ᠥᠪᠥᠷ ᠮᠣᠩᠭᠤᠯ ᠤᠨ ᠡᠷᠢᠶᠡᠨ ᠬᠤᠲᠠ ᠳᠤ ᠰᠢᠨ᠎ᠡ ᠲᠢᠲᠢᠮᠯᠢᠭ  ᠠᠭᠤᠰᠬᠢᠨ ᠦᠷᠪᠢᠰᠦᠯ ᠤᠨ ᠡᠪᠡᠳᠴᠢᠨ ᠤ ᠵᠢᠱᠢᠶ᠎ᠡ ᠢᠯᠡᠷᠡᠵᠡᠢ
ᠨᠡᠶᠢᠲᠡᠯᠡᠭᠰᠡᠨ ᠴᠠᠭ᠄
2021/10/15
    10 ᠳ᠋ᠤᠭᠠᠷ ᠰᠠᠷ᠎ᠠ ᠶᠢᠨ 13 ᠤ ᠡᠳᠦᠷ᠂ ᠥᠪᠥᠷ ᠮᠣᠩᠭᠤᠯ ᠤᠨ ᠡᠷᠢᠶᠡᠨ ᠬᠤᠲᠠ ᠶᠢᠨ ᠬᠤᠶ ᠲᠦᠩ  ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ ᠲᠠᠬᠢ ᠪᠢᠲᠡᠭᠦᠮᠵᠢᠯᠡᠭᠰᠡᠨ ᠬᠠᠮᠢᠶᠠᠷᠤᠯᠲᠠ ᠶᠢᠨ ᠨᠢᠭᠡᠨ  ᠠᠵᠢᠯᠲᠠᠨ  ᠪᠥᠭᠡᠮ  ᠬᠦᠴᠢᠯ ᠤᠨ ᠰᠢᠯᠭᠠᠨ ᠪᠠᠶᠢᠴᠠᠭᠠᠯᠲᠠ ᠳᠤ ᠠᠷᠭ᠎ᠠ ᠴᠢᠨᠠᠷ ᠢᠯᠡᠷᠡᠪᠡ᠃ ᠣᠳᠣᠬᠠᠨ ᠳᠤ᠂  ᠪᠥᠭᠡᠮ  ᠬᠦᠴᠢᠯ ᠤᠨ  ᠰᠢᠯᠭᠠᠨ  ᠪᠠᠶᠢᠴᠠᠭᠠᠯᠲᠠ ᠳᠤ ᠠᠷᠭ᠎ᠠ ᠴᠢᠨᠠᠷ ᠢᠯᠡᠷᠡᠭᠰᠡᠨ ᠬᠦᠮᠦᠨ ᠢ ᠲᠡᠷᠡ ᠳᠠᠷᠤᠶ ᠳᠤ ᠨᠢ ᠡᠮᠨᠡᠯᠭᠡ ᠳᠤ ᠬᠦᠷᠭᠡᠨ ᠠᠵᠢᠭᠯᠠᠨ ᠡᠮᠨᠡᠵᠦ᠂  ᠬᠤᠯᠪᠣᠭᠳᠠᠯ  ᠪᠥᠬᠦᠶ ᠣᠶᠢᠷᠠᠲᠤᠭᠰᠠᠳ ᠢ ᠪᠦᠬᠦᠨ ᠢ ᠲᠥᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠵᠦ ᠪᠠᠶᠢᠨ᠎ᠠ᠃      ᠬᠢᠵᠢᠭ ᠤᠨ ᠪᠠᠶᠢᠳᠠᠯ ᠳᠠᠷᠬᠠᠨ ᠳᠡᠯᠭᠡᠷᠡᠬᠦ ᠶᠢ ᠡᠷᠡᠰ ᠬᠤᠷᠢᠭᠯᠠᠬᠤ ᠶᠢᠨ ᠲᠥᠯᠥᠭᠡ᠂ ᠡᠷᠢᠶᠡᠨ ᠬᠤᠲᠠ ᠶᠢᠨ  ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠠᠴᠠ 10 ᠰᠠᠷ᠎ᠠ ᠶᠢᠨ  14 ᠤ ᠡᠳᠦᠷ ᠤᠨ  ᠦᠳᠡ ᠶᠢᠨ 12 ᠴᠠᠭ ᠲᠤ  ᠪᠥᠬᠦ  ᠬᠤᠲᠠ ᠶᠢᠨ  ᠬᠡᠪᠴᠢᠶᠡᠨ ᠳᠤ  ᠪᠥᠬᠦ  ᠠᠵᠢᠯᠲᠠᠨ ᠤ  ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢ ᠡᠬᠢᠯᠡᠭᠦᠯᠵᠦ᠂ 10 ᠰᠠᠷ᠎ᠠ ᠶᠢᠨ 14 ᠤ ᠡᠳᠦᠷ ᠤᠨ 24 ᠴᠠᠭ ᠠᠴᠠ ᠡᠮᠦᠨ᠎ᠡ ᠨᠢᠭᠡᠳᠦᠭᠡᠷ  ᠡᠭᠡᠯᠵᠢ ᠶᠢᠨ  ᠪᠥᠬᠦ  ᠠᠵᠢᠯᠲᠠᠨ ᠤ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢ ᠪᠡᠶᠡᠯᠡᠭᠦᠯᠬᠦ ᠪᠠᠷ  ᠲᠣᠭᠲᠠᠪᠠ ᠃  ᠡᠳᠦᠭᠡ  ᠬᠤᠯᠪᠣᠭᠳᠠᠯ  ᠪᠥᠬᠦᠶ  ᠵᠦᠢᠯᠡᠰ ᠢ ᠳᠤᠤᠷᠠᠬᠢ ᠮᠡᠲᠦ ᠵᠠᠷᠯᠠᠪᠠ᠄      ᠨᠢᠭᠡ᠂ ᠡᠷᠢᠶᠡᠨ ᠬᠤᠲᠠ ᠶᠢᠨ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠪᠥᠬᠦ ᠬᠥᠮᠦᠰ ᠴᠥᠮ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠬᠢᠬᠦ ᠬᠡᠷᠡᠭᠲᠡᠶ᠃     ᠬᠤᠶᠠᠷ᠂ ᠪᠥᠭᠡᠮ ᠬᠦᠴᠢᠯ ᠤᠨ ᠰᠢᠯᠭᠠᠨ  ᠪᠠᠶᠢᠴᠠᠭᠠᠯᠲᠠ ᠶᠢ  ᠪᠦᠬᠦᠨ ᠢ  ᠪᠦᠷᠬᠦᠭᠦᠯᠬᠦ᠂ ᠣᠷᠬᠢᠭᠳᠠᠭᠤᠯᠬᠤ ᠥᠬᠡᠶ ᠪᠠᠶᠢᠬᠤ ᠶᠢ ᠪᠠᠲᠤᠯᠠᠵᠤ᠂ ᠬᠥᠮᠦᠰ ᠤᠨ ᠰᠢᠯᠵᠢᠯᠲᠡ ᠶᠢ ᠪᠠᠭᠠᠰᠬᠠᠵᠤ᠂ ᠬᠦᠴᠦᠨ ᠢᠶᠠᠨ ᠲᠥᠪᠯᠡᠷᠡᠭᠦᠯᠦᠨ ᠪᠥᠬᠦ  ᠠᠵᠢᠯᠲᠠᠨ ᠤ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢᠨ ᠠᠵᠢᠯ ᠢ ᠰᠠᠶᠢᠲᠤᠷ  ᠬᠢᠬᠦ ᠶᠢᠨ ᠲᠥᠯᠥᠭᠡ᠂ 10  ᠰᠠᠷ᠎ᠠ ᠶᠢᠨ 14 ᠤ ᠡᠳᠦᠷ ᠤᠨ ᠲᠡᠭ ᠴᠠᠭ ᠠᠴᠠ  ᠡᠬᠢᠯᠡᠨ ᠪᠥᠬᠦ ᠬᠤᠲᠠ ᠶᠢᠨ ᠵᠠᠰᠠᠭ  ᠵᠠᠬᠢᠷᠭᠠᠨ ᠤ ᠬᠠᠷᠢᠶ᠎ᠠ  ᠣᠷᠣᠨ ᠳᠤ  ᠪᠢᠲᠡᠭᠦᠮᠵᠢᠯᠡᠭᠰᠡᠨ ᠬᠠᠮᠢᠶᠠᠷᠤᠯᠲᠠ ᠶᠢ ᠬᠡᠷᠡᠭᠵᠢᠭᠦᠯᠵᠦ᠂ ᠡᠯ᠎ᠡ ᠵᠠᠮ ᠬᠠᠷᠢᠯᠴᠠᠭᠠᠨ ᠤ ᠣᠷᠣᠵᠤ ᠭᠠᠷᠬᠤ ᠭᠠᠵᠠᠷ ᠲᠤ  ᠵᠠᠮ ᠬᠠᠷᠢᠯᠴᠠᠭᠠᠨ ᠤ  ᠵᠠᠬᠢᠷᠤᠨ ᠬᠠᠮᠢᠶᠠᠷᠤᠯᠲᠠ ᠶᠢ ᠬᠡᠷᠡᠭᠵᠢᠭᠦᠯᠦᠨ᠎ᠡ᠃ ᠪᠦᠬᠦ ᠬᠤᠲᠠ ᠶᠢᠨ ᠡᠯ᠎ᠡ ᠪᠠᠶᠢᠭᠤᠯᠭ᠎ᠠ ᠠᠵᠤ ᠠᠬᠤᠢᠯᠠᠯ ᠠᠵᠢᠯ ᠦᠢᠯᠡᠰ ᠤᠨ ᠨᠢᠭᠡᠴᠡ ᠠᠵᠢᠯ ᠦᠢᠯᠡᠳᠪᠦᠷᠢᠯᠡᠯ ᠢᠶᠠᠨ ᠵᠣᠭᠰᠣᠭᠠᠵᠤ᠂ ᠡᠯ᠎ᠡ  ᠶᠡᠭᠡ ᠳᠤᠮᠳᠠᠳᠤ  ᠪᠠᠭ᠎ᠠ  ᠰᠤᠷᠭᠠᠭᠤᠯᠢ᠂  ᠬᠡᠦᠬᠡᠳ ᠤᠨ ᠴᠡᠴᠡᠷᠯᠢᠭ ᠬᠢᠴᠢᠶᠡᠯ ᠢᠶᠠᠨ ᠵᠣᠭᠰᠣᠭᠠᠨ᠂ ᠡᠯ᠎ᠡ ᠲᠥᠷᠥᠯ ᠤᠨ ᠡᠵᠡᠩᠨᠡᠯᠲᠡ ᠶᠢᠨ ᠲᠠᠯᠠᠪᠤᠷ ᠡᠵᠡᠩᠨᠡᠯᠲᠡ ᠪᠠᠨ ᠲᠦᠷ  ᠵᠣᠭᠰᠣᠭᠠᠨ᠎ᠠ᠃  ᠤᠰᠤ ᠴᠠᠬᠢᠯᠭᠠᠨ ᠲᠣᠰᠣ ᠬᠡᠢ ᠳᠤᠯᠠᠭᠠᠯᠠᠭ᠎ᠠ  ᠵᠢᠴᠢ  ᠴᠢᠮᠡᠭᠡ  ᠬᠤᠯᠪᠣᠭ᠎ᠠ  ᠵᠡᠷᠭᠡ ᠦᠨᠳᠦᠰᠦᠨ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠤᠳ ᠵᠢᠵᠢᠭᠦᠷᠯᠡᠨ  ᠰᠠᠬᠢᠬᠤ ᠪᠠᠨ  ᠴᠢᠩᠭᠠᠳᠬᠠᠵᠤ᠂  ᠬᠡᠪ ᠤᠨ  ᠠᠵᠢᠯᠯᠠᠭᠠᠨ ᠢ  ᠦᠨᠡᠨᠬᠦ ᠪᠠᠲᠤᠯᠠᠬᠤ ᠬᠡᠷᠡᠭᠲᠡᠶ᠃     