ᠠᠯᠠᠱᠠ ᠠᠶᠢᠮᠠᠭ ᠤᠨ ᠨᠠᠮᠤᠷ ᠤᠨ ᠤᠯᠠᠷᠢᠯ ᠤᠨ ᠠᠵᠢᠯᠳᠠᠨ ᠡᠯᠰᠡᠬᠦ ᠬᠤᠪᠢᠶᠠᠷᠢ ᠲᠠᠯᠠᠪᠠᠢ ᠶᠢᠨ ᠠᠵᠢᠯᠯᠠᠭ᠎ᠠ ᠡᠬᠢᠯᠡᠪᠡ
ᠨᠡᠶᠢᠲᠡᠯᠡᠭᠰᠡᠨ ᠴᠠᠭ᠄
2021/10/19
      10 ᠰᠠᠷ᠎ᠠ ᠶᠢᠨ 17 ᠤ ᠡᠳᠦᠷ᠂ ᠠᠶᠢᠮᠠᠭ ᠤᠨ ᠵᠠᠬᠢᠷᠭ᠎ᠠ ᠠᠴᠠ ᠭᠤᠣᠯᠯᠠᠨ ᠡᠷᠬᠢᠯᠡᠭᠰᠡᠨ 2021 ᠣᠨ ᠤ ᠪᠦᠬᠦ ᠣᠷᠣᠨ ᠤ ᠠᠵᠢᠯ ᠣᠯᠭᠤᠬᠤ ᠦᠢᠯᠡᠰ ᠪᠤᠰᠬᠠᠬᠤ ᠶᠢ ᠠᠬᠢᠭᠤᠯᠬᠤ ᠬᠤᠷᠠᠯ ᠵᠢᠴᠢ ᠨᠠᠮᠤᠷ ᠤᠨ ᠤᠯᠠᠷᠢᠯ ᠤᠨ ᠠᠵᠢᠯᠳᠠᠨ ᠡᠯᠰᠡᠬᠦ ᠬᠤᠷᠠᠯ ᠠᠯᠠᠱᠠ ᠠᠶᠢᠮᠠᠭ ᠤᠨ ᠬᠤᠪᠢᠶᠠᠷᠢ ᠬᠤᠷᠠᠯ ᠤᠨ ᠲᠠᠯᠠᠪᠠᠢ ᠶᠢᠨ ᠠᠵᠢᠯᠯᠠᠭ᠎ᠠ ᠪᠤᠯᠤᠨ ᠡᠯ᠎ᠡ ᠬᠤᠰᠢᠭᠤ ᠨᠡᠭᠡᠭᠡᠯᠳᠡ ᠶᠢᠨ ᠤᠷᠤᠨ ᠤ ᠠᠵᠢᠯᠯᠠᠭ᠎ᠠ ᠵᠡᠷᠭᠡ ᠪᠠᠷ ᠡᠬᠢᠯᠡᠪᠡ᠃       ᠲᠣᠰ ᠤᠳᠠᠭᠠᠨ ᠤ ᠠᠵᠢᠯᠳᠠᠨ ᠡᠯᠰᠡᠬᠦ ᠬᠤᠷᠠᠯ ᠨᠢ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ     ︽1 + 14︾ ᠬᠡᠯᠪᠡᠷᠢ ᠪᠠᠷ ᠶᠠᠪᠤᠭᠳᠠᠵᠦ᠂ ᠥᠪᠡᠷᠲᠡᠭᠡᠨ ᠵᠠᠰᠠᠬᠤ ᠣᠷᠣᠨ ᠪᠣᠯᠤᠨ 14 ᠠᠶᠢᠮᠠᠭ ᠬᠤᠲᠠ ᠵᠡᠷᠭᠡ ᠪᠠᠷ ᠡᠬᠢᠯᠡᠨ᠂ 2022 ᠣᠨ ᠤ ᠶᠡᠭᠡ ᠰᠤᠷᠭᠠᠭᠤᠯᠢ ᠠᠴᠠ ᠲᠡᠭᠦᠰᠦᠭᠰᠡᠳ ᠵᠢᠴᠢ ᠥᠩᠭᠡᠷᠡᠭᠰᠡᠨ ᠬᠤᠭᠤᠴᠠᠭᠠᠨ ᠤ ᠠᠵᠢᠯ ᠣᠯᠤᠭᠠᠳᠤᠶ ᠲᠡᠭᠦᠰᠦᠭᠰᠡᠳ᠂ ᠠᠵᠢᠯ ᠠᠯᠳᠠᠭᠰᠠᠳ᠂ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ᠂ ᠬᠦᠯᠦᠰᠦᠨ ᠠᠵᠢᠯᠴᠢᠨ᠂ ᠴᠡᠷᠢᠭ ᠠᠴᠠ ᠬᠠᠯᠠᠭᠳᠠᠭᠰᠠᠳ ᠵᠡᠷᠭᠡ ᠭᠤᠣᠯᠳᠠᠯᠭ᠎ᠠ ᠲᠠᠢ ᠬᠦᠮᠦᠰ ᠲᠤ ᠵᠤᠷᠢᠭᠤᠯᠵᠦ᠂ ᠰᠢᠷᠢᠰ ᠠᠵᠢᠯᠯᠠᠭ᠎ᠠ ᠨᠢ 12 ᠰᠠᠷ᠎ᠠ ᠶᠢᠨ ᠰᠡᠭᠦᠯᠴᠢ ᠪᠣᠯᠲᠠᠯ᠎ᠠ ᠦᠷᠭᠦᠯᠵᠢᠯᠡᠨ᠎ᠡ᠃       ᠠᠵᠢᠯᠲᠠᠨ ᠡᠯᠰᠡᠬᠦ ᠬᠤᠷᠠᠯ ᠤᠨ ᠲᠤᠬᠠᠶ ᠶᠢᠨ ᠲᠠᠯᠠᠪᠠᠶ ᠳᠤ ᠪᠠᠰᠠ ᠰᠦᠯᠵᠢᠶ᠎ᠡ ᠪᠠᠷ ᠠᠵᠢᠯᠲᠠᠨ ᠡᠯᠰᠡᠬᠦ᠂ ᠰᠢᠭᠤᠳ ᠨᠡᠪᠲᠡᠷᠡᠭᠦᠯᠭᠡ ᠪᠠᠷ ᠠᠵᠢᠯ ᠤᠨ ᠪᠠᠶᠢᠷᠢ ᠲᠠᠨᠢᠯᠴᠠᠭᠤᠯᠬᠤ᠂ ᠭᠤᠤᠯᠳᠠᠯᠭ᠎ᠠ ᠲᠠᠢ ᠬᠦᠮᠦᠰ ᠲᠤ ᠬᠠᠨᠳᠤᠭᠤᠯᠤᠭᠰᠠᠨ ᠲᠤᠰᠬᠠᠶ ᠲᠣᠭᠤᠷᠢᠭ ᠵᠢᠴᠢ ᠠᠵᠢᠯ ᠣᠯᠵᠤ ᠦᠢᠯᠡᠰ ᠴᠣᠭᠴᠠᠯᠠᠭᠰᠠᠨ ᠦᠷ᠎ᠡ ᠪᠦᠲᠦᠮᠵᠢ ᠶᠢᠨ ᠲᠤᠭᠤᠷᠢᠭ᠂ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠦᠵᠡᠬᠦᠯᠦᠯᠬᠡ ᠪᠠ ᠬᠥᠳᠡᠯᠮᠦᠷᠢ ᠬᠦᠴᠦᠨ ᠤ ᠵᠠᠬ᠎ᠠ ᠳᠡᠯᠭᠡᠭᠦᠷ ᠤᠨ ᠦᠢᠯᠡᠴᠢᠯᠡᠭᠡ ᠵᠡᠷᠭᠡ ᠲᠤᠰᠬᠠᠶ ᠲᠣᠭᠤᠷᠢᠭ ᠲᠤᠬᠢᠷᠠᠭᠤᠯᠵᠦ᠂ ᠠᠵᠢᠯ ᠡᠷᠢᠭᠰᠡᠳ ᠲᠤ ᠦᠨ᠎ᠡ ᠲᠥᠯᠥᠪᠦᠷᠢ ᠥᠬᠡᠶ ᠪᠠᠷ ᠠᠵᠢᠯ ᠲᠠᠨᠢᠯᠴᠠᠭᠤᠯᠬᠤ᠂ ᠠᠵᠢᠯ ᠮᠡᠷᠭᠡᠵᠢᠯ ᠤᠨ ᠵᠢᠯᠣᠭᠤᠳᠣᠯᠭ᠎ᠠ ᠬᠢᠬᠦ᠂ ᠠᠵᠢᠯ ᠡᠷᠢᠬᠦ ᠳᠡᠩᠰᠡᠯᠡᠯᠲᠡ ᠬᠢᠬᠦ᠂ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠬᠢᠬᠦ᠂ ᠲᠥᠷᠥ ᠶᠢᠨ ᠪᠣᠳᠣᠯᠭ᠎ᠠ ᠶᠢᠨ ᠵᠥᠪᠯᠡᠯᠭᠡ ᠥᠭᠬᠦ ᠵᠡᠷᠭᠡ ᠠᠯᠢ ᠣᠯᠠᠨ ᠦᠢᠯᠡᠴᠢᠯᠡᠭᠡ ᠬᠠᠩᠭᠠᠪᠠ᠃       