ᠤᠢᠢᠷ᠎ᠠ ᠶᠢᠨ ᠡᠳᠦᠷ᠂ ᠳᠤᠮᠳᠠᠳᠤ ᠤᠯᠤᠰ ᠤᠨ ᠨᠢᠭᠡᠳᠦᠮᠡᠯ ᠬᠤᠯᠪᠣᠭ᠎ᠠ ᠶᠢᠨ ︽ᠲᠣᠭᠠᠴᠢᠯᠠᠭᠰᠠᠨ ᠬᠥᠳᠡᠭᠡ | ᠠᠵᠤ ᠠᠬᠤᠢ ᠳᠤ ᠠᠰᠢᠭ ᠬᠦᠷᠲᠡᠭᠡᠬᠦ᠂ ᠣᠶᠤᠨᠴᠢ ᠬᠦᠳᠡᠭᠡ ᠲᠣᠰᠬᠤᠨ ᠢ ᠬᠥᠭᠵᠢᠭᠦᠯᠬᠦ︾ ᠡᠬᠢᠯᠡᠯᠲᠡ ᠶᠢᠨ | ᠶᠣᠰᠣᠯᠠᠯ ᠡᠵᠡᠨ᠎ᠡ ᠬᠤᠰᠢᠭᠤᠨ ᠤ ᠪᠠᠶᠠᠨᠲᠣᠣᠷᠠᠢ ᠰᠤᠮᠤᠨ ᠳᠤ ᠶᠠᠪᠤᠭᠳᠠᠪᠠ᠃ | ︽ᠲᠣᠭᠠᠴᠢᠯᠠᠭᠰᠠᠨ ᠬᠥᠳᠡᠭᠡ ᠲᠣᠰᠬᠤᠨ︾ ᠤ ᠦᠢᠯᠡᠴᠢᠯᠡᠬᠡᠨ ᠤ ᠲᠠᠪᠴᠠᠩ ᠪᠣᠯ ᠳᠤᠮᠳᠠᠳᠤ ᠤᠯᠤᠰ ᠤᠨ | ᠨᠢᠬᠡᠳᠤᠮᠠᠯ ᠬᠤᠯᠪᠤᠭ᠎ᠠ ᠠᠴᠠ ᠰᠤᠳᠤᠯᠤᠨ ᠵᠤᠬᠢᠶᠠᠭᠰᠠᠨ ᠰᠢᠰᠲ᠋ᠧᠮ ᠪᠤᠯᠤᠨ᠎ᠠ᠃ ᠲᠤᠰ ᠰᠢᠰᠲ᠋ᠧᠮ ᠨᠢ ᠦᠨᠳᠦᠰᠦᠨ | ᠱᠠᠲᠤᠨ ᠤ ᠵᠠᠰᠠᠭ ᠤᠨ ᠣᠷᠳᠣᠨ ᠵᠢᠴᠢ ᠲᠣᠰᠬᠤᠨ ᠤ ᠠᠷᠠᠳ ᠤᠨ ᠵᠥᠪᠯᠡᠯ᠂ ᠲᠣᠰᠬᠤᠨ ᠤ ᠠᠷᠠᠳ ᠤᠨ ᠵᠣᠬᠢᠶᠠᠨ | ᠪᠠᠶᠢᠭᠤᠯᠤᠯᠲᠠ ᠶᠢᠨ ᠬᠠᠮᠢᠶᠠᠷᠤᠯᠲᠠ ᠶᠢᠨ ᠤᠶᠤᠨᠴᠢᠯᠠᠯᠳᠠ᠂ ᠲᠤᠬᠠᠶᠢᠯᠠᠭᠰᠠᠨ ᠠᠵᠢᠯ ᠤᠨ ᠰᠦᠯᠵᠢᠶᠡᠵᠢᠯᠳᠡ᠂ ᠮᠡᠳᠡᠭᠡ | ᠵᠠᠩᠭᠢ ᠶᠢᠨ ᠯᠠᠪᠯᠠᠯᠭ᠎ᠠ ᠶᠢ ᠴᠠᠭ ᠲᠤᠬᠠᠶ ᠳᠤᠨᠢ ᠬᠦᠢᠴᠡᠳᠬᠡᠬᠦ ᠶᠢ ᠪᠡᠶᠡᠯᠡᠭᠦᠯᠵᠦ᠂ ᠬᠥᠳᠡᠭᠡ ᠲᠣᠰᠬᠤᠨ ᠤ ᠨᠠᠮ ᠤᠨ | ᠪᠠᠶᠢᠭᠤᠯᠤᠯᠲᠠ᠂ ᠤᠶᠤᠨᠲᠤ ᠲᠣᠰᠬᠤᠨ ᠤ ᠶᠠᠪᠤᠳᠠᠯ᠂ ᠬᠥᠳᠡᠭᠡ ᠲᠣᠰᠬᠤᠨ ᠤ ᠵᠠᠰᠠᠯᠲᠠ᠂ ᠬᠥᠳᠡᠭᠡ ᠲᠣᠰᠬᠤᠨ ᠤ | ᠦᠢᠯᠡᠴᠢᠯᠡᠭᠡ᠂ ᠴᠢᠮᠡᠭᠡ ᠬᠤᠯᠪᠣᠭᠠᠨ ᠤ ᠦᠶᠯᠡᠴᠢᠯᠡᠭᠡ ᠶᠢ ᠠᠬᠢᠭᠤᠯᠬᠤ ᠳᠤ ᠴᠢᠬᠤᠯᠠ ᠦᠢᠯᠡᠳᠦᠯ ᠲᠠᠢ ᠶᠤᠮ᠃ | ᠲᠤᠰ ᠰᠢᠰᠲ᠋ᠧᠮ ᠠᠰᠢᠭᠯᠠᠯᠳᠠ ᠳᠤ ᠤᠷᠤᠭᠰᠠᠨ ᠤ ᠲᠠᠷᠠᠭ᠎ᠠ᠂ ᠮᠠᠯᠴᠢᠨ ᠲᠠᠷᠢᠶᠠᠴᠢᠳ ᠲᠤᠰ ᠰᠢᠰᠲ᠋ᠧᠮ ᠢ | ᠠᠰᠢᠭᠯᠠᠨ ᠲᠥᠷᠥ ᠶᠢᠨ ᠪᠤᠳᠤᠯᠭ᠎ᠠ ᠶᠢᠨ ᠪᠠᠶᠢᠳᠠᠯ ᠢ ᠴᠠᠭ ᠲᠤᠬᠠᠢ ᠳᠤᠨᠢ ᠤᠢᠢᠯᠠᠭᠠᠨ ᠡᠵᠡᠮᠰᠢᠵᠦ᠂ ᠬᠤᠯᠪᠤᠭᠳᠠᠯ | ᠪᠦᠬᠦᠢ ᠰᠦᠢᠳᠬᠡᠯ ᠢᠶᠠᠨ ᠲᠤᠰᠢᠶᠠᠬᠤ᠂ ᠨᠥᠬᠦᠪᠥᠷᠢ ᠠᠪᠬᠤ᠂ ᠮᠡᠷᠭᠡᠵᠢᠯ ᠰᠤᠷᠬᠤ᠂ ᠦᠶᠯᠡᠳᠬᠦᠨ ᠢᠶᠠᠨ | ᠬᠤᠳᠠᠯᠳᠤᠬᠤ ᠵᠡᠷᠬᠡ ᠠᠵᠢᠯ ᠢᠶᠠᠨ ᠪᠡᠶᠡᠯᠡᠬᠦᠯᠵᠦ ᠴᠢᠳᠠᠬᠤ ᠪᠤᠯᠤᠨ᠎ᠠ᠃ ᠲᠠᠷᠠᠭᠠᠴᠢ ᠶᠢᠨ ᠠᠯᠬᠤᠮ ᠳᠤ᠂ ᠠᠯᠠᠱᠠ | ᠠᠶᠢᠮᠠᠭ ᠤᠨ ᠨᠢᠬᠡᠳᠤᠮᠠᠯ ᠬᠤᠯᠪᠤᠭ᠎ᠠ ᠶᠢᠨ ᠬᠤᠪᠢᠶᠠᠷᠢ ᠺᠣᠮᠫᠠᠨᠢ ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ ᠶᠢ | ᠲᠡᠳᠬᠦᠬᠦ ᠬᠤᠯᠪᠤᠭᠳᠠᠯ ᠪᠦᠬᠦᠢ ᠲᠦᠷᠦ ᠶᠢᠨ ᠪᠤᠳᠤᠯᠭ᠎ᠠ ᠶᠢ ᠦᠷᠬᠦᠯᠵᠢᠯᠡᠨ ᠨᠠᠶᠢᠳᠠᠪᠤᠷᠢᠵᠢᠭᠤᠯᠵᠤ᠂ ᠣᠶᠤᠨᠴᠢ ᠪᠠᠷ | ᠲᠣᠰᠬᠤᠨ ᠢ ᠬᠥᠭᠵᠢᠭᠦᠯᠤᠨ᠂ ᠭᠠᠷ ᠤᠲᠠᠰᠤ ᠶᠢ ᠰᠢᠨ᠎ᠡ ᠲᠠᠷᠢᠶᠠᠯᠠᠩ ᠤᠨ ᠪᠠᠭᠠᠵᠢ ᠪᠣᠯᠭᠠᠵᠤ᠂ ᠲᠤᠭ᠎ᠠ ᠪᠠᠷᠢᠮᠲᠠ ᠶᠢ | ᠰᠢᠨ᠎ᠡ ᠲᠠᠷᠢᠶᠠᠯᠠᠩ ᠤᠨ ᠦᠶᠯᠡᠳᠪᠦᠷᠢᠯᠡᠯ ᠤᠨ ᠬᠡᠷᠡᠭᠰᠡᠯ ᠪᠣᠯᠭᠠᠨ᠂ ᠮᠠᠯᠴᠢᠨ ᠲᠠᠷᠢᠶᠠᠴᠢᠨ ᠤ ᠣᠷᠣᠯᠭ᠎ᠠ ᠪᠠᠨ | ᠨᠡᠮᠡᠭᠳᠡᠭᠦᠯᠵᠦ ᠪᠡᠶᠡᠵᠢᠨ ᠴᠢᠨᠡᠭᠡᠯᠢᠭᠵᠢᠬᠦ ᠳᠤ ᠰᠢᠨ᠎ᠡ ᠬᠥᠳᠡᠯᠭᠡᠭᠴᠢ ᠬᠦᠴᠦᠨ ᠨᠡᠮᠡᠷᠢᠯᠡᠬᠦ ᠪᠠᠷ ᠪᠤᠢ᠃ |