ᠡᠷᠡᠭᠦᠯᠵᠢᠯ ᠤᠨ ᠡᠳ᠋ ᠨᠢ ᠦᠨᠡᠨᠬᠦ ︽ᠰᠠᠶᠢᠨ ᠡᠮ︾ ᠭᠡᠵᠤ ᠤᠤ︖ ᠲᠡᠭᠦᠨ ᠢ ᠢᠳᠡᠪᠡᠯ ᠠᠮᠤᠷ ᠲᠢᠦᠪᠰᠢᠨ ᠤᠤ︖
ᠨᠡᠶᠢᠲᠡᠯᠡᠭᠰᠡᠨ ᠴᠠᠭ᠄
2021/10/19
   ᠡᠷᠡᠭᠦᠯᠵᠢᠯ ᠤᠨ ᠡᠳ᠋ ᠨᠢ ᠦᠨᠡᠨᠬᠦ ︽ᠰᠠᠶᠢᠨ ᠡᠮ︾ ᠭᠡᠵᠤ ᠤᠤ︖ ᠲᠡᠭᠦᠨ ᠢ ᠢᠳᠡᠪᠡᠯ ᠠᠮᠤᠷ ᠲᠢᠦᠪᠰᠢᠨ ᠤᠤ ︖ ᠤᠳᠤᠬᠠᠨ ᠳᠤ᠂ ᠡᠯ᠎ᠡ ᠵᠦᠢᠯ ᠤᠨ ᠡᠷᠡᠭᠦᠯᠵᠢᠯ ᠤᠨ ᠡᠳ᠋ ᠤᠯᠠᠮ ᠠᠴᠠ ᠤᠯᠠᠮ ᠬᠡᠷᠡᠭᠯᠡᠭᠴᠢᠳ ᠤᠨ ᠬᠦᠷᠢᠶᠡᠯᠡᠯ ᠢ ᠤᠯᠵᠤ᠂ ᠴᠢᠨᠠᠭᠰᠢᠯᠠᠨ ᠤᠯᠠᠩᠬᠢ ᠲᠤᠭᠠᠨ ᠤ ᠬᠦᠮᠦᠰ ᠲᠡᠭᠦᠨ ᠢᠶᠠᠷ ᠬᠠᠷᠢᠯᠴᠠᠨ ᠲᠤᠷᠠᠰᠬᠠᠯ ᠤᠨ ᠪᠤᠳᠠᠰ ᠪᠤᠯᠠᠭᠠᠨ ᠬᠡᠷᠡᠭᠯᠡᠵᠤ᠂ ᠨᠡᠶᠢᠭᠡᠮ ᠨᠡᠶᠢᠲᠡ ᠲᠡᠭᠡᠷ᠎ᠡ ᠶᠡᠬᠡᠳᠡ ᠲᠤᠰᠬᠠᠯ ᠭᠠᠷᠴᠤ ᠪᠠᠶᠢᠨ᠎ᠠ᠃ ᠲᠡᠭᠦᠨ ᠤ ᠦᠨ᠎ᠡ ᠦᠷᠳᠡᠭ ᠨᠢ ᠬᠡᠳᠦ᠋ᠢᠪᠡᠷ ᠲᠤᠩ ᠦᠨᠳᠦᠷ ᠪᠤᠯᠪᠠᠴᠤ᠂᠂ ᠤᠯᠠᠩᠬᠢ ᠬᠦᠮᠦᠰ ᠤᠨ ᠬᠤᠳᠠᠯᠳᠤᠨ ᠠᠪᠬᠤ ᠶᠢ ᠲᠡᠮᠡᠢ ᠶᠡᠭᠡ ᠨᠦᠯᠦᠭᠡᠯᠡᠬᠦ ᠦᠭᠡᠢ ᠪᠠᠶᠢᠨ᠎ᠠ᠃ ᠨᠡᠩ ᠴᠢᠨᠠᠭᠰᠢᠯᠠᠨ ᠵᠠᠷᠢᠮ ᠬᠦᠮᠦᠰ ᠬᠡᠷᠡᠭᠯᠡᠬᠦ ᠪᠠᠷ ᠪᠠᠷᠬᠤ ᠦᠭᠡᠢ᠂ ᠪᠠᠰᠠ ᠲᠡᠭᠦᠨ ᠢ ᠤᠯᠠᠨ ᠵᠦᠢᠯ ᠤᠨ ᠵᠠᠭᠤᠴᠢᠯᠠᠭᠤᠷ ᠢᠶᠠᠷ ᠲᠠᠮᠵᠢᠨ᠂ ᠶᠠᠩᠵᠤ ᠪᠦᠷᠢ ᠶᠢᠨ ᠬᠡᠯᠪᠡᠷᠢ ᠪᠠᠷ᠂ ᠦᠷᠭᠡᠨ ᠲᠡᠯᠭᠡᠷᠡᠩᠭᠦᠢ ᠤᠬᠠᠭᠤᠯᠤᠨ ᠲᠠᠷᠬᠠᠭᠠᠵᠤ᠂ ᠤᠬᠠᠭᠤᠯᠬᠤ ᠵᠡᠷ ᠲᠠᠬᠢ ᠬᠡᠯᠡᠭᠰᠡᠨ ᠶᠤᠰᠤ ᠪᠠᠷ ᠲᠡᠭᠦᠨ ᠤ ᠦᠷ᠎ᠡ ᠠᠰᠢᠭ ᠢ ᠨᠢ ᠪᠠᠳᠤ ᠢᠳᠡᠭᠡᠵᠤ᠂ ᠦᠴᠦᠬᠡᠨ ᠴᠦ ᠰᠡᠵᠢᠭᠯᠡᠬᠦ ᠦᠭᠡᠢ ᠪᠠᠶᠢᠳᠠᠭ᠃ ᠭᠡᠪᠡᠴᠦ ᠤᠶᠢᠷ᠎ᠠ ᠳᠤ ᠤᠯᠤᠰ ᠤᠨ ᠵᠠᠬ᠎ᠠ ᠲᠡᠯᠭᠡᠭᠦᠷ ᠤᠨ ᠬᠢᠨᠠᠨ ᠬᠠᠮᠢᠶᠠᠷᠬᠤ ᠶᠡᠷᠦᠩᠬᠡᠢ ᠲᠤᠪᠴᠢᠶᠠᠨ ᠤ ᠮᠡᠳᠡᠭᠡᠯᠡᠭᠰᠡᠨ ᠢ ᠦᠨᠳᠦᠰᠦᠯᠡᠪᠡᠯ᠄ 8000 ᠭᠠᠷᠤᠢ ᠲᠦᠷᠦᠯ ᠵᠦᠢᠯ ᠤᠨ ᠡᠷᠡᠭᠦᠯᠵᠢᠯ ᠤᠨ ᠡᠳ᠋ ᠨᠢ ᠮᠡᠬᠡᠯᠡᠬᠦ ᠴᠢᠨᠠᠷ ᠲᠠᠢ ᠪᠤᠶᠤ ᠬᠤᠳᠠᠯ ᠬᠠᠭᠤᠷᠮᠠᠭ ᠢᠶᠠᠷ ᠤᠬᠠᠭᠤᠯᠤᠨ ᠲᠠᠷᠬᠠᠭᠠᠭᠰᠠᠨ ᠬᠡᠷᠡᠭ ᠶᠠᠪᠤᠳᠠᠯ ᠢ ᠢᠯᠡᠷᠡᠭᠦᠯᠦᠨ ᠨᠡᠶᠢᠳᠡᠯᠡᠭᠡᠳ᠂ ᠪᠦᠬᠦ ᠨᠡᠶᠢᠭᠡᠮ ᠲᠡᠭᠡᠷᠡᠬᠢ ᠬᠦᠮᠦᠰ ᠤᠨ ᠡᠷᠡᠭᠦᠯᠵᠢᠯ ᠤᠨ ᠡᠳ᠋ ᠤᠨ ᠲᠤᠬᠠᠢ ᠰᠢᠨ᠎ᠡ ᠨᠢᠭᠡ ᠠᠩᠬᠠᠷᠤᠯ ᠤᠨ ᠴᠢᠨᠠᠷᠳᠠᠢ ᠬᠠᠷᠠᠭᠠᠰᠤ ᠶᠢ ᠪᠤᠢ ᠪᠤᠯᠭᠠᠨ ᠰᠡᠷᠡᠮᠵᠢᠯᠡᠭᠦᠯᠦᠭᠰᠡᠨ ᠪᠠᠶᠢᠨ᠎ᠠ᠃     ᠲᠡᠶᠢᠮᠦ ᠪᠤᠯ ᠡᠷᠡᠭᠦᠯᠵᠢᠯ ᠤᠨ ᠡᠳ᠋ ᠨᠢ ᠦᠨᠡᠨᠬᠦ ᠵᠠᠷ ᠮᠡᠳᠡᠭᠡᠨ ᠳᠤ ᠰᠤᠷᠳᠠᠯᠴᠢᠯᠠᠭᠰᠠᠨ ᠶᠤᠰᠤ ᠪᠠᠷ ᠬᠦᠮᠦᠨ ᠤ ᠪᠡᠶ᠎ᠡ ᠳᠤ ᠲᠡᠶᠢᠮᠦ ᠰᠠᠶᠢᠨ ᠦᠷ᠎ᠡ ᠠᠰᠢᠭ ᠲᠠᠢ ᠭᠡᠵᠤ ᠤᠤ︖ ᠪᠢᠳᠡ ᠲᠡᠭᠦᠨ ᠢ ᠦᠴᠦᠬᠡᠨ ᠴᠦ ᠰᠡᠵᠢᠭᠯᠡᠬᠦ ᠦᠭᠡᠢ ᠪᠠᠷ ᠢᠳᠡᠭᠡᠨ ᠬᠡᠷᠡᠭᠯᠡᠪᠡᠯ ᠲᠠᠭᠠᠷᠠᠨ᠎ᠠ ᠤᠤ︖ ᠡᠨᠡ ᠠᠰᠠᠭᠤᠳᠠᠯ ᠳᠤ ᠴᠢᠭᠯᠡᠭᠦᠯᠵᠤ ᠲᠤᠰᠬᠠᠶᠢᠯᠠᠨ ᠶᠠᠷᠢᠶ᠎ᠠ᠄ ᠡᠷᠡᠭᠦᠯᠵᠢᠯ ᠤᠨ ᠡᠳ᠋ ᠢ ᠬᠦᠮᠦᠰ ᠶᠡᠷᠦ ᠳᠤ ᠪᠠᠨ ︽ᠡᠷᠡᠭᠦᠯ ᠬᠠᠮᠠᠭᠠᠯᠠᠬᠤ ᠢᠳᠡᠭᠡᠨ︾ ᠭᠡᠳᠡᠭ᠃ ᠲᠡᠷᠡ ᠨᠢ ᠤᠯᠠᠨ ᠤ ᠬᠡᠯᠡᠳᠡᠭ ᠮᠡᠳᠦ ᠪᠠᠷ ︽ᠤᠨᠴᠠᠭᠠᠢ ᠡᠷᠡᠭᠦᠯ ᠬᠠᠮᠠᠭᠠᠯᠠᠬᠤ ᠦᠢᠯᠡᠳᠦᠯ ᠲᠠᠢ ᠪᠦᠭᠡᠳ ᠸᠢᠲ᠋ᠠᠮᠢᠨ ᠨᠦᠬᠦᠪᠦᠷᠢᠯᠡᠬᠦ᠂ ᠡᠷᠦᠳᠡᠰᠦ ᠶᠢᠨ ᠴᠢᠨᠠᠷᠳᠠᠢ ᠢᠳᠡᠭᠡᠨ ᠤᠮᠳᠠᠭᠠᠨ ᠲᠤᠯᠠ ᠬᠡᠯᠡᠯᠭᠡᠭᠡᠨ ᠦᠭᠡᠢ ᠬᠦᠮᠦᠨ ᠤ ᠪᠡᠶ᠎ᠡ ᠴᠤᠭᠴᠠᠰ ᠲᠤ ᠭᠡᠳᠡᠷᠭᠦ ᠦᠢᠯᠡᠳᠦᠯ ᠦᠵᠡᠭᠦᠯᠬᠦ ᠦᠭᠡᠢ ᠪᠠᠶᠢᠳᠠᠭ᠂ ᠭᠡᠪᠡᠴᠦ ᠲᠡᠷᠡ ᠪᠤᠯ ᠶᠠᠮᠠᠷᠪᠠ ᠨᠢᠭᠡᠨ ᠵᠦᠢᠯ ᠤᠨ ᠡᠪᠡᠳᠴᠢᠨ ᠵᠠᠰᠠᠬᠤ ᠶᠢᠨ ᠵᠤᠷᠢᠯᠭ᠎ᠠ ᠳᠤ ᠬᠦᠷᠴᠦ ᠴᠢᠳᠠᠬᠤ ᠦᠭᠡᠢ ᠪᠦᠭᠡᠳ ᠡᠪᠡᠳᠴᠢᠳᠡᠨ ᠳᠤ ᠶᠠᠮᠠᠷᠪᠠ ᠬᠤᠷᠳᠤᠨ ᠲᠦᠷᠭᠡᠨ ᠪᠤᠶᠤ ᠤᠳᠠᠭᠠᠨ ᠴᠢᠨᠠᠷ ᠲᠠᠢ ᠪᠠᠷ ᠬᠤᠥᠷᠳᠠᠭᠤᠯᠬᠤ ᠡᠳ᠋ ᠪᠢᠰᠢ ᠶᠤᠮ︾ ᠡᠷᠡᠭᠦᠯᠵᠢᠯ ᠤᠨ ᠡᠳ᠋ ᠨᠢ ᠰᠢᠭᠤᠳ ᠡᠪᠡᠳᠴᠢᠨ ᠵᠠᠰᠠᠵᠤ ᠲᠡᠶᠢᠯᠦᠨ᠎ᠡ ᠭᠡᠵᠤ ᠤᠤ︖     ᠡᠷᠡᠭᠦᠯᠵᠢᠯ ᠤᠨ ᠡᠳ᠋ ᠢ ᠲᠤᠷᠠᠳᠬᠤ ᠲᠠᠢ ᠵᠡᠷᠭᠡ ᠪᠢᠳᠡ ᠶᠠᠭᠤᠨ ᠤ ᠡᠮᠦᠨ᠎ᠡ ᠡᠯ᠎ᠡ ᠵᠦᠢᠯ ᠤᠨ ᠸᠢᠲ᠋ᠠᠮᠢᠨ ᠨᠦᠬᠦᠪᠦᠷᠢᠯᠡᠬᠦ ᠦᠷᠡᠯ ᠡᠮ ᠢ ᠰᠠᠨᠠᠵᠤ ᠤᠯᠳᠠᠭ᠃ ᠲᠠᠷᠤᠢ ᠡᠯ᠎ᠡ ᠵᠦᠢᠯ ᠤᠨ ᠡᠷᠦᠳᠡᠰᠦ ᠪᠤᠶᠤ ᠸᠢᠲ᠋ᠠᠮᠢᠨ ᠪᠤᠯ ᠡᠷᠡᠭᠦᠯᠵᠡᠯ ᠤᠨ ᠬᠠᠮᠤᠭ ᠶᠡᠭᠡ ᠨᠢᠭᠡ ᠲᠦᠷᠦᠯ ᠵᠦᠢᠯ ᠨᠢ ᠪᠤᠯᠬᠤ ᠶᠤᠮ᠃ ᠭᠠᠳᠠᠭᠠᠳᠤ ᠤᠯᠤᠰ ᠤᠨ ᠬᠦᠮᠦᠰ ᠲᠡᠭᠦᠨ ᠢ ᠶᠡᠷᠦ ᠳᠤ ᠪᠠᠨ ︽ᠢᠳᠡᠰᠢ ᠬᠤᠭᠤᠯᠠ ᠶᠢᠨ ᠨᠦᠬᠦᠪᠦᠷᠢᠯᠡᠬᠦ ᠡᠳ᠋︾ ᠭᠡᠳᠡᠭ ᠶᠤᠮ᠃ ᠡᠶᠢᠮᠦ ᠠᠴᠠ ᠸᠢᠲ᠋ᠠᠮᠢᠨ᠂ ᠡᠷᠦᠳᠡᠰᠦ ᠵᠡᠷᠭᠡ ᠶᠢᠨ ᠰᠢᠮ᠎ᠡ ᠲᠡᠵᠢᠭᠡᠯ ᠢᠶᠠᠷ ᠨᠦᠬᠦᠪᠦᠷᠢᠯᠡᠵᠤ᠂ ᠪᠡᠶ᠎ᠡ ᠴᠤᠭᠴᠠᠰ ᠤᠨ ᠡᠷᠡᠭᠦᠯ ᠴᠠᠷᠬᠢᠷᠠᠭ ᠢ ᠲᠡᠭᠡᠭᠰᠢᠯᠡᠭᠦᠯᠬᠦ ᠪᠠᠷ ᠵᠤᠷᠢᠯᠭ᠎ᠠ ᠪᠤᠯᠭᠠᠭᠰᠠᠨ ᠦᠢᠯᠡᠳᠭᠦᠨ ᠲᠤᠯᠠ ᠭᠤᠥᠯᠳᠠᠯᠭ᠎ᠠ ᠨᠢ ᠢᠳᠡᠭᠡᠨ ᠤ ᠰᠢᠮ᠎ᠡ ᠲᠡᠵᠢᠭᠡᠯ ᠢ ᠤᠷᠤᠯᠠᠭᠤᠯᠤᠨ ᠬᠦᠮᠦᠨ ᠤ ᠪᠡᠶ᠎ᠡ ᠳᠤ ᠨᠦᠬᠦᠪᠦᠷᠢᠯᠡᠳᠡᠭ ᠶᠤᠮ᠃ ᠪᠢᠳᠡ ᠪᠦᠬᠦᠨ ᠤ ᠮᠡᠳᠡᠭᠡᠵᠢ ᠪᠠᠷ᠂ ᠡᠷᠡᠭᠦᠯᠵᠢᠯ ᠤᠨ ᠡᠳ᠋ ᠤᠨ ᠭᠤᠥᠯ ᠬᠡᠷᠡᠭᠴᠡᠭᠡ ᠨᠢ ᠲᠠᠷᠤᠢ ᠪᠡᠶ᠎ᠡ ᠶᠢᠨ ᠡᠷᠡᠭᠦᠯ ᠮᠡᠨᠳᠦ ᠶᠢ ᠬᠠᠮᠠᠭᠠᠯᠠᠬᠤ ᠠᠴᠠ ᠪᠢᠰᠢ᠂ ᠬᠠᠷᠢᠨ ᠰᠢᠭᠤᠳ ᠡᠪᠡᠳᠴᠢᠨ ᠵᠠᠰᠠᠬᠤ ᠵᠤᠷᠢᠯᠭ᠎ᠠ ᠳᠤ ᠬᠦᠷᠴᠦ ᠴᠢᠳᠠᠬᠤ ᠦᠭᠡᠢ ᠶᠤᠮ᠃     ᠡᠷᠡᠭᠦᠯᠵᠢᠯ ᠤᠨ ᠡᠳ᠋ ᠤᠨ ᠠᠮᠤᠷ ᠲᠦᠪᠰᠢᠨ ᠬᠢᠭᠡᠳ ᠬᠡᠷᠡᠭᠴᠡᠭᠡᠳᠦ ᠴᠢᠨᠠᠷ ᠨᠢ ᠬᠠᠷᠢᠨ ᠡᠪᠡᠳᠴᠢᠨ ᠤ ᠬᠤᠪᠢ ᠳᠤ ᠠᠪᠴᠤ ᠬᠡᠯᠡᠪᠡᠯ᠂ ᠬᠡᠯᠡᠯᠭᠡᠨ ᠦᠭᠡᠢ ᠡᠮ ᠤᠨ ᠲᠦᠷᠦᠯ ᠵᠦᠢᠯ ᠢ ᠬᠦᠷᠬᠦ ᠦᠭᠡᠢ ᠶᠤᠮ᠃ ᠡᠮ ᠪᠤᠯ ᠬᠦᠮᠦᠨ ᠤ ᠪᠡᠶ᠎ᠡ ᠶᠢᠨ ᠡᠪᠡᠳᠴᠢᠨ ᠡᠮᠬᠡᠭ ᠲᠤ ᠠᠮᠤᠷ ᠲᠦᠪᠰᠢᠨ ᠪᠦᠭᠡᠳ ᠦᠷ᠎ᠡ ᠠᠰᠢᠭᠳᠤ ᠴᠢᠨᠠᠷ ᠢ ᠵᠡᠷᠭᠡ ᠪᠠᠷ ᠢᠯᠡᠷᠡᠭᠦᠯᠵᠤ ᠴᠢᠳᠠᠬᠤ ᠦᠢᠯᠡᠳᠦᠯ ᠲᠠᠢ ᠪᠠᠶᠢᠳᠠᠭ᠃ ᠬᠠᠷᠢᠨ ᠡᠷᠡᠭᠦᠯᠵᠢᠯ ᠤᠨ ᠡᠳ᠋ ᠨᠢ ᠡᠪᠡᠳᠴᠢᠨ ᠡᠮᠬᠡᠭ ᠢ ᠤᠷᠢᠳᠴᠢᠯᠠᠨ ᠰᠡᠷᠭᠡᠶᠢᠯᠡᠬᠦ ᠪᠤᠶᠤ ᠰᠢᠭᠤᠳ ᠵᠠᠰᠠᠬᠤ ᠦᠢᠯᠡᠳᠦᠯ ᠪᠠᠶᠢᠬᠤ ᠦᠭᠡᠢ ᠶᠤᠮ᠃ ᠬᠠᠷᠢᠨ ᠵᠠᠷᠢᠮ ᠦᠢᠯᠡᠳᠪᠦᠷᠢᠯᠡᠭᠴᠢᠳ ᠡᠷᠡᠭᠦᠯᠵᠢᠯ ᠤᠨ ᠡᠳ᠋ ᠢ ᠤᠬᠠᠭᠤᠯᠤᠨᠨ ᠲᠠᠷᠬᠠᠭᠠᠬᠤ ᠪᠠᠷ ᠲᠠᠮᠵᠢᠨ ᠬᠦᠮᠦᠰ ᠢ ᠪᠤᠷᠤᠭᠤ ᠪᠠᠷ ᠤᠶᠢᠯᠭᠠᠭᠤᠯᠳᠠᠭ ᠪᠠᠶᠢᠨ᠎ᠠ᠃ ᠡᠷᠡᠭᠦᠯᠵᠢᠯ ᠤᠨ ᠡᠳ᠋ ᠤᠨ ᠲᠤᠳᠤᠷᠬᠠᠶᠢᠯᠠᠬᠤ ᠪᠢᠴᠢᠭ ᠲᠤ ᠵᠠᠪᠠᠯ ︽ᠲᠤᠰ ᠡᠳ᠋ ᠪᠤᠯ ᠡᠮ ᠢ ᠤᠷᠤᠯᠠᠨ ᠭᠦᠢᠴᠡᠳᠭᠡᠬᠦ ᠦᠢᠯᠡᠳᠦᠯ ᠪᠠᠶᠢᠬᠤ ᠦᠭᠡᠢ︾ ᠭᠡᠵᠤ ᠨᠠᠷᠢᠨ ᠲᠤᠳᠤᠷᠬᠠᠶᠢᠯᠠᠬᠤ ᠬᠡᠷᠡᠭᠳᠡᠢ᠃     ᠡᠷᠡᠭᠦᠯᠵᠢᠯ ᠤᠨ ᠡᠳ᠋ ᠢ ᠤᠬᠠᠭᠤᠯᠬᠤ ᠳᠤ ᠶᠠᠭᠤᠨ ᠤ ᠡᠮᠦᠨ᠎ᠡ ᠡᠷᠡᠭᠦᠯᠵᠢᠯ ᠤᠨ ᠡᠳ᠋ ᠤᠨ ᠵᠢᠩᠭᠢᠨᠢ ᠦᠢᠯᠡᠳᠦᠯ ᠬᠢᠭᠡᠳ ᠦᠢᠯᠡᠳᠦᠯ ᠤᠨ ᠬᠦᠷᠢᠶ᠎ᠡ ᠬᠡᠪᠴᠢᠶ᠎ᠡ᠂ ᠲᠤᠬᠢᠷᠠᠮᠵᠢ ᠶᠢᠨ ᠬᠡᠮᠵᠢᠶ᠎ᠡ ᠵᠡᠷᠭᠡ ᠶᠢ ᠨᠢ ᠵᠠᠷ ᠲᠠᠷᠬᠠᠭᠠᠨ ᠶᠠᠷᠢᠬᠤ ᠳᠤ ᠤᠯᠠᠩᠬᠢ ᠪᠠᠶᠢᠳᠠᠯ ᠲᠤᠥᠷ᠎ᠠ ᠶᠡᠭᠡ ᠬᠠᠷᠢᠮᠠᠬᠠᠢ ᠴᠢᠨᠠᠷ ᠲᠠᠢ ᠪᠠᠶᠢᠳᠠᠭ᠂ ᠭᠡᠪᠡᠴᠦ ᠤᠬᠠᠭᠤᠯᠤᠨ ᠵᠠᠷ ᠲᠠᠷᠬᠠᠭᠠᠬᠤ ᠳᠤ ᠶᠠᠭᠤᠨ ᠤ ᠡᠮᠦᠨ᠎ᠡ ᠡᠷᠡᠭᠦᠯᠵᠡᠯ ᠤᠨ ᠡᠳ᠋ ᠢ ᠦᠢᠯᠡᠳᠪᠦᠷᠢᠯᠡᠵᠤ ᠪᠠᠶᠢᠭ᠎ᠠ ᠦᠢᠯᠡᠳᠪᠦᠷᠢ ᠶᠢᠨ ᠬᠢᠭᠰᠡᠨ ᠪᠤᠳᠠᠳᠤ ᠴᠢᠨᠠᠷ ᠴᠢᠨᠰᠠᠭ᠎ᠠ ᠵᠢᠴᠢ ᠢᠳᠡᠭᠡᠯ ᠤᠨ ᠬᠡᠮᠵᠢᠶ᠎ᠡ ᠲᠠᠢ ᠰᠢᠭᠤᠳ ᠬᠤᠯᠪᠤᠭᠳᠠᠯ ᠲᠠᠢ ᠶᠤᠮ᠃     ᠲᠡᠭᠡᠪᠡᠯ ᠶᠠᠭᠤᠨ ᠳᠤ ᠤᠯᠠᠩᠬᠢ ᠬᠦᠮᠦᠰ ᠡᠷᠡᠭᠦᠯᠵᠢᠯ ᠤᠨ ᠡᠳ᠋ ᠢᠶᠠᠷ ᠡᠪᠡᠳᠴᠢᠨ ᠵᠠᠰᠠᠬᠤ ᠶᠢ ᠪᠠᠳᠤ ᠢᠳᠡᠭᠡᠵᠤ ᠂ ᠪᠠᠰᠠ ᠲᠡᠭᠦᠨ ᠢ ︽ᠰᠠᠶᠢᠨ ᠡᠮ︾ ᠢᠶᠠᠷ ᠦᠵᠡᠵᠤ ᠪᠠᠶᠢᠬᠤ ᠶᠤᠮ ᠪᠤᠢ︖ ᠤᠯᠠᠩᠬᠢ ᠬᠦᠮᠦᠰ ᠲᠤᠷᠠᠳᠠᠶ᠎ᠠ᠂ ᠦᠨᠳᠦᠷ ᠦᠨ᠎ᠡ ᠪᠠᠷ ᠡᠷᠡᠭᠦᠯᠵᠡᠯ ᠤᠨ ᠡᠳ᠋ ᠢ ᠬᠤᠳᠠᠯᠳᠤᠨ ᠠᠪᠴᠤ ᠪᠠᠶᠢᠬᠤ ᠨᠢ ᠨᠢᠭᠡ ᠲᠠᠯ᠎ᠠ ᠪᠠᠷ ᠲᠡᠭᠦᠨ ᠤ ᠢᠳᠡᠭᠡᠨ ᠤᠮᠳᠠᠭᠠᠨ ᠳᠤ ᠬᠢ ᠠᠮᠤᠷ ᠲᠦᠪᠰᠢᠨ ᠪᠠᠶᠢᠬᠤ ᠲᠠᠯ᠎ᠠ ᠶᠢ ᠨᠢ ᠨᠢᠭᠡᠮᠦᠰᠦᠨ ᠢᠳᠡᠭᠡᠵᠤ᠂ ᠨᠦᠭᠦᠭᠡ ᠲᠠᠯ᠎ᠠ ᠪᠠᠷ ᠲᠡᠭᠦᠨ ᠤ ᠡᠯ᠎ᠡ ᠵᠦᠢᠯ ᠤᠨ ᠵᠠᠭᠤᠴᠢᠯᠠᠭᠤᠷ ᠢᠶᠠᠷ ᠤᠬᠠᠭᠤᠯᠤᠨ ᠮᠡᠳᠡᠭᠡᠯᠡᠵᠤ ᠪᠠᠶᠢᠬᠤ ︽ᠢᠳᠡᠭᠡᠯ ᠤᠨ ᠬᠦᠴᠦᠨ︾ ᠳᠤ ᠨᠦᠯᠦᠭᠡᠯᠡᠭᠳᠡᠭᠡᠳ᠂ ᠲᠡᠭᠦᠨ ᠢ ᠶᠡᠷᠦ ᠳᠤ ᠪᠠᠨ ᠡᠪᠡᠳᠴᠢᠨ ᠵᠠᠰᠠᠬᠤ ︽ᠰᠠᠶᠢᠨ ᠡᠮ︾ ᠪᠤᠯᠠᠭᠠᠨ ᠦᠵᠡᠳᠡᠭ ᠶᠤᠮ᠃     ᠵᠠᠷᠢᠮ ᠡᠪᠡᠳᠴᠢᠳᠡᠨ ᠡᠷᠡᠭᠦᠯᠵᠢᠯ ᠤᠨ ᠡᠳ᠋ ᠢ ᠬᠡᠷᠡᠭᠯᠡᠭᠰᠡᠨ ᠤ ᠲᠠᠷᠠᠭ᠎ᠠ ᠪᠤᠳᠤᠯ ᠰᠠᠨᠠᠭᠠᠨ ᠳᠤ ᠨᠢ ᠶᠠᠭ ᠤᠥᠯ ᠤᠨ ᠬᠢ ᠠᠴᠠ ᠪᠠᠨ ᠡᠪᠡᠳᠴᠢᠨ ᠨᠢ ᠢᠯᠡᠷᠢ ᠪᠤᠯᠤᠭᠰᠠᠨ ᠮᠡᠳᠦ ᠰᠠᠨᠠᠭᠳᠠᠵᠤ᠂ ᠲᠡᠷᠡᠬᠦ ᠶᠡᠭᠡ ᠬᠡᠮᠵᠢᠶ᠎ᠡ ᠪᠠᠷ ᠶᠠᠩᠵᠤ ᠪᠦᠷᠢ ᠶᠢᠨ ᠭᠡᠷᠡᠯ ᠵᠢᠷᠤᠭ ᠬᠠᠪᠰᠤᠷᠭᠠᠭᠰᠠᠨ ᠤᠬᠠᠭᠤᠯᠬᠤ ᠵᠠᠷ ᠮᠡᠳᠡᠭᠡ ᠶᠢ ᠪᠦᠷᠢᠮᠦᠰᠦᠨ ᠢᠳᠡᠭᠡᠬᠦ ᠶᠢᠨ ᠬᠠᠮᠳᠤ ᠰᠠᠨᠠᠭ᠎ᠠ ᠰᠡᠳᠭᠢᠯ ᠤᠨ ᠲᠡᠭᠡᠭᠡᠷ᠎ᠡ ᠨᠢ ᠴᠦ ᠤᠥᠯ ᠤᠨ ᠬᠢ ᠠᠴᠠ ᠬᠦᠩᠭᠡᠷᠡᠭᠰᠡᠨ ᠰᠢᠭ ᠪᠠᠶᠢᠳᠠᠯ ᠳᠤ ᠤᠷᠤᠳᠠᠭ ᠪᠠᠶᠢᠨ᠎ᠠ᠃     ᠡᠭᠦᠨ ᠠᠴᠠ ᠭᠠᠳᠠᠨ᠎ᠠ᠂ ︽ᠡᠷᠡᠭᠦᠯᠵᠢᠯ ᠤᠨ ᠡᠳ᠋ ᠤᠨ ᠦᠢᠯᠡᠳᠦᠯ︾ ᠤᠨ ᠦᠨᠡᠯᠡᠬᠦ ᠶᠠᠷᠢᠶ᠎ᠠ ᠬᠡᠯᠡᠯᠴᠡᠭᠡ ᠶᠢᠨ ᠬᠦᠷᠢᠶ᠎ᠡ ᠬᠡᠪᠴᠢᠶ᠎ᠡ ᠨᠢ ᠦᠨᠡᠨᠳᠡᠭᠡᠨ ᠯᠤᠭᠢᠭ ᠤᠨ ᠲᠠᠯ᠎ᠠ ᠪᠠᠷ ᠨᠢᠭᠡᠨ ᠪᠠᠯᠠᠷᠬᠠᠢ ᠤᠬᠠᠭᠳᠠᠬᠤᠨ ᠪᠤᠯᠬᠤ ᠶᠤᠮ᠃ ᠡᠨᠡ ᠨᠢ ᠲᠠᠷᠤᠢ ᠮᠠᠨᠤᠰ ᠤᠨ ᠶᠡᠷᠦ ᠳᠤ ᠪᠠᠨ ᠬᠡᠯᠡᠳᠡᠭ ᠪᠤᠳᠠᠭ᠎ᠠ ᠢᠳᠡᠬᠦ᠂ ᠤᠨᠳᠠᠬᠤ ᠪᠤᠶᠤ ᠬᠦᠳᠡᠯᠭᠡᠭᠡᠨ ᠬᠢᠬᠦ ᠲᠠᠢ ᠠᠳᠠᠯᠢ ᠪᠠᠷ ᠬᠡᠳᠦ᠋ᠢᠪᠡᠷ ᠵᠠᠷᠢᠮ ᠨᠢᠭᠡ ᠲᠠᠯ᠎ᠠ ᠪᠠᠷ ᠡᠷᠡᠭᠦᠯᠵᠢᠯ ᠤᠨ ᠴᠢᠳᠠᠪᠬᠢ ᠪᠠᠶᠢᠳᠠᠭ ᠪᠤᠯᠪᠠᠴᠤ᠂ ᠬᠠᠷᠢᠨ ᠬᠡᠷᠡᠭᠯᠡᠭᠴᠢᠳ ᠲᠤ ᠬᠡᠷᠡᠭᠯᠡᠮᠡᠭᠴᠡ ᠪᠠᠷᠢᠨ ᠲᠤᠥᠷ᠎ᠠ ᠪᠠᠨ ᠮᠡᠳᠡᠭᠳᠡᠭᠦ᠋ᠢᠴᠡ ᠦᠷ᠎ᠡ ᠠᠰᠢᠭ ᠢ ᠢᠯᠡᠷᠡᠭᠦᠯᠵᠤ ᠲᠡᠶᠢᠯᠬᠦ ᠦᠭᠡᠢ ᠶᠤᠮ᠃     ᠡᠶᠢᠮᠦ ᠠᠴᠠ ᠵᠠᠷᠢᠮ ᠬᠤᠯᠪᠤᠭᠳᠠᠯ ᠪᠦᠬᠦᠢ ᠪᠤᠷᠤᠯᠠᠭᠤᠯᠤᠭᠴᠢᠳ ᠠᠰᠢᠭ ᠬᠤᠨᠵᠢᠪᠤᠷᠢ ᠤᠯᠬᠤ ᠡᠭᠦᠳᠡᠨ ᠠᠴᠠ ᠡᠷᠡᠭᠦᠯᠵᠢᠯ ᠤᠨ ᠡᠳ᠋ ᠤᠨ ᠠᠮᠤᠷ ᠲᠦᠪᠰᠢᠨ ᠪᠦᠭᠡᠳ ᠰᠦᠷᠭᠡᠥ ᠦᠢᠯᠡᠳᠦᠯ ᠪᠠᠶᠢᠬᠤ ᠦᠭᠡᠢ ᠤᠷᠢᠳᠠᠯ ᠲᠤᠥᠷ᠎ᠠ᠂ ᠤᠯᠠᠮ ᠦᠷᠡᠭᠡᠨ ᠬᠡᠪᠴᠢᠶ᠎ᠡ ᠪᠠᠷ ᠲᠡᠯᠭᠡᠷᠡᠭᠦᠯᠦᠨ ᠤᠬᠠᠭᠤᠯᠵᠤ᠂ ᠵᠠᠷᠢᠮ ᠪᠠᠶᠢᠳᠠᠯ ᠲᠤᠥᠷ᠎ᠠ ᠬᠠᠥᠯᠢ ᠶᠢ ᠵᠦᠷᠢᠴᠡᠨ᠂ ᠨᠢᠭᠡ ᠪᠤᠶᠤ ᠤᠯᠠᠨ ᠵᠦᠢᠯ ᠤᠨ ᠴᠢᠰᠤᠨ ᠲᠠᠷᠤᠯᠳᠠ ᠶᠢ ᠲᠤᠷᠤᠭᠰᠢᠯᠠᠭᠤᠯᠬᠤ᠂ ᠰᠢᠬᠢᠷ ᠤᠨ ᠬᠡᠮᠵᠢᠶ᠎ᠡ ᠬᠢᠭᠡᠳ ᠦᠭᠡᠬᠦᠨ ᠤ ᠬᠡᠮᠵᠢᠶ᠎ᠡ ᠶᠢ ᠪᠠᠭᠤᠷᠠᠭᠤᠯᠬᠤ ᠵᠡᠷᠭᠡ ᠦᠷ᠎ᠡ ᠠᠰᠢᠭ ᠲᠠᠢ ᠧᠦ᠋ᠷᠦᠫ ᠡᠮ ᠢ ᠬᠤᠯᠢᠯᠳᠤᠭᠤᠯᠤᠨ ᠨᠡᠮᠡᠵᠤ ᠪᠠᠶᠢᠳᠠᠭ ᠠᠴᠠ ᠬᠡᠷᠡᠭᠯᠡᠭᠴᠢᠳ ᠠᠪᠤᠭᠰᠠᠨ ᠤ ᠲᠠᠷᠠᠭ᠎ᠠ᠂ ᠲᠡᠭᠦᠨ ᠤ ᠪᠡᠶ᠎ᠡ ᠳᠤ ᠲᠦᠷ ᠴᠠᠭ ᠦᠷ᠎ᠡ ᠠᠰᠢᠭ ᠨᠢ ᠶᠠᠭ ᠯᠡ ᠮᠡᠳᠡᠭᠳᠡᠭᠦ᠋ᠢᠴᠡ ᠰᠠᠶᠢᠨ ᠪᠤᠯᠵᠤ ᠪᠠᠶᠢᠬᠤ ᠰᠡᠷᠡᠭᠳᠡᠯ ᠦᠭᠳᠡᠭ ᠤᠴᠢᠷ ᠠᠴᠠ ᠤᠯᠠᠩᠬᠢ ᠬᠡᠷᠡᠭᠯᠡᠭᠴᠢᠳ ᠤᠯᠠᠮ ᠲᠡᠭᠦᠨ ᠢ ᠢᠳᠡᠭᠡᠵᠤ᠂ ᠦᠪᠡᠷ ᠢᠶᠠᠨ ᠬᠡᠷᠡᠭᠯᠡᠬᠦ ᠪᠠᠷ ᠪᠠᠷᠬᠤ ᠦᠭᠡᠢ᠂ ᠨᠡᠶᠢᠭᠡᠮ ᠲᠡᠭᠡᠷ᠎ᠡ ᠤᠯᠠᠮ ᠢᠯᠡᠭᠦᠥ ᠰᠤᠷᠳᠠᠯᠴᠢᠯᠠᠨ ᠤᠬᠠᠭᠤᠯᠵᠤ᠂ ᠤᠯᠠᠨ ᠤ ᠲᠤᠮᠳᠠ ᠲᠡᠭᠦᠨ ᠢ ︽ᠰᠠᠶᠢᠨ ᠡᠮ︾ ᠪᠤᠯᠭᠠᠳᠠᠭ ᠤᠴᠢᠷ ᠠᠴᠠ ᠬᠦᠮᠦᠰ ᠨᠡᠩ ᠦᠨᠳᠦᠷ ᠦᠷᠳᠡᠭ ᠢ ᠵᠠᠷᠤᠴᠠᠭᠤᠯᠵᠤ ᠪᠠᠶᠢᠭᠠᠳ ᠬᠤᠳᠠᠯᠳᠤᠨ ᠠᠪᠴᠤ ᠬᠡᠷᠡᠭᠯᠡᠳᠡᠭ ᠶᠤᠮ᠃     ᠡᠳᠡᠭᠡᠷ ᠨᠡᠮᠡᠯᠳᠡ ᠡᠮ ᠤᠨ ᠤᠯᠠᠨ ᠲᠦᠷᠦᠯ ᠢᠶᠠᠷ ᠬᠤᠯᠢᠯᠳᠤᠭᠰᠠᠨ ᠡᠷᠡᠭᠦᠯᠵᠢᠯ ᠤᠨ ᠡᠳ᠋ ᠢ ᠲᠤᠬᠢᠷᠠᠮᠵᠢᠳᠠᠢ ᠬᠡᠷᠡᠭᠯᠡᠬᠦ ᠦᠭᠡᠢ ᠶᠤᠮ ᠪᠤᠯ ᠬᠢᠯᠪᠠᠷᠬᠠᠨ ᠢᠶᠠᠷ ᠦᠪᠡᠷ ᠤᠨ ᠪᠡᠶ᠎ᠡ ᠶᠢᠨ ᠡᠪᠡᠳᠴᠢᠨ ᠢᠶᠠᠨ ᠤᠯᠠᠮ ᠬᠦᠨᠳᠦᠷᠡᠭᠦᠯᠵᠤ᠂ ᠴᠢᠨᠠᠭᠰᠢᠯᠠᠨ ᠨᠡᠩ ᠬᠦᠨᠳᠦ ᠨᠤᠴᠢᠳᠠᠢ ᠨᠢ ᠠᠮᠢ ᠨᠠᠰᠤ ᠪᠠᠨ ᠠᠯᠳᠠᠬᠤ ᠬᠡᠮᠵᠢᠶᠡᠨ ᠳᠤ ᠴᠦ ᠬᠦᠷᠬᠦ ᠪᠤᠯᠤᠨ᠎ᠠ᠃ ᠪᠢᠳᠡ ᠬᠡᠷᠬᠢᠨ ᠰᠢᠨᠵᠢᠯᠡᠬᠦ ᠤᠬᠠᠭᠠᠨᠴᠢ ᠪᠠᠷ ᠡᠷᠡᠭᠦᠯᠵᠢᠯ ᠤᠨ ᠡᠳ᠋ ᠢ ᠬᠡᠷᠡᠭᠯᠡᠬᠦ ᠪᠤᠢ︖     ᠡᠭᠦᠨ ᠳᠤ ᠪᠢᠳᠡ ᠶᠠᠭᠤᠨ ᠤ ᠡᠮᠦᠨ᠎ᠡ ᠡᠷᠡᠭᠦᠯᠵᠢᠯ ᠤᠨ ᠡᠳ᠋ ᠤᠨ ᠬᠦᠮᠦᠨ ᠤ ᠪᠡᠶ᠎ᠡ ᠳᠤ ᠦᠵᠡᠭᠦᠯᠬᠦ ᠦᠷ᠎ᠡ ᠠᠰᠢᠭ ᠢ ᠨᠢ ᠵᠢᠩᠭᠢᠨᠢ ᠤᠶᠢᠯᠭᠠᠨ ᠠᠪᠬᠤ ᠬᠡᠷᠡᠭᠳᠡᠢ᠂ ᠲᠡᠭᠡᠷ᠎ᠡ ᠲᠤᠷᠠᠳᠤᠭᠰᠠᠨ ᠮᠡᠳᠦ ᠪᠠᠷ ᠡᠷᠡᠭᠦᠯᠵᠢᠯ ᠤᠨ ᠡᠳ᠋ ᠤᠨ ᠠᠴᠢ ᠲᠤᠰᠠ ᠶᠢ ᠨᠢ ᠪᠦᠷᠢᠮᠦᠰᠦᠨ ᠦᠭᠡᠶᠢᠰᠭᠡᠵᠤ ᠪᠠᠶᠢᠬᠤ ᠶᠠᠪᠤᠳᠠᠯ ᠪᠢᠰᠢ᠃ ᠬᠠᠷᠢᠨ ᠵᠠᠬ᠎ᠠ ᠲᠡᠯᠭᠡᠭᠦᠷ ᠲᠡᠭᠡᠷ᠎ᠡ ᠵᠢᠩᠭᠢᠨᠢ ᠦᠢᠯᠡᠳᠪᠦᠷᠢᠯᠡᠨ ᠭᠠᠷᠭᠠᠭᠰᠠᠨ ︽ᠤᠨᠴᠠ ᠠᠴᠢ ᠲᠤᠰᠠ︾ ᠲᠠᠢ ᠵᠠᠷᠢᠮ ᠡᠷᠡᠭᠦᠯᠵᠡᠯ ᠤᠨ ᠡᠳ᠋ ᠢ ᠴᠦ ᠭᠡᠳ ᠬᠡᠷᠡᠭᠯᠡᠭᠴᠢᠳ ᠶᠠᠭᠤᠨ ᠤ ᠡᠮᠦᠨ᠎ᠡ ᠲᠡᠭᠡᠳᠦ ᠬᠡᠮᠵᠢᠶᠡᠨ ᠤ ᠰᠤᠨᠤᠷ ᠰᠡᠷᠡᠮᠵᠢ ᠲᠠᠢ ᠪᠠᠷ ᠬᠢᠴᠢᠶᠡᠨ ᠬᠡᠷᠡᠭᠯᠡᠬᠦ ᠠᠴᠠ ᠪᠢᠰᠢ ᠂ ᠬᠠᠷᠢᠨ ᠲᠡᠭᠦᠨ ᠢ ᠬᠡᠷᠡᠭᠯᠡᠵᠤ ᠪᠤᠯᠬᠤ ᠦᠭᠡᠢ ᠭᠡᠰᠡᠨ ᠶᠠᠪᠤᠳᠠᠯ ᠪᠢᠰᠢ ᠶᠤᠮ᠃ ᠡᠷᠡᠭᠦᠯᠵᠢᠯ ᠤᠨ ᠡᠳ᠋ ᠢ ᠪᠠᠰᠠ ᠡᠳᠦᠷ ᠤᠨ ᠭᠤᠷᠪᠠᠨ ᠴᠠᠭ ᠤᠨ ᠬᠤᠭᠤᠯᠠ ᠶᠢᠨ ᠭᠠᠳᠠᠨ᠎ᠠ ︽ᠬᠢᠴᠢᠶᠡᠨ ᠬᠡᠷᠡᠭᠯᠡᠵᠤ︾ ᠪᠤᠯᠤᠨ᠎ᠠ᠃ ᠲᠠᠷᠤᠢ ᠡᠳᠦᠷ ᠲᠤᠳᠤᠮ ᠤᠨ ᠠᠵᠤ ᠠᠮᠢᠳᠤᠷᠠᠯ ᠤᠨ ᠲᠤᠮᠳᠠ ᠪᠠᠨ ᠵᠢᠮ᠎ᠡ ᠶᠤᠰᠤᠴᠢ ᠴᠢᠨᠠᠷ ᠲᠠᠢ ᠪᠠᠶᠢᠵᠤ᠂ ᠰᠢᠨᠵᠢᠯᠡᠬᠦ ᠤᠬᠠᠭᠠᠨᠴᠢ ᠪᠠᠷ ᠪᠡᠶ᠎ᠡ ᠰᠡᠳᠭᠢᠴᠡ ᠴᠢᠨᠢ ᠠᠨᠠᠢ ᠪᠠᠶᠢᠬᠤ ᠦᠶ᠎ᠡ ᠳᠤ ᠵᠦᠢ ᠵᠤᠬᠢᠰᠳᠠᠢ ᠪᠠᠷ ᠡᠷᠡᠭᠦᠯᠵᠢᠯ ᠤᠨ ᠡᠳ᠋ ᠢ ᠬᠡᠷᠡᠭᠯᠡᠵᠤ ᠪᠤᠯᠤᠨ᠎ᠠ᠃ ᠡᠶᠢᠮᠦ ᠠᠴᠠ ᠡᠪᠡᠳᠴᠢᠨ ᠡᠮᠬᠡᠭ ᠲᠤᠬᠢᠶᠠᠯᠳᠤᠪᠠᠯ᠂ ᠲᠠᠷᠤᠢ ᠲᠦᠷᠭᠡᠨ ᠡᠮᠨᠡᠯᠭᠡ ᠶᠢᠨ ᠬᠤᠷᠢᠶᠠᠨ ᠳᠤ ᠬᠦᠷᠴᠦ᠂ ᠡᠮᠴᠢ ᠶᠢᠨ ᠰᠠᠨᠠᠭᠤᠯᠭ᠎ᠠ ᠶᠤᠰᠤᠭᠠᠷ ᠬᠠᠷᠠᠭᠠᠯᠵᠠᠭᠰᠠᠨ ᠡᠮ ᠲᠠᠩ ᠢ ᠨᠢ ᠬᠡᠷᠡᠭᠯᠡᠬᠦ ᠶᠤᠮ ᠪᠤᠯ ᠬᠠᠮᠤᠭ ᠠᠮᠤᠷ ᠲᠦᠪᠰᠢᠨ ᠪᠦᠭᠡᠳ ᠲᠡᠮᠡᠢ ᠶᠡᠭᠡ ᠦᠨ᠎ᠡ ᠦᠷᠳᠡᠭ ᠪᠦᠬᠦᠢ ᠵᠤᠭᠤᠰ ᠵᠤᠭ᠎ᠠ ᠬᠡᠷᠡᠭᠯᠡᠬᠦ ᠦᠭᠡᠢ ᠪᠠᠷ ᠡᠪᠡᠳᠴᠢᠨ ᠡᠮᠬᠡᠭ ᠢᠶᠠᠨ ᠵᠠᠰᠠᠭᠤᠯᠵᠤ᠂ ᠪᠡᠶ᠎ᠡ ᠰᠡᠳᠭᠢᠯ ᠢᠶᠠᠨ ᠤᠯᠠᠮ ᠰᠠᠶᠢᠨ ᠰᠠᠶᠢᠬᠠᠨ ᠡᠷᠡᠭᠦᠯᠵᠢᠭᠦᠯᠵᠤ ᠪᠤᠯᠤᠨ᠎ᠠ᠃ ︵ᠲᠤᠰ ᠵᠤᠬᠢᠶᠠᠯ ᠤᠨ ᠲᠤᠰᠬᠠᠢ ᠮᠡᠷᠭᠡᠵᠢᠯᠳᠡᠨ᠄ ᠲᠢᠶᠠᠨ ᠵᠢᠩ᠂ ᠳ᠋ᠤᠺᠲ᠋ᠤᠷ᠂ ᠤᠥᠯ ᠤᠨ ᠴᠧᠩ ᠳ᠋ᠦ᠋ ᠴᠡᠷᠢᠭ ᠤᠨ ᠲᠤᠭᠤᠷᠢᠭ ᠤᠨ ᠡᠪᠡᠳᠴᠢᠨ ᠡᠮᠬᠡᠭ ᠢ ᠤᠷᠢᠳᠴᠢᠯᠠᠨ ᠰᠡᠷᠭᠡᠶᠢᠯᠡᠬᠦ ᠲᠦᠪ ᠤᠨ ᠭᠤᠥᠯᠯᠠᠭᠴᠢ ᠡᠮᠴᠢ᠃ ᠲᠤᠰ ᠵᠤᠬᠢᠶᠠᠯ ᠢ ᠬᠢᠨᠠᠭᠰᠠᠨ ᠨᠢ᠄ ᠴᠧᠨ ᠬᠠᠢ ᠰᠢᠤᠢ ᠳ᠋ᠤᠺᠲ᠋ᠤᠷ᠂ ᠲᠡᠳ᠋ ᠰᠤᠳᠤᠯᠭᠠᠳᠠᠨ᠂ ᠴᠢᠯᠦᠭᠡᠯᠡᠬᠦ ᠴᠡᠷᠢᠭ ᠤᠨ ᠶᠡᠷᠦᠩᠬᠡᠢ ᠡᠮᠨᠡᠯᠭᠡ ᠶᠢᠨ ᠬᠤᠷᠢᠶ᠎ᠠ ᠶᠢᠨ ᠡᠮᠦᠨ᠎ᠡ ᠠᠰᠠᠷ ᠤᠨ ᠡᠮᠴᠢᠯᠡᠭᠡ ᠶᠢᠨ ᠬᠡᠯᠳᠡᠰ᠂ ᠨᠠᠰᠤᠳᠠᠨ ᠤ ᠡᠪᠡᠳᠴᠢᠨ ᠤ ᠰᠠᠯᠠᠭ᠎ᠠ ᠶᠢᠨ ᠤᠯᠤᠰ ᠤᠨ ᠡᠮᠴᠢᠯᠡᠭᠡ ᠶᠢᠨ ᠰᠤᠳᠤᠯᠭᠠᠨ ᠤ ᠲᠦᠪ᠃︶  
 
ᠢᠷᠡᠯᠲᠡ᠄ ᠰᠦᠨᠢᠳ ᠵᠡᠬᠦᠨ ᠬᠤᠰᠢᠭᠤᠨ ᠤ ᠠᠷᠠᠳ ᠤᠨ ᠵᠠᠰᠠᠭ ᠤᠨ ᠤᠷᠳᠦᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号