ᠳᠥᠷᠪᠡᠳᠦᠭᠡᠷ ᠬᠤᠭᠤᠴᠠᠭᠠᠨ ᠤ ︽ᠲᠠᠯ᠎ᠠ ᠨᠤᠲᠤᠭ ᠤᠨ ᠠᠯᠲᠠᠨ ᠨᠠᠮᠤᠷ︾ ᠪᠦᠬᠦ ᠣᠷᠣᠨ ᠤ ᠳᠠᠭᠤᠤ ᠬᠦᠭᠵᠢᠮ ᠤᠨ ᠤᠷᠤᠯᠳᠤᠭᠠᠨ ᠠᠯᠠᠱᠠ ᠠᠶᠢᠮᠠᠭ ᠲᠤ ᠡᠬᠢᠯᠡᠵᠠᠢ
ᠨᠡᠶᠢᠲᠡᠯᠡᠭᠰᠡᠨ ᠴᠠᠭ᠄
2021/10/19
      ᠥᠪᠡᠷᠲᠡᠭᠡᠨ ᠵᠠᠰᠠᠬᠤ ᠣᠷᠣᠨ ᠤ ᠰᠣᠶᠣᠯ ᠵᠢᠭᠤᠯᠴᠢᠯᠠᠯ ᠤᠨ ᠲᠢᠩᠬᠢᠮ᠂ ᠠᠶᠢᠮᠠᠭ ᠤᠨ ᠵᠠᠬᠢᠷᠭ᠎ᠠ ᠠᠴᠠ ᠭᠤᠤᠯᠯᠠᠨ ᠡᠷᠭᠢᠯᠡᠭᠰᠡᠨ ᠳᠥᠷᠪᠡᠳᠦᠭᠡᠷ ᠬᠤᠭᠤᠴᠠᠭᠠᠨ ᠤ ︽ᠲᠠᠯ᠎ᠠ ᠨᠤᠲᠤᠭ ᠤᠨ ᠠᠯᠲᠠᠨ ᠨᠠᠮᠤᠷ︾ ᠪᠥᠬᠦ ᠣᠷᠣᠨ ᠤ ᠳᠠᠭᠤᠤ ᠬᠥᠭᠵᠢᠮ ᠤᠨ ᠤᠷᠤᠯᠳᠤᠭᠠᠨ ᠪᠠᠶᠠᠨᠬᠤᠲᠠ ᠳᠤ ᠡᠬᠢᠯᠡᠵᠦ᠂ ᠪᠥᠬᠦ ᠣᠷᠣᠨ ᠤ ᠡᠯ᠎ᠡ ᠠᠶᠢᠮᠠᠭ ᠬᠤᠲᠠ ᠵᠢᠴᠢ ᠥᠪᠥᠷ ᠮᠣᠩᠭᠤᠯ ᠤᠨ ᠤᠷᠠᠯᠢᠭ ᠵᠦᠴᠦᠭᠡ ᠶᠢᠨ ᠬᠦᠷᠢᠶᠡᠯᠡᠩ᠂ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠤᠯᠠᠭᠠᠨᠮᠥ᠋ᠴᠢᠷ ᠵᠡᠷᠬᠡ 14 ᠲᠦᠯᠦᠬᠡᠯᠡᠭᠴᠢ ᠶᠢᠨ ᠠᠩᠬᠢ ᠤᠷᠤᠯᠴᠠᠵᠠᠢ᠃
       ︽ᠲᠠᠯ᠎ᠠ ᠨᠤᠲᠤᠭ ᠤᠨ ᠠᠯᠲᠠᠨ ᠨᠠᠮᠤᠷ︾ ᠪᠥᠬᠦ ᠣᠷᠣᠨ ᠤ ᠳᠠᠭᠤᠤ ᠬᠦᠭᠵᠢᠮ ᠤᠨ ᠤᠷᠤᠯᠳᠤᠭᠠᠨ ᠨᠢ ᠥᠪᠡᠷᠲᠡᠭᠡᠨ ᠵᠠᠰᠠᠬᠤ ᠣᠷᠣᠨ ᠤ ᠦᠨᠳᠦᠷ ᠳᠦᠪᠰᠢᠨ ᠪᠦᠬᠦᠢ ᠤᠷᠠᠯᠢᠭ ᠤᠨ ᠤᠷᠤᠯᠳᠤᠭᠠᠨ ᠤ ᠨᠢᠭᠡ ᠪᠣᠯᠤᠭᠰᠠᠨ ᠤ ᠬᠤᠪᠢ ᠳᠤ ᠨᠢᠭᠡᠨᠲᠡ 3 ᠬᠤᠭᠤᠴᠠᠭ᠎ᠠ ᠠᠮᠵᠢᠯᠲᠠ ᠲᠠᠢ ᠶᠠᠪᠤᠭᠳᠠᠪᠠ᠃ ᠲᠣᠰ ᠬᠤᠭᠤᠴᠠᠭᠠᠨ ᠤ ᠤᠷᠤᠯᠳᠤᠭᠠᠨ ᠨᠢ ︽ᠮᠠᠭᠲᠠᠭᠠᠯ ᠳᠠᠭᠤᠤ ᠶᠢ ᠨᠠᠮ ᠤᠨ ᠡᠷᠡᠮᠡᠬᠡᠶᠢᠯᠡᠨ ᠤᠷᠤᠭᠰᠢᠯᠠᠬᠤ ᠰᠢᠨ᠎ᠡ ᠠᠶᠠᠨ ᠳᠤ ᠡᠷᠭᠦᠬᠦ︾ ᠪᠠᠷ ᠭᠤᠤᠯ ᠰᠡᠳᠦᠪ ᠪᠣᠯᠭᠠᠵᠠᠢ᠃ ᠤᠷᠤᠯᠳᠤᠭᠠᠨ ᠢᠶᠠᠷ ᠲᠠᠮᠵᠢᠭᠤᠯᠤᠨ ᠥᠪᠡᠷᠲᠡᠭᠡᠨ ᠵᠠᠰᠠᠬᠤ ᠣᠷᠣᠨ ᠤ ᠲᠠᠭᠤᠯᠠᠬᠤᠢ ᠤᠷᠠᠯᠢᠬ ᠤᠨ ᠬᠥᠭᠵᠢᠯᠲᠡ ᠶᠢ ᠠᠬᠢᠭᠤᠯᠤᠨ᠂ ᠴᠠᠭ ᠦᠶ᠎ᠡ ᠶᠢᠨ ᠵᠣᠷᠢᠭ ᠰᠠᠨᠠᠭ᠎ᠠ ᠶᠢ ᠲᠤᠰᠬᠠᠭᠰᠠᠨ ᠰᠢᠯᠢᠳᠡᠭ ᠵᠣᠬᠢᠶᠠᠨ ᠪᠦᠲᠦᠭᠡᠯᠭᠡ ᠶᠢ ᠵᠣᠷᠢᠭᠵᠢᠭᠤᠯᠵᠤ᠂ ᠰᠢᠯᠢᠳᠡᠭ ᠴᠢᠳᠠᠪᠤᠷᠢᠲᠠᠨ ᠢ ᠬᠦᠮᠤᠵᠢᠬᠦᠯᠤᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠵᠤ᠂ ︽ᠥᠪᠥᠷ ᠮᠣᠩᠭᠤᠯ ᠤᠨ ᠳᠠᠭᠤᠤ ᠬᠥᠭᠵᠢᠮ︾ ᠤᠨ ᠨᠡᠷ᠎ᠠ ᠲᠡᠮᠳᠡᠭ ᠢ ᠦᠷᠬᠡᠳᠬᠡᠬᠦ ᠳᠤ ᠠᠬᠢᠭᠤᠯᠬᠤ ᠦᠢᠯᠡᠳᠦᠯ ᠲᠠᠢ ᠶᠤᠮ᠃        ᠲᠣᠰ ᠤᠳᠠᠭᠠᠨ ᠤ ᠤᠷᠤᠯᠳᠤᠭᠠᠨ ᠡᠨᠡ ᠵᠢᠯ ᠤᠨ 7 ᠰᠠᠷ᠎ᠠ ᠳᠤ ᠡᠬᠢᠯᠡᠵᠦ᠂ ᠡᠯ᠎ᠡ ᠠᠶᠢᠮᠠᠭ ᠬᠤᠲᠠ᠂ ᠡᠯ᠎ᠡ ᠨᠢᠭᠡᠴᠢ ᠶᠢᠨ ᠲᠠᠨᠢᠯᠴᠠᠭᠤᠯᠭ᠎ᠠ ᠪᠠᠷ ᠳᠡᠭᠡᠭᠰᠢ ᠮᠡᠳᠡᠭᠦᠯᠤᠨ᠂ ᠦᠪᠡᠷᠳᠡᠬᠡᠨ ᠵᠠᠰᠠᠬᠤ ᠣᠷᠣᠨ ᠤ ᠰᠢᠭᠤᠳ ᠬᠠᠷᠢᠶ᠎ᠠ᠂ ᠠᠶᠢᠮᠠᠭ ᠬᠤᠲᠠ᠂ ᠬᠤᠰᠢᠭᠤ ᠰᠢᠶᠠᠨ 3 ᠱᠠᠲᠤᠨ ᠤ ᠲᠤᠰᠬᠠᠶ ᠮᠡᠷᠭᠡᠵᠢᠯ ᠤᠨ ᠤᠳᠬ᠎ᠠ ᠤᠷᠠᠯᠢᠭ ᠤᠨ ᠬᠦᠷᠢᠶᠡᠯᠡᠩ ᠪᠦᠯᠬᠦᠮ ᠵᠢᠴᠢ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠥᠬᠦᠶ ᠤᠷᠠᠯᠢᠭ ᠤᠨ ᠳᠡᠭᠡᠳᠦ ᠰᠤᠷᠭᠠᠭᠤᠯᠢ ᠶᠢᠨ 282 ᠪᠦᠲᠦᠭᠡᠯ ᠨᠡᠷ᠎ᠡ ᠮᠡᠳᠡᠭᠦᠯᠵᠦ᠂ ᠲᠤᠰᠬᠠᠶ ᠮᠡᠷᠭᠡᠵᠢᠯᠲᠡᠨ ᠤ ᠬᠢᠨᠠᠨ ᠲᠣᠭᠲᠠᠭᠠᠯᠲᠠ ᠪᠠᠷ ᠳᠡᠮᠵᠢᠨ᠂ 142 ᠪᠦᠲᠦᠭᠡᠯ ᠬᠤᠶᠠᠳᠠᠬᠢ ᠤᠷᠤᠯᠳᠤᠭᠠᠨ ᠳᠤ ᠤᠷᠤᠯᠴᠠᠬᠤ ᠡᠷᠭᠡ ᠶᠢ ᠤᠯᠵᠠᠢ᠃ 5 ᠡᠳᠦᠷ ᠤᠨ ᠤᠷᠤᠯᠳᠤᠭᠠᠨ ᠤ ᠬᠤᠭᠤᠴᠠᠭᠠᠨ ᠳᠤ ᠠᠷᠠᠳ ᠤᠨ ᠲᠠᠭᠤᠤ᠂ ᠤᠷᠲᠤ ᠶᠢᠨ ᠳᠠᠭᠤᠤ᠂ ᠢᠷᠠᠭᠤ ᠳᠠᠭᠤᠤ᠂ ᠤᠷᠤᠰᠬᠠᠯ ᠲᠠᠭᠤᠤ᠂ ᠬᠠᠮᠲᠤᠯᠢᠭ ᠵᠡᠷᠭᠡ 5 ᠳᠤᠭᠤᠶᠢᠯᠠᠩ ᠤᠨ ᠬᠢᠨ ᠦᠷᠢᠰᠦᠯᠳᠦᠵᠦ᠂ ᠪᠦᠬᠦ ᠣᠷᠣᠨ ᠤ ᠲᠠᠭᠤᠯᠠᠬᠤᠢ ᠤᠷᠠᠯᠢᠬ ᠤᠨ ᠬᠥᠭᠵᠢᠯᠲᠡ ᠶᠢᠨ ᠦᠷ᠎ᠡ ᠪᠦᠲᠦᠭᠡᠯ ᠢ ᠲᠥᠪᠯᠡᠷᠡᠭᠦᠯᠦᠨ ᠳᠡᠯᠭᠡᠨ ᠥᠵᠡᠬᠦᠯᠬᠦ ᠪᠤᠯᠤᠨ᠎ᠠ᠃ ᠠᠵᠢᠯᠯᠠᠭ᠎ᠠ ᠶᠢᠨ ᠬᠤᠭᠤᠴᠠᠭᠠᠨ ᠳᠤ᠂ ᠡᠯ᠎ᠠ ᠲᠤᠭᠤᠢᠢᠯᠡᠩ ᠠᠴᠠ ᠨᠢᠭᠡ ᠬᠤᠶᠠᠷ ᠭᠤᠷᠪᠠᠳᠤᠭᠠᠷ ᠳᠡᠰ ᠤᠨ ᠱᠠᠩᠨᠠᠯ ᠢ ᠰᠢᠯᠭᠠᠷᠠᠭᠤᠯᠤᠨ ᠭᠠᠷᠭᠠᠬᠤ ᠶᠢᠨ ᠬᠠᠮᠲᠤ ᠪᠦᠲᠦᠭᠡᠯ ᠤᠨ ᠱᠠᠩᠨᠠᠯ ᠪᠠ ᠰᠢᠯᠢᠳᠡᠭ ᠵᠣᠬᠢᠶᠠᠨ ᠪᠠᠶᠢᠭᠤᠯᠤᠯᠲᠠ ᠶᠢᠨ ᠱᠠᠩᠨᠠᠯ ᠲᠤᠬᠢᠷᠠᠭᠤᠯᠤᠨ᠎ᠠ᠃
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号