ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠶᠡᠷᠦᠩᠬᠡᠶᠢᠯᠡᠭᠰᠡᠨ ᠡᠪᠡᠳᠴᠢᠨ ᠡᠮᠭᠡᠭ ᠢ | ᠰᠡᠷᠭᠡᠶᠢᠯᠡᠨ ᠡᠵᠡᠮᠳᠡᠬᠦ ᠲᠥᠪ ᠠᠴᠠ ᠳᠠᠮᠵᠢᠭᠤᠯᠤᠭᠰᠠᠨ ᠱᠠᠨᠰᠢ ᠮᠤᠵᠢ ᠶᠢᠨ ᠡᠪᠡᠳᠴᠢᠨ ᠡᠮᠭᠡᠭ ᠢ ᠰᠡᠷᠭᠡᠶᠢᠯᠡᠨ | ᠡᠵᠡᠮᠳᠡᠬᠦ ᠲᠥᠪ ᠤᠨ ︽ᠮᠡᠳᠡᠭᠳᠡᠬᠦ ᠪᠢᠴᠢᠭ︾ ᠢ ᠦᠨᠳᠦᠰᠦᠯᠡᠪᠡᠯ᠂ ᠰᠢ ᠠᠨ ᠬᠤᠲᠠ ᠶᠢᠨ ᠡᠪᠡᠳᠴᠢᠨ ᠡᠮᠭᠡᠭ ᠢ | ᠰᠡᠷᠭᠡᠶᠢᠯᠡᠨ ᠡᠵᠡᠮᠳᠡᠬᠦ ᠲᠥᠪ ᠤᠨ ᠬᠢᠨ 10 ᠰᠠᠷ᠎ᠠ ᠶᠢᠨ 17 ᠤ ᠡᠳᠦᠷ ᠤᠨ ᠥᠷᠯᠥᠭᠡ ᠵᠤᠭᠠᠴᠠᠭᠰᠠᠳ ᠤᠨ | ᠳᠤᠮᠳᠠ ᠠᠴᠠ᠂ 10 ᠰᠠᠷ᠎ᠠ ᠶᠢᠨ 15 ᠤ ᠡᠳᠦᠷ ᠤᠨ 13 ᠴᠠᠭ 38 ᠮᠢᠨᠦ᠋ᠲ ᠲᠤ ᠵᠢᠶᠠ ᠢᠦᠶ ᠭᠤᠸᠠᠨ | ᠨᠢᠰᠬᠡᠯ ᠤᠨ ᠪᠠᠭᠤᠳᠠᠯ ᠳᠤ MU 2165 ᠳ᠋ᠤᠭᠠᠷ ᠡᠭᠡᠯᠵᠢ ᠶᠢᠨ ᠨᠢᠰᠬᠡᠯ ︵ᠵᠢᠶᠠ ᠢᠦᠶ ᠭᠤᠸᠠᠨ ᠠᠴᠠ ᠰᠢ ᠠᠨ | ᠬᠦᠷᠭᠦ︶ ᠤᠨ 2 ᠠᠶᠠᠨᠴᠢᠨ ᠤ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠡ ᠨᠢ ᠠᠷᠭ᠎ᠠ ᠴᠢᠨᠠᠷᠲᠠᠶ ᠪᠠᠶᠢᠬᠤ ᠶᠢ | ᠤᠯᠵᠦ ᠮᠡᠳᠡᠭᠰᠡᠨ ᠪᠠᠶᠢᠨ᠎ᠠ᠃ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠱᠠᠭᠠᠷᠳᠠᠯᠭ᠎ᠠ ᠶᠣᠰᠣᠭᠠᠷ᠂ ᠠᠵᠢᠯᠯᠠᠭᠠᠨ ᠤ ᠵᠠᠮ ᠮᠥᠷ ᠢ ᠡᠷᠢᠵᠦ ᠡᠨᠡ 2 ᠬᠥᠮᠦᠨ ᠲᠠᠢ ᠠᠵᠢᠯᠯᠠᠭᠠᠨ ᠤ | ᠵᠠᠮ ᠮᠥᠷ ᠨᠢ ᠳᠠᠪᠬᠤᠴᠠᠭᠰᠠᠨ ᠬᠥᠮᠦᠰ ᠢ ᠡᠷᠢᠵᠦ ᠪᠠᠶᠢᠨ᠎ᠠ᠃ | ᠠᠩᠬ᠎ᠠ ᠠᠯᠬᠤᠮ ᠤᠨ ᠪᠠᠶᠢᠴᠠᠭᠠᠯᠳᠠ ᠪᠠᠷ᠂ ᠠᠯᠠᠱᠠ ᠠᠶᠢᠮᠠᠭ ᠤᠨ ᠡᠵᠡᠨ᠎ᠡ ᠬᠤᠰᠢᠭᠤᠨ ᠳᠤ ᠡᠨᠡ 2 | ᠬᠥᠮᠦᠨ ᠤ ᠠᠵᠢᠯᠯᠠᠭ᠎ᠠ ᠬᠢᠭᠰᠡᠨ ᠵᠠᠮ ᠮᠥᠷ ᠨᠢ ᠳᠣᠣᠷᠠᠬᠢ ᠮᠡᠲᠦ᠄ | ᠭᠠᠳᠠᠷ ᠮᠤᠵᠢ ᠶᠢᠨ ᠵᠤᠭᠠᠴᠠᠭᠰᠠᠳ ᠤᠨ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠳᠤ ᠠᠷᠭ᠎ᠠ ᠴᠢᠨᠠᠷ | ᠢᠯᠡᠷᠡᠭᠰᠡᠨ ᠡᠪᠡᠳᠴᠢᠨ ᠤ ᠵᠢᠱᠢᠶ᠎ᠡ᠄ ᠶᠠᠨ ᠣᠪᠣᠭᠲᠤ᠂ ᠡᠮᠡᠭᠲᠡᠶ᠂ 62 ᠨᠠᠰᠤᠲᠠᠶ︔ ᠵᠢᠶᠠᠩ ᠣᠪᠣᠭᠲᠤ᠂ ᠡᠷᠡᠭᠲᠡᠢ᠂ | 65 ᠨᠠᠰᠤᠲᠠᠢ᠂ ᠬᠤᠶᠠᠭᠤᠯᠠ ᠪᠠᠨ ᠬᠠᠨᠢ ᠨᠥᠭᠦᠷ ᠤᠨ ᠬᠠᠷᠢᠴᠠᠭ᠎ᠠ ᠲᠠᠢ᠃ | 10 ᠰᠠᠷ᠎ᠠ ᠶᠢᠨ 11 ᠤ ᠡᠳᠦᠷ᠂ ᠦᠳᠡ ᠶᠢᠨ ᠡᠮᠦᠨ᠎ᠡ ᠭᠠᠨᠰᠦ ᠮᠤᠵᠢ ᠶᠢᠨ ᠵᠢᠦᠴᠢᠦᠸᠠᠨ | ᠬᠤᠲᠠ ᠶᠢᠨ ᠶᠢᠨ ᠲᠠ ᠰᠢᠶᠠᠨ ᠤ ᠲᠤᠤᠷᠠᠢ ᠶᠢᠨ ᠤᠢ ᠪᠠᠷ 2 ᠴᠠᠭ ᠬᠢᠷᠢᠲᠡᠢ ᠵᠤᠭᠠᠴᠠᠭᠰᠠᠨ ᠤ ᠳᠠᠷᠠᠭ᠎ᠠ ᠲᠡᠨᠳᠡ | ᠠᠴᠠ ᠰᠠᠯᠵᠦ᠂ ᠬᠠᠮᠲᠤ ᠶᠠᠪᠤᠭ᠎ᠠ ᠬᠥᠮᠥᠰ ᠲᠠᠢ ᠪᠠᠨ ᠲᠦᠷᠢᠶᠡᠰᠦᠨ ᠮᠠᠰᠢᠨ ᠲᠡᠷᠭᠡ ︵ᠲᠡᠷᠭᠡᠨ ᠫᠠᠶᠢᠰᠠ ᠨᠢ | ᠬᠦᠬᠡᠨᠠᠭᠤᠷ A9592D︶ ᠪᠠᠷ ᠥᠪᠥᠷ ᠮᠣᠩᠭᠤᠯ ᠤᠨ ᠠᠯᠠᠱᠠ ᠠᠶᠢᠮᠠᠭ ᠤᠨ ᠡᠵᠡᠨ᠎ᠡ ᠬᠤᠰᠢᠭᠤᠨ ᠳᠤ ᠤᠴᠢᠭᠠᠳ | ᠂ ᠲᠤᠰ ᠡᠳᠦᠷ ᠤᠨ 15 ᠴᠠᠭ ᠤᠨ ᠦᠶ᠎ᠡ ᠪᠠᠷ ᠡᠵᠡᠨ᠎ᠡ ᠬᠤᠰᠢᠭᠤᠨ ᠤ ᠬᠠᠴᠢᠨ ᠤᠢ ᠶᠢᠨ ᠦᠵᠡᠮᠵᠢ ᠶᠢᠨ | ᠣᠷᠣᠨ ᠳᠤ ᠬᠦᠷᠴᠦ ᠵᠤᠭᠠᠴᠠᠵᠦ᠂ 16 ᠴᠠᠭ 43 ᠮᠢᠨᠦ᠋ᠲ ᠲᠤ ᠬᠠᠷ᠎ᠠ ᠬᠤᠲᠠ ᠶᠢᠨ ᠬᠠᠷ᠎ᠠ ᠭᠤᠤᠯ ᠤᠨ | ᠲᠤᠤᠷᠠᠶ ᠶᠢᠨ ᠦᠵᠡᠮᠵᠢ ᠶᠢᠨ ᠣᠷᠣᠨ ᠤ ᠪᠢᠯᠧᠲ ᠬᠤᠳᠠᠯᠳᠤᠬᠤ ᠲᠢᠩᠬᠢᠮ ᠠᠴᠠ ᠪᠢᠯᠧᠲ ᠬᠤᠳᠠᠯᠳᠤᠨ ᠠᠪᠤᠪᠠ᠂ | 16 ᠴᠠᠭ 51 ᠮᠢᠨᠦ᠋ᠲ ᠲᠤ B2 ᠡᠩ ᠤᠨ ᠵᠠᠮ ᠢᠶᠠᠷ ᠦᠵᠡᠮᠵᠢ ᠶᠢᠨ ᠣᠷᠣᠨ ᠳᠤ ᠣᠷᠣᠪᠠ᠂ ᠦᠵᠡᠮᠵᠢ ᠶᠢᠨ | ᠣᠷᠣᠨ ᠤ ᠳᠥᠷᠪᠡᠳᠦᠭᠡᠷ ᠥᠷᠲᠡᠭᠡ ᠴᠡᠭ ᠠᠴᠠ ᠲᠡᠷᠭᠡᠨ ᠳᠤ ᠰᠠᠭᠤᠵᠤ ᠡᠷᠲᠡᠨ ᠤ ᠬᠤᠲᠠ ᠳᠤ ᠬᠦᠷᠴᠡᠢ᠂ | ᠳᠠᠷᠠᠭ᠎ᠠ ᠨᠢ ᠲᠡᠷᠭᠡ ᠰᠣᠯᠢᠵᠤ ᠦᠵᠡᠮᠵᠢ ᠶᠢᠨ ᠣᠷᠣᠨ ᠤ ᠡᠭᠦᠳ᠋ᠨ ᠤᠷᠤᠭᠤ ᠪᠤᠴᠠᠪᠠ᠂ ᠳᠠᠬᠢᠨ ᠲᠡᠷᠭᠡ ᠵᠢᠯᠣᠭᠤᠳᠴᠤ | ᠡᠵᠡᠨ᠎ᠡ ᠬᠤᠰᠢᠭᠤᠨ ᠤ ᠳᠠᠯᠠᠶᠢᠬᠦ᠋ᠪ ᠪᠠᠯᠭᠠᠰᠤᠨ ᠳᠤ ᠬᠦᠷᠴᠦ᠂ 18 ᠴᠠᠭ 56 ᠮᠢᠨᠦ᠋ᠲ ᠪᠣᠯᠬᠤ ᠳᠤ ᠨᠠᠭᠠᠳᠤᠮ | ᠤᠨ ᠬᠤᠷᠠᠯ ᠤᠨ ᠲᠠᠯᠠᠪᠠᠢ ᠳᠤ ᠪᠠᠶᠢᠷᠢᠯᠠᠭᠤᠯᠤᠭᠰᠠᠨ ᠪᠠᠶᠢᠴᠠᠭᠠᠯᠳᠠ ᠶᠢᠨ ᠴᠢᠭ ᠢᠶᠠᠷ ᠳᠠᠮᠵᠢᠨ ᠡᠵᠡᠨ᠎ᠡ ᠬᠤᠰᠢᠭᠤᠨ ᠤ | ᠳᠠᠯᠠᠶᠢᠬᠦ᠋ᠪ ᠪᠠᠯᠭᠠᠰᠤᠨ ᠳᠤ ᠬᠦᠷᠴᠡᠢ᠂ 20 ᠴᠠᠭ ᠤᠨ ᠦᠶ᠎ᠡ ᠪᠠᠷ ᠡᠵᠡᠨ᠎ᠡ ᠬᠤᠰᠢᠭᠤᠨ ᠤ ᠶᠠᠩ ᠭᠤᠸᠠᠩ | ᠬᠤᠷᠢᠶᠠᠯᠠᠯ ᠤᠨ ᠡᠯᠡᠰᠦ ᠮᠠᠩᠬᠠᠨ ᠤ ᠨᠡᠭᠦᠳᠡᠯ ᠥᠷᠲᠡᠭᠡ ᠶᠢᠨ ᠰᠠᠭᠤᠭᠠᠯᠢ ᠠᠷᠠᠳ ᠤᠨ ᠤᠷᠤᠨ ᠰᠠᠭᠤᠴᠠ ︵ᠶᠠᠩ | ᠭᠤᠸᠠᠩ ᠬᠤᠷᠢᠶᠠᠯᠠᠯ ᠤᠨ 8 ᠳ᠋ᠤᠭᠠᠷ ᠠᠰᠠᠷ ᠤᠨ 1 ᠳ᠋ᠤᠭᠡᠷ ᠤᠷᠤᠴᠠ︶ ᠳᠤ ᠣᠷᠣᠵᠤ ᠰᠠᠭᠤᠪᠠ᠃ 20 ᠴᠠᠭ 35 | ᠮᠢᠨᠦ᠋ᠲ ᠲᠤ ᠮᠠᠰᠢᠨ ᠲᠡᠷᠭᠡ ᠵᠢᠯᠣᠭᠤᠳᠤᠨ ᠡᠵᠡᠨ᠎ᠡ ᠬᠤᠰᠢᠭᠤᠨ ᠤ ᠳᠠᠯᠠᠶᠢᠬᠦ᠋ᠪ ᠪᠠᠯᠭᠠᠰᠤᠨ ᠤ ᠳᠠᠯᠠᠶᠢᠬᠦ᠋ᠪ ᠵᠠᠮ ᠤᠨ | ᠵᠢᠤᠢ ᠶᠠᠨ ᠮᠢᠩ ᠳ᠋ᠢ ᠬᠤᠷᠢᠶᠠᠯᠠᠯ ᠤᠨ ᠪᠠᠷᠠᠭᠤᠨ ᠡᠭᠦᠳᠡᠨ ᠤ ᠡᠮᠦᠨ᠎ᠡ ᠲᠠᠯ᠎ᠠ ᠶᠢᠨ ᠲᠤᠤᠷᠠᠢ ᠤᠢ ᠶᠢᠨ ᠪᠢᠴᠢᠬᠠᠨ | ᠲᠤᠭᠤᠭᠠᠴᠢ ᠬᠤᠭᠤᠯᠠᠨ ᠭᠡᠷ ᠤᠨ ᠬᠤᠶᠠᠳᠤᠭᠠᠷ ᠳᠠᠪᠬᠤᠷᠯᠢᠭ ᠲᠤ ᠬᠤᠭᠤᠯᠠ ᠢᠳᠡᠵᠦ᠂ 21 ᠴᠠᠭ 53 | ᠮᠢᠨᠦ᠋ᠲ ᠲᠤ ᠰᠠᠭᠤᠭᠠᠯᠢ ᠠᠷᠠᠳ ᠤᠨ ᠤᠷᠤᠨ ᠰᠠᠭᠤᠴᠠ ᠳᠤ ᠬᠠᠷᠢᠵᠤ ᠠᠮᠠᠷᠠᠪᠠ᠃ | 10 ᠰᠠᠷ᠎ᠠ ᠶᠢᠨ 12 ᠤᠨ ᠡᠳᠦᠷ ᠤᠨ ᠦᠳᠡ ᠶᠢᠨ ᠡᠮᠦᠨ᠎ᠡ ᠡᠵᠡᠨ᠎ᠡ ᠬᠤᠰᠢᠭᠤᠨ ᠤ ᠳᠠᠯᠠᠶᠢᠬᠦ᠋ᠪ | ᠪᠠᠯᠭᠠᠰᠤ ᠶᠢᠨ ᠳᠠᠯᠠᠶᠢᠬᠦ᠋ᠪ ᠵᠠᠮ ᠤᠨ ᠵᠢᠦᠶ ᠶᠠᠨ ᠮᠢᠩ ᠳ᠋ᠢ ᠬᠤᠷᠢᠶᠠᠯᠠᠯ ᠤᠨ ᠪᠠᠷᠠᠭᠤᠨ ᠡᠭᠦᠳᠡᠨ ᠤ ᠬᠤᠶᠢᠲᠤ | ᠲᠠᠯ᠎ᠠ ᠶᠢᠨ ᠲᠦᠩ ᠨᠠᠨ ᠭᠧ ᠬᠤᠭᠤᠯᠠᠨ ᠭᠡᠷ ᠲᠤ ᠬᠤᠭᠤᠯᠠ ᠢᠳᠡᠵᠦ᠂ ᠳᠠᠷᠠᠭ᠎ᠠ ᠨᠢ ᠥᠪᠡᠰᠦᠪᠡᠨ ᠮᠠᠰᠢᠨ | ᠵᠢᠯᠣᠭᠤᠳᠴᠤ ᠰᠤᠪᠨᠠᠭᠤᠷ ᠤᠨ ᠦᠵᠡᠮᠵᠢ ᠶᠢᠨ ᠣᠷᠣᠨ ᠳᠤ ᠬᠦᠷᠪᠡ᠂ 10 ᠴᠠᠭ 09 ᠮᠢᠨᠦ᠋ᠲ ᠲᠤ ᠤᠮᠠᠷᠠᠲᠤ | ᠲᠤᠭᠤᠷᠢᠯᠳᠠ ᠶᠢᠨ ᠵᠠᠮ ᠤᠨ ᠠᠭᠤᠯᠵᠠᠷ ᠢᠶᠠᠷ ᠰᠤᠪᠠᠨᠠᠭᠤᠷ ᠵᠦᠭ ᠮᠤᠷᠳᠠᠵᠦ᠂ 10 ᠴᠠᠭ 53 ᠮᠢᠨᠦ᠋ᠲ ᠲᠤ | ᠰᠤᠪᠨᠠᠭᠤᠷ ᠤᠨ ᠲᠤᠭᠤᠷᠢᠨ ᠵᠤᠭᠠᠴᠠᠭᠰᠠᠳ ᠲᠤ ᠦᠢᠯᠡᠴᠢᠯᠡᠭᠦ ᠴᠣᠩᠬᠤ ᠠᠴᠠ ᠪᠢᠯᠧᠲ ᠬᠤᠳᠠᠯᠳᠤᠨ ᠠᠪᠴᠤ᠂ 10 | ᠴᠠᠭ 57 ᠮᠢᠨᠦ᠋ᠲ ᠲᠤ ᠦᠵᠡᠮᠵᠢ ᠶᠢᠨ ᠣᠷᠣᠨ ᠳᠤ ᠣᠷᠣᠪᠠ᠂ 11 ᠴᠠᠭ ᠲᠤ 6 ᠳ᠋ᠤᠭᠠᠷ ᠨᠣᠮᠧᠷᠲᠤ ᠲᠡᠷᠭᠡᠨ ︵ | ᠫᠠᠶᠢᠰᠠ ᠨᠢ 56577︶ ᠳᠤ ᠰᠠᠭᠤᠵᠤ ᠦᠵᠡᠮᠵᠢ ᠶᠢᠨ ᠣᠷᠣᠨ ᠳᠤ ᠤᠷᠤᠵᠠᠢ᠂ 13 ᠴᠠᠭ ᠲᠤ 3 ᠳ᠋ᠤᠭᠠᠷ | ᠨᠤᠮᠧᠷᠳᠦ ᠲᠡᠷᠭᠡᠨ ᠳᠤ ᠰᠠᠭᠤᠵᠤ ᠦᠵᠡᠮᠵᠢ ᠶᠢᠨ ᠣᠷᠣᠨ ᠤ ᠭᠠᠷᠬᠤ ᠡᠭᠦᠳᠡᠨ ᠳᠤ ᠪᠤᠴᠠᠵᠦ ᠢᠷᠡᠪᠡ᠂ 14 | ᠴᠠᠭ ᠲᠤ ᠰᠤᠪᠨᠠᠭᠤᠷ ᠤᠨ ᠦᠵᠡᠮᠵᠢ ᠶᠢᠨ ᠣᠷᠣᠨ ᠠᠴᠠ ᠳᠠᠯᠠᠶᠢᠬᠦ᠋ᠪ ᠪᠠᠯᠭᠠᠰᠤ ᠤᠷᠤᠭᠤ ᠪᠤᠴᠠᠪᠡ᠂ 15 ᠴᠠᠭ ᠲᠤ | ᠰᠢᠤᠸᠠᠢ ᠹᠦ᠋ ᠬᠤᠸᠠ ᠶᠤᠸᠠᠨ ᠬᠤᠷᠢᠶᠠᠯᠠᠯ ᠤᠨ ᠡᠭᠦᠳᠡᠨ ᠳᠠᠬᠢ ᠲᠦᠩ ᠨᠠᠨ ᠭᠧ ᠬᠤᠭᠤᠯᠠᠨ ᠭᠡᠷ ᠲᠤ ᠬᠤᠭᠤᠯᠠ | ᠢᠳᠡᠵᠦ᠂ 16 ᠴᠠᠭ ᠤᠨ ᠦᠶ᠎ᠡ ᠪᠠᠷ ᠰᠠᠭᠤᠭᠠᠯᠢ ᠠᠷᠠᠳ ᠤᠨ ᠤᠷᠤᠨ ᠰᠠᠭᠤᠴᠠ ᠳᠠᠭᠠᠨ ᠪᠤᠴᠠᠪᠠ᠂ 19 ᠴᠠᠭ ᠤᠨ | ᠦᠶ᠎ᠡ ᠪᠠᠷ ᠲᠦᠩ ᠨᠠᠨ ᠭᠧ ᠬᠤᠭᠤᠯᠠᠨ ᠭᠡᠷ ᠤᠨ 2 ᠳ᠋ᠤᠭᠠᠷ ᠳᠠᠪᠬᠤᠷᠯᠢᠭ ᠲᠤ ᠬᠤᠭᠤᠯᠠ ᠢᠳᠡᠪᠡ᠂ ᠳᠠᠷᠠᠭᠠᠪᠡᠷ ᠨᠢ | ᠲᠡᠷᠭᠡ ᠵᠢᠯᠣᠭᠤᠳᠤᠨ ᠲᠤᠤᠷᠠᠢ ᠪᠠᠭᠤᠳᠠᠯ ᠤᠨ ᠲᠡᠷᠭᠡᠨ ᠵᠣᠭᠰᠣᠭᠠᠯ ᠳᠤ ᠬᠦᠷᠪᠡ᠂ ᠲᠣᠣᠷᠠᠢ ᠶᠢᠨ ᠣᠢ ᠶᠢᠨ | ᠦᠵᠡᠮᠵᠢ ᠶᠢᠨ ᠣᠷᠣᠨ ᠳᠤ ᠬᠦᠷᠬᠦ ᠨᠢᠭᠡᠳᠦᠭᠡᠷ ᠬᠥᠭᠦᠷᠭᠡ ᠳᠤ ᠠᠯᠬᠤᠨ ᠤᠴᠢᠵᠦ᠂ ᠳᠠᠬᠢᠨ ᠶᠠᠪᠠᠭᠠᠨ ᠢᠶᠠᠷ ᠲᠡᠷᠭᠡᠨ | ᠵᠣᠭᠰᠣᠭᠠᠯ ᠳᠤ ᠪᠤᠴᠠᠵᠦ ᠢᠷᠡᠪᠡ ︵ᠪᠠᠷᠤᠭ 1 ᠴᠠᠭ 30 ᠮᠢᠨᠦ᠋ᠲ ᠣᠷᠴᠢᠮ ᠴᠠᠭ ᠬᠡᠷᠡᠭᠰᠡᠵᠡᠢ︶᠂ ᠳᠠᠬᠢᠭᠠᠳ | ᠰᠠᠭᠤᠭᠠᠯᠢ ᠠᠷᠠᠳ ᠤᠨ ᠤᠷᠤᠨ ᠰᠠᠭᠤᠴᠠ ᠳᠠᠭᠠᠨ ᠬᠠᠷᠢᠵᠤ ᠠᠮᠠᠷᠠᠪᠠ᠃ | 10 ᠰᠠᠷ᠎ᠠ ᠶᠢᠨ 13 ᠤ ᠡᠳᠦᠷ᠂ 8 ᠴᠠᠭ 6 ᠮᠢᠨᠦ᠋ᠲ ᠲᠤ ᠡᠵᠡᠨ᠎ᠡ ᠬᠤᠰᠢᠭᠤᠨ ᠤ ᠳᠠᠯᠠᠶᠢᠬᠦ᠋ᠪ | ᠪᠠᠯᠭᠠᠰᠤᠨ ᠤ ᠳᠠᠯᠠᠶᠢᠬᠦ᠋ᠪ ᠵᠠᠮ ᠤᠨ ᠰᠢᠤᠸᠠᠢ ᠹᠦ᠋ ᠬᠤᠸᠠ ᠶᠤᠸᠠᠨ ᠬᠤᠷᠢᠶᠠᠯᠠᠯ ᠤᠨ ᠬᠤᠶᠢᠲᠤ ᠲᠠᠯ᠎ᠠ ᠶᠢᠨ ᠯᠢᠩ | ᠲᠸᠦ ᠶᠠᠩ ᠮᠣᠩᠭᠤᠯ ᠬᠤᠭᠤᠯᠠ ᠮᠠᠯ ᠤᠨ ᠰᠡᠭᠡᠷ ᠨᠢᠷᠤᠭᠤᠨ ᠤ ᠶᠠᠰᠤ ᠲᠠᠢ ᠬᠠᠯᠠᠭᠤᠨ ᠲᠣᠭᠤᠭᠠᠨ ᠤ ᠬᠤᠭᠤᠯᠠᠨ | ᠭᠡᠷ ᠲᠤ ᠱᠣᠣᠮᠠᠢ ᠢᠳᠡᠵᠦ᠂ 8 ᠴᠠᠭ 57 ᠮᠢᠨᠦ᠋ᠲ ᠲᠤ ᠲᠣᠣᠷᠠᠢ ᠶᠢᠨ ᠤᠢ ᠶᠢᠨ ᠦᠵᠡᠮᠵᠢ ᠶᠢᠨ ᠣᠷᠣᠨ ᠤ | ᠨᠢᠭᠡᠳᠦᠭᠡᠷ ᠬᠥᠭᠦᠷᠭᠡ ᠶᠢᠨ ᠬᠤᠶᠠᠳᠤᠭᠠᠷ ᠡᠭᠦᠳᠡ ᠪᠠᠷ ᠣᠷᠣᠵᠤ ᠨᠠᠭᠠᠳᠤᠨ᠂ 13 ᠴᠠᠭ 31 ᠮᠢᠨᠦ᠋ᠲ ᠲᠤ ᠲᠦᠩ | ᠨᠠᠨ ᠭᠧ ᠳᠤ ᠬᠤᠭᠤᠯᠠ ᠢᠳᠡᠵᠦ᠂ ᠳᠠᠷᠠᠭ᠎ᠠ ᠨᠢ ᠮᠠᠰᠢᠨ ᠲᠡᠷᠭᠡ ᠪᠠᠷ ᠰᠠᠭᠤᠭᠠᠯᠢ ᠠᠷᠠᠳ ᠤᠨ ᠤᠷᠤᠨ ᠰᠠᠭᠤᠴᠠ | ᠳᠠᠭᠠᠨ ᠪᠤᠴᠠᠪᠠ᠃ 17 ᠴᠠᠭ 50 ᠮᠢᠨᠦ᠋ᠲ ᠠᠴᠠ 18 ᠴᠠᠭ 30 ᠮᠢᠨᠦ᠋ᠲ ᠪᠣᠯᠲᠠᠯ᠎ᠠ ᠲᠣᠰ ᠬᠤᠶᠠᠷ ᠬᠥᠮᠦᠨ | ᠡᠵᠡᠨ᠎ᠡ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶ᠎ᠠ ᠳᠤ ᠬᠦᠷᠴᠦ ᠪᠥᠭᠡᠮ ᠬᠦᠴᠢᠯ ᠤᠨ ᠰᠢᠯᠭᠠᠨ | ᠪᠠᠶᠢᠴᠠᠭᠠᠯᠲᠠ ᠬᠢᠯᠭᠡᠪᠡ ︵ᠦᠷ᠎ᠡ ᠳ᠋ᠦᠩ ᠨᠢ ᠴᠥᠮ ᠪᠢᠯᠢᠭ ᠴᠢᠨᠠᠷᠲᠠᠶ︶᠃ 18 ᠴᠠᠭ 40 ᠮᠢᠨᠦ᠋ᠲ ᠠᠴᠠ 20 | ᠴᠠᠭ 30 ᠮᠢᠨᠦ᠋ᠲ ᠲᠤ ᠲᠦᠩ ᠨᠠᠨ ᠭᠧ ᠬᠤᠭᠤᠯᠠᠨ ᠭᠡᠷ ᠲᠤ ᠬᠤᠭᠤᠯᠠ ᠢᠳᠡᠭᠰᠡᠨ ᠤ ᠳᠠᠷᠠᠭ᠎ᠠ᠂ ᠲᠡᠷᠭᠡ | ᠵᠢᠯᠣᠭᠤᠳᠤᠨ ᠰᠠᠭᠤᠭᠠᠯᠢ ᠠᠷᠠᠳ ᠤᠨ ᠤᠷᠤᠨ ᠰᠠᠭᠤᠴᠠ ᠳᠠᠭᠠᠨ ᠪᠤᠴᠠᠵᠤ᠂ ᠳᠠᠬᠢᠨ ᠭᠠᠳᠠᠭᠰᠢ ᠭᠠᠷᠤᠭᠰᠠᠨ | ᠦᠭᠡᠢ᠃ | 10 ᠰᠠᠷ᠎ᠠ ᠶᠢᠨ 14 ᠤ ᠡᠳᠦᠷ᠂ 8 ᠴᠠᠭ 28 ᠮᠢᠨᠦ᠋ᠲ ᠲᠤ ᠲᠦᠩ ᠨᠠᠨ ᠭᠧ ᠬᠤᠭᠤᠯᠠᠨ ᠭᠡᠷ ᠲᠤ | ᠬᠤᠭᠤᠯᠠ ᠢᠳᠡᠵᠦ᠂ 9 ᠴᠠᠭ ᠲᠤ ᠲᠡᠷᠭᠡ ᠵᠢᠯᠣᠭᠤᠳᠤᠨ ᠡᠵᠡᠨ᠎ᠡ ᠬᠤᠰᠢᠭᠤᠨ ᠤ ᠳᠠᠯᠠᠶᠢᠬᠦ᠋ᠪ ᠪᠠᠯᠭᠠᠰᠤ ᠠᠴᠠ | ᠮᠣᠷᠳᠠᠪᠠ᠃ | ᠡᠨᠡ ᠬᠤᠶᠠᠷ ᠬᠥᠮᠦᠨ ᠤ ᠠᠵᠢᠯᠯᠠᠭ᠎ᠠ ᠶᠢᠨ ᠵᠠᠮ ᠮᠥᠷ ᠲᠠᠢ ᠳᠠᠪᠬᠤᠴᠠᠭᠰᠠᠨ ᠬᠥᠮᠦᠰ ᠳᠠᠷᠦ᠋ᠢᠬᠠᠨ ᠪᠠᠶᠢᠭ᠎ᠠ | ᠭᠠᠵᠠᠷ ᠤᠨ ᠢᠶᠠᠨ ᠨᠡᠶᠢᠭᠡᠮ ᠲᠣᠭᠤᠷᠢᠭ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ | ᠠᠵᠢᠯ ᠤᠨ ᠵᠢᠯᠣᠭᠤᠳᠬᠤ ᠭᠠᠵᠠᠷ ᠲᠤ ᠮᠡᠳᠡᠭᠦᠯᠬᠦ ᠶᠢᠨ ᠬᠠᠮᠲᠤ ᠨᠡᠶᠢᠭᠡᠮ ᠲᠣᠭᠤᠷᠢᠭ᠂ ᠲᠤᠬᠠᠶ ᠶᠢᠨ ᠭᠠᠵᠠᠷ ᠤᠨ | ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠲᠠᠢ ᠬᠠᠮᠵᠢᠯᠴᠠᠨ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ᠂ | ᠬᠡᠷ ᠪᠦᠯᠢ ᠶᠢᠨ ᠡᠷᠡᠭᠦᠯ ᠮᠡᠨᠳᠦ ᠶᠢᠨ ᠰᠢᠯᠭᠠᠨ ᠪᠠᠶᠢᠴᠠᠭᠠᠯᠲᠠ ᠵᠡᠷᠭᠡ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ | ᠰᠠᠨᠠᠭᠠᠴᠢᠯᠠᠭ᠎ᠠ ᠠᠴᠠ ᠪᠠᠨ ᠨᠠᠶᠢᠳᠠᠪᠤᠷᠢᠵᠢᠭᠤᠯᠬᠤ ᠬᠡᠷᠡᠭᠲᠡᠢ᠃ ᠬᠡᠷᠪᠡ ᠮᠡᠳᠡᠭᠦᠯᠬᠦ ᠥᠬᠡᠶ ᠨᠢᠭᠤᠭᠰᠠᠨ᠂ | ᠤᠳᠠᠭᠠᠰᠢᠷᠠᠭᠤᠯᠤᠨ ᠮᠡᠳᠡᠭᠦᠯᠦᠭᠰᠡᠨ᠂ ᠮᠠᠭᠤ ᠦᠷ᠎ᠡ ᠨᠥᠯᠥᠭᠡ ᠭᠠᠷᠭᠠᠭᠰᠠᠨ ᠪᠣᠯ᠂ ᠬᠠᠤᠯᠢ ᠶᠣᠰᠣᠭᠠᠷ ᠬᠠᠮᠢᠶ᠎ᠠ | ᠪᠥᠬᠦᠶ ᠬᠥᠮᠦᠨ ᠠᠴᠠ ᠬᠠᠷᠢᠭᠤᠴᠠᠯᠭ᠎ᠠ ᠨᠡᠬᠡᠮᠵᠢᠯᠡᠨ᠎ᠡ᠃ | ᠠᠯᠠᠱᠠ ᠠᠶᠢᠮᠠᠭ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ | ᠵᠢᠯᠣᠭᠤᠳᠬᠤ ᠭᠠᠵᠠᠷ ᠠᠴᠠ ᠥᠷᠭᠡᠨ ᠣᠯᠠᠨ ᠰᠠᠭᠤᠭᠠᠯᠢ ᠠᠷᠠᠳ ᠲᠤ ᠳᠠᠷᠠᠭᠠᠬᠢ ᠤᠴᠢᠷ ᠶᠠᠪᠤᠳᠠᠯ ᠢ ᠰᠠᠨᠠᠭᠤᠯᠵᠦ | ᠪᠠᠶᠢᠨ᠎ᠠ᠂ ᠠᠶᠤᠵᠤ ᠰᠠᠨᠳᠤᠷᠬᠤ ᠬᠡᠷᠡᠭ ᠥᠬᠡᠶ᠂ ᠴᠤᠤᠷᠬᠠᠯ ᠢ ᠢᠲᠡᠭᠡᠬᠦ ᠥᠬᠡᠶ᠂ ᠴᠤᠤᠷᠬᠠᠯ ᠲᠠᠷᠬᠠᠭᠠᠬᠤ ᠥᠬᠡᠶ | ᠪᠠᠶᠢᠵᠤ᠂ ᠰᠠᠨᠠᠭᠠᠴᠢᠯᠠᠭ᠎ᠠ ᠠᠴᠠ ᠪᠠᠨ ᠬᠤᠪᠢ ᠬᠥᠮᠦᠨ ᠤ ᠬᠠᠮᠠᠭᠠᠯᠠᠯᠲᠠ ᠶᠢ ᠰᠠᠶᠢᠲᠤᠷ ᠬᠢᠵᠦ᠂ ᠠᠮᠤᠷ ᠲᠦᠪᠰᠢᠨ | ᠨᠡᠶᠢᠭᠡᠮ ᠤᠨ ᠬᠠᠷᠢᠯᠴᠠᠭᠠᠨ ᠤ ᠵᠠᠶ ᠶᠢ ᠪᠠᠳᠤᠯᠠᠵᠠᠭᠠᠶᠠ︔ ᠪᠥᠭᠡᠮᠨᠡᠷᠡᠵᠦ ᠴᠢᠬᠢᠯᠳᠦᠭᠦ ᠦᠭᠡᠢ᠂ ᠴᠥᠭᠡᠨ ᠨᠠᠶᠢᠷᠯᠠᠵᠦ | ᠴᠤᠭᠯᠠᠨ᠂ ᠡᠷᠡᠭᠦᠯ ᠴᠢᠭᠢᠷᠠᠭ ᠠᠮᠢᠳᠤᠷᠠᠯ ᠤᠨ ᠠᠷᠭ᠎ᠠ ᠮᠠᠶ᠋ᠢᠭ ᠢ ᠰᠠᠨᠠᠭᠠᠴᠢᠯᠠᠶ᠎ᠠ︔ ᠸᠠᠺᠼᠢᠨ ᠤ ᠲᠠᠷᠢᠯᠭ᠎ᠠ ᠬᠢᠭᠡᠳᠦᠶ | ᠪᠣᠯ ᠰᠠᠨᠠᠭᠠᠴᠢᠯᠠᠭ᠎ᠠ ᠠᠴᠠ ᠪᠠᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠸᠠᠺᠼᠢᠨ ᠤ ᠲᠠᠷᠢᠯᠭ᠎ᠠ ᠬᠢᠭᠡᠷᠡᠢ᠃ | ᠬᠡᠷᠪᠡ ᠬᠠᠯᠠᠭᠤᠷᠠᠬᠤ᠂ ᠬᠠᠨᠢᠶᠠᠬᠤ ᠵᠡᠷᠭᠡ ᠡᠪᠡᠳᠴᠢᠨ ᠤ ᠪᠠᠶᠢᠳᠠᠯ ᠢᠯᠡᠷᠡᠪᠡᠯ᠂ ᠳᠠᠷᠦ᠋ᠢᠬᠠᠨ ᠣᠶᠢᠷ᠎ᠠ ᠬᠠᠪᠢ ᠶᠢᠨ | ᠬᠠᠯᠠᠭᠤᠷᠠᠯ ᠤᠨ ᠡᠭᠦᠳᠡᠨ ᠡᠮᠨᠡᠯᠭᠡ ᠳᠤ ᠬᠦᠷᠴᠦ ᠡᠮᠨᠡᠭᠦᠯᠬᠦ ᠶᠢᠨ ᠬᠠᠮᠲᠤ 14 ᠡᠳᠦᠷ ᠤᠨ ᠠᠵᠢᠯᠯᠠᠭᠠᠨ ᠤ ᠵᠠᠮ ᠮᠥᠷ | ᠵᠢᠴᠢ ᠬᠠᠮᠳᠤ ᠶᠠᠪᠤᠵᠦ ᠰᠠᠭᠤᠭᠰᠠᠨ ᠥᠩᠭᠡᠷᠡᠯᠲᠡ ᠪᠠᠨ ᠰᠠᠨᠠᠭᠠᠴᠢᠯᠠᠭ᠎ᠠ ᠠᠴᠠ ᠪᠠᠨ ᠮᠡᠳᠡᠭᠳᠡᠬᠦ ᠬᠡᠷᠡᠭᠲᠡᠶ᠃ ᠡᠮᠨᠡᠭᠦᠯᠬᠦ | ᠪᠥᠬᠦ ᠶᠠᠪᠤᠴᠠ ᠳᠤ ᠠᠮᠠᠪᠴᠢ ᠵᠡᠭᠦᠵᠦ᠂ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠪᠠᠭᠠᠵᠢ ᠳᠤ ᠰᠠᠭᠤᠬᠤ ᠠᠴᠠ | ᠠᠯᠢ ᠴᠢᠳᠠᠬᠤ ᠪᠠᠷ ᠵᠠᠶᠢᠯᠠᠰᠬᠢᠶᠠ᠃ | ᠳᠠᠭᠠᠯᠳᠤᠭᠤᠯᠤᠯ᠄ ᠠᠯᠠᠱᠠ ᠠᠶᠢᠮᠠᠭ ᠵᠢᠴᠢ ᠡᠯ᠎ᠡ ᠬᠤᠰᠢᠭᠤ ᠤᠷᠤᠨ ᠤ ᠰᠢᠨ᠎ᠡ ᠲᠢᠲᠢᠮᠯᠢᠭ ᠠᠭᠤᠰᠬᠢᠨ | ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ | ᠵᠥᠪᠯᠡᠯ ︵ᠨᠡᠶᠢᠭᠡᠮ ᠤᠨ ᠬᠡᠷᠡᠭ ᠶᠠᠪᠤᠳᠠᠯ ᠤᠨ ᠲᠣᠪᠴᠢᠶ᠎ᠠ︶ ᠪᠣᠯᠤᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ | ᠲᠥᠪ ᠤᠨ ᠬᠠᠷᠢᠯᠴᠠᠬᠤ ᠤᠲᠠᠰᠤ᠄ | ᠠᠯᠠᠱᠠ ᠠᠶᠢᠮᠠᠭ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ | ᠵᠢᠯᠣᠭᠤᠳᠬᠤ ᠭᠠᠵᠠᠷ᠄ 0483—8336105 | ᠠᠯᠠᠱᠠ ᠠᠶᠢᠮᠠᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠄ 0483—8582006 | ᠠᠯᠠᠱᠠ ᠠᠶᠢᠮᠠᠭ ᠤᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ᠄ 0483—2289018 | ᠠᠯᠠᠱᠠ ᠵᠡᠭᠦᠨ ᠬᠤᠰᠢᠭᠤᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ | ᠠᠵᠢᠯ ᠤᠨ ᠵᠢᠯᠣᠭᠤᠳᠬᠤ ᠭᠠᠵᠠᠷ᠄ 0483—8222360 | ᠠᠯᠠᠱᠠ ᠵᠡᠭᠦᠨ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠤ ᠶᠢᠨ ᠵᠥᠪᠯᠡᠯ᠄ 0483—8222678 | ᠠᠯᠠᠱᠠ ᠵᠡᠭᠦᠨ ᠬᠤᠰᠢᠭᠤᠨ ᠤ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ᠄ | 0483—8222144 | ᠠᠯᠠᠱᠠ ᠪᠠᠷᠠᠭᠤᠨ ᠬᠤᠰᠢᠭᠤᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ | ᠠᠵᠢᠯ ᠤᠨ ᠵᠢᠯᠣᠭᠤᠳᠬᠤ ᠭᠠᠵᠠᠷ᠄ 0483—6025942 | ᠠᠯᠠᠱᠠ ᠪᠠᠷᠠᠭᠤᠨ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠄ | 0483—6022166 | ᠠᠯᠠᠱᠠ ᠪᠠᠷᠠᠭᠤᠨ ᠬᠤᠰᠢᠭᠤᠨ ᠤ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ᠄ | 0483—6022306 | ᠡᠵᠡᠨ᠎ᠡ ᠬᠤᠰᠢᠭᠤᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ | ᠵᠢᠯᠣᠭᠤᠳᠬᠤ ᠭᠠᠵᠠᠷ᠄ 0483—6526181 | ᠡᠵᠡᠨ᠎ᠡ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠤ ᠶᠢᠨ ᠵᠥᠪᠯᠡᠯ᠄ 0483—6521923 | ᠡᠵᠡᠨ᠎ᠡ ᠬᠤᠰᠢᠭᠤᠨ ᠤ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ᠄ 0483—3963016᠂ | 15204834131 | ᠠᠯᠠᠱᠠ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠣᠷᠣᠨ ᠤ ᠰᠢᠨ᠎ᠡ ᠲᠢᠲᠢᠮᠯᠢᠭ | ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ᠄ 0483—8118655 | ᠠᠯᠠᠱᠠ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠳᠡ ᠶᠢᠨ ᠤᠷᠤᠨ ᠤ ᠨᠡᠶᠢᠭᠡᠮ ᠤᠨ | ᠶᠠᠪᠤᠳᠠᠯ ᠤᠨ ᠲᠤᠪᠴᠢᠶ᠎ᠠ᠄ 0483—81888084 | ᠬᠤᠶᠠᠷᠬᠤᠳᠳᠤᠭ ᠠᠮᠢ ᠠᠬᠤᠶ ᠶᠢᠨ ᠨᠡᠭᠦᠳᠡᠯ ᠠᠷᠠᠳ ᠤᠨ ᠵᠢᠱᠢᠶ᠎ᠡ ᠦᠵᠡᠭᠦᠯᠬᠦ ᠣᠷᠣᠨ ᠤ ᠰᠢᠨ᠎ᠡ ᠲᠢᠲᠢᠮᠯᠢᠭ | ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ᠄ 0483—8640022 | ᠬᠤᠶᠠᠷᠬᠤᠳᠳᠤᠭ ᠠᠮᠢ ᠠᠬᠤᠶ ᠶᠢᠨ ᠨᠡᠭᠦᠳᠡᠯ ᠠᠷᠠᠳ ᠤᠨ ᠵᠢᠱᠢᠶ᠎ᠡ ᠦᠵᠡᠭᠦᠯᠬᠦ ᠣᠷᠣᠨ ᠤ ᠨᠡᠶᠢᠭᠡᠮ ᠤᠨ | ᠬᠡᠷᠡᠭ ᠶᠠᠪᠤᠳᠠᠯ ᠤᠨ ᠲᠣᠪᠴᠢᠶ᠎ᠠ᠄ 18504830610 | ᠴᠡᠭᠡ ᠪᠣᠭᠤᠮᠲᠠ ᠠᠵᠤ ᠠᠬᠤᠶ ᠶᠢᠨ ᠨᠡᠭᠡᠭᠡᠯᠲᠡ ᠶᠢᠨ ᠤᠷᠤᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ | ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ᠄ 0483—65208 | ᠴᠡᠭᠡ ᠪᠣᠭᠤᠮᠲᠠ ᠠᠵᠤ ᠠᠬᠤᠶ ᠶᠢᠨ ᠨᠡᠭᠡᠭᠡᠯᠲᠡ ᠶᠢᠨ ᠤᠷᠤᠨ ᠤ ᠨᠡᠶᠢᠭᠡᠮ ᠤᠨ ᠶᠠᠪᠤᠳᠠᠯ ᠤᠨ ᠲᠣᠪᠴᠢᠶ᠎ᠠ᠄ | 0483—6520906 | | ᠠᠯᠠᠱᠠ ᠠᠶᠢᠮᠠᠭ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ | 2021 ᠣᠨ ᠤ 10 ᠰᠠᠷ᠎ᠠ ᠶᠢᠨ 17 ᠤ ᠡᠳᠦᠷ |