ᠭᠤᠷᠪᠠ᠂ ᠥᠷᠭᠡᠨ ᠣᠯᠠᠨ ᠬᠤᠲᠠ ᠶᠢᠨ ᠠᠷᠠᠳ ᠨᠡᠶᠢᠭᠡᠮ ᠲᠣᠭᠤᠷᠢᠭ ᠤᠨ ᠮᠡᠳᠡᠭᠳᠡᠭᠰᠡᠨ ᠴᠠᠭ᠂ ᠭᠠᠵᠠᠷ  ᠣᠷᠣᠨ ᠤ ᠶᠣᠰᠣᠭᠠᠷ᠂ ᠬᠤᠪᠢ ᠬᠥᠮᠦᠨ ᠤ ᠬᠦᠴᠦᠨ ᠪᠥᠬᠦᠶ ᠪᠡᠶ᠎ᠡ ᠶᠢᠨ ᠦᠨᠡᠮᠯᠡᠯ ᠢᠶᠠᠨ ᠠᠪᠴᠤ᠂ ᠠᠮᠠᠪᠴᠢ ᠵᠡᠭᠦᠨ᠂  ᠥᠯᠢᠭᠡᠷ  ᠠᠪᠬᠤ ᠴᠡᠭ ᠲᠤ ᠴᠠᠭ ᠲᠤᠬᠠᠶ ᠳᠤᠨᠢ ᠬᠦᠷᠴᠦ  ᠪᠥᠭᠡᠮ ᠬᠦᠴᠢᠯ ᠤᠨ ᠰᠢᠯᠭᠠᠨ  ᠪᠠᠶᠢᠴᠠᠭᠠᠯᠲᠠ ᠬᠢᠬᠦ ᠶᠢᠨ  ᠬᠠᠮᠲᠤ  ᠲᠤᠬᠠᠶ ᠶᠢᠨ ᠲᠠᠯᠠᠪᠠᠶ ᠶᠢᠨ ᠠᠵᠢᠯᠲᠠᠨ ᠤ ᠵᠢᠯᠣᠭᠤᠳᠣᠯᠭ᠎ᠠ ᠶᠣᠰᠣᠭᠠᠷ ᠡᠮᠬᠢ ᠵᠢᠷᠤᠮ ᠲᠠᠢ ᠮᠥᠷᠯᠡᠵᠦ᠂ 1  ᠮᠧᠲᠷ ᠠᠴᠠ ᠳᠡᠭᠡᠭᠰᠢᠬᠢ ᠠᠮᠤᠷ ᠲᠦᠪᠰᠢᠨ ᠤ ᠵᠠᠶ ᠲᠠᠢ ᠪᠠᠶᠢᠬᠤ ᠶᠢ ᠪᠠᠲᠤᠯᠠᠨ᠂ ᠮᠦᠷ ᠪᠤᠯᠢᠶᠠᠬᠤ ᠥᠬᠡᠶ᠂ ᠶᠠᠷᠢᠯᠴᠠᠬᠤ ᠥᠬᠡᠶ᠂  ᠴᠤᠭᠯᠠᠷᠠᠬᠤ  ᠥᠬᠡᠶ  ᠪᠠᠶᠢᠬᠤ ᠬᠡᠷᠡᠭᠲᠡᠶ᠃     ᠳᠥᠷᠪᠡ᠂ ᠪᠥᠭᠡᠮ ᠬᠦᠴᠢᠯ ᠤᠨ ᠰᠢᠯᠭᠠᠨ  ᠪᠠᠶᠢᠴᠠᠭᠠᠯᠲᠠ ᠶᠢᠨ  ᠦᠷ᠎ᠡ  ᠳ᠋ᠦᠩ ᠢ  ᠬᠦᠯᠢᠶᠡᠬᠦ  ᠬᠤᠭᠤᠴᠠᠭᠠᠨ ᠳᠤ᠂ ᠥᠷᠭᠡᠨ ᠣᠯᠠᠨ ᠬᠤᠲᠠ ᠶᠢᠨ ᠠᠷᠠᠳ ᠤᠬᠠᠮᠰᠠᠷ ᠠᠴᠠ ᠪᠠᠨ ᠬᠡᠷ ᠲᠡᠭᠡᠨ ᠰᠠᠭᠤᠵᠤ᠂ ᠴᠢᠬᠤᠯᠠ ᠥᠬᠡᠶ ᠪᠣᠯ ᠭᠠᠳᠠᠭᠰᠢ  ᠭᠠᠷᠬᠤ ᠥᠬᠡᠶ᠂ ᠴᠤᠭᠯᠠᠷᠠᠬᠤ ᠥᠬᠡᠶ ᠪᠠᠶᠢᠬᠤ ᠬᠡᠷᠡᠭᠲᠡᠶ᠃
 
ᠢᠷᠡᠯᠲᠡ᠄ ᠠᠷᠠᠳ ᠤᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号