠᠷ ᠪᠠᠶᠢᠴᠠᠭᠠᠨ ᠦᠵᠡᠵᠦ᠂ ᠣᠨᠣᠪᠴᠢᠳᠠᠢ ᠪᠠᠷ ᠠᠰᠠᠭᠤᠳᠠᠯ ᠢ ᠢᠯᠡᠷᠡᠭᠦᠯᠵᠦ᠂ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠬᠦ ᠶᠢ ᠦᠨᠡᠨ ᠬᠦ ᠪᠠᠲᠤᠯᠠᠵᠤ᠂ ᠬᠠᠤᠯᠢᠵᠢᠯ ᠤᠨ ᠪᠠᠶᠢᠭᠤᠯᠤᠯᠲᠠ ᠶᠢᠨ ᠡᠯ᠎ᠡ ᠵᠦᠢᠯ ᠤᠨ ᠰᠢᠢᠳᠪᠦᠷᠢᠳᠦ ᠪᠣᠳᠣᠯᠭ᠎ᠠ ᠪᠠᠶᠢᠷᠢᠯᠠᠭᠤᠯᠤᠯᠲᠠ ᠶᠢ ᠦᠨᠡᠨ ᠬᠦ  ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠶ ᠭᠡᠪᠡ᠃       ᠳᠠᠶᠢᠴᠢᠨ ᠬᠠᠷᠢᠭᠤ ᠮᠡᠳᠡᠭᠦᠯᠬᠦ ᠳᠡᠭᠡᠨ᠂ ᠡᠨᠡ ᠵᠢᠯ ᠠᠴᠠ ᠨᠠᠰᠢ᠂ ᠠᠯᠠᠱᠠ ᠠᠶᠢᠮᠠᠭ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠳᠣᠣᠱᠯᠠᠭᠤᠯᠵᠦ᠂ ᠲᠥᠪ ᠤᠨ ᠪᠥᠬᠦ ᠲᠠᠯ᠎ᠠ ᠪᠠᠷ ᠬᠠᠤᠯᠢ ᠪᠠᠷ ᠤᠯᠤᠰ ᠢᠶᠠᠨ ᠵᠠᠰᠠᠬᠤ ᠠᠵᠢᠯ ᠤᠨ ᠬᠤᠷᠠᠯ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠥᠬᠦ ᠲᠠᠯ᠎ᠠ ᠪᠠᠷ ᠬᠠᠤᠯᠢ ᠪᠠᠷ ᠣᠷᠣᠨ ᠢᠶᠠᠨ ᠵᠠᠰᠠᠬᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠳᠣᠣᠱᠯᠠᠭᠤᠯᠣᠨ ᠨᠠᠶᠢᠳᠠᠪᠤᠷᠢᠵᠢᠭᠤᠯᠵᠤ᠂ ᠨᠠᠮ ᠤᠨ ᠤᠳᠤᠷᠢᠳᠤᠯᠭ᠎ᠠ ᠶᠢ ᠬᠠᠤᠯᠢᠵᠢᠯ ᠤᠨ ᠪᠠᠶᠢᠭᠤᠯᠤᠯᠲᠠ ᠶᠢᠨ ᠪᠥᠬᠦ ᠶᠠᠪᠤᠴᠠ ᠳᠤ ᠳᠣᠣᠱᠯᠠᠭᠤᠯᠵᠦ᠂ ᠡᠵᠡᠩᠨᠡᠨ ᠠᠷᠠᠯᠵᠢᠶᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ᠂ ᠤᠯᠤᠰ ᠲᠥᠷᠥ ᠶᠢᠨ ᠣᠷᠴᠢᠨ ᠳᠣᠭᠤᠷᠢᠨ ᠢ ᠪᠦᠬᠦᠯᠢ ᠴᠣᠭᠴᠠ ᠠᠴᠠ ᠨᠢ ᠰᠠᠶᠢᠵᠢᠷᠠᠭᠤᠯᠬᠤ ᠠᠵᠢᠯ ᠢ ᠰᠠᠶᠢᠲᠤᠷ ᠬᠢᠬᠦ ᠲᠠᠢ ᠨᠢᠭᠲᠠ ᠤᠶᠠᠯᠳᠤᠭᠤᠯᠵᠤ᠂ ᠬᠠᠤᠯᠢ ᠬᠡᠷᠡᠭᠵᠢᠭᠦᠯᠬᠦ᠂ ᠬᠠᠤᠯᠢ ᠪᠠᠷᠢᠬᠤ᠂ ᠬᠠᠤᠯᠢ ᠶᠢ ᠰᠠᠬᠢᠬᠤ ᠡᠯ᠎ᠡ ᠭᠤᠭᠴᠤᠭ᠎ᠠ ᠳᠤ ᠠᠩᠬᠠᠷᠤᠯ ᠢᠶᠠᠨ ᠲᠥᠪᠯᠡᠷᠡᠭᠦᠯᠦᠨ ᠣᠨᠢᠨ ᠳᠡᠭᠡᠷ᠎ᠡ ᠨᠢ ᠬᠦᠴᠦᠯᠡᠵᠦ᠂ ᠨᠡᠶᠢᠭᠡᠮ ᠤᠨ ᠵᠠᠰᠠᠯᠲᠠ ᠶᠢᠨ ᠰᠢᠰᠲ᠋ᠧᠮ ᠪᠣᠯᠤᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠲᠠᠰᠤᠷᠠᠯᠲᠠ ᠥᠬᠡᠶ ᠠᠬᠢᠭᠤᠯᠪᠠ᠃ ᠲᠠᠷᠠᠭᠠᠴᠢ ᠶᠢᠨ ᠠᠯᠬᠤᠮ ᠳᠤ᠂ ᠠᠯᠠᠱᠠ ᠠᠶᠢᠮᠠᠭ ᠲᠣᠰ ᠤᠳᠠᠭ᠎ᠠ ᠶᠢᠨ ᠥᠪᠡᠷᠲᠡᠭᠡᠨ ᠵᠠᠰᠠᠬᠤ ᠣᠷᠣᠨ ᠤ ᠬᠠᠤᠯᠢ ᠪᠠᠷ ᠣᠷᠣᠨ ᠢᠶᠠᠨ ᠵᠠᠰᠠᠬᠤ ᠠᠯᠪᠠᠨ ᠬᠡᠷ ᠤᠨ ᠥᠷᠨᠢᠭᠦᠯᠦᠭᠰᠡᠨ ᠲᠤᠬᠠᠶ ᠶᠢᠨ ᠭᠠᠵᠠᠷ ᠲᠤᠨᠢ ᠬᠢᠨᠠᠨ ᠪᠠᠶᠢᠴᠠᠭᠠᠬᠤ ᠪᠠᠷ ᠴᠢᠬᠤᠯᠠ ᠠᠵᠠ ᠲᠣᠬᠢᠶᠠᠯ ᠪᠣᠯᠭᠠᠵᠤ᠂ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠶᠢ ᠦᠷᠭᠦᠯᠵᠢᠯᠡᠨ ᠭᠦᠨᠵᠡᠭᠡᠶ ᠰᠤᠷᠤᠯᠴᠠᠨ ᠨᠡᠪᠲᠡᠷᠡᠲᠡᠯ᠎ᠡ ᠣᠶᠢᠯᠠᠭᠠᠵᠤ᠂ ᠤᠯᠤᠰ ᠲᠥᠷᠥ ᠶᠢᠨ ᠵᠣᠭᠰᠣᠴᠠ ᠪᠠᠨ ᠤᠯᠠᠮ ᠴᠢᠨᠠᠭᠰᠢᠳᠠ ᠳᠡᠭᠡᠭᠰᠢᠯᠡᠭᠦᠯᠵᠦ᠂ ᠨᠠᠮ ᠵᠠᠰᠠᠭ ᠤᠨ ᠭᠤᠤᠯ ᠬᠠᠷᠢᠭᠤᠴᠠᠯᠭᠠᠲᠠᠨ ᠤ ᠬᠠᠤᠯᠢᠵᠢᠯ ᠤᠨ ᠪᠠᠶᠢᠭᠤᠯᠤᠯᠲᠠ ᠶᠢ ᠠᠬᠢᠭᠤᠯᠬᠤ ᠨᠢᠭᠡᠳᠦᠭᠡᠷ ᠬᠠᠷᠢᠭᠤᠴᠠᠯᠭᠠᠲᠠᠨ ᠤ ᠲᠤᠰᠢᠶᠠᠯ ᠬᠠᠷᠢᠭᠤᠴᠠᠯᠭ᠎ᠠ ᠪᠠᠨ ᠬᠦᠢᠴᠡᠳᠬᠡᠬᠦ ᠶᠢ ᠰᠠᠶᠢᠲᠤᠷ ᠠᠳᠬᠤᠵᠤ᠂ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠲᠦᠷᠭᠡᠳᠬᠡᠨ ᠠᠬᠢᠭᠤᠯᠬᠤ ᠶᠢᠨ ᠴᠢᠬᠤᠯᠠ ᠴᠢᠨᠠᠷ ᠪᠠ ᠳᠣᠯᠭᠠᠮ᠎ᠠ ᠴᠢᠨᠠᠷ ᠢ ᠭᠦᠨᠵᠡᠭᠡᠶ ᠲᠠᠨᠢᠬᠤ ᠪᠣᠯᠤᠨ᠎ᠠ︔ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠳᠣᠪᠤᠶᠢᠯᠭᠠᠵᠤ᠂ ᠨᠢᠭᠡ ᠠᠴᠠ ᠵᠦᠢᠴᠢᠯᠡᠵᠦ ᠨᠥᠭᠦᠭᠡ ᠶᠢ ᠮᠡᠳᠡᠬᠦ ᠶᠢ ᠪᠠᠷᠢᠮᠲᠠᠯᠠᠨ᠂ ᠪᠥᠬᠦ ᠠᠶᠢᠮᠠᠭ ᠤᠨ ᠬᠠᠤᠯᠢᠵᠢᠯ ᠤᠨ ᠪᠠᠶᠢᠭᠤᠯᠤᠯᠲᠠ ᠳᠤ ᠣᠷᠣᠰᠢᠵᠤ ᠪᠠᠶᠢᠭ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠤᠯᠤᠰ ᠲᠥᠷᠥ᠂ ᠪᠥᠬᠦ ᠲᠠᠯ᠎ᠠ᠂ ᠪᠠᠶᠢᠯᠳᠤᠬᠤ ᠪᠣᠳᠣᠯᠭ᠎ᠠ ᠶᠢᠨ ᠲᠠᠯ᠎ᠠ ᠠᠴᠠ ᠬᠠᠤᠯᠢᠵᠢᠯ ᠤᠨ ᠪᠠᠶᠢᠭᠤᠯᠤᠯᠲᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠠᠬᠢᠭᠤᠯᠣᠨ᠎ᠠ︔ ᠬᠠᠤᠯᠢ ᠪᠠᠷ ᠵᠠᠰᠠᠬᠤ ᠪᠠᠶᠢᠭᠤᠯᠤᠯᠲᠠ ᠳᠠᠬᠢ ᠨᠠᠮ ᠤᠨ ᠤᠳᠤᠷᠢᠳᠤᠯᠭ᠎ᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠬᠠᠤᠯᠢ ᠪᠠᠷ ᠵᠠᠰᠠᠬᠤ ᠵᠠᠰᠠᠭ ᠤᠨ ᠣᠷᠳᠣᠨ᠂ ᠬᠠᠤᠯᠢ ᠪᠠᠷ ᠵᠠᠰᠠᠬᠤ ᠨᠡᠶᠢᠭᠡᠮ᠂ ᠬᠠᠤᠯᠢ ᠪᠠᠷ ᠵᠠᠰᠠᠬᠤ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠨ᠎ᠠ︔ ᠪᠥᠬᠦ ᠠᠷᠠᠳ ᠲᠤ ᠬᠠᠤᠯᠢ ᠲᠦᠭᠡᠮᠡᠯᠵᠢᠭᠦᠯᠬᠦ ᠪᠠ ᠬᠠᠤᠯᠢ ᠶᠣᠰᠣᠭᠠᠷ ᠵᠠᠰᠠᠬᠤ ᠡᠷᠴᠢᠮ ᠢ ᠴᠢᠩᠭᠠᠷᠠᠭᠤᠯᠵᠤ᠂ ᠬᠠᠤᠯᠢ ᠪᠠᠷ ᠵᠠᠰᠠᠬᠤ ᠪᠠᠶᠢᠭᠤᠯᠤᠯᠲᠠ ᠶᠢᠨ ᠲᠠᠰᠤᠷᠠᠯᠲᠠ ᠥᠬᠡᠶ ᠰᠢᠨ᠎ᠡ ᠦᠷ᠎ᠡ ᠪᠦᠲᠦᠮᠵᠢ ᠤᠯᠬᠤ ᠶᠢ ᠠᠬᠢᠭᠤᠯᠤᠨ᠂ ᠬᠠᠤᠯᠢ ᠪᠠᠷ ᠵᠠᠰᠠᠭᠰᠠᠨ ᠠᠯᠠᠱᠠ᠂ ᠠᠮᠤᠷ ᠠᠮᠤᠭᠤᠯᠠᠩ ᠠᠯᠠᠱᠠ ᠶᠢᠨ ᠪᠠᠶᠢᠭᠤᠯᠤᠯᠲᠠ ᠶᠢᠨ ᠰᠢᠨ᠎ᠡ ᠪᠠᠶᠢᠳᠠᠯ ᠢ ᠴᠢᠷᠮᠠᠶᠢᠨ ᠡᠭᠦᠳᠦᠨ᠎ᠡ ᠭᠡᠪᠡ᠃       ᠯᠢ ᠵᠦᠩ ᠽᠧᠩ ᠠᠴᠠ᠂ ᠪᠥᠬᠦ ᠠᠶᠢᠮᠠᠭ ᠤᠨ ᠡᠯ᠎ᠡ ᠱᠠᠲᠤ ᠡᠯ᠎ᠡ ᠰᠠᠯᠠᠭ᠎ᠠ ᠮᠥᠴᠢᠷ ᠤᠳ ᠤᠯᠤᠰ ᠲᠥᠷᠥ ᠶᠢ ᠡᠷᠬᠢᠮᠯᠡᠬᠦ᠂ ᠶᠡᠭᠡ ᠲᠠᠯ᠎ᠠ ᠶᠢ ᠬᠠᠷᠠᠭᠠᠯᠵᠠᠬᠤ ᠦᠨᠳᠦᠷᠴᠡ ᠳᠤ ᠵᠣᠭᠰᠣᠨ᠂ ᠬᠢᠨᠠᠨ ᠪᠠᠶᠢᠴᠠᠭᠠᠬᠤ ᠳᠤᠭᠤᠶᠢᠯᠠᠩ ᠤᠨ ᠠᠵᠢᠯ ᠢᠶᠠᠨ ᠥᠷᠨᠢᠭᠦᠯᠬᠦ ᠳᠤ ᠪᠥᠬᠦ ᠬᠦᠴᠦᠨ ᠢᠶᠠᠷ ᠢᠶᠠᠨ ᠬᠠᠮᠵᠢᠯᠴᠠᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠬᠠᠷᠠᠯᠲᠠ ᠪᠠᠷ ᠤᠳᠤᠷᠢᠳᠤᠮᠵᠢ ᠪᠣᠯᠭᠠᠬᠤ ᠪᠠ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢ ᠳᠣᠪᠤᠶᠢᠯᠭᠠᠨ᠂ ᠬᠢᠨᠠᠨ ᠪᠠᠶᠢᠴᠠᠭᠠᠬᠤ ᠱᠠᠭᠠᠷᠳᠠᠯᠭ᠎ᠠ ᠲᠠᠢ ᠨᠠᠷᠢᠨ ᠬᠢᠨᠠᠮᠠᠭᠠᠶ ᠬᠠᠷᠭᠤᠭᠤᠯᠵᠤ᠂ ᠬᠢᠨᠠᠨ ᠪᠠᠶᠢᠴᠠᠭᠠᠬᠤ ᠶᠢ ᠰᠠᠨᠠᠭᠠᠴᠢᠯᠠᠭ᠎ᠠ ᠠᠴᠠ ᠪᠠᠨ ᠭᠥᠯᠢᠶᠡᠨ ᠠᠪᠴᠤ᠂ ᠦᠨᠡᠨ ᠪᠣᠳᠠᠲᠠᠶ ᠪᠠᠷ ᠮᠠᠲ᠋ᠧᠷᠢᠶᠠᠯ ᠬᠠᠩᠭᠠᠨ᠂ ᠪᠠᠶᠢᠳᠠᠯ ᠢ ᠪᠤᠰᠤᠳᠴᠢ ᠪᠥᠭᠡᠳ ᠦᠨᠡᠨ ᠪᠣᠳᠠᠲᠠᠶ ᠪᠠᠷ ᠲᠤᠰᠬᠠᠬᠤ ᠬᠡᠷᠡᠭᠲᠡᠶ᠃ ᠬᠢᠨᠠᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠡᠷᠡᠰ ᠰᠠᠶᠢᠲᠤᠷ ᠠᠳᠬᠤᠵᠤ᠂ ᠬᠢᠨᠠᠨ ᠪᠠᠶᠢᠴᠠᠭᠠᠬᠤ ᠳᠤᠭᠤᠶᠢᠯᠠᠩ ᠤᠨ ᠵᠢᠭᠠᠵᠤ ᠭᠠᠷᠭᠠᠭᠰᠠᠨ ᠠᠰᠠᠭᠤᠳᠠᠯ ᠢ ᠴᠢᠩ ᠦᠨᠡᠨᠴᠢ ᠪᠠᠷ ᠭᠥᠯᠢᠶᠡᠨ ᠠᠪᠴᠤ᠂ ᠬᠠᠭᠤᠳᠠᠰᠤ ᠶᠣᠰᠣᠭᠠᠷ ᠪᠦᠬᠦᠨ ᠢ ᠬᠦᠯᠢᠶᠡᠨ ᠠᠪᠴᠤ᠂ ᠪᠠᠷᠢᠨ ᠬᠡᠷᠡᠭᠵᠢᠭᠦᠯᠵᠦ ᠪᠠᠷᠢᠨ ᠰᠠᠶᠢᠵᠢᠷᠠᠭᠤᠯᠵᠤ᠂ ᠨᠢᠭᠡ ᠠᠴᠠ ᠵᠦᠢᠴᠢᠯᠡᠨ ᠨᠥᠭᠦᠭᠡ ᠶᠢ ᠮᠡᠳᠡᠵᠦ᠂ ᠥᠩᠭᠡᠨ ᠲᠠᠯ᠎ᠠ ᠪᠠ ᠦᠨᠳᠦᠰᠦ ᠠᠴᠠ ᠨᠢ ᠵᠠᠰᠠᠬᠤ ᠶᠢ ᠦᠨᠡᠨᠬᠦ ᠪᠡᠶᠡᠯᠡᠭᠦᠯᠬᠦ ᠬᠡᠷᠡᠭᠲᠡᠶ ᠭᠡᠵᠦ ᠱᠠᠭᠠᠷᠳᠠᠪᠠ᠃       ᠥᠪᠡᠷᠲᠡᠭᠡᠨ ᠵᠠᠰᠠᠬᠤ ᠣᠷᠣᠨ ᠤ ᠵᠢᠷᠭᠤᠳᠤᠭᠠᠷ ᠬᠢᠨᠠᠨ ᠪᠠᠶᠢᠴᠠᠭᠠᠬᠤ ᠳᠤᠭᠤᠶᠢᠯᠠᠩ ᠤᠨ ᠪᠦᠬᠦ ᠪᠦᠷᠢᠯᠳᠦᠬᠦᠨ᠂ ᠠᠶᠢᠮᠠᠭ ᠤᠨ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃
 
ᠢᠷᠡᠯᠲᠡ᠄ ᠦᠨᠦᠳᠦᠷ ᠤᠨ ᠠᠯᠠᠱᠠ ᠬᠢᠳᠠᠳ ᠸᠢᠴᠠᠲ ᠳᠠᠪᠴᠠᠩ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号