ᠠᠯᠠᠱᠠ ᠠᠶᠢᠮᠠᠭ 12 ᠨᠠᠰᠤᠨ ᠠᠴᠠ ᠳᠡᠭᠡᠭᠰᠢᠬᠢ ᠬᠥᠮᠦᠰ ᠲᠤ 2 ᠤᠳᠠᠭ᠎ᠠ ᠶᠢᠨ ᠸᠠᠺᠼᠢᠨ ᠲᠠᠷᠢᠬᠤ  ᠠᠵᠢᠯ ᠢ ᠪᠡᠶᠡᠯᠡᠬᠦᠯᠦᠯ᠎ᠠ
ᠨᠡᠶᠢᠲᠡᠯᠡᠭᠰᠡᠨ ᠴᠠᠭ᠄
2021/10/15
     ᠤᠢᠢᠷ᠎ᠠ ᠶᠢᠨ ᠬᠤᠭᠤᠴᠠᠭᠠᠨ ᠤ ᠪᠦᠷᠢᠳᠬᠡᠯ ᠢ ᠦᠨᠳᠦᠰᠦᠯᠡᠪᠡᠯ᠂ ᠮᠠᠨ ᠤ ᠠᠶᠢᠮᠠᠭ ᠨᠢᠭᠡᠨᠲᠡ 4223267 ᠰᠢᠷᠬᠡᠭ ᠸᠠᠺᠼᠢᠨ ᠤ ᠲᠠᠷᠢᠯᠭ᠎ᠠ ᠲᠠᠷᠢᠵᠦ᠂ 209037 ᠬᠥᠮᠦᠨ ᠳᠤ 2 ᠤᠳᠠᠭᠠᠨ ᠤ ᠲᠠᠷᠢᠯᠭ᠎ᠠ ᠲᠡᠷᠢᠵᠦ᠂ 12 ᠨᠠᠰᠤᠨ ᠠᠴᠠ ᠳᠡᠭᠡᠭᠰᠢᠬᠢ ᠨᠠᠰᠤᠨ ᠳᠤ ᠳᠣᠭᠢᠷᠠᠬᠤ ᠬᠥᠮᠦᠰ ᠤᠨ ᠸᠠᠺᠼᠢᠨ ᠤ ᠲᠠᠷᠢᠯᠭ᠎ᠠ ᠶᠢᠨ ᠨᠣᠷᠮ᠎ᠠ 91% ᠠᠴᠠ ᠳᠡᠭᠡᠭᠰᠢ ᠬᠦᠷᠴᠠᠢ᠂ ᠡᠭᠦᠨ ᠳᠤ 18 ᠨᠠᠰᠤᠨ ᠠᠴᠠ ᠳᠡᠭᠡᠭᠰᠢᠬᠢ ᠬᠥᠮᠦᠰ᠂ 12 — 14 ᠨᠠᠰᠤᠨ ᠤ ᠬᠥᠮᠦᠰ᠂15 — 17 ᠨᠠᠰᠤᠨ ᠤ ᠬᠥᠮᠦᠰ ᠤᠨ ᠲᠠᠷᠢᠯᠭ᠎ᠠ ᠶᠢ ᠪᠦᠬᠦᠨ ᠢ ᠠᠮᠵᠢᠯᠲᠠ ᠲᠠᠢ ᠪᠡᠶᠡᠯᠡᠭᠦᠯᠦᠭᠰᠡᠨ ᠪᠠᠶᠢᠨ᠎ᠠ᠃      ᠡᠨᠡ ᠵᠢᠯ ᠠᠴᠠ ᠨᠠᠰᠢ᠂ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠸᠠᠺᠼᠢᠨ ᠤ ᠲᠠᠷᠢᠯᠭ᠎ᠠ ᠶᠢᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠡᠯ᠎ᠡ ᠬᠤᠰᠢᠭᠤ ᠨᠡᠭᠡᠭᠡᠯᠳᠡ ᠶᠢᠨ ᠤᠷᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠬᠢᠨ ᠨᠠᠶᠢᠳᠠᠪᠤᠷᠢᠵᠢᠭᠤᠯᠤᠯᠳᠠ ᠶᠢ ᠴᠢᠩᠭ᠎ᠠ ᠠᠳᠬᠤᠨ᠂ ᠨᠢᠭᠡᠳᠦᠭᠡᠷ ᠬᠠᠷᠢᠭᠤᠴᠠᠯᠭᠠᠳᠠᠨ ᠭᠤᠤᠯᠯᠠᠨ ᠬᠠᠷᠢᠭᠤᠴᠠᠬᠤ ᠳᠦᠷᠢᠮ ᠢ ᠬᠡᠷᠡᠭᠵᠢᠭᠦᠯᠵᠦ᠂ ᠲᠣᠣᠷᠵᠢᠭᠤᠯᠤᠭᠰᠠᠨ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠨᠠᠷᠢᠯᠢᠭ ᠨᠠᠶᠢᠳᠠᠪᠤᠷᠢᠵᠢᠭᠤᠯᠤᠨ᠂ ᠨᠢᠭᠡᠳᠦᠯᠲᠡᠶ ᠲᠣᠬᠢᠷᠠᠭᠤᠯᠬᠤ᠂ ᠨᠠᠷᠢᠯᠢᠭ ᠣᠨᠣᠴᠠᠲᠠᠶ ᠪᠠᠶᠢᠴᠠᠭᠠᠨ ᠵᠢᠭᠰᠠᠭᠠᠬᠤ᠂ ᠡᠮᠬᠢ ᠵᠢᠷᠤᠮ ᠲᠠᠢ ᠵᠣᠯᠭᠠᠭᠤᠯᠬᠤ ᠶᠢ ᠪᠦᠲᠦᠮᠵᠢᠳᠡᠢ ᠠᠬᠢᠭᠤᠯᠵᠠᠢ᠃ ᠡᠯ᠎ᠡ ᠠᠵᠢᠯ ᠲᠥᠷᠥᠯ ᠤᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠤᠨ ᠬᠢᠨ ᠡᠭᠦᠷᠭᠡ ᠬᠠᠷᠢᠭᠤᠴᠠᠯᠭ᠎ᠠ ᠪᠠᠨ ᠬᠢᠨᠠᠮᠠᠭᠠᠢ ᠬᠦᠢᠴᠡᠳᠬᠡᠵᠦ᠂ ᠭᠤᠤᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠂ ᠡᠯ᠎ᠡ ᠬᠤᠰᠢᠭᠤ ᠨᠡᠭᠡᠭᠡᠯᠳᠡ ᠶᠢᠨ ᠤᠷᠤᠨ ᠤ ᠸᠠᠺᠼᠢᠨ ᠤ ᠲᠠᠷᠢᠯᠭ᠎ᠠ ᠶᠢᠨ ᠴᠡᠭ ᠤᠨ ᠠᠵᠢᠯ ᠡᠮᠬᠢ ᠵᠢᠷᠤᠮ ᠲᠠᠢ ᠶᠠᠪᠤᠭᠳᠠᠬᠤ ᠶᠢ ᠪᠠᠳᠤᠯᠠᠵᠠᠢ᠃ ᠡᠯ᠎ᠡ ᠱᠠᠲᠤᠨ ᠤ ᠤᠬᠠᠭᠤᠯᠬᠤ ᠰᠠᠯᠠᠭ᠎ᠠ ᠮᠥᠴᠢᠷ ᠤᠨ ᠬᠢᠨ ᠤᠬᠠᠭᠤᠯᠤᠨ ᠳᠠᠶᠢᠴᠢᠯᠠᠬᠤ ᠦᠢᠯᠡᠳᠦᠯ ᠢᠶᠠᠨ ᠪᠠᠳᠠᠷᠠᠭᠤᠯᠵᠦ᠂ ᠨᠠᠶᠢᠬᠡᠮ ᠨᠠᠶᠢᠳᠠ ᠶᠢᠨ ᠲᠤᠮᠳᠠ ᠸᠠᠺᠼᠢᠨ ᠢ ᠢᠳᠡᠪᠬᠢᠲᠡᠶ ᠳᠠᠷᠢᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠵᠠᠢ᠃ ᠡᠯ᠎ᠡ ᠱᠠᠲᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ ᠮᠥᠴᠢᠷ ᠤᠨ ᠬᠢᠨ ᠡᠮᠴᠢᠯᠡᠭᠡ ᠡᠷᠡᠭᠦᠯ ᠬᠠᠮᠠᠭᠠᠯᠠᠯ ᠤᠨ ᠡᠬᠢ ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠤᠨ᠂ ᠪᠤᠶᠢᠳᠠ ᠪᠦᠭᠯᠡᠭᠦᠦ ᠭᠠᠴᠠᠭ᠎ᠠ ᠲᠤᠰᠬᠤᠨ ᠳᠤ ᠬᠦᠨᠵᠡᠬᠡᠶᠢᠷᠡᠨ ᠲᠠᠷᠢᠯᠭ᠎ᠠ ᠲᠠᠷᠢᠵᠦ᠂ ᠸᠠᠺᠼᠢᠨ ᠤ ᠲᠠᠷᠢᠯᠭ᠎ᠠ ᠶᠢ ᠬᠤᠲᠠ ᠬᠥᠳᠡᠭᠡ ᠳᠤ ᠪᠦᠷᠢᠨ ᠪᠥᠷᠬᠦᠭᠦᠯᠬᠦ ᠶᠢ ᠪᠠᠲᠤᠯᠠᠵᠠᠢ᠃ ᠡᠯ᠎ᠡ ᠨᠡᠶᠢᠭᠡᠮ ᠲᠣᠭᠤᠷᠢᠭ ᠤᠨ ᠬᠢᠨ ᠨᠠᠮ ᠤᠨ ᠭᠡᠰᠢᠭᠦᠨ ᠤ ᠰᠠᠶᠢᠨ ᠳᠤᠷ᠎ᠠ ᠶᠢᠨ ᠦ‍‌ᠵᠯᠡᠴᠢᠯᠡᠭᠡ᠂ ᠭᠤᠤᠯ ᠰᠡᠳᠦᠪᠲᠦ ᠨᠠᠮ ᠤᠨ ᠡᠳᠦᠷ ᠵᠡᠷᠭᠡ ᠠᠷᠭ᠎ᠠ ᠬᠡᠯᠪᠡᠷᠢ ᠪᠠᠷ ᠲᠤᠬᠠᠶ ᠶᠢᠨ ᠲᠠᠯᠠᠪᠠᠶ ᠶᠢᠨ ᠡᠮᠬᠢ ᠳᠢᠭᠯᠢᠮ ᠢ ᠬᠠᠮᠠᠭᠠᠯᠠᠬᠤ᠂ ᠠᠰᠠᠭᠤᠨ ᠯᠠᠪᠯᠠᠵᠤ ᠬᠥᠲᠥᠯᠥᠨ ᠵᠢᠯᠣᠭᠤᠳᠬᠤ ᠦ‍‌ᠵᠯᠡᠴᠢᠯᠡᠭᠡ ᠥᠷᠨᠢᠭᠦᠯᠵᠦ᠂ ᠸᠠᠺᠼᠢᠨ ᠤ ᠲᠠᠷᠢᠯᠭ᠎ᠠ ᠶᠢᠨ ᠠᠮᠤᠷ ᠲᠦᠪᠰᠢᠨ ᠡᠮᠬᠢ ᠵᠢᠷᠤᠮ ᠲᠠᠢ ᠶᠠᠪᠤᠭᠳᠠᠬᠤ ᠶᠢ ᠪᠠᠲᠤᠯᠠᠭᠰᠠᠨ ᠪᠠᠶᠢᠨ᠎ᠠ᠃
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号