ᠠᠯᠠᠱᠠ ᠪᠠᠷᠠᠭᠤᠨ ᠬᠤᠰᠢᠭᠤ ᠪᠦᠬᠦ ᠠᠶᠢᠮᠠᠭ ᠤᠨ ᠠᠩᠬᠠᠳᠠᠭᠴᠢ ᠥᠪᠡᠷᠲᠡᠭᠡᠨ ᠵᠠᠰᠠᠬᠤ ᠣᠷᠣᠨ ᠤ ᠤᠯᠠᠮᠵᠢᠯᠠᠯᠲᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠠᠮᠠᠭᠠᠯᠠᠬᠤ ᠲᠤᠷᠰᠢᠯᠲᠠ ᠶᠢᠨ ᠰᠢᠶᠠᠨ ᠪᠣᠯᠵᠠᠢ
ᠨᠡᠶᠢᠲᠡᠯᠡᠭᠰᠡᠨ ᠴᠠᠭ᠄
2021/10/18
      ᠣᠶᠢᠷ᠎ᠠ ᠶᠢᠨ ᠡᠳᠦᠷ᠂ ᠠᠯᠠᠱᠠ ᠪᠠᠷᠠᠭᠤᠨ ᠬᠤᠰᠢᠭᠤ 2021 ᠣᠨ ᠤ ᠨᠢᠭᠡᠳᠦᠭᠡᠷ ᠪᠦᠯᠦᠭ ᠥᠪᠡᠷᠲᠡᠭᠡᠨ ᠵᠠᠰᠠᠬᠤ ᠣᠷᠣᠨ ᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠠᠭᠠᠯᠠᠯᠲᠠ ᠶᠢᠨ ᠲᠤᠷᠰᠢᠯᠲᠠ ᠶᠢᠨ ᠰᠢᠶᠠᠨ ᠢᠶᠠᠷ ᠲᠣᠭᠲᠠᠭᠠᠭᠳᠠᠵᠠᠢ᠃ ᠡᠶᠢᠨᠬᠦ ᠠᠯᠠᠱᠠ ᠪᠠᠷᠠᠭᠤᠨ ᠬᠤᠰᠢᠭᠤ ᠪᠦᠬᠦ ᠠᠶᠢᠮᠠᠭ ᠤᠨ ᠠᠩᠬᠠᠳᠠᠭᠴᠢ ᠥᠪᠡᠷᠲᠡᠭᠡᠨ ᠵᠠᠰᠠᠬᠤ ᠣᠷᠣᠨ ᠤ ᠤᠯᠠᠮᠵᠢᠯᠠᠯᠲᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠠᠮᠠᠭᠠᠯᠠᠬᠤ ᠲᠤᠷᠰᠢᠯᠲᠠ ᠶᠢᠨ ᠰᠢᠶᠠᠨ ᠪᠤᠯᠤᠬᠰᠠᠨ ᠪᠠᠶᠢᠨ᠎ᠠ᠃       ᠣᠶᠢᠷ᠎ᠠ ᠶᠢᠨ ᠵᠢᠯ ᠠᠴᠠ ᠨᠠᠭᠠᠰᠢ᠂ ᠠᠯᠠᠱᠠ ᠪᠠᠷᠠᠭᠤᠨ ᠬᠤᠰᠢᠭᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠬᠢᠭᠡᠳ ᠰᠢᠨ᠎ᠡ ᠶᠢ ᠡᠭᠦᠳᠬᠦ ᠬᠥᠭᠵᠢᠯᠲᠡ ᠶᠢᠨ ᠭᠦᠨᠵᠡᠭᠡᠶ ᠠᠭᠤᠰᠤᠯᠴᠠᠯ ᠢᠶᠠᠷ ᠭᠤᠤᠯ ᠰᠢᠵᠢᠮ ᠪᠣᠯᠭᠠᠵᠤ᠂ ᠤᠯᠠᠮᠵᠢᠯᠠᠯᠲᠤ ᠮᠡᠳᠡᠯᠭᠡ ᠶᠢᠨ ᠡᠬᠢ ᠪᠠᠶᠠᠯᠢᠭ ᠤᠨ ᠳᠠᠪᠠᠭᠤᠯᠢᠭ ᠢᠶᠠᠨ ᠬᠦᠢᠴᠡᠳ ᠪᠠᠳᠠᠷᠠᠭᠤᠯᠤᠨ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠦᠷᠢᠮ ᠢ ᠠᠰᠢᠭᠯᠠᠨ ᠤᠯᠠᠮᠵᠢᠯᠠᠯᠲᠤ ᠡᠬᠢ ᠪᠠᠶᠠᠯᠢᠭ ᠢ ᠤᠯᠠᠮᠵᠢᠯᠠᠨ ᠵᠠᠯᠭᠠᠮᠵᠢᠯᠠᠬᠤ᠂ ᠬᠠᠮᠠᠭᠠᠯᠠᠬᠤ ᠪᠠ ᠨᠡᠭᠡᠭᠡᠨ ᠬᠥᠭᠵᠢᠭᠦᠯᠬᠦ ᠶᠢ ᠬᠦᠴᠦᠯᠡᠨ ᠴᠢᠩᠭᠠᠳᠬᠠᠵᠤ᠂ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠂ ᠲᠤᠷᠰᠢᠯᠲᠠ ᠶᠢᠨ ᠴᠡᠭ ᠤᠨ ᠡᠭᠦᠳᠦᠨ ᠪᠠᠶᠢᠭᠤᠯᠬᠤ ᠡᠯ᠎ᠡ ᠵᠦᠶᠯ ᠤᠨ ᠠᠵᠢᠯ ᠢ ᠪᠥᠬᠦ ᠬᠦᠴᠦᠨ ᠢᠶᠠᠷ ᠠᠬᠢᠭᠤᠯᠤᠨ᠂ ᠪᠤᠳᠠᠲᠦ ᠦᠷ᠎ᠠ ᠪᠦᠲᠦᠮᠵᠢ ᠤᠯᠵᠠᠢ᠃       2021 ᠣᠨ ᠤ 4 ᠰᠠᠷ᠎ᠠ ᠳᠤ᠂ ︽ᠠᠯᠠᠱᠠ ᠪᠠᠷᠠᠭᠤᠨ ᠬᠤᠰᠢᠭᠤᠨ ᠤ ᠢᠡᠭᠬᠡᠨ ᠰᠦ︾ ᠶᠢ ᠤᠯᠤᠰ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠣᠪᠴᠢᠶ᠎ᠠ ᠶᠢᠨ ᠲᠠᠸᠠᠷ ᠤᠨ ᠲᠡᠮᠳᠡᠭ ᠤᠨ ᠲᠣᠪᠴᠢᠶ᠎ᠠ ᠠᠴᠠ ᠭᠠᠵᠠᠷ ᠵᠦᠶ ᠶᠢᠨ ᠲᠡᠮᠳᠡᠭ ᠢᠶᠠᠷ ᠭᠡᠷᠡᠴᠢᠯᠡᠬᠦ ᠲᠠᠸᠠᠷ ᠤᠨ ᠲᠡᠮᠳᠡᠭ ᠢᠶᠠᠷ ᠳᠠᠩᠰᠠᠯᠠᠬᠤ ᠶᠢ ᠬᠢᠨᠠᠨ ᠵᠥᠪᠰᠢᠶᠡᠷᠡᠭᠰᠡᠨ ᠪᠥᠭᠡᠳ ᠠᠯᠠᠱᠠ ᠶᠢᠨ ᠡᠷᠲᠡᠨ ᠤ ᠬᠢ ᠶᠢ ᠳᠠᠭᠤᠷᠢᠶᠠᠨ ᠭᠠᠵᠠᠷ ᠵᠦᠶ ᠶᠢᠨ ᠲᠡᠮᠳᠡᠭ ᠢᠶᠠᠷ ᠭᠡᠷᠡᠴᠢᠯᠡᠬᠦ ᠲᠠᠸᠠᠷ ᠤᠨ ᠲᠡᠮᠳᠡᠭ ᠭᠤᠶᠤᠴᠢᠯᠠᠨ ᠮᠡᠳᠡᠭᠦᠯᠬᠦ ᠶᠢ ᠢᠳᠡᠪᠬᠢᠲᠡᠶ ᠲᠠᠨᠢᠯᠴᠠᠭᠤᠯᠪᠠ᠃ 2020 ᠣᠨ ᠠᠴᠠ ᠨᠠᠭᠠᠰᠢ᠂ ᠲᠡᠮᠡᠬᠡᠨ ᠤ ᠠᠰᠢᠭ ᠰᠢᠮ᠎ᠠ ᠶᠢᠨ ᠡᠭᠦᠳᠦᠯᠲᠡ ᠶᠢᠨ 5 ᠲᠤᠰᠬᠠᠶ ᠠᠰᠢᠭ ᠨᠢ ᠤᠯᠤᠰ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠣᠪᠴᠢᠶ᠎ᠠ ᠶᠢᠨ ᠲᠤᠰᠬᠠᠶ ᠠᠰᠢᠭ ᠤᠨ ᠡᠷᠬᠡ ᠣᠯᠭᠤᠯᠲᠠ ᠶᠢ ᠤᠯᠵᠠᠢ᠃ ᠠᠯᠠᠱᠠ ᠶᠢᠨ ᠬᠤᠤᠰ ᠪᠥᠬᠦᠲᠦ ᠲᠡᠮᠡᠭᠡ ᠶᠢ ᠲᠡᠵᠢᠭᠡᠨ ᠦᠷᠡᠵᠢᠭᠦᠯᠬᠦ ᠪᠠ ᠪᠣᠯᠪᠠᠰᠤᠷᠠᠭᠤᠯᠬᠤ ᠰᠢᠷᠢᠰ ᠪᠠᠷᠢᠮᠵᠢᠶ᠎ᠠ ᠶᠢ 16 ᠵᠦᠢᠯ ᠲᠣᠭᠲᠠᠭᠠᠪᠠ᠃ ᠣᠳᠣᠬᠠᠨ ᠪᠣᠯᠲᠠᠯ᠎ᠠ᠂ ᠪᠥᠬᠦ ᠬᠤᠰᠢᠭᠤᠨ ᠤ ᠤᠯᠠᠮᠵᠢᠯᠠᠯᠲᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠳᠤ ᠬᠤᠯᠪᠣᠭᠳᠠᠭᠰᠠᠨ 6 ᠲᠤᠰᠬᠠᠶ ᠠᠰᠢᠭ ᠲᠠᠢ ᠪᠤᠯᠵᠦ᠂ 33 ᠬᠤᠪᠢ ᠲᠠᠸᠡᠷ ᠤᠨ ᠲᠡᠮᠳᠡᠭ ᠢ ᠳᠠᠩᠰᠠᠯᠠᠭᠤᠯᠤᠭᠰᠠᠨ ᠪᠠᠶᠢᠨ᠎ᠠ᠃       ᠡᠭᠦᠨ ᠤ ᠬᠠᠮᠲᠤ᠂ ᠠᠯᠠᠱᠠ ᠪᠠᠷᠠᠭᠤᠨ ᠬᠤᠰᠢᠭᠤ ᠪᠠᠰᠠ ᠤᠯᠠᠮᠵᠢᠯᠠᠯᠲᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠤᠷᠰᠢᠯᠲᠠ ᠶᠢᠨ ᠴᠡᠭ ᠪᠤᠯᠤᠨ ᠵᠢᠭᠤᠯᠴᠢᠯᠠᠯ ᠤᠨ ᠠᠵᠤ ᠦᠢᠯᠡᠰ ᠤᠨ ᠴᠡᠭ ᠢ ᠢᠳᠡᠪᠬᠢᠲᠡᠢ ᠰᠦᠪᠡᠭᠴᠢᠯᠡᠵᠦ᠂ ᠤᠯᠠᠮᠵᠢᠯᠠᠯᠲᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠡᠯᠡᠰᠦ ᠮᠠᠩᠬᠠᠨ ᠤ ᠰᠣᠶᠣᠯ ᠪᠤᠯᠤᠨ ᠵᠢᠭᠤᠯᠴᠢᠯᠠᠯ ᠤᠨ ᠰᠣᠶᠣᠯ ᠲᠠᠢ ᠠᠭᠤᠰᠤᠯᠴᠠᠭᠤᠯᠤᠭᠰᠠᠨ ᠠᠴᠠ ᠪᠥᠬᠦ ᠬᠤᠰᠢᠭᠤᠨ ᠳᠤ ᠤᠯᠤᠰ ᠤᠨ ᠲᠠᠰ ᠤᠨ ᠪᠣᠳᠠᠰ ᠤᠨ ᠪᠤᠰᠤ ᠰᠣᠶᠣᠯ ᠤᠨ ᠥᠪ ᠤᠨ ᠨᠡᠷᠡᠰ ᠤᠨ ᠵᠢᠭᠰᠠᠭᠠᠯᠲᠠ ᠳᠤ 1 ᠲᠥᠷᠥᠯ ᠵᠦᠢᠯ ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠳᠠᠰ ᠤᠨ ᠪᠤᠰᠤ ᠰᠣᠶᠣᠯ ᠤᠨ ᠥᠪ ᠤᠨ ᠨᠡᠷᠡᠰ ᠤᠨ ᠵᠢᠭᠰᠠᠭᠠᠯᠲᠠ ᠳᠤ 11 ᠲᠥᠷᠥᠯ ᠵᠦᠢᠯ ᠪᠠ ᠠᠶᠢᠮᠠᠭ ᠤᠨ ᠲᠡᠰ ᠤᠨ ᠪᠣᠳᠠᠰ ᠤᠨ ᠪᠤᠰᠤ ᠰᠣᠶᠣᠯ ᠤᠨ ᠥᠪ ᠤᠨ ᠨᠡᠷᠡᠰ ᠤᠨ ᠵᠢᠭᠰᠠᠭᠠᠯᠲᠠ ᠳᠤ 30 ᠲᠥᠷᠥᠯ ᠵᠦᠢᠯ ᠲᠠᠢ ᠪᠤᠯᠤᠭᠰᠠᠨ ᠪᠠᠶᠢᠨ᠎ᠠ᠃
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号