ᠮᠠᠨ ᠤ ᠤᠯᠤᠰ ᠤᠨ ᠡᠨᠡ ᠵᠢᠯ ᠤᠨ ᠡᠪᠦᠯ ᠤᠨ ᠤᠯᠠᠷᠢᠯ ᠤᠨ ᠲᠤᠯᠠᠭᠠᠯᠠᠭ᠎ᠠ ᠶᠢᠨ ᠠᠵᠢᠯ ᠡᠬᠢᠯᠠᠵᠤ᠂ | ᠤᠯᠤᠰ ᠤᠨ ᠲᠤᠳᠤᠭᠠᠳᠤ ᠶᠢᠨ ᠲᠤᠯᠠᠭᠠᠯᠠᠭ᠎ᠠ ᠳᠤ ᠬᠡᠷᠡᠭᠰᠡᠬᠦ ᠨᠡᠭᠦᠷᠡᠰᠦᠨ ᠤ ᠬᠡᠷᠡᠭᠴᠡᠭᠡ ᠱᠠᠭᠠᠷᠳᠠᠯᠭ᠎ᠠ ᠶᠡᠭᠡ ᠪᠠᠷ | ᠨᠡᠮᠡᠭᠳᠡᠬᠦ ᠶᠢ ᠲᠠᠭᠠᠯᠳᠤᠨ ᠴᠡᠭᠡ ᠪᠤᠭᠤᠮᠳᠠ ᠪᠠᠷ ᠤᠷᠤᠭᠤᠯᠬᠤ ᠮᠤᠩᠭᠤᠯ ᠤᠯᠤᠰ ᠤᠨ ᠨᠡᠭᠦᠷᠡᠰᠦᠨ ᠤ ᠬᠡᠮᠵᠢᠶ᠎ᠡ ᠴᠤ | ᠨᠡᠮᠡᠭᠳᠡᠵᠤ᠂ ᠡᠪᠦᠯ ᠤᠨ ᠤᠯᠠᠷᠢᠯ ᠤᠨ ᠲᠤᠯᠠᠭᠠᠯᠠᠭ᠎ᠠ ᠳᠤ ᠬᠡᠷᠡᠭᠰᠡᠬᠦ ᠨᠡᠭᠦᠷᠡᠰᠦ ᠵᠦᠭᠡᠭᠡᠪᠦᠷᠢᠯᠡᠬᠦ ᠲᠤᠰᠬᠠᠢ ᠠᠴᠢᠶᠠᠨ ᠤ | ᠮᠠᠰᠢᠨ ᠲᠤᠬᠢᠷᠠᠭᠤᠯᠵᠤ᠂ ᠨᠡᠭᠦᠷᠡᠰᠦ ᠵᠦᠭᠡᠭᠡᠪᠦᠷᠢᠯᠡᠵᠤ ᠪᠠᠶᠢᠨ᠎ᠠ᠃ | ᠦᠢᠷ᠎ᠠ ᠳᠤ ᠲᠦᠷᠦ ᠶᠢᠨ ᠶᠠᠪᠤᠳᠠᠯ ᠤᠨ ᠬᠤᠷᠢᠶ᠎ᠠ ᠠᠴᠠ ᠡᠪᠤᠯ ᠤᠨ ᠤᠯᠠᠷᠢᠯ ᠤᠨ ᠲᠤᠯᠠᠭᠠᠯᠠᠭ᠎ᠠ ᠳᠤ | ᠬᠡᠷᠡᠭᠰᠡᠬᠦ ᠨᠡᠭᠦᠷᠡᠰᠦ ᠴᠠᠭᠢᠯᠭᠠᠨ ᠤ ᠬᠠᠩᠭᠠᠯᠭ᠎ᠠ ᠶᠢᠨ ᠠᠵᠢᠯ ᠢ ᠰᠠᠶᠢᠨ ᠬᠢᠵᠤ᠂ ᠰᠠᠭᠤᠭᠠᠯᠢ ᠠᠷᠠᠳ ᠤᠨ | ᠲᠤᠯᠠᠭᠠᠯᠠᠭ᠎ᠠ ᠶᠢ ᠪᠠᠳᠤᠯᠠᠬᠤ ᠲᠣᠬᠠᠢ ᠲᠤᠰᠬᠠᠢ ᠬᠤᠷᠠᠯ ᠬᠤᠷᠠᠯᠳᠤᠭᠤᠯᠤᠬᠰᠠᠨ ᠪᠠᠶᠢᠨ᠎ᠠ᠃ ᠤᠯᠤᠰ ᠤᠨ | ᠲᠤᠳᠤᠭᠠᠳᠤ ᠶᠢᠨ ᠨᠡᠭᠦᠷᠡᠰᠦᠨ ᠤ ᠬᠠᠩᠭᠠᠯᠭ᠎ᠠ ᠶᠢᠨ ᠪᠠᠶᠢᠳᠠᠯ ᠪᠠᠴᠢᠮ ᠪᠤᠯᠵᠤ᠂ ᠦᠨ᠎ᠡ ᠬᠠᠩᠰᠢ ᠶᠢᠨ ᠲᠠᠯ᠎ᠠ ᠪᠠᠷ | ᠨᠢᠳᠤᠨᠤᠨ ᠤ ᠬᠢ ᠠᠴᠠ ᠲᠤᠨ ᠪᠦᠷᠢ ᠳᠡᠭᠡᠨ ᠲᠠᠬᠢᠨ ᠢᠶᠠᠷ ᠦᠰᠦᠭᠰᠡᠨ ᠬᠠᠨᠳᠤᠰᠢ ᠢᠯᠡᠷᠡᠵᠡᠢ᠃ ᠦᠢᠷ᠎ᠠ ᠶᠢᠨ | ᠬᠤᠭᠤᠴᠠᠭᠠᠨ ᠳᠤ ᠴᠡᠭᠡ ᠪᠤᠭᠤᠮᠳᠠ ᠳᠠᠬᠢ ᠨᠡᠭᠦᠷᠡᠰᠦᠨ ᠤ ᠬᠤᠳᠠᠯᠳᠤᠭᠠᠨ ᠤ ᠠᠵᠤ ᠠᠬᠤᠢᠢᠯᠠᠯ ᠤᠳ ᠪᠤᠭᠤᠮᠳᠠ ᠶᠢᠨ | ᠬᠠᠮᠢᠶᠠᠷᠤᠯᠳᠠ ᠪᠤᠯᠤᠨ ᠲᠡᠭᠡᠷ᠎ᠡ ᠱᠠᠳᠣᠨ ᠤ ᠪᠠᠶᠢᠷᠢᠯᠠᠭᠤᠯᠤᠯᠳᠠ ᠱᠠᠭᠠᠷᠳᠠᠯᠭ᠎ᠠ ᠪᠠᠷ ᠮᠤᠩᠭᠤᠯ ᠤᠯᠤᠰ ᠠᠴᠠ | ᠤᠷᠤᠭᠤᠯᠬᠤ ᠨᠡᠭᠦᠷᠡᠰᠦᠨ ᠤ ᠬᠡᠮᠵᠢᠶ᠎ᠠ ᠪᠠᠨ ᠨᠡᠮᠡᠭᠳᠡᠭᠦᠯᠵᠤ᠂ 9 ᠰᠠᠷ᠎ᠠ ᠶᠢᠨ ᠲᠤᠮᠳᠠᠴᠢ ᠠᠴᠠ ᠲᠤᠯᠠᠭᠠᠯᠠᠭ᠎ᠠ ᠶᠢᠨ | ᠨᠡᠭᠦᠷᠡᠰᠦ ᠵᠦᠭᠡᠭᠡᠪᠦᠷᠢᠯᠡᠬᠦ ᠲᠤᠰᠬᠠᠢ ᠠᠴᠢᠶᠠᠨ ᠤ ᠮᠠᠰᠢᠨ ᠲᠡᠷᠭᠡ ᠲᠤᠬᠢᠷᠠᠭᠤᠯᠤᠨ᠂ ᠤᠳᠤᠬᠠᠨ ᠳᠤ ᠴᠡᠭᠡ | ᠪᠤᠭᠤᠮᠳᠠ ᠪᠠᠷ ᠤᠷᠤᠭᠤᠯᠤᠬᠰᠠᠨ ᠮᠤᠩᠭᠤᠯ ᠤᠯᠤᠰ ᠤᠨ ᠨᠡᠭᠦᠷᠡᠰᠦ ᠶᠢ ᠭᠠᠯᠳᠤ ᠲᠡᠷᠭᠡ ᠪᠤᠯᠤᠨ ᠲᠤᠮᠤ ᠠᠴᠢᠶᠠᠠ ᠤ | ᠮᠠᠰᠢᠨ ᠲᠡᠷᠭᠡ ᠪᠠᠷ ᠤᠯᠤᠰ ᠤᠨ ᠲᠤᠳᠤᠭᠠᠳᠤ ᠶᠢᠨ ᠡᠯ᠎ᠡ ᠮᠤᠵᠢ ᠤᠷᠤᠨ ᠵᠦᠭ ᠵᠦᠭᠡᠭᠡᠪᠦᠷᠢᠯᠡᠵᠤ ᠪᠤᠢ᠃ 9 | ᠰᠠᠷ᠎ᠠ ᠶᠢᠨ 16 — 10 ᠰᠠᠷ᠎ᠠ ᠶᠢᠨ 10 ᠤ ᠡᠳᠦᠷ ᠪᠤᠯᠳᠠᠯᠡᠬᠢ ᠪᠦᠷᠢᠳᠬᠡᠯ ᠢ ᠦᠨᠳᠦᠰᠦᠯᠠᠪᠠᠯ᠂ ᠴᠡᠭᠡ | ᠪᠤᠭᠤᠮᠳᠠ ᠪᠠᠷ ᠨᠡᠭᠦᠷᠡᠰᠦ ᠵᠦᠭᠡᠭᠡᠪᠦᠷᠢᠯᠡᠵᠤ ᠤᠷᠤᠬᠰᠠᠨ ᠮᠠᠰᠢᠨ ᠲᠡᠷᠭᠡ 779 ᠳᠤ ᠬᠦᠷᠴᠦ᠂ ᠨᠡᠶᠢᠳᠡ 10 | ᠲᠦᠮᠡᠨ ᠲᠤᠨ ᠨᠡᠭᠦᠷᠡᠰᠦ ᠤᠷᠤᠭᠤᠯᠤᠬᠰᠠᠨ ᠪᠠᠶᠢᠨ᠎ᠠ᠃ |