ᠥᠪᠥᠷ ᠮᠣᠩᠭᠤᠯ ᠤᠨ ᠡᠵᠡᠨ᠎ᠡ ᠬᠤᠰᠢᠭᠤ ᠨᠢᠭᠡᠨᠲᠡ 5 ᠳᠣᠲᠣᠯᠠᠭᠰᠠᠨ ᠡᠪᠡᠳᠴᠢᠨ ᠤ ᠵᠢᠱᠢᠶ᠎ᠡ ᠶᠢ ᠨᠤᠲᠠᠯᠠᠵᠤ᠂ ᠠᠩᠬᠠᠨ ᠤ ᠰᠢᠭᠰᠢᠨ ᠪᠠᠶᠢᠴᠠᠭᠠᠯᠲᠠ ᠳᠤ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠨᠢ ᠠᠷᠭ᠎ᠠ ᠴᠢᠨᠠᠷ ᠢᠯᠡᠷᠡᠭᠰᠡᠨ ᠪᠠᠰᠠ 2 ᠬᠦᠮᠦᠨ ᠢ ᠳᠠᠬᠢᠨ ᠬᠠᠷᠭᠤᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2021/10/20
      ᠥᠪᠥᠷ ᠮᠣᠩᠭᠤᠯ ᠤᠨ ᠡᠵᠡᠨ᠎ᠡ ᠬᠤᠰᠢᠭᠤᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠨᠡᠶᠢᠲᠡᠯᠡᠭᠰᠡᠨ ᠠᠯᠪᠠᠨ ᠵᠠᠷ ᠢ ᠦᠨᠳᠦᠰᠦᠯᠡᠪᠡᠯ᠂ 2021 ᠣᠨ ᠤ 10 ᠰᠠᠷ᠎ᠠ ᠶᠢᠨ 18 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠶᠡᠷᠦᠩᠬᠡᠶᠢᠯᠡᠭᠰᠡᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠤᠨ ᠱᠠᠨᠰᠢ ᠮᠤᠵᠢ ᠶᠢᠨ ᠭᠠᠳᠠᠨ᠎ᠠ ᠠᠴᠠ ᠢᠷᠡᠭᠰᠡᠨ ᠵᠤᠭᠠᠴᠠᠭᠴᠢ ᠶᠠᠨ ᠣᠪᠣᠭᠲᠤ᠂ ᠵᠢᠶᠠᠩ ᠣᠪᠣᠭᠲᠤ ᠶᠢᠨ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠠᠷᠭ᠎ᠠ ᠴᠢᠨᠠᠷ ᠲᠠᠢ ᠪᠠᠶᠢᠬᠤ ᠲᠤᠬᠠᠶ ᠮᠡᠳᠡᠭᠳᠡᠯ ᠢ ᠣᠯᠤᠭᠰᠠᠨ ᠤ ᠳᠠᠷᠠᠭ᠎ᠠ᠂ ᠡᠵᠡᠨ᠎ᠠ ᠬᠤᠰᠢᠭᠤᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠶᠠᠨ ᠣᠪᠣᠭᠲᠤ᠂ ᠵᠢᠶᠠᠩ ᠣᠪᠣᠭᠲᠤ ᠵᠡᠷᠭᠡ 8 ᠬᠥᠮᠦᠨ ᠤ ᠡᠵᠡᠨ᠎ᠡ ᠬᠤᠰᠢᠭᠤᠨ ᠳᠠᠬᠢ ᠠᠶᠠᠯᠠᠯ ᠵᠢᠴᠢ ᠨᠢᠭᠲᠠ ᠣᠶᠢᠷᠠᠲᠤᠭᠰᠠᠳ ᠪᠠ ᠤᠳᠠᠭ᠎ᠠ ᠪᠦᠷᠢ ᠶᠢᠨ ᠨᠢᠭᠲᠠ ᠣᠶᠢᠷᠠᠲᠤᠭᠰᠠᠳ ᠵᠡᠷᠭᠡ ᠪᠠᠶᠢᠳᠠᠯ ᠢ ᠪᠠᠶᠢᠴᠠᠭᠠᠨ ᠰᠢᠢᠳᠪᠦᠷᠢᠯᠡᠪᠡ᠃ ᠬᠢᠵᠢᠭ ᠡᠪᠡᠳᠴᠢᠨ ᠤ ᠰᠤᠳᠤᠯᠤᠯ ᠤᠨ ᠪᠠᠶᠢᠴᠠᠭᠠᠯᠲᠠ ᠪᠠ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠬᠢᠬᠦ ᠪᠠᠷ ᠳᠠᠮᠵᠢᠨ᠂ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠲᠤᠰᠬᠠᠶ ᠮᠡᠷᠭᠡᠵᠢᠯᠲᠡᠨ ᠤ ᠣᠨᠣᠰᠢᠯᠠᠯᠲᠠ ᠪᠠᠷ᠂ 10 ᠰᠠᠷ᠎ᠠ ᠶᠢᠨ 19 ᠤ ᠡᠳᠦᠷ ᠤᠨ 0᠄ 40 ᠪᠣᠯᠲᠠᠯ᠎ᠠ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢᠶᠠᠷ ᠣᠨᠣᠰᠢᠯᠠᠭᠳᠠᠭᠰᠠᠨ 5 ᠡᠪᠡᠳᠴᠢᠲᠡᠨ ᠢ ᠳᠤᠳᠤᠯᠠᠪᠠ᠃ ᠡᠭᠦᠨ ᠤ ᠬᠠᠮᠲᠤ ᠪᠠᠰᠠ ᠰᠢᠨ᠎ᠡ ᠲᠢᠲᠢᠮᠯᠢᠭ ᠸᠢᠷᠦ᠋ᠰ ᠤᠨ ᠪᠥᠭᠡᠮ ᠬᠦᠴᠢᠯ ᠤᠨ ᠠᠩᠬᠠᠨ ᠤ ᠰᠢᠭᠰᠢᠨ ᠪᠠᠶᠢᠴᠠᠭᠠᠯᠲᠠ ᠳᠤ ᠠᠷᠭ᠎ᠠ ᠴᠢᠨᠠᠷ ᠢᠯᠡᠷᠡᠭᠰᠡᠨ 2 ᠬᠦᠮᠦᠨ ᠢ ᠶᠠᠭ ᠳᠠᠬᠢᠨ ᠬᠢᠨᠠᠨ ᠬᠠᠷᠭᠤᠭᠤᠯᠵᠤ ᠪᠠᠶᠢᠨ᠎ᠠ᠃ ᠳᠡᠭᠡᠷᠡᠬᠢ 7 ᠬᠥᠮᠦᠨ ᠢ ᠪᠦᠬᠦᠨ ᠢ ᠲᠣᠭᠲᠠᠭᠰᠠᠨ ᠡᠮᠨᠡᠯᠭᠡ ᠶᠢᠨ ᠬᠤᠷᠢᠶᠠᠨ ᠳᠤ ᠬᠦᠷᠭᠡᠵᠦ ᠲᠤᠰᠠᠭᠠᠷᠯᠠᠨ ᠡᠮᠨᠡᠬᠦ ᠪᠠ ᠠᠵᠢᠭᠯᠠᠵᠤ᠂ ᠬᠤᠯᠪᠣᠭᠳᠠᠯ ᠪᠥᠬᠦᠶ ᠰᠢᠭᠰᠢᠨ ᠪᠠᠶᠢᠴᠠᠭᠠᠬᠤ ᠪᠠ ᠬᠠᠮᠢᠶᠠᠷᠤᠨ ᠡᠵᠡᠮᠳᠡᠬᠦ ᠠᠵᠢᠯ ᠢ ᠶᠠᠭ ᠬᠦᠨᠵᠡᠬᠡᠶᠢᠷᠡᠬᠦᠯᠦᠨ ᠠᠬᠢᠭᠤᠯᠵᠤ ᠪᠠᠶᠢᠨ᠎ᠠ᠃       ᠪᠥᠬᠦ ᠬᠤᠰᠢᠭᠤᠨ ᠤ ᠥᠷᠭᠡᠨ ᠣᠯᠠᠨ ᠠᠷᠠᠳ ᠲᠦᠮᠡᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠣᠳ ᠤᠨ ᠡᠷᠡᠭᠦᠯ ᠮᠡᠨᠳᠦ ᠶᠢ ᠦᠨᠡᠨ ᠬᠦ ᠬᠠᠮᠠᠭᠠᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠯᠠᠪᠳᠠᠭᠤᠨ ᠪᠠᠲᠤᠲᠠᠶ ᠰᠠᠶᠢᠲᠤᠷ ᠥᠷᠨᠢᠭᠦᠯᠬᠦ ᠶᠢᠨ ᠲᠥᠯᠥᠭᠡ᠂ ᠡᠵᠡᠨ᠎ᠡ ᠬᠤᠰᠢᠭᠤᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠠᠴᠠ 10 ᠰᠠᠷ᠎ᠠ ᠶᠢᠨ 19 ᠤ ᠡᠳᠦᠷ ᠤᠨ 9᠄ 00 ᠴᠠᠭ ᠠᠴᠠ ᠡᠬᠢᠯᠡᠨ᠂ ᠪᠥᠬᠦ ᠬᠤᠰᠢᠭᠤᠨ ᠤ ᠬᠡᠪᠴᠢᠶᠡᠨ ᠳᠤ ᠪᠥᠬᠦ ᠬᠥᠮᠦᠨ ᠠᠮᠠ ᠶᠢᠨ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢᠨ ᠠᠵᠢᠯ ︵ᠪᠠᠶᠢᠩᠭᠤ ᠰᠠᠭᠤᠭ᠎ᠠ ᠬᠥᠮᠦᠨ ᠠᠮᠠ᠂ ᠨᠡᠭᠦᠳᠡᠯ ᠬᠥᠮᠦᠨ ᠠᠮᠠ᠂ ᠲᠦᠷ ᠰᠠᠭᠤᠭ᠎ᠠ ᠬᠥᠮᠦᠨ ᠠᠮᠠ  ᠵᠡᠷᠭᠡ ᠪᠠᠭᠲᠠᠨ᠎ᠠ︶ ᠥᠷᠨᠢᠭᠦᠯᠬᠦ ᠪᠠᠷ ᠰᠤᠳᠤᠯᠤᠨ ᠲᠣᠭᠲᠠᠭᠠᠪᠠ᠃ ᠣᠳᠣᠬᠠᠨ ᠳᠤ ᠡᠵᠡᠨ᠎ᠡ ᠬᠤᠰᠢᠭᠤᠨ ᠤ ᠳᠠᠯᠠᠶᠢᠬᠦ᠋ᠪ ᠪᠠᠯᠭᠠᠰᠤᠨ ᠤ ᠪᠣᠶ ᠪᠥᠬᠦᠶ ᠬᠥᠮᠦᠰ ᠤᠬᠠᠮᠰᠠᠷ ᠠᠴᠠ ᠪᠠᠨ ᠬᠠᠮᠢᠶ᠎ᠠ ᠪᠥᠬᠦᠶ ᠨᠢᠭᠡᠴᠢ᠂ ᠨᠡᠶᠢᠭᠡᠮ ᠲᠣᠭᠤᠷᠢᠭ ᠪᠠ ᠥᠯᠢᠭᠡᠷ ᠠᠪᠬᠤ ᠴᠡᠭ ᠤᠨ ᠲᠤᠬᠠᠶ ᠶᠢᠨ ᠲᠠᠯᠠᠪᠤᠷ ᠤᠨ ᠠᠵᠢᠯᠲᠠᠨ ᠤ ᠲᠣᠬᠢᠷᠠᠭᠤᠯᠤᠯᠲᠠ ᠶᠢ ᠳᠠᠭᠠᠵᠤ᠂ ᠲᠣᠭᠲᠠᠭᠰᠠᠨ ᠬᠤᠭᠤᠴᠠᠭᠠᠨ ᠳᠤ ᠲᠣᠭᠲᠠᠭᠰᠠᠨ ᠥᠯᠢᠭᠡᠷ ᠠᠪᠬᠤ ᠴᠡᠭ ᠲᠤ ᠬᠦᠷᠴᠦ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢ ᠬᠦᠯᠢᠶᠡᠬᠦ ᠮᠦᠷᠳᠡᠬᠡᠨ ᠬᠠᠷᠢᠯᠴᠠᠨ ᠳᠠᠮᠵᠢᠭᠤᠯᠤᠨ ᠮᠡᠳᠡᠭᠳᠡᠵᠦ᠂ ᠰᠠᠨᠠᠭᠠᠴᠢᠯᠠᠭ᠎ᠠ ᠠᠴᠠ ᠪᠠᠨ ᠬᠠᠮᠵᠢᠯᠴᠠᠵᠤ᠂ ᠪᠠᠶᠢᠴᠠᠭᠠᠬᠤ ᠶᠣᠰᠣᠲᠠᠶ ᠶᠢ ᠨᠢ ᠪᠦᠬᠦᠨ ᠢ ᠪᠠᠶᠢᠴᠠᠭᠠᠵᠤ᠂ ᠨᠢᠭᠡ ᠡᠷᠦᠬᠡ ᠶᠢ ᠴᠦ ᠣᠷᠬᠢᠭᠳᠠᠭᠤᠯᠬᠤ ᠥᠬᠡᠶ᠂ ᠨᠢᠭᠡ ᠬᠥᠮᠦᠨ ᠢ ᠴᠦ ᠣᠷᠬᠢᠭᠳᠠᠭᠤᠯᠬᠤ ᠥᠬᠡᠶ ᠪᠠᠶᠢᠬᠤ ᠶᠢ ᠪᠠᠲᠤᠯᠠᠬᠤ ᠬᠡᠷᠡᠭᠲᠡᠶ ᠬᠡᠵᠦ ᠱᠠᠭᠠᠷᠳᠠᠪᠠ᠃       ᠣᠳᠣᠬᠠᠨ ᠳᠤ᠂ ᠡᠵᠡᠨ᠎ᠡ ᠬᠤᠰᠢᠭᠤᠨ ᠤ ᠡᠳ᠋ ᠪᠣᠳᠠᠰ ᠤᠨ ᠨᠥᠭᠡᠴᠡ ᠭᠦᠢᠴᠡᠳ᠂ ᠨᠡᠶᠢᠭᠡᠮ ᠤᠨ ᠡᠮᠬᠢ ᠳᠢᠭᠯᠢᠮ ᠬᠡᠪ ᠤᠨ ᠪᠠᠶᠢᠵᠤ᠂ ᠡᠯ᠎ᠡ ᠵᠦᠢᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠶᠠᠭ ᠡᠮᠬᠢ ᠵᠢᠷᠤᠮ ᠲᠠᠢ ᠶᠠᠪᠤᠭᠳᠠᠵᠤ ᠪᠠᠶᠢᠨ᠎ᠠ᠃ ᠥᠷᠭᠡᠨ ᠣᠯᠠᠨ ᠰᠠᠭᠤᠭᠠᠯᠢ ᠠᠷᠠᠳ ᠪᠣᠯᠤᠨ ᠵᠢᠭᠤᠯᠴᠢᠯᠠᠭᠰᠠᠳ ᠴᠤᠤᠷᠬᠠᠯ ᠢ ᠢᠲᠡᠭᠡᠬᠦ ᠥᠬᠡᠶ᠂ ᠴᠤᠤᠷᠬᠠᠯ ᠲᠠᠷᠬᠠᠭᠠᠬᠤ ᠥᠬᠡᠶ᠂ ᠰᠠᠮᠭᠠᠷᠳᠠᠬᠤ ᠥᠬᠡᠶ ᠪᠠᠶᠢᠵᠤ᠂ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠠᠵᠢᠯ ᠢ ᠢᠳᠡᠪᠬᠢᠲᠡᠶ ᠬᠠᠮᠵᠢᠯᠴᠠᠨ ᠰᠠᠶᠢᠲᠤᠷ ᠬᠢᠵᠦ᠂ ᠴᠠᠭ ᠤᠨ ᠪᠡᠷᠬᠡ ᠶᠢ ᠬᠠᠮᠲᠤ ᠪᠠᠷ ᠳᠤᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠤᠯᠬᠤ ᠪᠠᠷ ᠬᠠᠮᠲᠤ ᠪᠠᠷ ᠲᠡᠮᠡᠴᠡᠭᠡᠷᠡᠢ ᠭᠡᠵᠦ ᠤᠷᠢᠶᠠᠯᠠᠭᠰᠠᠨ ᠪᠠᠶᠢᠨ᠎ᠠ᠃
 
ᠢᠷᠡᠯᠲᠡ᠄ ᠦᠨᠦᠳᠦᠷ ᠤᠨ ᠠᠯᠠᠱᠠ ᠬᠢᠳᠠᠳ ᠸᠢᠴᠠᠲ ᠳᠠᠪᠴᠠᠩ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号