ᠬᠤᠪᠢᠯᠭᠠᠨ ᠤᠩᠭᠤᠴᠠ ᠠᠷᠪᠠᠨ ᠭᠤᠷᠪᠠᠳᠤᠭᠠᠷ ᠬᠦᠮᠦᠨ ᠰᠠᠭᠤᠯᠭᠠᠬᠰᠠᠨ ᠨᠢᠰᠬᠦ ᠤᠩᠭᠤᠴᠠ ᠶᠢᠨ ᠰᠠᠨᠰᠠᠷᠴᠢᠳ ᠢ ᠲᠤᠬᠳᠠᠭᠠᠪᠠ
ᠨᠡᠶᠢᠲᠡᠯᠡᠭᠰᠡᠨ ᠴᠠᠭ᠄
2021/10/15
     10 ᠰᠠᠷ᠎ᠠ ᠶᠢᠨ 14 ᠤ ᠡᠳᠦᠷ᠂ ᠰᠤᠷᠪᠤᠯᠵᠢᠯᠠᠬᠴᠢ ᠬᠤᠪᠢᠯᠭᠠᠨ ᠤᠩᠭᠤᠴᠠ ᠠᠷᠪᠠᠨ ᠭᠤᠷᠪᠠᠳᠤᠭᠠᠷ ᠬᠦᠮᠦᠨ ᠰᠠᠭᠤᠯᠭᠠᠬᠰᠠᠨ ᠨᠢᠰᠬᠦ ᠤᠩᠭᠤᠴᠠ ᠶᠢᠨ ᠰᠠᠨᠰᠠᠷ ᠤᠨ ᠠᠶᠠᠯᠠᠯ ᠤᠨ ᠰᠤᠨᠢᠨ ᠮᠡᠳᠡᠭᠡ ᠨᠡᠶᠢᠳᠡᠯᠡᠬᠦ ᠬᠤᠷᠠᠯ ᠠᠴᠠ ᠦᠢᠯᠠᠭᠠᠬᠰᠠᠨ ᠢᠶᠠᠷ᠂ ᠶᠡᠷᠦᠩᠬᠡᠢ ᠵᠢᠯᠤᠭᠤᠳᠬᠤ ᠭᠠᠵᠠᠷ ᠤᠨ ᠬᠢᠨ ᠪᠡᠭᠡᠵᠢᠩ ᠤᠨ ᠴᠠᠭ ᠢᠶᠠᠷ 10 ᠰᠠᠷ᠎ᠠ ᠶᠢᠨ 16 ᠤ ᠡᠳᠦᠷ ᠤᠨ 00 ᠴᠠᠭ 23 ᠮᠢᠨᠦ᠋ᠲ ᠲᠤ ᠬᠤᠪᠢᠯᠭᠠᠨ ᠤᠩᠭᠤᠴᠠ ᠠᠷᠪᠠᠨ ᠭᠤᠷᠪᠠᠳᠤᠭᠠᠷ ᠬᠦᠮᠦᠨ ᠰᠠᠭᠤᠯᠭᠠᠬᠰᠠᠨ ᠨᠢᠰᠬᠦ ᠤᠩᠭᠤᠴᠠ ᠶᠢ ᠬᠠᠷᠪᠤᠬᠤ ᠪᠠᠷ ᠲᠤᠬᠳᠠᠵᠤ᠂ ᠠᠶᠠᠯᠠᠯ ᠤᠨ ᠲᠤᠭᠤᠢᠢᠯᠠᠩ ᠨᠢ ᠰᠠᠨᠰᠠᠷᠴᠢᠨ ᠵᠠᠢ ᡁᠢ ᠭᠠᠩ᠂ ᠸᠠᠩ ᠶᠠ ᠫᠢᠩ᠂ ᠶᠧ ᠭᠤᠸᠠᠩ ᠹᠦ᠋ ᠪᠠᠷ ᠪᠦᠷᠢᠯᠳᠦᠨ᠂ ᠵᠠᠢ ᡁᠢ ᠭᠠᠩ ᠵᠢᠭᠠᠨ ᠵᠢᠯᠤᠭᠤᠳᠬᠤ ᠲᠠᠷᠤᠭ᠎ᠠ ᠶᠢᠨ ᠲᠤᠰᠢᠶᠠᠯ ᠢ ᠬᠠᠷᠢᠭᠤᠴᠠᠨ᠎ᠠ᠃      ᠰᠠᠨᠰᠠᠷᠴᠢᠨ ᠵᠠᠢ ᡁᠢ ᠭᠠᠩ ᠬᠤᠪᠢᠯᠭᠠᠨ ᠤᠩᠭᠤᠴᠠ ᠲᠤᠯᠤᠳᠤᠭᠠᠷ ᠬᠦᠮᠦᠨ ᠰᠠᠭᠤᠯᠭᠠᠬᠰᠠᠨ ᠨᠢᠰᠬᠦ ᠤᠩᠭᠤᠴᠠ ᠶᠢᠨ ᠰᠠᠨᠰᠠᠷ ᠤᠨ ᠠᠶᠠᠯᠠᠯ ᠤᠨ ᠡᠭᠦᠷᠭᠡ ᠶᠢ ᠭᠦᠢᠴᠡᠳᠭᠡᠵᠤ᠂ ᠮᠠᠨ ᠤ ᠤᠯᠤᠰ ᠤᠨ ᠠᠩᠬᠠᠳᠠᠬᠴᠢ ᠨᠢᠰᠬᠦ ᠤᠩᠭᠤᠴᠠᠨ ᠠᠴᠠ ᠭᠠᠷᠤᠬᠰᠠᠨ ᠰᠠᠨᠰᠠᠷᠴᠢᠨ ᠪᠠᠶᠢᠵᠤ᠂ ᠰᠠᠨᠰᠠᠷᠴᠢᠨ ᠸᠠᠩ ᠶᠠ ᠫᠢᠩ ᠬᠤᠪᠢᠯᠭᠠᠨ ᠤᠩᠭᠤᠴᠠ ᠠᠷᠪᠠᠳᠤᠭᠠᠷ ᠬᠦᠮᠦᠨ ᠰᠠᠭᠤᠯᠭᠠᠬᠰᠠᠨ ᠨᠢᠰᠬᠦ ᠤᠩᠭᠤᠴᠠ ᠶᠢᠨ ᠰᠠᠨᠰᠠᠷ ᠤᠨ ᠠᠶᠠᠯᠠᠯ ᠤᠨ ᠡᠭᠦᠷᠭᠡ ᠶᠢ ᠭᠦᠢᠴᠡᠳᠭᠡᠵᠤ ᠦᠩᠭᠡᠷᠡᠭᠰᠡᠨ ᠮᠠᠨ ᠤ ᠤᠯᠤᠰ ᠤᠨ ᠰᠠᠨᠰᠠᠷ ᠲᠤ ᠭᠠᠷᠤᠬᠰᠠᠨ ᠠᠩᠬᠠᠳᠠᠬᠴᠢ ᠡᠮᠡᠭᠳᠡᠢ ᠰᠠᠨᠰᠠᠷᠴᠢᠨ᠂ ᠡᠨᠡ ᠤᠳᠠᠭ᠎ᠠ ᠬᠤᠪᠢᠯᠭᠠᠨ ᠤᠩᠭᠤᠴᠠ ᠠᠷᠪᠠᠨ ᠭᠤᠷᠪᠠᠳᠤᠭᠠᠷ ᠬᠦᠮᠦᠨ ᠰᠠᠭᠤᠯᠭᠠᠬᠰᠠᠨ ᠨᠢᠰᠬᠦ ᠤᠩᠭᠤᠴᠠ ᠪᠠᠷ ᠰᠠᠨᠰᠠᠷ ᠤᠨ ᠦᠷᠳᠡᠭᠡ ᠳᠤ ᠬᠦᠷᠬᠦ ᠬᠠᠮᠤᠭ ᠤᠨ ᠠᠩᠬᠠᠨ ᠤ ᠡᠮᠡᠭᠳᠡᠢ ᠰᠠᠨᠰᠠᠷᠴᠢᠨ ᠪᠤᠯᠵᠤ᠂ ᠰᠠᠨᠰᠠᠷᠴᠢᠨ ᠶᠧ ᠭᠤᠸᠠᠩ ᠹᠦ᠋ ᠠᠩᠬ᠎ᠠ ᠤᠳᠠᠭ᠎ᠠ ᠨᠢᠰᠤᠯᠳᠠ ᠶᠢᠨ ᠡᠭᠦᠷᠭᠡ ᠶᠢ ᠪᠡᠶᠡᠯᠡᠭᠦᠯᠵᠤ ᠪᠠᠶᠢᠭ᠎ᠠ ᠶᠤᠮ᠃      ᠲᠦᠯᠦᠪᠯᠡᠭᠡ ᠪᠠᠷ᠂ ᠬᠤᠪᠢᠯᠭᠠᠨ ᠤᠩᠭᠤᠴᠠ ᠠᠷᠪᠠᠨ ᠭᠤᠷᠪᠠᠳᠤᠭᠠᠷ ᠨᠢᠰᠬᠦ ᠤᠩᠭᠤᠴᠠ ᠰᠠᠨᠰᠠᠷ ᠤᠨ ᠠᠶᠠᠯᠠᠯ ᠤᠨ ᠨᠢᠰᠤᠯᠳᠠ ᠶᠢᠨ ᠵᠠᠮ ᠳᠠᠭᠠᠨ ᠤᠷᠤᠬᠰᠠᠨ ᠤ ᠲᠠᠷᠠᠭ᠎ᠠ ᠪᠡᠶ᠎ᠡ ᠪᠠᠨ ᠲᠠᠭᠠᠭᠠᠬᠰᠠᠨ ᠲᠦᠷᠭᠡᠨ ᠬᠤᠯᠪᠤᠯᠳᠠ ᠶᠢᠨ ᠠᠷᠭ᠎ᠠ ᠬᠡᠯᠪᠡᠷᠢ ᠪᠠᠷ ᠲᠢᠶᠡᠨ ᠡᠾᠧ ᠭᠤᠤᠯ ᠦᠷᠦᠭᠡ ᠲᠠᠢ ᠵᠠᠯᠭᠠᠯᠳᠤᠵᠤ᠂ ᠲᠢᠶᠡᠨ ᠡᠾᠧ ᠭᠤᠤᠯ ᠦᠷᠦᠭᠡ᠂ ᠲᠡᠭᠷᠢ ᠶᠢᠨ ᠤᠩᠭᠤᠴᠠ ᠬᠤᠶᠠᠳᠤᠭᠠᠷ ᠠᠴᠢᠶᠠᠨ ᠤ ᠨᠢᠰᠬᠦ ᠤᠩᠭᠤᠴᠠ ᠪᠤᠯᠤᠨ ᠲᠡᠭᠷᠢ ᠶᠢᠨ ᠤᠩᠭᠤᠴᠠ ᠭᠤᠷᠪᠠᠳᠤᠭᠠᠷ ᠠᠴᠢᠶᠠᠨ ᠤ ᠨᠢᠰᠬᠦ ᠤᠩᠭᠤᠴᠠ ᠲᠠᠢ ᠨᠡᠶᠢᠯᠡᠨ᠎ᠡ᠃ ᠰᠠᠨᠰᠠᠷᠴᠢᠨ ᠭᠤᠤᠯ ᠦᠷᠦᠭᠡᠨ ᠳᠤ ᠤᠷᠤᠵᠤ᠂ ᠰᠠᠨᠰᠠᠷ ᠤᠬᠳᠠᠷᠭᠤᠢ ᠪᠠ ᠭᠠᠵᠠᠷ ᠤᠨ ᠭᠠᠳᠠᠷᠭᠤ ᠠᠴᠠ ᠵᠡᠷᠭᠡᠪᠡᠷ ᠠᠵᠢᠯᠯᠠᠬᠤ ᠲᠦᠷᠢᠮ ᠢᠶᠠᠷ ᠠᠵᠢᠯᠯᠠᠵᠤ ᠠᠮᠢᠳᠤᠷᠠᠭᠠᠳ ᠪᠠᠷᠤᠭ 6 ᠰᠠᠷ᠎ᠠ ᠪᠤᠯᠤᠬᠰᠠᠨ ᠤ ᠲᠠᠷᠠᠭ᠎ᠠ ᠨᠢᠰᠬᠦ ᠤᠩᠭᠤᠴᠠ ᠶᠢᠨ ᠪᠤᠴᠠᠯᠳᠠ ᠶᠢᠨ ᠦᠷᠦᠭᠡ ᠳᠤ ᠰᠠᠭᠤᠵᠤ ᠳ᠋ᠦᠩᠹᠧᠩ ᠲᠠᠯᠠᠪᠠᠢ ᠳᠤ ᠪᠤᠴᠠᠨ ᠢᠷᠡᠬᠦ ᠪᠤᠯᠤᠨ᠎ᠠ᠃      ᠬᠤᠪᠢᠯᠭᠠᠨ ᠤᠩᠭᠤᠴᠠ ᠠᠷᠪᠠᠨ ᠭᠤᠷᠪᠠᠳᠤᠭᠠᠷ ᠬᠦᠮᠦᠨ ᠰᠠᠭᠤᠯᠭᠠᠬᠰᠠᠨ ᠨᠢᠰᠬᠦ ᠤᠩᠭᠤᠴᠠ ᠶᠢᠨ ᠡᠭᠦᠷᠭᠡ ᠪᠤᠯ ᠮᠠᠨ ᠤ ᠤᠯᠤᠰ ᠤᠨ ᠰᠠᠨᠰᠠᠷ ᠤᠨ ᠦᠷᠳᠡᠭᠡ ᠶᠢᠨ ᠵᠠᠩᠭᠢᠯᠠᠭ᠎ᠠ ᠶᠢᠨ ᠴᠢᠨᠠᠷᠳᠠᠢ ᠮᠡᠷᠭᠡᠵᠢᠯ ᠢ ᠲᠤᠷᠰᠢᠬᠤ ᠬᠤᠭᠤᠴᠠᠭᠠᠨ ᠳᠠᠬᠢ ᠵᠢᠷᠭᠤᠳᠤᠭᠠᠷ ᠤᠳᠠᠭᠠᠨ ᠤ ᠨᠢᠰᠬᠦ ᠤᠩᠭᠤᠴᠠ ᠮᠦᠷᠳᠡᠭᠡᠨ ᠬᠠᠮᠤᠭ ᠤᠨ ᠰᠡᠭᠦᠯᠴᠢ ᠶᠢᠨ ᠨᠢᠭᠡ ᠤᠳᠠᠭᠠᠨ ᠤ ᠡᠭᠦᠷᠭᠡ ᠶᠢ ᠭᠦᠢᠴᠡᠳᠭᠡᠬᠦ ᠪᠤᠯᠤᠨ᠎ᠠ᠃ ᠭᠤᠤᠯᠳᠠᠭᠤ ᠰᠠᠨᠰᠠᠷ ᠤᠨ ᠦᠷᠳᠡᠭᠡ ᠶᠢᠨ ᠵᠠᠩᠬᠢᠯᠠᠭ᠎ᠠ ᠶᠢᠨ ᠴᠢᠨᠠᠷᠳᠠᠢ ᠮᠡᠷᠭᠡᠵᠢᠯ ᠢ ᠤᠬᠰᠠᠷᠠᠬᠤ ᠲᠤᠷᠰᠢᠯᠳᠠ ᠦᠷᠨᠢᠭᠦᠯᠵᠤ᠂ ᠠᠶᠠᠯᠠᠯ ᠤᠨ ᠲᠤᠭᠤᠢᠢᠯᠠᠩ ᠤᠨ ᠰᠠᠨᠰᠠᠷᠴᠢᠨ ᠲᠢᠶᠡᠨ ᠡᠾᠧ ᠭᠤᠤᠯ ᠦᠷᠦᠭᠡᠨ ᠠᠴᠠ 2 — 3 ᠤᠳᠠᠭ᠎ᠠ ᠭᠠᠷᠴᠤ᠂ 3 ᠰᠠᠨᠰᠠᠷᠴᠢᠨ ᠲᠢᠶᠡᠨ ᠡᠾᠧ ᠭᠤᠤᠯ ᠦᠷᠦᠭᠡ ᠳᠤ 180 ᠬᠤᠨᠤᠭ ᠠᠵᠢᠯᠯᠠᠵᠤ ᠠᠮᠢᠳᠤᠷᠠᠬᠤ ᠶᠢ ᠪᠠᠳᠤᠯᠠᠬᠤ ᠠᠴᠠ ᠭᠠᠳᠠᠨ᠎ᠠ ᠪᠤᠰᠤᠳ ᠲᠦᠷᠦᠯ ᠤᠨ ᠤᠯᠠᠨ ᠵᠦᠢᠯ ᠤᠨ ᠰᠢᠨᠵᠢᠯᠡᠭᠡ ᠮᠡᠷᠭᠡᠵᠢᠯ ᠢ ᠲᠦᠭᠡᠮᠡᠯᠵᠢᠭᠦᠯᠬᠦ ᠰᠤᠳᠤᠯᠭᠠᠨ ᠤ ᠠᠵᠢᠯᠯᠠᠭ᠎ᠠ ᠦᠷᠨᠢᠭᠦᠯᠬᠦ ᠪᠤᠯᠤᠨ᠎ᠠ᠃
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号