ᠪᠦᠷᠢᠳᠬᠡᠯ ᠢ ᠦᠨᠳᠦᠰᠦᠯᠡᠪᠡᠯ᠂ ᠲᠣᠰ ᠡᠳᠦᠷ ᠮᠠᠨ ᠤ ᠠᠶᠢᠮᠠᠭ ᠤᠨ ᠰᠦᠯᠵᠢᠶᠡᠨ ᠭᠠᠳᠠᠨᠠᠬᠢ ᠠᠵᠢᠯᠲᠠᠨ ᠡᠯᠰᠡᠬᠦ ᠴᠤᠭᠯᠠᠭᠠᠨ ᠳᠤ ᠨᠡᠶᠢᠲᠡ 112 ᠪᠠᠶᠢᠭᠤᠯᠭ᠎ᠠ  ᠨᠢᠭᠡᠴᠡ ᠣᠷᠣᠯᠴᠠᠵᠤ᠂ ᠠᠷᠠᠯᠵᠢᠶ᠎ᠠ ᠬᠤᠳᠠᠯᠳᠤᠭ᠎ᠠ ᠡᠳ᠋ ᠪᠠᠷᠠᠭᠠᠨ ᠤ ᠭᠦᠢᠯᠭᠡᠭᠡ᠂ ᠵᠢᠷᠤᠭ ᠲᠥᠯᠥᠪᠯᠡᠭᠡ᠂ ᠰᠤᠷᠭᠠᠨ ᠬᠥᠮᠦᠵᠢᠯ ᠤᠨ ᠪᠣᠯᠪᠠᠰᠤᠷᠠᠯ᠂ ᠡᠳ᠋ ᠤᠨ ᠶᠠᠪᠤᠳᠠᠯ᠂ ᠮᠥᠩᠭᠦᠨ ᠭᠦᠢᠯᠭᠡᠭᠡ ᠳᠠᠭᠠᠳᠬᠠᠯ ᠵᠡᠷᠭᠡ ᠠᠵᠢᠯ ᠲᠥᠷᠥᠯ ᠤᠨ 2165 ᠠᠵᠢᠯ ᠤᠨ ᠪᠠᠶᠢᠷᠢ ᠬᠠᠩᠭᠠᠵᠤ᠂ 1100 ᠬᠦᠮᠦᠨ ᠲᠠᠢ ᠠᠵᠢᠯ ᠤᠨ ᠬᠡᠷ᠎ᠠ ᠲᠤᠭᠳᠠᠨ᠂ 157 ᠬᠥᠮᠦᠨ ᠲᠠᠢ ᠠᠩᠬᠠᠨ ᠤ ᠬᠡᠯᠡᠯᠴᠡᠬᠡᠷ ᠲᠤᠭᠳᠠᠵᠠᠢ︔ 70 ᠪᠠᠶᠢᠭᠤᠯᠭ᠎ᠠ ᠨᠢᠭᠡᠴᠡ ᠰᠦᠯᠵᠢᠶ᠎ᠡ ᠪᠠᠷ ᠠᠵᠢᠯᠲᠠᠨ ᠡᠯᠰᠡᠵᠦ᠂ 472 ᠠᠵᠢᠯ ᠤᠨ ᠪᠠᠶᠢᠷᠢ ᠬᠠᠩᠭᠠᠨ᠂ 42 ᠬᠥᠮᠦᠨ ᠲᠠᠢ ᠠᠩᠬᠠᠨ ᠤ ᠬᠡᠯᠡᠯᠴᠡᠬᠡᠷ ᠲᠤᠭᠳᠠᠵᠠᠢ︔ 39 ᠠᠵᠤ ᠠᠬᠤᠶᠢᠯᠠᠯ ᠰᠢᠭᠤᠳ ᠨᠡᠪᠲᠡᠷᠡᠭᠦᠯᠭᠡ ᠪᠠᠷ ᠠᠵᠢᠯ ᠤᠨ ᠪᠠᠶᠢᠷᠢ ᠪᠠᠨ ᠳᠠᠨᠢᠯᠴᠠᠭᠤᠯᠵᠦ᠂ 107 ᠠᠵᠢᠯ ᠤᠨ ᠪᠠᠶᠢᠷᠢ ᠬᠠᠩᠭᠠᠨ᠂ ᠰᠢᠭᠤᠳ ᠨᠡᠪᠳᠡᠷᠡᠬᠦᠯᠬᠡ ᠶᠢ ᠠᠩᠬᠠᠷᠤᠨ ᠪᠤᠯᠭᠤᠭᠠᠭᠰᠠᠨ ᠬᠡᠮᠵᠢᠶ᠎ᠠ 1000 ᠤᠳᠠᠭ᠎ᠠ ᠶᠢ ᠲᠠᠪᠠᠭᠰᠠᠨ ᠪᠠᠶᠢᠨ᠎ᠠ᠃
 
ᠢᠷᠡᠯᠲᠡ᠄ ᠠᠯᠠᠱᠠ ᠶᠢᠨ ᠰᠣᠨᠢᠨ ᠮᠡᠳᠡᠭᠡᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号